1 — 9 ᠳ᠋ᠦ᠋ᠭᠡᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 4.5% ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0.6 ᠬᠤᠪᠢ ᠨᠡᠮᠡᠭᠳᠡᠪᠡ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.1% | ᠨᠡᠮᠡᠭᠳᠡᠵᠦ᠂ ᠦᠢᠯᠡᠳᠬᠦ ᠦᠢᠯᠡᠰ 5.6% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 0.2% | ᠪᠠᠭᠤᠷᠠᠪᠠ᠃ | ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 0.7% ᠨᠡᠮᠡᠭᠳᠡᠪᠡ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 4.4% ᠨᠡᠮᠡᠭᠳᠡᠪᠡ︔ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 6.0% ᠨᠡᠮᠡᠭᠳᠡᠪᠡ︔ | ᠬᠤᠪᠢ ᠶᠢᠨ ᠡᠵᠡᠩᠨᠡᠭᠰᠡᠨ ᠠᠵᠤ ᠠᠬᠤᠶᠢᠯᠠᠯ 9.3% ᠨᠡᠮᠡᠭᠳᠡᠪᠡ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 27 ᠶᠡᠭᠡ ᠠᠵᠢᠯ ᠲᠥᠷᠥᠯ ᠤᠨ ᠳᠣᠲᠣᠷᠠᠬᠢ 15 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 1.3% ᠨᠡᠮᠡᠭᠳᠡᠵᠦ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 19.8% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ | ᠪᠣᠯᠪᠠᠰᠤᠷᠠᠭᠤᠯᠬᠤ ᠠᠵᠤ ᠦᠢᠯᠡᠰ 7.7% ᠪᠠᠭᠤᠷᠠᠵᠤ᠂ ᠢᠳᠡᠭᠡᠨ ᠦᠢᠯᠡᠳᠬᠦ ᠦᠢᠯᠡᠰ 24.5% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 0.1% ᠪᠠᠭᠤᠷᠠᠵᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 17.4% ᠨᠡᠮᠡᠭᠳᠡᠪᠡ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 48 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 25 ᠵᠦᠢᠯ ᠤᠨ | ᠭᠠᠷᠤᠯᠲᠠ ᠨᠢ ᠨᠡᠮᠡᠭᠳᠡᠪᠡ᠃ ᠠᠮᠲᠠᠨ ᠤᠭᠢ ᠶᠢᠨ ᠭᠠᠷᠤᠯᠲᠠ 39.9 ᠲᠦᠮᠡᠨ ᠲᠣᠨ ᠬᠦᠷᠴᠦ᠂ 1.7% ᠪᠠᠭᠤᠷᠠᠪᠠ︔ ᠰᠦ ᠶᠢᠨ ᠭᠠᠷᠤᠯᠲᠠ 9.5 ᠲᠦᠮᠡᠨ | ᠲᠣᠨ ᠬᠦᠷᠴᠦ᠂ 29.8% ᠪᠠᠭᠤᠷᠠᠪᠠ︔ ᠬᠢᠲᠠᠳ ᠪᠡᠯᠡᠨ ᠡᠮ ᠤᠨ ᠭᠠᠷᠤᠯᠲᠠ 816.1 ᠲᠣᠨ ᠬᠦᠷᠴᠦ᠂ 35.6% ᠨᠡᠮᠡᠭᠳᠡᠪᠡ︔ ᠬᠠᠪᠲᠠᠭᠠᠢ ᠰᠢᠯ ᠤᠨ | ᠭᠠᠷᠤᠯᠲᠠ 439.4 ᠲᠦᠮᠡᠨ ᠬᠦᠨᠳᠦ ᠬᠠᠶᠢᠷᠴᠠᠭ ᠬᠦᠷᠴᠦ᠂ 10.7% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 7.0 ᠲᠦᠮᠡᠨ ᠲᠣᠨ ᠬᠦᠷᠴᠦ᠂ | 64.7% ᠪᠠᠭᠤᠷᠠᠪᠠ᠃ |