2024 ᠤᠨ ᠤ  7 — 8 ᠳ᠋ᠤᠭᠠᠷ ᠰᠠᠷ᠎ᠠ ᠶᠢᠨ ᠲᠤᠮᠤ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/11/20
    7 — 8 ᠳ᠋ᠤᠭᠠᠷ ᠰᠠᠷ᠎ᠠ ᠶᠢᠨ ᠲᠤᠮᠤ ᠶᠠᠪᠤᠳᠠᠯ ᠤᠨ ᠲᠡᠮᠳᠡᠭᠯᠡᠯ    7 ᠳ᠋ᠤᠭᠠᠷ ᠰᠠᠷ᠎ᠠ ᠶᠢᠨ 1 ᠠᠴᠠ 3 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠣ ᠬᠤᠤᠯᠢᠩᠭᠤᠤᠯ ᠬᠤᠲᠠ᠂ ᠬᠤᠷᠴᠢᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠠ᠃    7 ᠳ᠋ᠤᠭᠠᠷ ᠰᠠᠷ᠎ᠠ ᠶᠢᠨ 2 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠭᠤᠤᠯ ᠬᠤᠲᠠ ᠲᠣᠭᠤᠷᠢᠭ ᠲᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠠᠵᠢᠯ ᠢ ᠪᠠᠶᠢᠴᠠᠭᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠤ ᠬᠤᠲᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠠᠷᠢᠯᠴᠠᠬᠤ ᠬᠤᠷᠠᠯ ᠵᠢᠴᠢ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠤᠶᠤᠲᠠᠳ ᠤᠨ ᠴᠡᠷᠢᠭ ᠡᠯᠰᠡᠬᠦ ᠤᠬᠠᠭᠤᠯᠭ᠎ᠠ ᠵᠢᠴᠢ ᠴᠡᠷᠢᠭ ᠤᠨ ᠬᠤᠸᠠᠷᠠᠨ ᠳᠤ ᠣᠷᠣᠬᠤ ᠠᠵᠢᠯᠯᠠᠭ᠎ᠠ ᠳᠤ ᠣᠷᠣᠯᠴᠠᠪᠠ᠃    7 ᠳ᠋ᠤᠭᠠᠷ ᠰᠠᠷ᠎ᠠ ᠶᠢᠨ 2 ᠠᠴᠠ 4 ᠤ ᠡᠳᠦᠷ ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠣᠷᠳᠣᠰ ᠬᠤᠲᠠ ᠳᠤ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠠᠶᠢᠴᠠᠭᠠᠨ ᠰᠤᠳᠤᠯᠬᠤ ᠬᠤᠭᠤᠴᠠᠭᠠᠨ ᠳᠠᠬᠢ ᠦᠢᠯᠡᠴᠢᠯᠡᠭᠡ ᠪᠠᠲᠤᠯᠠᠭ᠎ᠠ ᠶᠢᠨ ᠵᠣᠬᠢᠴᠠᠭᠤᠯᠬᠤ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 3 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠡᠷᠬᠢᠯᠡᠭᠴᠢ ᠹᠧᠩ ᠢᠦᠶ ᠵᠧᠨ ᠨᠡᠷ ᠲᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    7 ᠳ᠋ᠤᠭᠠᠷ ᠰᠠᠷ᠎ᠠ ᠶᠢᠨ 4 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠬᠠᠨ ᠸᠧᠢ ᠪᠦᠯᠦᠭᠯᠡᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ᠃    7 ᠳ᠋ᠤᠭᠠᠷ ᠰᠠᠷ᠎ᠠ ᠶᠢᠨ 5 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠲᠦᠩᠯᠢᠶᠣᠤ ᠬᠤᠲᠠ ᠪᠣᠯᠤᠨ ᠬᠠᠺᠷᠢᠰ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃    7 ᠳ᠋ᠤᠭᠠᠷ ᠰᠠᠷ᠎ᠠ ᠶᠢᠨ 8 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠨᠡᠭᠡᠭᠡᠯᠲᠡ ᠶᠢᠨ ᠲᠣᠭᠤᠷᠢᠭ ᠤᠨ ᠶᠠ ᠴᠢ ᠪᠠᠷᠠᠭᠠᠨ ᠤ ᠭᠦᠢᠯᠭᠡᠭᠡᠨ ᠤ ᠬᠤᠳᠠᠯᠳᠤᠭ᠎ᠠ ᠠᠷᠠᠯᠵᠢᠶᠠᠨ ᠤ ᠬᠤᠲᠠ ᠳᠤ ᠲᠤᠬᠠᠶ ᠶᠢᠨ ᠲᠠᠯᠠᠪᠠᠶ ᠳᠤ ᠠᠵᠢᠯᠯᠠᠪᠠ᠃    7 ᠳ᠋ᠤᠭᠠᠷ ᠰᠠᠷ᠎ᠠ ᠶᠢᠨ 9 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠭᠤᠤᠯ ᠬᠤᠲᠠ ᠲᠣᠭᠤᠷᠢᠭ ᠲᠤ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ᠂ ᠬᠡᠰᠡᠭ ᠲᠣᠭᠤᠷᠢᠭ ᠤᠨ ᠨᠡᠭᠡᠭᠡᠨ ᠬᠥᠭᠵᠢᠭᠦᠯᠦᠯᠲᠡ᠂ ᠲᠤᠰᠢᠶᠠᠬᠤ ᠪᠠᠲᠤᠯᠠᠭ᠎ᠠ ᠲᠠᠢ ᠬᠡᠷ ᠪᠠᠶᠢᠰᠢᠩ ᠵᠡᠷᠭᠡ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    7 ᠳ᠋ᠤᠭᠠᠷ ᠰᠠᠷ᠎ᠠ ᠶᠢᠨ 10 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ 2024 ᠣᠨ ᠤ 11 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠵᠣᠬᠢᠶᠠᠯ᠂ ᠪᠠᠶᠠᠷ ᠤᠨ ᠵᠠᠬᠢᠳᠠᠯ᠂ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠮᠤᠤ ᠵᠧᠨ ᠬᠠᠶ᠂ ᠯᠢᠦᠶ ᠭᠦᠸᠧ ᠬᠤᠸᠠ ᠣᠷᠣᠯᠴᠠᠵᠠᠶ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ 2024 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ 2024 ᠣᠨ ᠤ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠳᠠ ᠶᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠠᠭᠠᠰ ᠵᠢᠯ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠮᠤᠤ ᠵᠧᠨ ᠬᠠᠶ᠂ ᠼᠤᠤ ᠶᠢᠨ ᠱᠠᠨ᠂ ᠯᠢᠦᠶ ᠭᠦᠸᠧ ᠬᠤᠸᠠ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 10 - 11 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠾᠧᠪᠸᠢ ᠮᠤᠵᠢ ᠶᠢᠨ ᠴᠧᠩᠳᠧ ᠬᠤᠲᠠ ᠳᠤ ︽ᠾᠧᠪᠸᠢ ᠥᠪᠥᠷ ᠮᠣᠩᠭᠤᠯ ᠯᠢᠶᠤᠤᠨᠢᠩ ᠭᠢᠷᠢᠨ ᠤ ᠰᠣᠶᠣᠯ ᠵᠢᠭᠤᠯᠴᠢᠯᠠᠯ ᠤᠨ ᠬᠤᠯᠪᠣᠭ᠎ᠠ︾ ᠶᠢᠨ ᠭᠤᠷᠪᠠᠳᠤᠭᠠᠷ ᠤᠳᠠᠭᠠᠨ ᠤ ᠬᠤᠷᠠᠯ᠂ ᠬᠤᠶᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠳᠠᠪᠠᠭᠠᠨ ᠳᠡᠭᠡᠷᠡᠬᠢ ᠲᠠᠯ᠎ᠠ ᠨᠤᠲᠤᠭ ᠤᠨ ᠪᠠᠶᠠᠷ ᠪᠠᠶᠠᠰᠬᠤᠯᠠᠩᠲᠤ ᠤᠯᠠᠷᠢᠯ︾ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 10 - 12 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠪᠥᠬᠦ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢᠨ ᠬᠤᠷᠠᠯ᠂ ᠪᠥᠬᠦ ᠤᠯᠤᠰ ᠤᠨ ᠣᠷᠣᠨ ᠨᠤᠲᠤᠭ ᠤᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠬᠡᠷ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠤᠨ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 11 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠳᠤᠮᠳᠠᠳᠤ ᠤᠯᠤᠰ ᠤᠨ ᠬᠢᠮᠢ ᠶᠢᠨ ᠳ᠋ᠦᠩ ᠬᠤᠸᠠ ᠰᠢᠨᠵᠢᠯᠡᠬᠦ ᠤᠬᠠᠭᠠᠨ ᠮᠡᠷᠭᠡᠵᠢᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠯᠢ ᠰᠢᠨ ᠨᠡᠷ ᠲᠠᠢ ᠠᠭᠤᠯᠵᠠᠪᠠ᠃ ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨ᠎ᠡ ᠲᠤᠭᠤᠷᠢᠭ ᠪᠠ ᠶᠤᠸᠠᠢ ᠯᠠᠢ ᠾᠧ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠤᠭᠤᠷᠢᠭ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠪᠦᠬᠦ ᠬᠤᠲᠠ ᠶᠢᠨ ᠳᠥᠷᠪᠡᠳᠦᠭᠡᠷ ᠬᠤᠭᠤᠴᠠᠭᠠᠨ ᠤ ᠶᠡᠷᠦᠩᠬᠡᠶᠢᠯᠡᠭᠰᠡᠨ ᠴᠢᠨᠠᠷᠲᠠᠶ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠤᠯᠤᠰ ᠤᠨ ᠶᠠᠳᠠᠭᠤ ᠶᠢ ᠲᠡᠳᠬᠦᠬᠦ ᠠᠯᠪᠠᠨ ᠬᠡᠷ ᠤᠨ ᠤᠤᠯ ᠤᠨ ᠡᠷᠬᠢᠯᠡᠭᠴᠢ ᠯᠢᠦ ᠶᠦᠩ ᠹᠦ᠋ ᠨᠡᠷ ᠲᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    7 ᠳ᠋ᠤᠭᠠᠷ ᠰᠠᠷ᠎ᠠ ᠶᠢᠨ 12 ᠤᠨ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠠᠬᠢᠭᠤᠯᠬᠤ ᠨᠡᠶᠢᠭᠡᠮᠯᠢᠭ ᠯᠦᠭᠡ ᠪᠠᠶᠢᠴᠠᠭᠠᠨ ᠰᠤᠳᠤᠯᠬᠤ ᠰᠠᠭᠤᠳᠠᠯ ᠤᠨ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 11 - 13 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠬᠤᠤᠯᠢᠩᠭᠤᠤᠯ ᠬᠤᠲᠠ ᠳᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠠᠮᠤᠷ ᠢ ᠬᠠᠮᠠᠭᠠᠯᠠᠬᠤ ᠠᠵᠢᠯ ᠢ ᠬᠢᠨᠠᠨ ᠵᠢᠯᠣᠭᠤᠳᠪᠠ᠃    7 ᠳ᠋ᠤᠭᠠᠷ ᠰᠠᠷ᠎ᠠ ᠶᠢᠨ 13 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠪᠡᠭᠡᠵᠢᠩ ᠤᠨ ᠦ᠋ ᠮᠧᠢ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠤᠨ᠂ ᠪᠡᠭᠡᠵᠢᠩ ᠤᠨ ᠮᠠᠢ ᠳ᠋ᠧ ᠯᠦᠩ ︵ᠰᠧ ᠵᠢᠢ ᠴᠢᠩ ᠳᠡᠯᠭᠡᠭᠦᠷ︶ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠦ᠋ ᠮᠧᠢ ᠪᠦᠯᠦᠭᠯᠡᠯ ᠤᠨ CEO ᠵᠠᠩ ᠪᠢᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠣᠷᠣᠯᠴᠠᠵᠠᠶ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠡᠮ ᠡᠮᠨᠡᠯᠭᠡ ᠶᠢᠨ ᠡᠳ᠋ ᠪᠣᠳᠠᠰ ᠤᠨ ᠨᠡᠶᠢᠭᠡᠮᠯᠢᠭ ᠲᠤ ᠬᠦᠷᠴᠦ ᠰᠢᠨᠵᠢᠯᠡᠨ ᠪᠠᠶᠢᠴᠠᠭᠠᠵᠤ᠂ ᠨᠡᠶᠢᠭᠡᠮᠯᠢᠭ ᠤᠨ ᠭᠦᠢᠴᠡᠳᠬᠡᠬᠦ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠯᠢᠦ ᠵᠦᠩ ᠯᠢᠶᠠᠩ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠰᠢᠯᠢ ᠶᠢᠨ ᠭᠤᠤᠯ ᠠᠶᠢᠮᠠᠭ ᠲᠤ ᠬᠦᠷᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠣᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 14 ᠠᠴᠠ 17 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠴᠧᠨ ᠢ ᠮᠢᠩ᠂ ᠯᠢᠦᠶ ᠭᠦᠸᠧ ᠬᠤᠸᠠ ᠪᠥᠬᠦ ᠬᠤᠲᠠ ᠶᠢᠨ ᠳᠡᠭᠡᠷ᠎ᠡ ᠬᠠᠭᠠᠰ ᠵᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯᠪᠠᠰᠤᠷᠠᠯ ᠤᠨ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 15 ᠠᠴᠠ 17 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠤᠯᠠᠭᠠᠨᠬᠠᠳᠠ ᠬᠤᠲᠠ ᠳᠤ ᠪᠥᠬᠦ ᠣᠷᠣᠨ ᠤ ᠭᠡᠷ ᠪᠠᠶᠢᠰᠢᠩ ᠲᠤᠰᠢᠶᠠᠬᠤ ᠶᠢ ᠪᠠᠲᠤᠯᠠᠬᠤ ᠠᠵᠢᠯ ᠤᠨ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 17 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠸᠠᠩ ᠶᠦᠩ᠂ ᠼᠤᠤ ᠶᠢᠨ ᠱᠠᠨ᠂ ᠴᠧᠨ ᠢ ᠮᠢᠩ᠂ ᠯᠢᠦᠶ ᠭᠦᠸᠧ ᠬᠤᠸᠠ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠶᠢ ᠲᠣᠭᠤᠷᠢᠨ ᠦᠵᠡᠬᠦ ᠵᠢᠴᠢ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 18 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠲᠦᠩᠯᠢᠶᠣᠤ ᠶᠢᠨ ᠬᠤᠶᠠᠳᠤᠭᠠᠷ ᠬᠤᠭᠤᠴᠠᠭᠠᠨ ᠤ ᠪᠠᠷᠠᠭᠤᠨ ᠯᠢᠶᠣᠤ ᠾᠧ ᠭᠤᠤᠯ ᠤᠨ ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 19 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠵᠢᠩ ᠨᠧᠩ ᠣᠯᠠᠨ ᠤᠯᠤᠰ ᠤᠨ ᠲᠦᠩᠯᠢᠶᠣᠤ ᠶᠢᠨ 238 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠠᠵᠢᠯᠯᠠᠭ᠎ᠠ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠸᠠᠩ ᠴᠧᠩ ᠱᠠᠨ ᠠᠺᠠᠳᠧᠮᠢᠴᠢ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠪᠡᠭᠡᠵᠢᠩ ᠤᠨ ᠵᠤ᠋ ᠰᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 20 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ︽ᠲᠤᠩᠬᠠᠭ ᠨᠡᠶᠢᠲᠡᠯᠡᠨ ᠮᠠᠩᠯᠠᠶᠢᠯᠠᠭᠤᠯᠬᠤ︾ ᠲᠥᠷᠥᠯ ᠵᠦᠢᠯ ᠤᠨ ᠡᠬᠢᠯᠡᠯᠲᠡ ᠶᠢᠨ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠯᠢᠶᠣᠤᠨᠢᠩ ᠤᠨ ᠤᠰᠤᠨ ᠤ ᠶᠠᠪᠤᠳᠠᠯ ᠤᠨ ᠪᠦᠯᠦᠭᠯᠡᠯ ᠲᠠᠢ ᠶᠠᠷᠢᠯᠴᠠᠪᠠ᠃    7 ᠳ᠋ᠤᠭᠠᠷ ᠰᠠᠷ᠎ᠠ ᠶᠢᠨ 21 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠪᠥᠬᠦ ᠤᠯᠤᠰ ᠤᠨ ᠭᠤᠷᠪᠠᠳᠤᠭᠠᠷ ᠬᠤᠭᠤᠴᠠᠭᠠᠨ ᠤ ᠲᠤᠬᠠᠶ ᠶᠢᠨ ᠲᠠᠯᠠᠪᠠᠢ ᠶᠢᠨ ᠠᠪᠤᠷᠠᠯᠳᠠ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 23 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠲᠦᠩᠯᠢᠶᠣᠤ ᠶᠢᠨ ᠠᠯᠠᠰᠢᠨ ᠦᠬᠡᠷ ᠤᠨ ᠠᠵᠤ ᠦᠢᠯᠡᠰ ᠤᠨ ᠬᠤᠳᠠᠯᠳᠤᠭᠠᠴᠢᠨ ᠤᠷᠢᠬᠤ ᠬᠤᠷᠠᠯ ᠵᠢᠴᠢ ᠬᠤᠷᠴᠢᠨ ᠦᠬᠡᠷ ᠤᠨ ᠦᠢᠯᠡᠰ ᠤᠨ ᠳᠠᠬᠢᠨ ᠴᠡᠭᠴᠡᠯᠡᠵᠦ ᠪᠠᠯᠠ ᠤᠷᠤᠭᠤᠯᠬᠤ ᠲᠠᠨᠢᠯᠴᠠᠭᠤᠯᠬᠤ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 24 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠸᠠᠩ ᠶᠦᠩ᠂ ᠼᠤᠤ ᠶᠢᠨ ᠱᠠᠨ ᠪᠥᠬᠦ ᠬᠤᠲᠠ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠢᠶᠠᠷᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢᠨ ᠬᠤᠷᠠᠯ ᠳᠤ ᠣᠷᠣᠯᠴᠠᠵᠤ᠂ ᠮᠠᠨ ᠤ ᠬᠤᠲᠠ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠭᠤᠤᠯ ᠬᠤᠲᠠ ᠶᠢᠨ ᠲᠣᠭᠤᠷᠢᠭ ᠲᠤ ᠭᠦᠨᠵᠡᠭᠡᠶᠢᠷᠡᠨ ᠰᠢᠨ᠎ᠡ ᠪᠠᠷ ᠨᠡᠮᠡᠭᠳᠡᠭᠰᠡᠨ ᠰᠤᠷᠤᠭᠴᠢ ᠡᠯᠰᠡᠬᠦ ᠲᠤᠭ᠎ᠠ ᠶᠢᠨ ᠭᠤᠷᠪᠠᠨ ᠵᠢᠯ ᠤᠨ ᠰᠢᠪᠲᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠪᠥᠬᠦ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ᠂ ︽8.18︾ ᠤ ᠵᠢᠷᠢᠮ ᠤᠨ ᠮᠣᠷᠢᠨ ᠤᠷᠤᠯᠳᠤᠭᠠᠨ ᠤ ᠪᠡᠯᠡᠳᠬᠡᠯ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠭᠰᠠᠨ ᠪᠥᠭᠡᠳ ᠲᠤᠬᠠᠶ ᠶᠢᠨ ᠲᠠᠯᠠᠪᠠᠶ ᠳᠤ ᠠᠯᠪᠠᠯᠠᠪᠠ ︔ ᠪᠥᠬᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠰᠢᠯᠢ ᠶᠢᠨ ᠭᠤᠤᠯ ᠠᠶᠢᠮᠠᠭ ᠲᠤ ᠪᠥᠬᠦ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 25 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠪᠥᠬᠦ ᠬᠤᠲᠠ ᠶᠢᠨ ᠳᠤᠤᠷ᠎ᠠ ᠬᠠᠭᠠᠰ ᠵᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠶᠢᠳᠠᠯ ᠤᠨ ᠵᠠᠳᠠᠯᠤᠯᠲᠠ ᠵᠢᠴᠢ ᠬᠤᠳᠠᠯᠳᠤᠭᠠᠴᠢᠨ ᠤᠷᠢᠬᠤ ᠪᠣᠳᠠᠲᠤ ᠶᠠᠪᠤᠳᠠᠯ ᠤᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 25 ᠠᠴᠠ 26 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠠᠨᠾᠦ᠋ᠢ ᠮᠤᠵᠢ ᠶᠢᠨ ᠾᠧᠹᠸᠢ ᠬᠤᠲᠠ ᠳᠤ 2024 ᠪᠣᠬᠢᠷᠲᠤᠯ ᠦᠭᠡᠢ ᠴᠠᠬᠢᠯᠭᠠᠨ ᠪᠣᠬᠢᠷᠲᠤᠯ ᠦᠭᠡᠢ ᠤᠰᠤᠲᠥ᠋ᠷᠥᠭᠴᠢ ᠶᠢᠨ ᠰᠢᠨ᠎ᠡ ᠶᠢ ᠡᠭᠦᠳᠬᠦ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠮᠡᠷᠭᠡᠵᠢᠯ ᠤᠨ ᠰᠣᠯᠢᠯᠴᠠᠭᠠᠨ ᠤ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 26 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠣᠷᠳᠣᠰ ᠬᠤᠲᠠ ᠳᠤ 2024 ᠣᠨ ᠤ ᠳᠡᠯᠡᠬᠡᠶ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠣᠷᠳᠣᠰ ᠬᠤᠲᠠ ᠳᠤ ᠵᠡᠭᠦᠨ ᠬᠤᠶᠢᠲᠤ ᠠᠽᠢᠶ᠎ᠠ ᠶᠢᠨ ᠭᠠᠵᠠᠷ ᠣᠷᠣᠨ ᠤ ᠵᠠᠰᠠᠭ ᠤᠨ ᠣᠷᠳᠣᠨ ᠤ ᠬᠤᠯᠪᠣᠭᠠᠲᠤ ᠬᠤᠷᠠᠯ ᠤᠨ ᠡᠨᠧᠷᠭᠢ ᠶᠢᠨ ᠬᠠᠮᠲᠤᠷᠠᠯᠴᠠᠭᠠᠨ ᠤ ᠲᠤᠰᠬᠠᠢ ᠵᠥᠪᠯᠡᠯ ᠤᠨ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 27-30 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠪᠡᠭᠡᠵᠢᠩ ᠳᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠪᠥᠬᠦ ᠣᠷᠣᠨ ᠤ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠪᠠ᠃    7 ᠳ᠋ᠤᠭᠠᠷ ᠰᠠᠷ᠎ᠠ ᠶᠢᠨ 29 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠵᠠᠷᠤᠳ ᠬᠤᠰᠢᠭᠤᠨ ᠳᠤ ᠬᠦᠷᠴᠦ ᠦᠶᠡᠷ ᠢ ᠰᠡᠷᠭᠡᠶᠢᠯᠡᠬᠦ ᠠᠵᠢᠯ᠂ ᠤᠰᠤᠨ ᠠᠰᠢᠭᠯᠠᠯᠲᠠ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠪᠠ ᠭᠤᠤᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠪᠠᠶᠢᠴᠠᠭᠠᠨ ᠵᠢᠯᠣᠭᠤᠳᠤᠭᠰᠠᠨ ᠪᠥᠭᠡᠳ ᠰᠠᠭᠤᠳᠠᠯ ᠤᠨ ᠬᠤᠷᠠᠯ ᠬᠢᠪᠡ᠃    7 ᠳ᠋ᠤᠭᠠᠷ ᠰᠠᠷ᠎ᠠ ᠶᠢᠨ 30 - 31 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    7 ᠳ᠋ᠤᠭᠠᠷ ᠰᠠᠷ᠎ᠠ ᠶᠢᠨ 30 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠦ ᠦᠶᠡᠷ ᠢ ᠰᠡᠷᠭᠡᠶᠢᠯᠡᠬᠦ ᠠᠵᠢᠯ᠂ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠵᠢᠯᠣᠭᠤᠳᠪᠠ     7 ᠳ᠋ᠤᠭᠠᠷ ᠰᠠᠷ᠎ᠠ ᠶᠢᠨ 31 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠵᠠᠷᠤᠳ ᠬᠤᠰᠢᠭᠤᠨ ᠳᠤ ᠢᠷᠡᠵᠦ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠬᠤᠯᠪᠣᠭᠳᠠᠯ ᠪᠦᠬᠦᠢ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ᠃    8 ᠳ᠋ᠤᠭᠠᠷ ᠰᠠᠷ᠎ᠠ ᠶᠢᠨ 1 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠼᠤᠤ ᠶᠢᠨ ᠱᠠᠨ᠂ ᠴᠧᠨ ᠢ ᠮᠢᠩ ᠨᠠᠮ ᠵᠠᠰᠠᠭ ᠤᠨ ᠤᠳᠤᠷᠢᠳᠬᠤ ᠺᠠᠳ᠋ᠷ ᠤᠨ ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠬᠦᠷᠴᠦ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠪᠠ᠃    8 ᠳ᠋ᠤᠭᠠᠷ ᠰᠠᠷ᠎ᠠ ᠶᠢᠨ 2 ᠤᠨ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠯᠢᠦᠶ ᠭᠦᠸᠧ ᠬᠤᠸᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠦ ᠦᠶᠡᠷ ᠢ ᠰᠡᠷᠭᠡᠶᠢᠯᠡᠵᠦ ᠤᠰᠤᠲᠤᠯ ᠢ ᠰᠡᠷᠭᠡᠶᠢᠯᠡᠬᠦ ᠭᠤᠤᠯ ᠴᠠᠭᠳᠠᠬᠤ ᠠᠵᠢᠯ ᠥᠷᠨᠢᠭᠦᠯᠪᠡ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠭᠤᠤᠯ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃    8 ᠳ᠋ᠤᠭᠠᠷ ᠰᠠᠷ᠎ᠠ ᠶᠢᠨ 3 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ 2024 ᠣᠨ ᠤ 12 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠶᠠᠷᠢᠶ᠎ᠠ᠂ ᠵᠣᠬᠢᠶᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠮᠤᠤ ᠵᠧᠨ ᠬᠠᠶ᠂ ᠼᠤᠤ ᠶᠢᠨ ᠱᠠᠨ᠂ ᠯᠢᠦᠶ ᠭᠦᠸᠧ ᠬᠤᠸᠠ ᠣᠷᠣᠯᠴᠠᠵᠠᠶ᠃    ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠳᠠ ᠶᠢᠨ ᠵᠠᠰᠠᠭ ᠤᠨ ᠣᠷᠳᠣᠨ ᠤ 2024 ᠣᠨ ᠤ 14 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠤᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠠᠪᠬᠤ ᠳᠤ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠬᠦ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠮᠤᠤ ᠵᠧᠨ ᠬᠠᠶ᠂ ᠼᠤᠤ ᠶᠢᠨ ᠱᠠᠨ᠂ ᠯᠢᠦᠶ ᠭᠦᠸᠧ ᠬᠤᠸᠠ ᠣᠷᠣᠯᠴᠠᠵᠠᠶ᠃    8 ᠳ᠋ᠤᠭᠠᠷ ᠰᠠᠷ᠎ᠠ ᠶᠢᠨ 4 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠬᠦᠷᠴᠦ ᠪᠥᠬᠦ ᠣᠷᠣᠨ ᠤ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠪᠠ᠃    8 ᠳ᠋ᠤᠭᠠᠷ ᠰᠠᠷ᠎ᠠ ᠶᠢᠨ 4 ᠠᠴᠠ 9 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠬᠥᠬᠡᠬᠤᠲᠠ ᠳᠤ ᠪᠥᠬᠦ ᠣᠷᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃    8 ᠳ᠋ᠤᠭᠠᠷ ᠰᠠᠷ᠎ᠠ ᠶᠢᠨ 5 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ︵ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ︶ ᠠᠬᠤᠢ ᠲᠠᠯᠠᠪᠠᠢ ᠶᠢᠨ ᠰᠤᠯᠢᠯᠴᠠᠨ ᠪᠤᠯᠪᠠᠰᠤᠷᠠᠬᠤ ᠬᠤᠷᠠᠯ ᠳᠤ ᠣᠷᠣᠯᠴᠠᠪᠠ᠃    8 ᠳ᠋ᠤᠭᠠᠷ ᠰᠠᠷ᠎ᠠ ᠶᠢᠨ 5 ᠤ ᠡᠳᠦᠷ ᠠᠴᠠ 6 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠥᠬᠡᠬᠤᠲᠠ ᠳᠤ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠪᠠ ᠬᠠᠯᠠᠮᠰᠢᠯ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠦᠨ ᠵᠢᠯᠣᠭᠤᠳᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠪᠠ᠃    8 ᠳ᠋ᠤᠭᠠᠷ ᠰᠠᠷ᠎ᠠ ᠶᠢᠨ 8 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠴᠧᠨ ᠢ ᠮᠢᠩ ᠪᠥᠬᠦ ᠬᠤᠲᠠ ᠶᠢᠨ 2024 ᠣᠨ ᠤ ᠭᠤᠤᠯᠳᠠᠯᠭ᠎ᠠ ᠲᠠᠢ ᠠᠵᠢᠯ ᠤᠨ ᠬᠤᠤᠰ ᠰᠠᠷ᠎ᠠ ᠶᠢᠨ ᠳ᠋ᠦᠩᠨᠡᠯᠲᠡ ᠶᠢᠨ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠤ ᠣᠷᠣᠯᠴᠠᠪᠠ᠃    8 ᠳ᠋ᠤᠭᠠᠷ ᠰᠠᠷ᠎ᠠ ᠶᠢᠨ 9 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ 2024 ᠣᠨ ᠤ 13 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷ᠎ᠡ ᠬᠢᠭᠰᠡᠨ ᠮᠡᠳᠡᠭᠦᠯᠦᠯᠲᠡ᠂ ᠴᠢᠬᠤᠯᠠ ᠶᠠᠷᠢᠶ᠎ᠠ ᠪᠠ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠮᠤᠤ ᠵᠧᠨ ᠬᠠᠶ᠂ ᠴᠧᠨ ᠢ ᠮᠢᠩ᠂ ᠯᠢᠦᠶ ᠭᠦᠸᠧ ᠬᠤᠸᠠ ᠣᠷᠣᠯᠴᠠᠵᠠᠶ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ 2024 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠲᠦᠩᠯᠢᠶᠣᠤ ᠬᠤᠳᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠭᠠᠳ᠂ ᠬᠤᠷᠠᠯ ᠠᠴᠠ ︽ᠲᠣᠭᠠᠴᠢᠯᠠᠭᠰᠠᠨ ᠲᠦᠩᠯᠢᠶᠣᠤ︾ ᠶᠢᠨ ᠪᠦᠳᠦᠭᠡᠨ ᠪᠠᠶᠢᠭᠤᠯᠤᠯᠲᠠ᠂ ᠭᠤᠣᠯ ᠬᠤᠳᠠ ᠶᠢᠨ ᠲᠣᠭᠤᠷᠢᠭ ᠤᠨ ᠬᠡᠰᠡᠭ ᠲᠣᠭᠤᠷᠢᠭ ᠤᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ ᠶᠢᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠮᠤᠤ ᠵᠧᠨ ᠬᠠᠶ᠂ ᠴᠧᠨ ᠢ ᠮᠢᠩ᠂ ᠯᠢᠦᠶ ᠭᠦᠸᠧ ᠬᠤᠸᠠ ᠣᠷᠣᠯᠴᠠᠵᠠᠶ᠃    8 ᠳ᠋ᠤᠭᠠᠷ ᠰᠠᠷ᠎ᠠ ᠶᠢᠨ 9 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠷᠴᠢᠨ ᠨᠠᠭᠠᠳᠤᠮ ᠤᠨ ᠰᠣᠶᠣᠯ ᠪᠡᠶ᠎ᠡ ᠶᠢᠨ ᠲᠠᠮᠢᠷ ᠤᠨ ᠲᠥᠪ ᠲᠤ ᠬᠦᠷᠴᠦ ᠲᠤᠬᠠᠶ ᠶᠢᠨ ᠲᠠᠯᠠᠪᠠᠶ ᠳᠤ ᠠᠵᠢᠯᠯᠠᠨ᠂ ᠬᠤᠷᠢᠨ ᠲᠠᠪᠤᠳᠤᠭᠠᠷ ᠬᠤᠭᠤᠴᠠᠭᠠᠨ ᠤ ︽8 · 18︾ ᠤ ᠵᠢᠷᠢᠮ ᠤᠨ ᠮᠣᠷᠢᠨ ᠤᠷᠤᠯᠳᠤᠭᠠᠨ ᠤ ᠨᠠᠶᠢᠷ ᠤᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠮᠤᠤ ᠵᠧᠨ ᠬᠠᠢ᠂ ᠴᠧᠨ ᠢ ᠮᠢᠩ ᠣᠷᠣᠯᠴᠠᠪᠠ᠃    8 ᠳ᠋ᠤᠭᠠᠷ ᠰᠠᠷ᠎ᠠ ᠶᠢᠨ 10 - 11 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠸᠠᠩ ᠶᠦᠩ᠂ ᠼᠤᠤ ᠶᠢᠨ ᠱᠠᠨ᠂ ᠴᠧᠨ ᠢ ᠮᠢᠩ᠂ ᠯᠢᠦᠶ ᠭᠦᠸᠧ ᠬᠤᠸᠠ ᠬᠢᠩᠭᠠᠨ ᠠᠶᠢᠮᠠᠭ ᠲᠤ ᠰᠤᠷᠤᠯᠴᠠᠵᠤ ᠰᠢᠨᠵᠢᠯᠡᠨ ᠪᠠᠶᠢᠴᠠᠭᠠᠪᠠ᠃    8 ᠳ᠋ᠤᠭᠠᠷ ᠰᠠᠷ᠎ᠠ ᠶᠢᠨ 12 ᠠᠴᠠ 13 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ 2024 ᠣᠨ ᠤ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠧᠨ ᠢ ᠮᠢᠩ ᠣᠷᠣᠯᠴᠠᠪᠠ᠃    8 ᠳ᠋ᠤᠭᠠᠷ ᠰᠠᠷ᠎ᠠ ᠶᠢᠨ 13 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠬᠤᠷᠴᠢᠨ ᠲᠣᠭᠤᠷᠢᠭ ᠲᠤ ᠬᠦᠷᠴᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠢᠨ᠎ᠡ ᠪᠠᠷ ᠨᠡᠮᠡᠭᠳᠡᠭᠰᠡᠨ ᠰᠤᠷᠤᠭᠴᠢ ᠡᠯᠰᠡᠬᠦ ᠲᠤᠭ᠎ᠠ ᠶᠢᠨ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠠᠬᠤᠢ ᠲᠠᠯᠠᠪᠠᠢ ᠳᠤ ᠠᠵᠢᠯᠯᠠᠪᠠ᠃     8 ᠳ᠋ᠤᠭᠠᠷ ᠰᠠᠷ᠎ᠠ ᠶᠢᠨ 14 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠵᠦᠩ ᠺᠧ ᠵᠤ᠋ ᠯᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠯᠦᠭᠡ ᠶᠢᠨ ᠰᠠᠭᠤᠳᠠᠯ ᠤᠨ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠪᠥᠬᠦ ᠣᠷᠣᠨ ᠤ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠵᠢᠴᠢ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ︽ᠦᠵᠡᠭᠦᠯᠦᠯᠭᠡ ᠶᠢᠨ ᠭᠠᠷᠠᠭ︾ ᠤᠨ ᠠᠵᠢᠯᠯᠠᠭ᠎ᠠ ᠳᠤ ᠣᠷᠣᠯᠴᠠᠪᠠ᠃    8 ᠳ᠋ᠤᠭᠠᠷ ᠰᠠᠷ᠎ᠠ ᠶᠢᠨ 15 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠤ ᠬᠤᠲᠠ ᠶᠢᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠲᠣᠭᠤᠷᠢᠨ ᠦᠵᠡᠬᠦ ᠵᠢᠴᠢ ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠣᠯᠢᠯᠴᠠᠭᠠᠨ ᠤ ᠬᠤᠷᠠᠯ ᠳᠤ ᠣᠷᠣᠯᠴᠠᠪᠠ᠃    8 ᠳ᠋ᠤᠭᠠᠷ ᠰᠠᠷ᠎ᠠ ᠶᠢᠨ 18 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠼᠤᠤ ᠶᠢᠨ ᠱᠠᠨ᠂ ᠴᠧᠨ ᠢ ᠮᠢᠩ ︽8 · 18︾ ᠤ ᠵᠢᠷᠢᠮ ᠤᠨ ᠮᠣᠷᠢᠨ ᠤᠷᠤᠯᠳᠤᠭᠠᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    8 ᠳ᠋ᠤᠭᠠᠷ ᠰᠠᠷ᠎ᠠ ᠶᠢᠨ 19 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠸᠠᠩ ᠶᠦᠩ ᠥᠪᠥᠷ ᠮᠣᠩᠭᠤᠯ ᠤᠨ ᠵᠡᠭᠦᠨ ᠬᠡᠰᠡᠭ ︵ᠲᠦᠩᠯᠢᠶᠣᠤ︶ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃    8 ᠳ᠋ᠤᠭᠠᠷ ᠰᠠᠷ᠎ᠠ ᠶᠢᠨ 20 ᠤ ᠡᠳᠦᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠥᠬᠡᠬᠤᠲᠠ ᠳᠤ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ ᠵᠥᠪᠳᠡᠯᠴᠡᠭᠡᠨ ᠤ ᠬᠤᠷᠠᠯ ᠤᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠤᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠤᠨ 2024 ᠣᠨ ᠤ ᠬᠤᠷᠠᠯ ᠳᠤ ᠤᠷᠤᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠱᠧᠨᠶᠠᠩ ᠬᠤᠲᠠ ᠳᠤ ᠬᠦᠷᠴᠦ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠦ ᠵᠢᠶᠤᠤ ᠵᠢᠶᠦ᠋ᠨ ᠠᠺᠠᠳᠧᠮᠢᠴᠢ ᠶᠢᠨ ᠪᠦᠯᠬᠦᠮ ᠲᠠᠢ ᠠᠮᠢ ᠠᠬᠤᠢ ᠶᠢᠨ ᠵᠠᠰᠠᠯᠲᠠ᠂ ᠲᠡᠵᠢᠭᠡᠯ ᠡᠪᠡᠰᠦ ᠲᠠᠷᠢᠮᠠᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢᠨ ᠬᠦᠷᠢᠶᠡᠨ ᠤ ᠠᠵᠢᠯ ᠢ ᠵᠣᠯᠭᠠᠭᠤᠯᠵᠤ᠂ ᠳ᠋ᠦᠩ ᠷᠤᠸᠠᠨ ᠺᠣᠮᠫᠠᠨᠢ ᠶᠢ ᠰᠢᠨᠵᠢᠯᠡᠨ ᠪᠠᠶᠢᠴᠠᠭᠠᠪᠠ᠃    8 ᠳ᠋ᠤᠭᠠᠷ ᠰᠠᠷ᠎ᠠ ᠶᠢᠨ 21 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠰᠢ ᠠᠨ ᠬᠤᠲᠠ ᠳᠤ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠤᠯᠤᠰ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠤᠨ ᠲᠦᠩᠯᠢᠶᠣᠤ ᠶᠢᠨ ᠬᠤᠪᠢᠶᠠᠷᠢ ᠬᠦᠷᠢᠶᠡᠯᠡᠩ ᠢ ᠪᠠᠶᠢᠭᠤᠯᠬᠤ ᠬᠤᠯᠪᠣᠭᠳᠠᠯ ᠪᠦᠬᠦᠢ ᠶᠠᠪᠤᠳᠠᠯ ᠢ ᠵᠣᠯᠭᠠᠭᠤᠯᠪᠠ᠃    8 ᠳ᠋ᠤᠭᠠᠷ ᠰᠠᠷ᠎ᠠ ᠶᠢᠨ 23 ᠠᠴᠠ 24 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠵᠠᠷᠤᠳ ᠬᠤᠰᠢᠭᠤᠨ ᠳᠤ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠬᠠᠲᠤᠨ ᠭᠤᠣᠯ ᠤᠨ ᠰᠣᠶᠣᠯ ᠠᠵᠤ ᠠᠬᠤᠢ ᠶᠢ ᠠᠬᠢᠭᠤᠯᠬᠤ ᠨᠡᠶᠢᠭᠡᠮᠯᠢᠭ ᠤᠨ ᠤᠳᠤᠷᠢᠳᠤᠯᠭ᠎ᠠ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    8 ᠳ᠋ᠤᠭᠠᠷ ᠰᠠᠷ᠎ᠠ ᠶᠢᠨ 24 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠪᠡᠭᠡᠵᠢᠩ ᠬᠤᠲᠠ ᠳᠤ ᠬᠦᠷᠴᠦ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠲᠥᠷᠥᠯ ᠵᠦᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠵᠣᠯᠭᠠᠭᠤᠯᠪᠠ᠃    8 ᠳ᠋ᠤᠭᠠᠷ ᠰᠠᠷ᠎ᠠ ᠶᠢᠨ 24 ᠠᠴᠠ 25 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠦᠬᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ ᠰᠡᠳᠦᠪᠲᠦ ᠮᠡᠳᠡᠭᠦᠯᠦᠯᠲᠡ᠂ ᠬᠠᠷᠢᠯᠴᠠᠨ ᠰᠣᠯᠢᠯᠴᠠᠬᠤ ᠠᠵᠢᠯᠯᠠᠭ᠎ᠠ ᠳᠤ ᠣᠷᠣᠯᠴᠠᠪᠠ᠃    8 ᠳ᠋ᠤᠭᠠᠷ ᠰᠠᠷ᠎ᠠ ᠶᠢᠨ 27 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠬᠤᠤᠯᠢᠩᠭᠤᠤᠯ ᠬᠤᠲᠠ ᠳᠤ ᠬᠦᠷᠴᠦ ᠪᠥᠬᠦ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠬᠤᠷᠠᠯ ᠵᠢᠴᠢ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃    8 ᠳ᠋ᠤᠭᠠᠷ ᠰᠠᠷ᠎ᠠ ᠶᠢᠨ 27 ᠠᠴᠠ 28 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠰᠦᠨ ᠶᠧ ᠭᠠᠩ ᠨᠠᠷ ᠲᠤ ᠪᠠᠷ᠎ᠠ ᠪᠤᠯᠵᠤ ᠬᠦᠷᠢᠶ᠎ᠠ ᠬᠤᠰᠢᠭᠤᠨ ᠳᠤ ᠬᠦᠷᠴᠦ ᠴᠡᠭ ᠲᠤᠭᠲᠠᠭᠰᠠᠨ ᠬᠠᠪᠰᠤᠷᠤᠨ ᠲᠡᠳᠭᠦᠭᠦ ᠠᠵᠢᠯ ᠢ ᠪᠠᠶᠢᠴᠠᠭᠠᠨ ᠰᠤᠳᠤᠯᠪᠠ᠃    8 ᠳ᠋ᠤᠭᠠᠷ ᠰᠠᠷ᠎ᠠ ᠶᠢᠨ 28 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠤᠯᠤᠰ ᠤᠨ ᠤᠰᠤᠨ ᠤ ᠲᠤᠤᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    8 ᠳ᠋ᠤᠭᠠᠷ ᠰᠠᠷ᠎ᠠ ᠶᠢᠨ 29 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠥᠪᠥᠷ ᠮᠣᠩᠭᠤᠯ ᠤᠨ ᠴᠢᠨᠠᠷ ᠰᠠᠶᠢᠲᠠᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠦᠩᠯᠢᠶᠣᠤ ᠶᠢᠨ ᠡᠵᠡᠩᠨᠡᠨ ᠪᠣᠷᠣᠯᠠᠭᠤᠯᠬᠤ ᠲᠥᠪ ᠤᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ︔ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠨᠠᠷᠠᠲᠤ ᠲᠡᠮᠳᠡᠭ ᠤᠨ ᠥᠯᠢᠭᠡᠷ ᠤᠨ ᠤᠷᠤᠯᠳᠤᠭᠠᠨ ᠤ ᠲᠦᠩᠯᠢᠶᠣᠤ ︵ᠥᠪᠥᠷ ᠮᠣᠩᠭᠤᠯ︶ ᠳᠠᠬᠢ ᠤᠷᠤᠯᠳᠤᠭᠠᠨ ᠤ ᠲᠣᠭᠤᠷᠢᠭ ᠵᠢᠴᠢ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯ ᠲᠠᠷᠢᠶᠠᠯᠠᠩ ᠤᠨ ᠠᠵᠤ ᠠᠬᠤᠶ ᠶᠢᠨ ᠨᠠᠷᠠᠲᠤ ᠲᠡᠮᠳᠡᠭ ᠤᠨ ᠥᠯᠢᠭᠡᠷ ᠤᠨ ᠤᠷᠤᠯᠳᠤᠭᠠᠨ ᠳᠤ ᠣᠷᠣᠯᠴᠠᠪᠠ᠃    8 ᠳ᠋ᠤᠭᠠᠷ ᠰᠠᠷ᠎ᠠ ᠶᠢᠨ 29 ᠠᠴᠠ 30 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠥᠬᠡᠬᠤᠲᠠ ᠳᠤ ᠠᠶᠢᠮᠠᠭ ᠬᠤᠲᠠ ᠶᠢᠨ ᠲᠢᠩᠬᠢᠮ ᠲᠣᠪᠴᠢᠶ᠎ᠠ ᠶᠢᠨ ᠭᠤᠤᠯ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃    8 ᠳ᠋ᠤᠭᠠᠷ ᠰᠠᠷ᠎ᠠ ᠶᠢᠨ 30 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠪᠥᠬᠦ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠬᠤᠢ ᠲᠠᠯᠠᠪᠠᠢ ᠶᠢᠨ ᠬᠤᠷᠠᠯ ᠵᠢᠴᠢ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃    8 ᠳ᠋ᠤᠭᠠᠷ ᠰᠠᠷ᠎ᠠ ᠶᠢᠨ 31 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠣ ᠨᠠᠢᠮᠠᠨ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃ 
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ