ᠡᠨᠡ ᠵᠢᠯ ᠠᠴᠠ ᠨᠠᠰᠢ᠂ ᠪᠥᠬᠦ ᠬᠤᠲᠠ ᠪᠠᠷ ᠢᠶᠠᠨ ᠬᠠᠭᠤᠴᠢᠨ ᠢᠶᠠᠷ ᠰᠢᠨ᠎ᠡ ᠶᠢ ᠰᠣᠯᠢᠬᠤ ᠵᠢᠴᠢ ᠬᠡᠷᠡᠭᠯᠡᠭᠡ ᠶᠢ ᠠᠬᠢᠭᠤᠯᠬᠤ ᠠᠯᠢ ᠣᠯᠠᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ | ᠨᠢᠭᠡ ᠠᠯᠬᠤᠮ ᠬᠥᠭᠵᠢᠭᠡᠵᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠬᠡᠪᠴᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠪᠦᠲᠦᠮᠵᠢᠲᠡᠶ ᠠᠬᠢᠭᠤᠯᠪᠠ᠃ 1 - 10 | ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 289.9 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.8% ᠨᠡᠮᠡᠭᠳᠡᠪᠡ᠃ | ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠨᠡᠮᠡᠭᠳᠡᠯ ᠲᠣᠭᠲᠠᠭᠤᠨ ᠪᠤᠯᠪᠠ᠃ 1 - 10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠬᠤᠪᠴᠠᠰᠤ ᠬᠤᠨᠠᠷ᠂ ᠮᠠᠯᠠᠭᠠᠢ ᠱᠠᠬᠠᠶ᠂ ᠨᠡᠬᠡᠮᠡᠯ ᠤᠨ ᠲᠥᠷᠥᠯ᠂ ᠤᠮᠳᠠᠭᠠᠨ ᠤ ᠲᠥᠷᠥᠯ᠂ ᠠᠮᠤ ᠲᠣᠰᠣ ᠢᠳᠡᠭᠡᠨ ᠤ ᠲᠥᠷᠥᠯ᠂ ᠡᠳᠦᠷ | ᠲᠤᠲᠤᠮ ᠤᠨ ᠬᠡᠷᠡᠭᠯᠡᠭᠡᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 33.8%᠂ 18. | 4%᠂ 12.9%᠂ 10.2% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ 1.3 | ᠬᠤᠪᠢ ᠨᠡᠮᠡᠭᠳᠡᠭᠦᠯᠪᠡ᠃ | ᠬᠡᠷᠡᠭᠯᠡᠭᠡᠨ ᠤ ᠳᠡᠰ ᠳᠡᠪᠰᠢᠬᠦ ᠲᠥᠷᠥᠯ ᠤᠨ ᠲᠠᠸᠠᠷ ᠦᠷᠭᠦᠯᠵᠢᠯᠡᠨ ᠨᠡᠮᠡᠭᠳᠡᠪᠡ᠃ 1 - 10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ᠂ ᠵᠠᠰᠠᠯ ᠴᠢᠮᠡᠭᠯᠡᠯ ᠤᠨ ᠲᠦᠷᠦᠯ᠂ ᠪᠡᠶ᠎ᠡ ᠶᠢᠨ ᠲᠠᠮᠢᠷ ᠵᠤᠭ᠎ᠠ ᠴᠡᠩᠭᠡᠯ ᠤᠨ | ᠬᠡᠷᠡᠭᠯᠡᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠲᠣᠰ ᠲᠣᠰ ᠠᠳᠠᠯᠢ ᠬᠤᠭᠤᠴᠠᠭᠠᠨ ᠤ ᠬᠢ ᠠᠴᠠ 95.6%᠂ | 79.9%᠂ 71.6% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠶᠢ ᠨᠡᠶᠢᠲᠡ 0.7 ᠬᠤᠪᠢ ᠨᠡᠮᠡᠭᠳᠡᠭᠦᠯᠪᠡ᠃ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠬᠤ ᠬᠡᠮᠵᠢᠶ᠎ᠡ | ᠠᠩᠬ᠎ᠠ ᠤᠳᠠᠭ᠎ᠠ ᠨᠡᠮᠡᠭᠳᠡᠪᠡ᠃ 1 - 10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ | ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 37.0 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3 % ᠨᠡᠮᠡᠭᠳᠡᠨ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ 0.1ᠬᠤᠪᠢ ᠨᠡᠮᠡᠭᠳᠡᠭᠦᠯᠪᠡ᠃ ᠡᠭᠦᠨ ᠳᠤ᠂ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ 7.7 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ | 162.1% ᠨᠡᠮᠡᠭᠳᠡᠪᠡ᠃ | |