ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ ᠪᠣᠯ ᠬᠤᠲᠠ ᠶᠢᠨ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠲᠠᠰ ᠪᠣᠯᠣᠨ᠎ᠠ᠃ | ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ | ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠭᠤᠤᠯᠳᠠᠭᠤ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ᠂ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠲᠣᠭᠠᠴᠢᠯᠠᠭᠰᠠᠨ ᠲᠦᠩᠯᠢᠶᠣᠤ ᠶᠢᠨ ᠪᠥᠲᠥᠭᠡᠨ ᠪᠠᠶᠢᠭᠤᠯᠤᠯᠲᠠ ᠵᠡᠷᠭᠡ ᠡᠭᠦᠷᠭᠡ | ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠲᠥᠯᠥᠪᠵᠢᠭᠦᠯᠬᠦ ᠶᠢ ᠡᠭᠦᠷᠭᠡᠯᠡᠨ᠎ᠡ᠃ | ᠬᠤᠶᠠᠷ᠂ ᠪᠠᠶᠢᠭᠤᠯᠤᠮᠵᠢ ᠶᠢᠨ ᠲᠣᠬᠢᠷᠠᠭᠤᠯᠤᠯᠲᠠ | ᠠᠯᠪᠠᠨ ᠭᠡᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠰᠠᠯᠠᠭ᠎ᠠ᠂ ᠵᠠᠬ᠎ᠠ ᠳᠡᠯᠭᠡᠭᠦᠷ ᠲᠤ ᠣᠷᠣᠭᠤᠯᠬᠤ ᠶᠢ ᠬᠢᠨᠠᠨ ᠵᠥᠪᠰᠢᠶᠡᠷᠡᠬᠦ ᠰᠠᠯᠠᠭ᠎ᠠ᠂ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ ᠰᠠᠯᠠᠭ᠎ᠠ᠂ | ᠨᠡᠶᠢᠭᠡᠮ ᠤᠨ ᠠᠵᠢᠯ ᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠨᠠᠨ ᠵᠥᠪᠰᠢᠶᠡᠷᠡᠬᠦ ᠰᠠᠯᠠᠭ᠎ᠠ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠠᠯᠠᠭ᠎ᠠ᠂ | ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠬᠥᠭᠵᠢᠭᠦᠯᠦᠯᠲᠡ ᠶᠢᠨ ᠰᠠᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠰᠠᠯᠠᠭ᠎ᠠ᠂ ᠪᠠᠶᠢᠭᠤᠯᠭ᠎ᠠ ᠶᠢᠨ ᠨᠠᠮ ᠤᠨ | ᠬᠤᠷᠢᠶ᠎ᠠ᠃ | ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00᠂ 14᠄ 30-17᠄ 30 | ᠬᠠᠶ᠋ᠢᠭ᠄ ᠲᠦᠩᠯᠢᠶᠣᠣ ᠬᠤᠲᠠ ᠶᠢᠨ ᠰᠢᠨ᠎ᠡ ᠬᠤᠲᠠ ᠲᠣᠭᠤᠷᠢᠭ ᠤᠨ ᠤᠳᠠᠲᠤ ᠵᠠᠮ ᠬᠢᠭᠡᠳ ᠮᠡᠨᠳᠦ ᠵᠠᠮ ᠤᠨ ᠠᠭᠤᠯᠵᠠᠷ ᠳᠠᠬᠢ ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠶᠢᠨ ᠠᠰᠠᠷ ᠤᠨ 4 ᠳ᠋ᠦ᠋ᠭᠡᠷ ᠲᠠᠪᠬᠤᠷᠭ᠎ᠠ | ᠠᠯᠪᠠᠨ ᠤᠲᠠᠰᠤ᠄ 0475 ︱ 8837035 | ᠪᠠᠶᠢᠭᠤᠯᠭ᠎ᠠ ᠶᠢᠨ ᠬᠠᠷᠢᠭᠤᠴᠠᠯᠭᠠᠲᠠᠨ᠄ ᠸᠠᠩ ᠰᠢᠨ ᠰᠢᠨ | ᠭᠤᠷᠪᠠ᠂ ᠬᠠᠷᠢᠶ᠎ᠠ ᠨᠢᠭᠡᠴᠡ | ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠷᠢᠶ᠎ᠠ ᠳᠠᠬᠢ 3 ᠠᠵᠢᠯ ᠦᠢᠯᠡᠰ ᠤᠨ ᠨᠢᠭᠡᠴᠡ᠄ | ︵ᠨᠢᠭᠡ︶ ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠲᠦᠩᠯᠢᠶᠣᠤ ᠬᠤᠲᠠ ᠶᠢᠨ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ︶ | ᠬᠠᠶ᠋ᠢᠭ᠄ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠱᠧᠩ ᠯᠢ ᠵᠠᠮ ᠤᠨ ᠬᠤᠶᠢᠲᠤ ᠬᠡᠰᠡᠭ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠲᠥᠪ ᠤᠨ ᠬᠤᠶᠢᠲᠤ ᠲᠠᠯ᠎ᠠ | ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00᠂ 14᠄ 30-17᠄ 30 | ᠴᠠᠭ ᠢ ᠤᠷᠲᠤᠳᠬᠠᠬᠤ ᠦᠢᠯᠡᠴᠢᠯᠡᠬᠦ ᠴᠠᠭ᠄ | 1. ᠠᠵᠢᠯᠯᠠᠬᠤ ᠡᠳᠦᠷ ᠲᠤ ᠠᠵᠢᠯ ᠶᠠᠪᠤᠳᠠᠯ ᠭᠦᠢᠴᠡᠳᠬᠡᠬᠦ ᠪᠠᠶᠢᠳᠠᠯ ᠢ ᠦᠨᠳᠦᠰᠦᠯᠡᠨ ᠴᠠᠭ ᠢ ᠤᠷᠲᠤᠳᠬᠠᠨ ᠦᠢᠯᠡᠴᠢᠯᠡᠭᠡ ᠬᠠᠩᠭᠠᠵᠤ᠂ ᠦᠳᠡ ᠶᠢᠨ | ᠦᠶ᠎ᠡ ᠳᠤ ᠠᠵᠢᠯ ᠶᠠᠪᠤᠳᠠᠯ ᠭᠦᠢᠴᠡᠳᠬᠡᠬᠦ ᠴᠢᠬᠤᠯᠠᠲᠠᠢ ᠪᠣᠯ ᠪᠣᠯᠵᠣᠬᠤ ᠬᠡᠷᠡᠭᠲᠡᠶ᠃ | 2. ᠭᠠᠷᠠᠭ ᠤᠨ ᠰᠡᠭᠦᠯᠴᠢ ᠳᠤ ᠠᠮᠠᠷᠠᠬᠤ ᠦᠭᠡᠢ᠄ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ ᠦᠳᠡ ᠶᠢᠨ ᠡᠮᠦᠨ᠎ᠡ 9᠄ 00-12᠄ 00 ᠤᠨ | ᠬᠤᠭᠤᠷᠣᠨᠳᠤ ᠪᠣᠯᠵᠣᠬᠤ ᠴᠢᠬᠤᠯᠠ ᠦᠭᠡᠢ᠂ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ ᠦᠳᠡ ᠶᠢᠨ ᠬᠤᠶᠢᠨ᠎ᠠ ᠪᠣᠯᠵᠣᠬᠤ ᠬᠡᠷᠡᠭᠲᠡᠢ᠃ | 3. ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠢ ᠪᠠᠭᠲᠠᠬᠤ ᠦᠭᠡᠶ᠃ | ᠬᠠᠷᠢᠭᠤᠴᠠᠯᠭᠠᠲᠠᠨ᠄ ᠯᠢᠦᠶ ᠵᠠᠨ ᠵᠢᠶᠦ᠋ᠨ | ᠬᠠᠷᠢᠯᠴᠠᠬᠤ ᠤᠲᠠᠰᠤ᠄ 0475 - 8910808 | ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠤᠲᠠᠰᠤ᠄ 0475 - 8910811᠂ 140475 - 8910822 | ︵ᠬᠤᠶᠠᠷ︶ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠡᠭᠦᠳᠡᠴᠢ ᠰᠦᠯᠵᠢᠶ᠎ᠡ ᠶᠢ ᠠᠵᠢᠯᠯᠠᠭᠤᠯᠵᠤ ᠪᠠᠲᠤᠯᠠᠬᠤ ᠲᠥᠪ | ᠬᠠᠶ᠋ᠢᠭ᠄ ᠲᠦᠩᠯᠢᠶᠣᠣ ᠬᠤᠲᠠ ᠶᠢᠨ ᠰᠢᠨ᠎ᠡ ᠬᠤᠲᠠ ᠲᠣᠭᠤᠷᠢᠭ ᠤᠨ ᠤᠳᠠᠲᠤ ᠵᠠᠮ ᠬᠢᠭᠡᠳ ᠮᠡᠨᠳᠦ ᠵᠠᠮ ᠤᠨ ᠠᠭᠤᠯᠵᠠᠷ ᠳᠠᠬᠢ ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠶᠢᠨ ᠠᠰᠠᠷ ᠤᠨ 4 ᠳ᠋ᠦ᠋ᠭᠡᠷ ᠲᠠᠪᠬᠤᠷᠭ᠎ᠠ | ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00᠂ 14᠄ 30-17᠄ 30 | ᠬᠠᠷᠢᠭᠤᠴᠠᠯᠭᠠᠲᠠᠨ᠄ ᠯᠢᠦ ᠰᠢᠶᠠᠨ ᠯᠢ | ᠬᠠᠷᠢᠯᠴᠠᠬᠤ ᠤᠲᠠᠰᠤ᠄ 0475 - 8837052 | ︵ᠭᠤᠷᠪᠠ︶ ᠲᠦᠩᠯᠢᠶᠣᠤ ᠬᠤᠲᠠ ᠶᠢᠨ 12345 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠤᠲᠠᠰᠤᠨ ᠤ ᠦᠢᠯᠡᠴᠢᠯᠡᠭᠡᠨ ᠤ ᠲᠥᠪ | ᠬᠠᠶ᠋ᠢᠭ᠄ ᠲᠦᠩᠯᠢᠶᠣᠤ ᠬᠤᠲᠠ ᠶᠢᠨ ᠰᠢᠨᠵᠢᠯᠡᠭᠡ ᠮᠡᠷᠭᠡᠵᠢᠯ ᠤᠨ ᠣᠷᠳᠣᠨ | ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00᠂ 14᠄ 30-17᠄ 30 | ᠬᠠᠷᠢᠭᠤᠴᠠᠯᠭᠠᠲᠠᠨ᠄ ᠴᠢᠶᠠᠨ ᠬᠤᠩ ᠪᠢᠨ | ᠬᠠᠷᠢᠯᠴᠠᠬᠤ ᠤᠲᠠᠰᠤ᠄ 0475 - 8220095 | |