ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠵᠢᠯ ᠤᠨ ᠡᠬᠢᠨ ᠠᠴᠠ ᠨᠠᠭᠠᠰᠢ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ | ᠭᠤᠭᠴᠤᠭ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠦᠩᠯᠢᠶᠣᠣ ᠬᠤᠳᠠ ᠶᠢᠨ ᠨᠡᠭᠡᠭᠡᠯᠲᠡᠲᠤ | ᠮᠠᠶ᠋ᠢᠭ ᠤᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠵᠢᠯ ᠤᠨ ᠡᠬᠢᠨ ᠤ | ᠠᠮᠠᠯᠠᠯᠲᠠ ᠶᠢᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ | ᠭᠠᠳᠠᠭᠠᠳᠤ ᠠᠷᠠᠯᠵᠢᠶᠠᠨ ᠤ ᠬᠡᠪᠴᠢᠶ᠎ᠡ ᠲᠣᠭᠲᠠᠭᠤᠨ ᠢᠶᠠᠷ ᠨᠡᠮᠡᠭᠳᠡᠪᠡ᠃ ᠲᠠᠯᠳᠠ ᠬᠦᠴᠦᠨ ᠢ ᠠᠭᠤᠳᠠᠯᠠᠬᠤ᠂ ᠪᠦᠲᠦᠴᠡ ᠶᠢ ᠰᠢᠯᠢᠳᠡᠭᠵᠢᠭᠦᠯᠬᠦ᠂ ᠵᠠᠬ᠎ᠠ | ᠳᠡᠯᠭᠡᠭᠦᠷ ᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠬᠠᠷᠠᠯᠲᠠ ᠪᠤᠯᠭᠠᠵᠤ᠂ ᠭᠠᠳᠠᠭᠠᠳᠤ ᠠᠷᠠᠯᠵᠢᠶᠠᠨ ᠤ | ᠬᠥᠭᠵᠢᠯᠲᠡ ᠶᠢᠨ ᠨᠥᠭᠡᠴᠡ ᠬᠦᠴᠦᠨ ᠢ ᠲᠠᠰᠤᠷᠠᠯᠳᠠ ᠦᠭᠡᠢ ᠬᠤᠷᠠᠮᠳᠤᠭᠤᠯᠪᠠ᠃ 1— 9 ᠰᠠᠷ᠎ᠠ ᠳᠤ᠂ ᠤᠯᠠᠭᠠᠨ ᠯᠠᠵᠤᠤ ᠶᠢᠨ ᠰᠢᠷᠢᠰ ᠦᠢᠯᠡᠳᠬᠦᠨ ᠤ ᠭᠠᠳᠠᠭᠠᠳᠤ | ᠭᠠᠷᠭᠠᠯᠲᠠ 2.31 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 641% ᠪᠠᠷ ᠨᠡᠮᠡᠭᠳᠡᠨ᠂ ᠤᠯᠠᠭᠠᠨ ᠯᠠᠵᠤᠤ ᠶᠢᠨ ᠭᠠᠳᠠᠭᠠᠳᠤ | ᠭᠠᠷᠭᠠᠯᠲᠠ ᠶᠢᠨ ᠠᠵᠤ ᠠᠬᠤᠶᠢᠯᠠᠯ 6 ᠨᠡᠮᠡᠭᠳᠡᠪᠡ᠃ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠦᠷᠦᠯ ᠵᠦᠢᠯ ᠤᠨ ᠲᠤᠰᠬᠠᠢ ᠪᠡᠯᠡ ᠮᠥᠩᠭᠦ ᠶᠢ | 482 ᠲᠦᠮᠡᠨ ᠲᠥᠭᠦᠷᠢᠭ ᠴᠢᠷᠮᠠᠶᠢᠨ ᠣᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠯᠲᠡ ᠥᠭᠡᠷᠡᠴᠢᠯᠡᠯᠲᠡ ᠶᠢ | ᠳᠡᠮᠵᠢᠵᠦ᠂ ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠨ᠂ ᠠᠵᠤ ᠠᠬᠤᠶᠢᠯᠠᠯ ᠤᠨ ᠬᠡᠪᠴᠢᠶ᠎ᠡ ᠪᠠᠨ ᠥᠷᠭᠡᠳᠬᠡᠨ ᠰᠢᠨ᠎ᠡ ᠶᠢ ᠡᠭᠦᠳᠦᠨ ᠬᠥᠭᠵᠢᠬᠦ ᠶᠢ | ᠲᠡᠳᠬᠦᠨ ᠳᠡᠮᠵᠢᠪᠡ᠃ 21 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠢ ᠠᠷᠠᠯᠵᠢᠶᠠᠨ ᠤ ᠳᠡᠯᠭᠡᠨ | ᠦᠵᠡᠭᠦᠯᠵᠦ ᠵᠥᠪᠳᠡᠯᠴᠡᠬᠦ ᠠᠵᠢᠯᠯᠠᠭ᠎ᠠ ᠳᠤ ᠣᠷᠣᠯᠴᠠᠭᠤᠯᠵᠤ᠂ ᠠᠵᠤ ᠠᠬᠤᠶᠢᠯᠠᠯ ᠢ ᠬᠠᠪᠰᠤᠷᠤᠨ ᠵᠣᠴᠢᠨ ᠡᠷᠦᠭᠡ ᠲᠠᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ | ᠵᠠᠬ᠎ᠠ ᠳᠡᠯᠭᠡᠭᠦᠷ ᠲᠠᠬᠢ ᠣᠷᠣᠨ ᠵᠠᠢ ᠶᠢ ᠨᠢ ᠥᠷᠭᠡᠳᠬᠡᠪᠡ᠃ ᠳᠤᠮᠳᠠᠳᠤ ᠤᠯᠤᠰ ᠤᠨ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠪᠡᠭᠡᠵᠢᠩ ᠳᠠᠬᠢ | ᠬᠤᠪᠢᠶᠠᠷᠢ ᠺᠤᠮᠫᠠᠨᠢ ᠲᠠᠢ ᠬᠤᠯᠪᠤᠭᠠᠯᠠᠨ 29 ᠳᠤᠮᠳᠠ ᠵᠢᠵᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠭᠠᠳᠠᠭᠠᠳᠤ ᠳᠤ ᠭᠠᠷᠭᠠᠬᠤ ᠢᠲᠡᠭᠡᠮᠵᠢ ᠶᠢᠨ | ᠳᠠᠭᠠᠳᠬᠠᠯ ᠳᠤ ᠰᠦᠢᠳᠬᠡᠯ ᠬᠤᠷᠢᠶᠠᠬᠤ ᠦᠭᠡᠢ ᠪᠠᠷ ᠣᠷᠣᠭᠤᠯᠵᠤ᠂ ᠳᠠᠭᠠᠳᠬᠠᠯ ᠳᠤ ᠣᠷᠣᠭᠰᠠᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 164% ᠪᠠᠷ | ᠨᠡᠮᠡᠭᠳᠡᠨ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠦᠷᠲᠡᠭᠡᠵᠦ᠂ ᠭᠠᠳᠠᠭᠠᠳᠤ ᠳᠤ ᠭᠠᠷᠭᠠᠬᠤ ᠲᠦᠭᠰᠢᠭᠦᠷᠢ ᠶᠢ ᠰᠡᠷᠭᠡᠶᠢᠯᠡᠪᠡ᠃ | 1 — 9 ᠰᠠᠷ᠎ᠠ ᠳᠤ᠂ ᠪᠦᠭᠦ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠭᠦ ᠲᠤᠭ᠎ᠠ 37.5 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠪᠡ᠃ ᠪᠦᠭᠦ ᠬᠤᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠠᠮᠵᠢᠯᠲᠠ ᠪᠦᠲᠦᠮᠵᠢ ᠲᠠᠢ ᠠᠵᠤ ᠠᠬᠤᠶᠢᠯᠠᠯ 60 ᠶᠢ ᠳᠠᠪᠠᠵᠤ᠂ ᠡᠨᠡ ᠵᠢᠯ ᠰᠢᠨ᠎ᠡ ᠪᠠᠷ 17 ᠨᠡᠮᠡᠭᠳᠡᠪᠡ᠃ | ᠠᠷᠠᠯᠵᠢᠶᠠᠨ ᠤ ᠳᠥᠭᠦᠮᠴᠢᠯᠡᠯᠲᠡ ᠶᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠲᠠᠪᠴᠠᠩ ᠪᠠᠶᠢᠭᠤᠯᠬᠤ᠂ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠪᠴᠠᠩ ᠤᠨ ᠪᠦᠲᠦᠭᠡᠨ ᠪᠠᠶᠢᠭᠤᠯᠤᠯᠲᠠ ᠪᠠᠷ ᠬᠥᠭᠦᠷᠭᠡ ᠪᠤᠯᠭᠠᠵᠤ᠂ | ᠬᠢᠯᠢ ᠠᠯᠤᠰᠯᠠᠭᠰᠠᠨ ᠠᠷᠠᠯᠵᠢᠶᠠᠨ ᠤ ᠠᠷᠭ᠎ᠠ ᠵᠠᠮ ᠢ ᠲᠠᠰᠤᠷᠠᠯᠲᠠ ᠦᠭᠡᠢ ᠰᠠᠭᠠᠳ ᠦᠭᠡᠢ ᠨᠡᠪᠲᠡᠷᠡᠭᠦᠯᠪᠡ᠃ ᠲᠦᠩᠯᠢᠶᠣᠣ ᠶᠢᠨ ᠭᠠᠶᠢᠯᠢ ᠪᠠᠲᠤᠯᠠᠬᠤ ᠪᠠᠷᠠᠭᠠᠨ ᠤ | ᠭᠦᠢᠯᠭᠡᠭᠡᠨ ᠤ ᠲᠥᠪ ︵B ᠭᠡᠯᠪᠡᠷᠢ︶ ᠨᠢ ᠪᠣᠭᠤᠮᠲᠠ ᠶᠢᠨ ᠶᠡᠷᠦᠩᠬᠡᠢ ᠵᠠᠬᠢᠷᠭ᠎ᠠ ᠪᠠᠷ ᠳᠡᠮᠵᠢᠨ ᠵᠢᠩᠬᠢᠨᠢ ᠪᠠᠷ ᠪᠣᠭᠤᠮᠲᠠ ᠶᠢ ᠪᠢᠲᠡᠭᠦᠮᠵᠢᠯᠡᠨ ᠠᠵᠢᠯᠯᠠᠭᠤᠯᠬᠤ | ᠨᠥᠬᠦᠴᠡᠯ ᠳᠤ ᠬᠦᠷᠴᠦ᠂ ᠭᠠᠳᠠᠭᠠᠳᠤ ᠠᠷᠠᠯᠵᠢᠶᠠᠨ ᠤ ᠵᠠᠮ ᠮᠥᠷ ᠢ ᠰᠠᠭᠠᠳ ᠦᠭᠡᠢ ᠨᠡᠪᠲᠡᠷᠡᠭᠦᠯᠬᠦ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠥᠪᠡᠷ ᠤᠨ | ᠥᠷᠲᠡᠭ ᠢ ᠪᠠᠭᠤᠷᠠᠭᠤᠯᠬᠤ᠂ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠥᠭᠵᠢᠭᠦᠯᠬᠦ ᠳᠤ ᠰᠠᠭᠤᠷᠢ ᠲᠠᠯᠪᠢᠪᠠ᠃ ᠲᠦᠩᠯᠢᠶᠣᠣ ᠶᠢᠨ ᠤᠯᠠᠨ | ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠲᠥᠪ ᠤᠨ ᠴᠢᠳᠠᠪᠬᠢ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ | ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ︽ᠨᠢᠭᠡ ᠲᠠᠩᠰᠠ ᠶᠢᠨ ᠳᠦᠷᠢᠮ︾᠂ ︽ᠨᠢᠭᠡ ᠬᠠᠶᠢᠷᠴᠠᠭ ᠤᠨ ᠳᠦᠷᠢᠮ︾ ᠢ ᠪᠡᠶᠡᠯᠡᠭᠦᠯᠵᠦ᠂ ᠤᠯᠠᠨ | ᠤᠯᠤᠰ ᠤᠨ ᠠᠷᠠᠯᠵᠢᠶᠠᠨ ᠤ ︽ᠲᠠᠩ ᠴᠤᠯᠭᠤᠢ ᠴᠣᠩᠬᠤᠪᠴᠢ︾ ᠶᠢ ᠨᠡᠩ ᠳᠥᠭᠦᠮᠵᠢᠭᠰᠡᠨ᠂ ᠣᠶᠤᠨᠴᠢᠯᠠᠭᠰᠠᠨ᠂ ᠳᠡᠯᠡᠬᠡᠶᠢᠵᠢᠭᠰᠡᠨ ᠴᠢᠭᠯᠡᠯ ᠲᠡᠶᠢᠰᠢ ᠬᠥᠭᠵᠢᠭᠦᠯᠪᠡ᠃ | ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ︵ᠲᠦᠩᠯᠢᠶᠣᠣ︶ ᠶᠢ ᠰᠡᠷᠭᠦᠭᠡᠨ ᠨᠠᠪᠲᠠᠷᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ︽ᠲᠦᠩᠯᠢᠶᠣᠣ | ︱ ᠮᠠᠨᠵᠤᠤᠷ ︱ ᠮᠣᠰᠺᠸᠠ︾ ᠬᠦᠷᠬᠦ ᠭᠠᠯᠲᠤ ᠲᠡᠷᠭᠡ ᠶᠢ 7 ᠡᠭᠡᠯᠵᠢ ᠨᠠᠪᠲᠠᠷᠡᠭᠦᠯᠵᠦ᠂ ᠪᠠᠷᠠᠭᠠᠨ ᠤ ᠬᠦᠨᠳᠦ ᠨᠢ 8376 ᠲᠣᠨ᠂ ᠪᠠᠷᠠᠭᠠᠨ ᠤ ᠦᠷᠳᠡᠭ ᠨᠢ 2. | 14 ᠳ᠋ᠦᠩᠰᠢᠭᠤᠷ ᠲᠥᠭᠦᠷᠢᠭ ᠲᠤ ᠬᠦᠷᠴᠡᠢ᠃ ᠲᠦᠩᠯᠢᠶᠣᠣ ᠵᠢᠴᠢ ᠡᠷᠭᠢᠨ ᠲᠣᠭᠤᠷᠢᠨ ᠤ ᠭᠠᠵᠠᠷ ᠣᠷᠣᠨ ᠳᠤ ᠦᠷ᠎ᠡ ᠠᠰᠢᠭ ᠢᠶᠠᠷ ᠨᠠᠩ ᠥᠨᠳᠥᠷ᠂ ᠦᠨ᠎ᠡ | ᠬᠠᠩᠰᠢ ᠪᠠᠷ ᠨᠠᠩ ᠰᠢᠯᠢᠳᠡᠭ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ | ᠡᠳ᠋ᠰᠢᠭᠦᠯᠬᠦ ᠪᠠ ᠭᠠᠳᠠᠭᠠᠳᠤ ᠠᠷᠠᠯᠵᠢᠶ᠎ᠠ ᠶᠢ ᠬᠥᠭᠵᠢᠭᠦᠯᠬᠦ ᠳᠤ ᠠᠷᠭ᠎ᠠ ᠵᠠᠮ ᠢ ᠥᠷᠭᠡᠳᠬᠡᠭᠰᠡᠨ ᠪᠠᠶᠢᠨ᠎ᠠ᠃ | ᠭᠠᠳᠠᠭᠠᠳᠤ ᠪᠡᠯᠡ ᠶᠢ ᠪᠣᠳᠠᠲᠠᠢ ᠪᠠᠷ ᠠᠰᠢᠭᠯᠠᠬᠤ ᠲᠠᠯ᠎ᠠ ᠪᠠᠷ ᠰᠢᠪᠲᠤᠯᠤᠯᠲᠠ ᠭᠠᠷᠭᠠᠪᠠ᠃ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠣᠷᠴᠢᠨ | ᠠᠬᠤᠢ ᠶᠢ ᠰᠢᠯᠢᠳᠡᠭᠵᠢᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭ᠎ᠠ ᠬᠡᠮᠵᠢᠶ᠎ᠡ ᠶᠢ ᠨᠡᠮᠡᠭᠳᠡᠭᠦᠯᠦᠨ ᠶᠠᠰᠤ | ᠴᠢᠨᠠᠷ ᠢ ᠳᠡᠭᠡᠭᠰᠢᠯᠡᠭᠦᠯᠭᠦ ᠪᠠᠷ ᠤᠳᠤᠷᠢᠳᠤᠮᠵᠢ ᠪᠤᠯᠭᠠᠵᠤ᠂ ᠭᠠᠳᠠᠭᠠᠳᠤ ᠪᠡᠯᠡ ᠶᠢ ᠠᠰᠢᠭᠯᠠᠬᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠤᠷᠢᠳ | ᠬᠤᠵᠢᠳ 22 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ︽ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠥᠪᠥᠷ ᠮᠣᠩᠭᠤᠯ — ᠮᠣᠩᠭᠤᠯ | ᠤᠯᠤᠰ ᠤᠨ ᠪᠡᠯᠡ ᠣᠷᠣᠭᠤᠯᠤᠯᠲᠠ ᠶᠢᠨ ᠠᠷᠠᠯᠵᠢᠶᠠᠨ ᠤ ᠲᠠᠨᠢᠯᠴᠠᠭᠤᠯᠭ᠎ᠠ ᠶᠢᠨ ᠬᠤᠷᠠᠯ︾᠂ ︽ᠳᠤᠮᠳᠠᠳᠤ ᠮᠣᠩᠭᠤᠯ ᠤᠷᠤᠰ ᠤᠨ ᠪᠡᠯᠡ ᠣᠷᠣᠭᠤᠯᠤᠯᠲᠠ ᠶᠢᠨ | ᠠᠷᠠᠯᠵᠢᠶᠠᠨ ᠤ ᠲᠠᠨᠢᠯᠴᠠᠭᠤᠯᠭ᠎ᠠ ᠶᠢᠨ ᠬᠤᠷᠠᠯ︾᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠤᠯᠠᠨ ᠤᠯᠤᠰ ᠤᠨ ᠪᠡᠯᠡ | ᠣᠷᠣᠭᠤᠯᠤᠯᠲᠠ ᠶᠢᠨ ᠠᠷᠠᠯᠵᠢᠶᠠᠨ ᠤ ᠵᠥᠪᠳᠡᠯᠴᠡᠭᠡᠨ ᠤ ᠬᠤᠷᠠᠯ ᠵᠢᠴᠢ ᠬᠤᠷᠢᠨ ᠳᠥᠷᠪᠡᠳᠦᠭᠡᠷ ᠬᠤᠭᠤᠴᠠᠭᠠᠨ ᠤ ᠪᠡᠯᠡ ᠣᠷᠣᠭᠤᠯᠤᠯᠲᠠ ᠶᠢᠨ ᠵᠥᠪᠳᠡᠯᠴᠡᠭᠡᠨ ᠤ | ᠬᠤᠷᠠᠯ ᠵᠡᠷᠭᠡ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠵᠥᠪᠳᠡᠯᠴᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠠᠵᠤ ᠠᠬᠤᠶᠢᠯᠠᠯ ᠤᠨ ᠳᠡᠯᠡᠬᠡᠢ ᠶᠢᠨ | ᠬᠠᠷᠠᠭ᠎ᠠ ᠶᠢ ᠥᠷᠭᠡᠳᠬᠡᠵᠦ᠂ ᠨᠡᠩ ᠤᠯᠠᠨ ᠠᠵᠤ ᠠᠬᠤᠶᠢᠯᠠᠯᠲᠠᠨ ᠢ ᠲᠠᠲᠠᠨ ᠲᠦᠩᠯᠢᠶᠣᠣ ᠳᠤ ᠪᠡᠯᠡ ᠣᠷᠣᠭᠤᠯᠤᠨ ᠬᠥᠭᠵᠢᠭᠦᠯᠪᠡ᠃ ᠭᠠᠳᠠᠭᠠᠳᠤ ᠪᠡᠯᠡ ᠶᠢᠨ | ᠣᠷᠣᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠪᠠ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ᠂ ᠭᠠᠶᠢᠯᠢ ᠶᠢᠨ ᠶᠠᠪᠤᠳᠠᠯ ᠵᠡᠷᠭᠡ | ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠶᠢ | ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠵᠤ᠂ ᠭᠠᠳᠠᠭᠠᠳᠤ ᠶᠢᠨ ᠬᠤᠳᠠᠯᠳᠤᠭᠠᠴᠢᠨ ᠤ ᠬᠥᠭᠵᠢᠯᠲᠡ ᠶᠢᠨ ᠵᠠᠬ᠎ᠠ ᠳᠡᠯᠭᠡᠭᠦᠷ ᠤᠨ ᠰᠢᠯᠢᠳᠡᠭ | ᠰᠠᠶᠢᠨ ᠣᠷᠴᠢᠨ ᠨᠥᠬᠦᠴᠡᠯ ᠢ ᠬᠠᠮᠤᠭ ᠤᠨ ᠶᠡᠭᠡ ᠬᠡᠮᠵᠢᠶᠡᠨ ᠳᠣᠲᠣᠷ᠎ᠠ ᠪᠦᠷᠢᠯᠳᠦᠭᠦᠯᠪᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠤᠨ ︽ᠡᠯᠰᠡᠬᠦ᠂ ᠨᠤᠲᠤᠭᠰᠢᠭᠤᠯᠬᠤ᠂ ᠪᠠᠶᠢᠭᠤᠯᠬᠤ᠂ ᠡᠵᠡᠩᠨᠡᠬᠦ︾ ᠲᠦᠷᠪᠡᠨ ᠵᠠᠩᠭᠢᠯᠠᠭ᠎ᠠ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠲᠠᠢ ᠲᠦᠷᠦᠯ | ᠵᠦᠢᠯ ᠤᠨ ︽ᠨᠢᠭᠡ ᠨᠢ ᠨᠢᠭᠡ ᠳᠤ ᠬᠠᠨᠳᠤᠬᠤ︾ ᠮᠥᠷᠳᠡᠬᠦ ᠦᠢᠯᠡᠴᠢᠯᠡᠭᠡ ᠶᠢ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠪᠡ᠃ | 1 — 9 ᠰᠠᠷ᠎ᠠ ᠳᠤ᠂ ᠪᠦᠭᠦ ᠬᠤᠲᠠ ᠶᠢᠨ ᠪᠣᠳᠠᠲᠠᠢ ᠠᠰᠢᠭᠯᠠᠭᠰᠠᠨ ᠭᠠᠳᠠᠭᠠᠳᠤ ᠠᠴᠠ ᠣᠷᠣᠭᠤᠯᠤᠭᠰᠠᠨ ᠪᠡᠯᠡ ᠮᠥᠩᠭᠦ 1.82 ᠳ᠋ᠦᠩᠰᠢᠭᠤᠷ ᠲᠥᠭᠦᠷᠢᠭ | ᠲᠤ ᠬᠦᠷᠴᠦ᠂ ᠪᠣᠳᠠᠲᠠᠢ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ 35 ᠪᠠᠶᠢᠵᠤ᠂ ᠡᠨᠡ ᠵᠢᠯ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠰᠢᠨ᠎ᠡ ᠪᠠᠷ | 13 ᠪᠠᠶᠢᠭᠤᠯᠪᠠ᠃ | ᠬᠤᠳᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠣᠪᠴᠢᠶ᠎ᠠ | 2024 ᠣᠨ ᠳᠤ᠂ ᠬᠤᠳᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠣᠪᠴᠢᠶ᠎ᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠣᠨ ᠤ ᠡᠭᠦᠷᠭᠡ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠬᠦᠷᠢᠶᠡᠨ ᠤ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠲᠡᠷᠢᠭᠦᠨ ᠤ ᠣᠷᠴᠢᠨ ᠨᠥᠬᠦᠴᠡᠯ ᠢ ᠪᠦᠭᠦ ᠬᠦᠴᠦᠨ ᠢᠶᠠᠷ ᠢᠶᠠᠨ ᠡᠭᠦᠳᠪᠡ᠃ | ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃ ᠨᠢᠭᠡ ᠳᠤ᠂ ᠢᠯᠡ ᠲᠣᠳᠣ | ᠦᠢᠯᠡᠴᠢᠯᠡᠭᠡᠨ ᠤ ᠲᠣᠭᠲᠠᠴᠠ ᠶᠢ ᠪᠠᠶᠢᠭᠤᠯᠪᠠ᠃ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠺᠣᠳ᠋︾ ᠢ 40 ᠬᠤᠭᠤᠴᠠᠭ᠎ᠠ | ᠦᠢᠯᠡᠳᠴᠦ ᠨᠡᠶᠢᠲᠡᠯᠡᠨ ᠳᠡᠯᠭᠡᠷᠡᠭᠦᠯᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ᠂ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠨᠥᠬᠦᠴᠡᠯ᠂ ᠮᠡᠳᠡᠭᠦᠯᠬᠦ ᠲᠠᠰ ᠳᠠᠷᠠᠭᠠᠯᠠᠯ᠂ ᠮᠡᠳᠡᠭᠦᠯᠬᠦ ᠮᠠᠲ᠋ᠧᠷᠢᠶᠠᠯ᠂ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠶᠢ ᠨᠠᠩ ᠲᠣᠳᠣᠷᠬᠠᠢ ᠪᠤᠯᠭᠠᠵᠤ᠂ ᠪᠦᠭᠦ ᠬᠤᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠦᠢᠯᠡᠴᠢᠯᠡᠭᠡᠨ ᠤ ᠬᠢᠷᠢ ᠲᠦᠪᠰᠢᠨ ᠢ ᠰᠢᠯᠢᠳᠡᠭᠵᠢᠭᠦᠯᠦᠨ ᠳᠡᠭᠡᠭᠰᠢᠯᠡᠭᠦᠯᠪᠡ᠃ ᠬᠤᠶᠠᠷ ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠠᠷᠢᠮᠵᠢᠶ᠎ᠠ | ᠲᠠᠢ ᠬᠠᠷᠭᠤᠭᠤᠯᠵᠤ ᠣᠨᠣᠰᠢᠯᠠᠬᠤ︾ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃ ᠬᠤᠲᠠ ᠬᠤᠰᠢᠭᠤ ᠬᠤᠶᠠᠷ ᠱᠠᠲᠤᠨ ᠤ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠤᠨ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ ᠠᠵᠢᠯᠲᠠᠨ ᠵᠡᠷᠭᠡ ᠬᠦᠴᠦᠨ ᠢ ᠭᠦᠢᠴᠡᠳ ᠪᠠᠳᠠᠷᠠᠭᠤᠯᠵᠤ᠂ 200 | ᠭᠠᠷᠤᠢ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ᠂ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠴᠠᠲᠠᠢ ᠪᠠᠷ | ᠵᠣᠬᠢᠴᠠᠭᠤᠯᠬᠤ ᠪᠠ ᠬᠦᠴᠢᠷᠳᠡᠯᠲᠡᠢ ᠬᠡᠷᠡᠭᠴᠡᠭᠡ ᠱᠠᠭᠠᠷᠳᠠᠯᠭ᠎ᠠ ᠶᠢ ᠮᠥᠷᠳᠡᠨ ᠬᠠᠪᠰᠤᠷᠤᠨ ᠲᠡᠳᠬᠦᠬᠦ ᠠᠵᠢᠯ ᠥᠷᠨᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠤᠨ | ᠪᠣᠭᠤᠮᠲᠠ ᠰᠢᠪᠲᠤᠯᠬᠤ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠬᠠᠮᠲᠤᠷᠠᠯᠴᠠᠭ᠎ᠠ ᠵᠡᠷᠭᠡ ᠲᠠᠯ᠎ᠠ ᠶᠢᠨ ᠠᠰᠠᠭᠤᠳᠠᠯ ᠢ ᠰᠢᠢᠳᠪᠦᠷᠢᠯᠡᠪᠡ᠃ ᠡᠭᠦᠨ ᠤ ᠬᠠᠮᠲᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ᠥᠪᠡᠷᠮᠢᠴᠡ ᠣᠨᠴᠠᠯᠢᠭ ᠲᠠᠢ ︽ᠬᠥᠳᠡᠯᠦᠩᠭᠦᠢ ᠦᠢᠯᠡᠴᠢᠯᠡᠭᠡ︾ ᠬᠠᠩᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠬᠢ | ᠬᠦᠴᠢᠷ ᠠᠰᠠᠭᠤᠳᠠᠯ᠂ ᠲᠦᠭᠵᠢᠷᠡᠯ ᠲᠠᠢ ᠴᠡᠭ ᠢ ︽ᠰᠤᠳᠠᠯ ᠢ ᠨᠢ ᠠᠳᠬᠤᠨ ᠣᠨᠣᠰᠢᠯᠠᠵᠤ︾᠂ ᠬᠦᠴᠢᠷ ᠲᠦᠪᠡᠭᠲᠡᠢ ᠠᠰᠠᠭᠤᠳᠠᠯ ᠢ ︽ᠠᠰ ᠠᠰ ᠲᠤᠨᠢ ᠵᠥᠪᠯᠡᠬᠦ︾᠂ | ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠭᠠᠷᠭᠠᠬᠤ︾ ᠭᠡᠯᠪᠡᠷᠢ ᠪᠠᠷ ᠬᠠᠪᠰᠤᠷᠤᠨ ᠰᠤᠳᠤᠯᠤᠨ ᠰᠢᠢᠳᠪᠦᠷᠢᠯᠡᠪᠡ᠃ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠪᠡ᠃ | ᠨᠢᠭᠡ ᠳᠤ᠂ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠂ ︽ᠲᠦᠩᠯᠢᠶᠣᠣ ᠬᠤᠲᠠ ᠶᠢᠨ︿ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠨᠠᠶᠢᠳᠠᠪᠤᠷᠢᠵᠢᠭᠤᠯᠵᠤ᠂ 1100 ᠭᠠᠷᠤᠢ ᠲᠦᠮᠡᠨ ᠲᠥᠭᠦᠷᠢᠭ ᠤᠨ ᠱᠠᠩᠨᠠᠵᠤ ᠲᠤᠰᠠᠯᠠᠬᠤ | ᠪᠡᠯᠡ ᠮᠥᠩᠭᠦ ᠶᠢ ᠴᠠᠭ ᠲᠤᠬᠠᠢ ᠳᠤᠨᠢ ᠭᠦᠢᠴᠡᠳᠬᠡᠪᠡ᠃ ᠬᠤᠶᠠᠷ ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠢ | ᠢᠳᠡᠪᠬᠢᠲᠡᠢ ᠪᠠᠷ ᠪᠣᠶᠢᠵᠢᠭᠤᠯᠤᠨ᠂ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠮᠥᠷᠭᠡᠯᠡᠬᠦ ᠭᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ — ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ︱ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ︾ ᠤᠨ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠠᠵᠤ ᠠᠬᠤᠶᠢᠯᠠᠯ ᠢ ᠱᠠᠲᠤᠴᠢ ᠴᠢᠨᠠᠷᠲᠠᠢ ᠪᠣᠶᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠬᠥᠮᠥᠷᠭᠡᠯᠡᠬᠦ ᠭᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 173᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 32 | ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠸᠭᠨᠢᠩ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢᠶᠠᠷ 1 | ᠵᠥᠪᠰᠢᠶᠡᠷᠡᠭᠳᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ 8 ᠳᠠᠩᠰᠠᠯᠠᠭᠤᠯᠪᠠ᠃ ᠭᠤᠷᠪᠠ ᠳᠤ᠂ ᠰᠢᠨ᠎ᠡ ᠶᠢ | ᠡᠭᠦᠳᠬᠦ ᠲᠠᠪᠴᠠᠩ ᠤᠨ ᠠᠴᠢᠶᠠᠯᠠᠪᠤᠷᠢ ᠶᠢ ᠶᠡᠭᠡ ᠪᠠᠷ ᠬᠥᠭᠵᠢᠭᠦᠯᠵᠦ᠂ ᠳᠤᠮᠳᠠᠳᠤ ᠤᠯᠤᠰ — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠮᠡᠷᠭᠡᠵᠢᠯ ᠢ ᠰᠢᠯᠵᠢᠭᠦᠯᠬᠦ ᠲᠥᠪ ᠤᠨ ᠤᠯᠠᠨ ᠤᠯᠤᠰ ᠤᠨ ᠰᠣᠯᠢᠯᠴᠠᠭ᠎ᠠ ᠪᠣᠯᠣᠨ ᠬᠠᠮᠲᠤᠷᠠᠯᠴᠠᠭᠠᠨ ᠤ ᠶᠠᠮᠤᠨ ᠤ ᠲᠦᠩᠯᠢᠶᠣᠣ ᠶᠢᠨ ᠬᠡᠷᠡᠭ ᠡᠷᠭᠢᠯᠡᠭᠦ ᠭᠠᠵᠠᠷ᠂ | ᠵᠢᠶᠠᠩᠨᠠᠨ ᠶᠡᠭᠡ ᠰᠤᠷᠭᠠᠭᠤᠯᠢ ᠶᠢᠨ ᠤᠯᠤᠰ ᠤᠨ ᠮᠡᠷᠭᠡᠵᠢᠯ ᠢ ᠰᠢᠯᠵᠢᠭᠦᠯᠬᠦ ᠲᠥᠪ ᠤᠨ ᠲᠦᠩᠯᠢᠶᠣᠣ ᠳᠠᠬᠢ ᠬᠤᠪᠢᠶᠠᠷᠢ ᠲᠥᠪ᠂ ᠪᠡᠭᠡᠵᠢᠩ ᠤᠨ ᠬᠢᠮᠢ ᠶᠢᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠡᠷᠭᠡᠵᠢᠯ ᠢ ᠰᠢᠯᠵᠢᠭᠦᠯᠬᠦ ᠲᠥᠪ ᠤᠨ ᠲᠦᠩᠯᠢᠶᠣᠣ ᠳᠠᠬᠢ ᠬᠤᠪᠢᠶᠠᠷᠢ ᠲᠥᠪ ᠵᠡᠷᠭᠡ ᠳᠡᠭᠡᠳᠦ ᠲᠡᠰ ᠳᠠᠪᠬᠤᠷᠭ᠎ᠠ ᠶᠢᠨ | ᠰᠢᠨ᠎ᠡ ᠶᠢ ᠡᠭᠦᠳᠬᠦ ᠲᠠᠪᠴᠠᠩ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠠᠶᠢᠭᠤᠯᠵᠤ᠂ ᠦᠢᠯᠡᠴᠢᠯᠡᠭᠡᠨ ᠤ ᠴᠢᠳᠠᠪᠤᠷᠢ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠪᠡ᠃ | ︽ᠠᠯᠠᠰᠢᠨ ᠦᠬᠡᠷ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠢᠯᠡᠴᠢᠯᠡᠭᠡᠨ ᠤ ᠥᠷᠲᠡᠭᠡ︾ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠥᠷᠭᠡᠳᠬᠡᠵᠦ᠂ | ᠲᠤᠰᠬᠠᠢ ᠮᠡᠷᠭᠡᠵᠢᠯᠲᠡᠨ ᠤ ᠪᠦᠯᠭᠦᠮ ᠢ ᠵᠣᠬᠢᠶᠠᠨ ᠪᠠᠶᠢᠭᠤᠯᠤᠨ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ᠂ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠵᠡᠷᠭᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢᠨ ᠪᠣᠳᠠᠲᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠪᠠ ᠮᠡᠷᠭᠡᠵᠢᠯ ᠤᠨ | ᠵᠢᠯᠣᠭᠤᠳᠤᠯᠭ᠎ᠠ ᠶᠢ ᠭᠦᠨᠵᠡᠭᠡᠢ ᠥᠷᠨᠢᠭᠦᠯᠵᠦ᠂ ᠮᠡᠷᠭᠡᠵᠢᠯ ᠤᠨ ᠪᠡᠷᠬᠡ ᠰᠡᠳᠦᠪ ᠢ ᠨᠡᠶᠢᠲᠡ 1064 ᠬᠤᠪᠢ ᠬᠠᠷᠢᠭᠤᠯᠪᠠ᠃ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠯᠭᠠᠭᠤᠷᠢᠯᠠᠯ ᠢ ᠨᠡᠮᠡᠭᠳᠡᠭᠦᠯᠵᠦ᠂ ᠬᠦᠴᠦᠨ ᠵᠦᠢᠯ ᠤᠨ ᠪᠠᠲᠤᠯᠠᠭ᠎ᠠ ᠬᠠᠩᠭᠠᠪᠠ᠃ ᠨᠢᠭᠡ ᠳᠤ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠣᠷᠣᠭᠤᠯᠤᠯᠲᠠ ᠶᠢ ᠴᠢᠩᠭᠠᠳᠬᠠᠵᠤ᠂ ᠪᠦᠭᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ | ᠰᠠᠭᠤᠷᠢᠯᠠᠨ᠂ ︽ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠬᠠᠮᠵᠢᠯᠴᠠᠭᠰᠠᠨ ᠰᠢᠨ᠎ᠡ ᠡᠭᠦᠳᠦᠯᠲᠡ ᠶᠢ ᠭᠦᠨᠵᠡᠭᠡᠶᠢᠷᠡᠭᠦᠯᠵᠦ᠂ ᠳᠠᠪᠠᠭᠤᠯᠢᠭ ᠭᠤᠣᠯᠯᠠᠬᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠷᠥᠯ ᠵᠦᠢᠯ ᠤᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠳᠡᠭᠡᠳᠦ ᠱᠠᠲᠤᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠶᠢ 3900 ᠲᠦᠮᠡᠨ ᠲᠥᠭᠦᠷᠢᠭ ᠴᠢᠷᠮᠠᠶᠢᠨ ᠣᠯᠵᠤ᠂ | ᠠᠳᠠᠯᠢ ᠬᠤᠭᠤᠴᠠᠭᠠᠨ ᠤ ᠬᠢ ᠠᠴᠠ 47.2% ᠢᠶᠠᠷ ᠨᠡᠮᠡᠭᠳᠡᠪᠡ᠄ | ᠬᠤᠲᠠ ᠶᠢᠨ ᠲᠣᠰ ᠱᠠᠲᠤᠨ ᠤ ᠬᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠤᠨ ᠲᠣᠭᠤᠷᠢᠨ ᠳᠤ | ᠨᠡᠶᠢᠲᠡ 6600 ᠭᠠᠷᠤᠢ ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠪᠠᠭᠤᠯᠭᠠᠵᠤ᠂ ᠨᠡᠶᠢᠭᠡᠮ ᠤᠨ ᠪᠡᠯᠡ ᠣᠷᠣᠭᠤᠯᠤᠯᠲᠠ ᠶᠢ 1 ᠳ᠋ᠦᠩᠰᠢᠭᠤᠷ | ᠲᠥᠭᠦᠷᠢᠭ ᠠᠴᠠ ᠳᠡᠭᠡᠭᠰᠢ ᠳᠠᠶᠢᠴᠢᠯᠠᠪᠠ᠃ ᠬᠤᠶᠠᠷ ᠲᠤ᠂ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠤᠭᠯᠠᠷᠠᠯ︾ ᠤᠨ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠤᠯᠭᠠᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠲᠣᠰ ᠱᠠᠲᠤᠨ ᠤ ᠬᠢᠨ 300 ᠲᠦᠮᠡᠨ ᠲᠥᠭᠦᠷᠢᠭ ᠤᠨ ᠪᠡᠯᠡ | ᠣᠷᠣᠭᠤᠯᠵᠤ ︽ᠥᠪᠥᠷ ᠮᠣᠩᠭᠤᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠤᠭᠯᠠᠷᠠᠯ︾ ᠤᠨ ᠲᠦᠩᠯᠢᠶᠣᠣ ᠳᠠᠬᠢ ᠬᠤᠪᠢᠶᠠᠷᠢ ᠲᠥᠪ ᠤᠨ ᠰᠦᠯᠵᠢᠶᠡᠨ ᠠᠴᠠ | ᠭᠠᠳᠠᠭᠤᠷᠬᠢ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠢ 2 ᠲᠠᠯᠠᠪᠤᠷ ᠡᠷᠭᠢᠯᠡᠪᠡ᠃ ᠭᠤᠷᠪᠠ ᠳᠤ᠂ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠤ ︽ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ︾ ᠢ ᠵᠣᠯᠭᠠᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠵᠣᠯᠭᠠᠭᠤᠯᠤᠨ ᠦᠢᠯᠡᠴᠢᠯᠡᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠪᠦᠭᠦ ᠡᠷᠭᠢᠯᠲᠡ ᠶᠢᠨ | ᠬᠤᠭᠤᠴᠠᠭᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠮᠥᠩᠭᠦᠨ ᠭᠦᠢᠯᠭᠡᠭᠡ ᠪᠠᠷ ᠠᠵᠤ ᠠᠬᠤᠶᠢᠯᠠᠯ ᠢ ᠳᠡᠮᠵᠢᠬᠦ | ᠰᠢᠨ᠎ᠡ ᠶᠢ ᠡᠭᠦᠳᠦᠨ ᠬᠥᠭᠵᠢᠬᠦ ᠶᠢ ᠵᠣᠯᠭᠠᠭᠤᠯᠬᠤ ᠬᠤᠷᠠᠯ ᠢ ᠡᠷᠭᠢᠯᠡᠵᠦ᠂ 10 ᠠᠵᠤ ᠠᠬᠤᠶᠢᠯᠠᠯ ᠳᠤ 6.78 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠲᠣᠬᠢᠷᠠᠭᠤᠯᠤᠨ ᠥᠭᠪᠡ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠦᠩᠯᠢᠶᠣᠣ ᠳᠠᠬᠢ ᠬᠤᠪᠢᠶᠠᠷᠢ ᠪᠠᠩᠬᠢ | ᠵᠢᠯ ᠤᠨ ᠡᠬᠢᠨ ᠠᠴᠠ ᠨᠠᠭᠠᠰᠢ᠂ ᠲᠤᠮᠲᠠᠲᠤ ᠤᠯᠤᠰ ᠤᠨ ᠠᠷᠠᠳ ᠤᠨ ᠪᠠᠩᠬᠢ ᠶᠢᠨ ᠲᠦᠩᠯᠢᠶᠣᠣ ᠳᠠᠬᠢ ᠬᠤᠪᠢᠶᠠᠷᠢ ᠪᠠᠩᠬᠢ ᠨᠢ ᠲᠦᠩᠯᠢᠶᠣᠣ ᠬᠤᠲᠠ ᠶᠢᠨ | 2024 ᠣᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠰᠢᠨ᠎ᠡ ᠶᠢ ᠡᠭᠦᠳᠬᠦ ᠣᠨ ᠤ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ︽ | ᠮᠥᠩᠭᠦᠨ ᠭᠦᠢᠯᠭᠡᠭᠡᠨ ᠤ ᠲᠠᠪᠤᠨ ᠶᠡᠭᠡ ᠵᠣᠬᠢᠶᠠᠯ︾ ᠢ ᠪᠦᠭᠦ ᠬᠦᠴᠦᠨ ᠢᠶᠠᠷ ᠢᠶᠠᠨ ᠰᠠᠶᠢᠲᠤᠷ ᠪᠢᠴᠢᠭᠯᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ | ᠴᠣᠭᠴᠠ ᠶᠢᠨ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠵᠦ᠂ ᠲᠦᠩᠯᠢᠶᠣᠣ ᠬᠤᠲᠠ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ᠃ | ︽ᠲᠠᠪᠤᠨ ᠶᠡᠭᠡ ᠵᠣᠬᠢᠶᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ︽ᠰᠢᠨ᠎ᠡ ᠳᠠᠪᠠᠭᠤᠯᠢᠭ︾ ᠲᠤ ᠬᠦᠴᠦᠨ | ᠬᠤᠷᠠᠮᠳᠤᠭᠤᠯᠪᠠ᠃ ︽ᠲᠦᠩᠯᠢᠶᠣᠣ ᠬᠤᠲᠠ ᠶᠢᠨ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠠᠪᠤᠨ ᠶᠡᠭᠡ ᠵᠣᠬᠢᠶᠠᠯ ᠢ ᠰᠠᠶᠢᠲᠤᠷ ᠪᠢᠴᠢᠭᠯᠡᠬᠦ ᠬᠡᠷᠡᠭᠵᠢᠭᠦᠯᠬᠦ ᠲᠥᠰᠥᠯ︾ | ᠢ ᠳᠠᠷᠤᠮᠠᠯᠯᠠᠨ ᠲᠠᠷᠬᠠᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠴᠤ ᠪᠠᠶᠢᠭᠠᠳ ᠳᠠᠬᠢᠨᠲᠠ ᠵᠢᠭᠡᠯᠡᠯᠭᠡ ᠲᠠᠯᠪᠢᠬᠤ᠂ ᠳᠠᠬᠢᠨᠲᠠ ᠪᠡᠯᠡᠨ ᠵᠣᠭᠤᠰ | ᠰᠣᠯᠢᠬᠤ ᠵᠡᠷᠭᠡ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠭᠦᠢᠴᠡᠳ ᠰᠠᠶᠢᠲᠤᠷ ᠬᠡᠷᠡᠭᠯᠡᠭᠦᠯᠪᠡ᠃ ᠣᠳᠣᠬᠠᠨ ᠪᠤᠯᠲᠠᠯ᠎ᠠ᠂ ᠳᠠᠬᠢᠯᠲᠠ ᠵᠢᠭᠡᠯᠡᠯᠭᠡ ᠶᠢᠨ | ᠦᠯᠡᠳᠡᠪᠦᠷᠢ ᠲᠤᠭ᠎ᠠ 23.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.59% ᠪᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ ᠪᠦᠭᠦ ᠣᠷᠣᠨ ᠤ ᠭᠤᠷᠪᠠᠳᠤᠭᠠᠷ ᠲᠤ ᠣᠷᠣᠵᠤ᠂ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠯᠲᠠ ᠵᠢᠭᠡᠯᠡᠯᠭᠡ ᠶᠢ 6.51 | ᠳ᠋ᠦᠩᠰᠢᠭᠤᠷ ᠲᠥᠭᠦᠷᠢᠭ ᠲᠠᠯᠪᠢᠵᠤ᠂ 6331 ᠵᠢᠵᠢᠭ ᠪᠢᠴᠢᠯ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠡᠷᠦᠭᠡ ᠵᠢᠴᠢ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠶᠢ ᠳᠠᠶᠢᠴᠢᠯᠠᠪᠠ᠃ | ᠲᠦᠭᠡᠮᠡᠯ ᠬᠠᠷᠠᠭᠠᠯᠵᠠᠯ ᠤᠨ ᠭᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠳᠤ ᠬᠠᠷᠠᠭᠠᠯᠵᠠᠯ ᠤᠨ ᠬᠦᠦ ᠮᠥᠩᠭᠦ ᠶᠢᠨ ᠨᠣᠷᠮ᠎ᠠ ᠶᠢ ᠬᠡᠷᠡᠭᠵᠢᠭᠦᠯᠵᠦ᠂ | ᠳᠤᠮᠳᠠᠴᠢ ᠬᠦᠦ ᠮᠥᠩᠭᠦ ᠶᠢᠨ ᠨᠣᠷᠮ᠎ᠠ ᠶᠢ ᠳᠡᠭᠡᠷ᠎ᠡ ᠵᠢᠯ ᠤᠨ ᠬᠢ ᠠᠴᠠ 50 ᠰᠢᠬᠠᠮ BP ᠪᠠᠭᠤᠷᠠᠭᠤᠯᠬᠤ ᠶᠢᠨ ᠬᠠᠮᠲᠤ ᠬᠠᠷᠢᠶ᠎ᠠ ᠳᠣᠲᠣᠷᠠᠬᠢ ᠬᠠᠤᠯᠢ ᠶᠢᠨ | ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠣᠭᠤᠳᠤᠨ ︽ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠵᠣᠷᠢᠭᠲᠠᠢ ᠵᠢᠭᠡᠯᠡᠯᠭᠡ ᠵᠢᠭᠡᠯᠡᠬᠦ ᠳᠤᠷᠠᠲᠠᠢ ᠵᠢᠭᠡᠯᠡᠯᠭᠡ ᠵᠢᠭᠡᠯᠡᠬᠦ ᠵᠢᠭᠡᠯᠡᠯᠡᠭᠡ ᠵᠢᠭᠡᠯᠡᠵᠦ ᠲᠡᠶᠢᠯᠭᠦ ᠵᠢᠭᠡᠯᠡᠯᠭᠡ ᠵᠢᠭᠡᠯᠡᠵᠦ ᠴᠢᠳᠠᠬᠤ ᠤᠷᠳᠤ ᠬᠤᠭᠤᠴᠠᠭᠠᠲᠤ | ᠪᠦᠳᠦᠮᠵᠢᠳᠡᠢ ᠲᠣᠭᠲᠠᠴᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠵᠤ᠂ ᠣᠳᠣᠬᠠᠨ ᠪᠤᠯᠲᠠᠯ᠎ᠠ᠂ ᠲᠦᠭᠡᠮᠡᠯ ᠬᠠᠷᠠᠭᠠᠯᠵᠠᠯ ᠤᠨ ᠵᠢᠵᠢᠭ ᠪᠢᠴᠢᠯ | ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 249.26 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31. | 08% ᠪᠠᠷ ᠨᠡᠮᠡᠭᠳᠡᠪᠡ᠃ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠳᠤ᠂ ᠲᠦᠭᠡᠮᠡᠯ ᠬᠠᠷᠠᠭᠠᠯᠵᠠᠯ ᠤᠨ ᠭᠡᠯᠪᠡᠷᠢ ᠶᠢᠨ ᠵᠢᠵᠢᠭ ᠪᠢᠴᠢᠯ ᠠᠵᠤ | ᠠᠬᠤᠶᠢᠯᠠᠯ ᠤᠨ ᠬᠠᠷᠠᠭᠠᠯᠵᠠᠯ ᠤᠨ ᠬᠦᠦ ᠮᠥᠩᠭᠦ ᠶᠢᠨ ᠨᠣᠷᠮ᠎ᠠ ᠶᠢᠨ ᠰᠠᠭᠤᠷᠢᠨ ᠳᠡᠭᠡᠷ᠎ᠡ ᠳᠠᠭᠢᠭᠠᠳ 20 — 40 BP ᠪᠠᠷ ᠪᠠᠭᠤᠷᠠᠭᠤᠯᠵᠤ᠂ ᠵᠢᠯ ᠤᠨ ᠬᠦᠦ | ᠮᠥᠩᠭᠦ ᠶᠢᠨ ᠨᠣᠷᠮ᠎ᠠ ᠨᠢ ᠵᠥᠪᠭᠡᠨ 3.4% ᠣᠷᠴᠢᠮ ᠪᠣᠯᠪᠠ᠃ ᠡᠭᠦᠨ ᠤ ᠬᠠᠮᠲᠤ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠵᠡᠷᠭᠡ 4 ᠨᠠᠷᠢᠨ ᠲᠠᠩᠰᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 67᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 121 ᠲᠠᠨᠢᠯᠴᠠᠭᠤᠯᠤᠨ | ᠬᠦᠷᠭᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠲᠠᠸᠠᠷ ᠤᠨ ᠲᠡᠮᠳᠡᠭ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠳᠠᠨᠵᠢᠯᠠᠭ᠎ᠠ ᠶᠢ ᠬᠥᠲᠥᠯᠥᠨ ᠵᠢᠯᠤᠭᠤᠳᠴᠤ᠂ ᠰᠢᠨ᠎ᠡ ᠶᠢ ᠡᠭᠦᠳᠦᠨ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ e ᠵᠢᠭᠡᠯᠡᠯᠭᠡ︾ ᠵᠡᠷᠭᠡ ᠲᠤᠰᠬᠠᠢ ᠬᠠᠷᠢᠶᠠᠯᠠᠭᠳᠠᠬᠤ | ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ 10 ᠭᠠᠷᠤᠢ ᠭᠠᠷᠭᠠᠪᠠ᠃ ᠣᠳᠣᠬᠠᠨ ᠪᠤᠯᠲᠠᠯ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ | ᠠᠬᠤᠶᠢᠯᠠᠯ ᠤᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 79.08% ᠪᠠᠷ ᠨᠡᠮᠡᠭᠳᠡᠵᠦ᠂ ᠪᠦᠭᠦ ᠣᠷᠣᠨ ᠤ ᠳᠤᠮᠳᠠᠴᠢ ᠬᠢᠷᠢ ᠲᠦᠪᠰᠢᠨ ᠠᠴᠠ 58.76 | ᠵᠠᠭᠤᠨ ᠤ ᠨᠢᠭᠡᠴᠢ ᠥᠨᠳᠥᠷ ᠪᠣᠯᠵᠠᠢ᠃ | ᠮᠥᠩᠭᠦᠨ ᠭᠦᠢᠯᠭᠡᠭᠡᠨ ᠤ ︽ᠵᠢᠭᠡᠯᠡᠯᠭᠡ︾ ᠶᠢᠨ ᠪᠣᠬᠢᠷᠳᠤᠯ ᠦᠭᠡᠢ ᠬᠥᠭᠵᠢᠯᠲᠡ ᠶᠢᠨ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠲᠦᠩᠯᠢᠶᠣᠣ ᠬᠤᠲᠠ ᠶᠢᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ᠰᠢᠨ᠎ᠡ ᠡᠨᠧᠷᠭᠢ ᠶᠢᠨ ᠠᠵᠤ ᠦᠢᠯᠡᠰ ᠲᠤ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠭᠦ ᠶᠢ ᠴᠢᠩᠭᠠᠳᠬᠠᠵᠤ᠂ ᠰᠢᠨ᠎ᠡ | ᠡᠨᠧᠷᠭᠢ ᠶᠢᠨ ᠴᠠᠭᠢᠯᠭᠠᠨ ᠬᠠᠩᠭᠠᠬᠤ ᠠᠵᠤ ᠠᠬᠤᠶᠢᠯᠠᠯ ᠳᠤ 7.92 ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠵᠤ᠂ ︽ᠪᠣᠬᠢᠷᠳᠤᠯ ᠦᠭᠡᠢ ᠴᠠᠭᠢᠯᠭᠠᠨ | ᠬᠠᠩᠭᠠᠯᠭ᠎ᠠ + ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠠᠬᠤᠢ︾ ᠶᠢᠨ ᠬᠥᠭᠵᠢᠯᠲᠡ ᠶᠢᠨ ᠵᠠᠭᠪᠤᠷ ᠤᠨ ᠭᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠳᠤ ᠬᠦᠴᠦᠨ ᠨᠡᠮᠡᠷᠢᠯᠡᠪᠡ᠃ ᠭᠠᠵᠠᠷ ᠣᠷᠣᠨ ᠤ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ︽ᠳᠤᠮᠳᠠᠳᠤ ᠤᠯᠤᠰ ᠤᠨ ᠨᠤᠲᠤᠭ ᠪᠡᠯᠴᠢᠭᠡᠷ ᠤᠨ | ᠵᠢᠭᠡᠯᠡᠯᠭᠡ︾ ᠶᠢᠨ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠢ ᠰᠢᠨ᠎ᠡ ᠪᠠᠷ ᠡᠭᠦᠳᠦᠨ ᠨᠡᠭᠡᠭᠡᠨ ᠬᠥᠭᠵᠢᠭᠦᠯᠵᠦ᠂ ᠨᠢᠭᠡᠨᠲᠡ ᠨᠡᠶᠢᠲᠡ 500 ᠲᠦᠮᠡᠨ ᠲᠥᠭᠦᠷᠢᠭ | ᠲᠠᠷᠬᠠᠭᠠᠪᠠ᠃ ᠣᠳᠣᠬᠠᠨ ᠪᠤᠯᠲᠠᠯ᠎ᠠ᠂ ᠪᠦᠭᠦ ᠬᠤᠲᠠ ᠶᠢᠨ ᠪᠣᠬᠢᠷᠳᠤᠯ ᠦᠭᠡᠢ ᠵᠢᠭᠡᠯᠡᠯᠭᠡ ᠶᠢᠨ ᠦᠯᠡᠳᠡᠪᠦᠷᠢ ᠲᠤᠭ᠎ᠠ 213.55 ᠳ᠋ᠦᠩᠰᠢᠭᠤᠷ ᠲᠥᠭᠦᠷᠢᠭ ᠲᠤ | ᠬᠦᠷᠴᠦ᠂ ᠬᠤᠶᠠᠷ ᠵᠠᠭᠤᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 39.79% ᠪᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ ᠡᠯ᠎ᠡ ᠵᠦᠢᠯ ᠤᠨ ᠵᠢᠭᠡᠯᠡᠯᠭᠡ ᠠᠴᠠ 25.86 ᠵᠠᠭᠤᠨ ᠤ ᠨᠢᠭᠡᠴᠢ ᠥᠨᠳᠥᠷ ᠪᠣᠯᠵᠠᠢ᠃ | ᠦᠢᠯᠡᠴᠢᠯᠡᠭᠡ ᠶᠢ ᠰᠢᠯᠢᠳᠡᠭᠵᠢᠭᠦᠯᠦᠨ ᠪᠣᠳᠠᠲᠠᠢ ᠠᠷᠭ᠎ᠠ ᠬᠡᠮᠵᠢᠶ᠎ᠡ ᠠᠪᠴᠤ᠂ ᠠᠷᠠᠳ ᠲᠤ ᠲᠦᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠪᠡ᠃ | ︽ᠨᠠᠷᠢᠯᠢᠭ︾ ᠪᠠᠶᠢᠬᠤ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠮᠥᠩᠭᠦᠨ ᠭᠦᠢᠯᠭᠡᠭᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ︽ᠡᠴᠦᠰ ᠤᠨ ᠨᠢᠭᠡ | ᠺᠢᠯᠣᠮᠧᠲᠷ︾ ᠢ ᠨᠡᠪᠲᠡᠷᠡᠭᠦᠯᠪᠡ᠃ ᠭᠤᠣᠯ ᠤᠷᠤᠰᠬᠠᠯ ᠤᠨ ᠵᠠᠭᠤᠴᠢᠯᠠᠭᠤᠷ ᠢ ᠠᠰᠢᠭᠯᠠᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠤᠬᠠᠭᠤᠯᠤᠨ ᠲᠠᠨᠢᠯᠴᠠᠭᠤᠯᠪᠠ᠃ ᠵᠠᠰᠠᠭ ᠤᠨ ᠣᠷᠳᠣᠨ ᠮᠥᠩᠭᠦᠨ | ᠭᠦᠢᠯᠭᠡᠭᠡᠨ ᠠᠵᠤ ᠠᠬᠤᠶᠢᠯᠠᠯ ᠢ ᠪᠠᠶᠢᠩᠭᠤᠵᠢᠭᠤᠯᠤᠨ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠵᠤ ᠠᠬᠤᠶᠢᠯᠠᠯ ᠳᠤ ᠬᠦᠷᠴᠦ 21 ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠢᠭᠯᠡᠭᠦᠯᠬᠦ ᠴᠢᠨᠠᠷᠲᠠᠢ ᠪᠠᠷ | ᠰᠢᠢᠳᠪᠦᠷᠢᠯᠡᠪᠡ᠃ ︽ᠳᠥᠭᠦᠮᠴᠢᠯᠡᠯᠲᠡ︾ ᠪᠠᠷ ᠰᠢᠪᠲᠤᠯᠤᠯᠲᠠ ᠭᠠᠷᠭᠠᠵᠤ᠂ ᠠᠵᠤ ᠠᠬᠤᠶᠢᠯᠠᠯ ᠤᠨ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠡᠷᠡᠭᠯᠡᠯᠲᠡ ᠶᠢ | ᠢᠳᠡᠪᠬᠢᠲᠡᠢ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠲᠥᠭᠦᠮ ᠦᠵᠡᠭᠦᠯᠭᠦ ᠬᠡᠮᠵᠢᠶ᠎ᠡ ᠶᠢ ᠳᠡᠭᠡᠭᠰᠢᠯᠡᠭᠦᠯᠦᠨ᠂ | ︽ᠠᠭᠤᠯᠵᠠᠬᠤ ᠦᠭᠡᠢ ᠪᠠᠷ ᠠᠵᠢᠯ ᠶᠠᠪᠤᠳᠠᠯ ᠭᠦᠢᠴᠡᠳᠬᠡᠬᠦ︾ ᠶᠢ ᠪᠠᠶᠢᠩᠭᠤᠵᠢᠭᠤᠯᠪᠠ᠃ | ᠣᠨᠴᠠᠯᠢᠭᠲᠤ ᠠᠵᠤ ᠦᠢᠯᠡᠰ ᠲᠤ ᠴᠢᠳᠠᠪᠬᠢ ᠣᠯᠭᠤᠵᠤ᠂ ᠪᠡᠯᠡ ᠬᠤᠷᠠᠮᠳᠤᠭᠤᠯᠬᠤ ︽ᠬᠤᠷᠳᠤᠴᠠ︾ ᠶᠢ ᠨᠡᠮᠡᠭᠳᠡᠭᠦᠯᠪᠡ᠃ ᠨᠢᠭᠡᠳᠦᠯᠲᠡᠢ ᠳᠠᠩᠰᠠᠯᠠᠬᠤ ᠰᠢᠰᠲ᠋ᠧᠮ | ᠪᠠ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠢ ᠰᠦᠯᠵᠢᠶᠡᠨ ᠭᠠᠳᠠᠭᠤᠷ ᠳᠡᠯᠭᠡᠷᠡᠭᠦᠯᠵᠦ᠂ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ | ᠦᠢᠯᠡᠴᠢᠯᠡᠭᠡᠨ ᠤ ᠬᠠᠷᠢᠶ᠎ᠠ ᠣᠷᠣᠨ ᠢ ᠪᠦᠭᠦᠨ ᠢ ᠬᠠᠮᠤᠷᠬᠤ ᠶᠢ ᠪᠡᠶᠡᠯᠡᠭᠦᠯᠦᠨ᠂ ᠪᠦᠭᠦ ᠣᠷᠣᠨ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ | ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ | ᠠᠬᠢᠭᠤᠯᠤᠭᠰᠠᠨ ᠠᠩᠬᠠᠳᠠᠭᠴᠢ ᠭᠠᠵᠠᠷ ᠣᠷᠣᠨ ᠪᠣᠯᠤᠭᠰᠠᠨ ᠪᠠᠶᠢᠨ᠎ᠠ᠃ ᠳ᠋ᠦᠩ ᠮᠧᠩ ᠱᠦᠢᠨᠢ ᠶᠢᠨ ᠬᠢᠵᠠᠭᠠᠷᠲᠤ ᠺᠤᠮᠫᠠᠨᠢ ᠪᠣᠯᠣᠨ ᠵᠥᠩ ᠵᠧᠩ ᠬᠤᠷᠢᠶᠠᠬᠤ | ᠶᠣᠰᠣᠲᠠᠢ ᠲᠠᠩᠰᠠᠨ ᠵᠣᠭᠤᠰ ᠤᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠢ ᠠᠮᠵᠢᠯᠲᠠ ᠲᠠᠢ ᠪᠠᠷ ᠵᠣᠯᠭᠠᠭᠤᠯᠵᠤ᠂ ᠮᠠᠨ ᠤ ᠬᠤᠲᠠ ᠶᠢᠨ ᠵᠥᠩ | ᠵᠧᠩ ᠲᠠᠪᠴᠠᠩ ᠤᠨ ᠭᠤᠣᠯᠯᠠᠬᠤ ᠠᠵᠤ ᠠᠬᠤᠶᠢᠯᠠᠯ ᠤᠨ ᠵᠣᠯᠭᠠᠭᠤᠯᠬᠤ ᠲᠤᠬᠠᠶᠢᠯᠠᠭᠰᠠᠨ ᠠᠵᠢᠯ ᠤᠨ ᠬᠤᠭᠤᠰᠤᠨ ᠢ ᠨᠥᠬᠦᠪᠦᠷᠢᠯᠡᠪᠡ᠃ ᠬᠥᠳᠡᠯᠬᠦ ᠬᠥᠷᠥᠩᠭᠡ ᠶᠢᠨ | ᠪᠡᠯᠡ ᠲᠣᠬᠢᠷᠠᠭᠤᠯᠭ᠎ᠠ ᠶᠢᠨ ᠳᠠᠨᠵᠢᠯᠠᠭᠰᠠᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠰᠢᠨ᠎ᠡ ᠶᠢ ᠡᠭᠦᠳᠴᠦ᠂ ᠬᠠᠩᠭᠠᠯᠭ᠎ᠠ ᠶᠢᠨ ᠬᠡᠯᠬᠢᠶ᠎ᠡ ᠶᠢᠨ ᠪᠡᠯᠡ | ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠢ ᠶᠡᠭᠡ ᠪᠠᠷ ᠬᠥᠭᠵᠢᠭᠦᠯᠦᠨ᠂ ᠠᠵᠤ ᠠᠬᠤᠶᠢᠯᠠᠯ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ | ᠣᠳᠣᠬᠠᠨ ᠪᠤᠯᠲᠠᠯ᠎ᠠ᠂ ᠪᠦᠭᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠢ ᠬᠡᠷᠡᠭᠯᠡᠨ 260 | ᠬᠤᠪᠢ ᠦᠢᠯᠡᠴᠢᠯᠡᠭᠡ ᠬᠠᠩᠭᠠᠵᠤ᠂ ᠪᠡᠯᠡ ᠲᠣᠬᠢᠷᠠᠭᠤᠯᠭ᠎ᠠ ᠶᠢᠨ ᠪᠦᠭᠦ ᠵᠣᠭᠤᠰ ᠤᠨ ᠲᠤᠭ᠎ᠠ 41 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 40.91% ᠪᠠᠷ ᠨᠡᠮᠡᠭᠳᠡᠪᠡ᠃ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠲᠦᠩᠯᠢᠶᠣᠣ ᠶᠢᠨ ᠬᠢᠨᠠᠯᠲᠠ ᠬᠠᠮᠢᠶᠠᠷᠤᠯᠲᠠ ᠶᠢᠨ | ᠬᠤᠪᠢᠶᠠᠷᠢ ᠲᠣᠪᠴᠢᠶ᠎ᠠ | ᠵᠢᠯ ᠤᠨ ᠡᠬᠢᠨ ᠠᠴᠠ ᠨᠠᠭᠠᠰᠢ᠂ ᠲᠦᠩᠯᠢᠶᠣᠣ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠡᠯ᠎ᠡ ᠵᠦᠢᠯ ᠤᠨ ᠰᠢᠨ᠎ᠡ ᠶᠢ ᠡᠭᠦᠳᠬᠦ ᠣᠨ ᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠵᠤ᠂ ︽ᠮᠥᠩᠭᠦᠨ | ᠭᠦᠢᠯᠭᠡᠭᠡᠨ ᠤ ᠲᠠᠪᠤᠨ ᠲᠣᠮᠣ ᠶᠠᠪᠤᠳᠠᠯ︾ ᠤᠨ ᠲᠤᠰᠬᠠᠢ ᠠᠵᠢᠯᠯᠠᠭ᠎ᠠ ᠶᠢ ᠰᠠᠶᠢᠲᠤᠷ ᠬᠢᠬᠦ ᠪᠠᠷ ᠠᠴᠢᠶᠠᠯᠠᠪᠤᠷᠢ ᠪᠤᠯᠭᠠᠵᠤ᠂ ᠲᠦᠩᠯᠢᠶᠣᠣ ᠬᠤᠲᠠ ᠶᠢᠨ ᠪᠠᠩᠬᠢ ᠶᠢᠨ | ᠳᠠᠭᠠᠳᠬᠠᠯ ᠤᠨ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠷᠢᠶᠡᠨ ᠳᠠᠬᠢ ᠮᠥᠩᠭᠦᠨ ᠭᠦᠢᠯᠭᠡᠭᠡ᠂ ᠪᠣᠬᠢᠷᠳᠤᠯ ᠦᠭᠡᠢ ᠠᠮᠢ ᠠᠬᠤᠢ ᠶᠢᠨ | ᠣᠷᠴᠢᠨ ᠲᠣᠭᠤᠷᠢᠨ ᠳᠠᠬᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ | ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠲᠠᠪᠤᠨ ᠶᠡᠭᠡ ᠬᠦᠷᠢᠶᠡᠨ ᠳᠤ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠲᠠᠯ᠎ᠠ ᠪᠠᠷ ᠢᠯᠡᠳᠲᠡ | ᠳᠡᠭᠡᠭᠰᠢᠯᠡᠯᠲᠡ ᠲᠠᠢ ᠪᠠᠶᠢᠬᠤ ᠶᠢ ᠠᠬᠢᠭᠤᠯᠵᠤ᠂ ᠪᠦᠭᠦ ᠬᠤᠲᠠ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠰᠠᠶᠢᠵᠢᠷᠠᠯᠲᠠ ᠪᠠ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ | ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠬᠠᠮᠵᠢᠯᠴᠠᠨ ᠬᠥᠭᠵᠢᠬᠦ ᠨᠡᠶᠢᠯᠡᠮᠡᠯ ᠬᠦᠴᠦᠨ ᠢ ᠨᠢᠭᠲᠠᠷᠠᠭᠤᠯᠪᠠ᠃ ︽ᠨᠢᠭᠡ ᠬᠥᠯᠭᠡ ᠰᠢᠲᠠᠷ᠎ᠠ︾ ᠶᠢᠨ | ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠵᠤ᠂ ᠰᠠᠨᠠᠭᠠᠴᠢᠯᠠᠭ᠎ᠠ ᠠᠴᠠ ᠪᠠᠨ ᠲᠥᠪ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠴᠢᠩᠭᠠᠳᠬᠠᠪᠠ᠃ ︽ᠲᠠᠪᠤᠨ ᠶᠡᠭᠡ | ᠶᠠᠪᠤᠳᠠᠯ︾ ᠤᠨ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢᠨ ᠲᠣᠭᠤᠷᠢᠨ ᠳᠤ᠂ ᠪᠦᠭᠦ ᠬᠤᠲᠠ ᠶᠢᠨ ᠪᠠᠩᠬᠢ ᠶᠢᠨ ᠳᠠᠭᠠᠳᠬᠠᠯ ᠤᠨ ᠦᠢᠯᠡᠰ ᠤᠨ ᠳᠣᠲᠣᠭᠠᠳᠤ ᠶᠢᠨ ᠡᠬᠢ | ᠪᠠᠶᠠᠯᠢᠭ ᠢᠶᠠᠨ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠶᠢ ᠠᠬᠢᠭᠤᠯᠵᠤ᠂ ︽ᠲᠠᠪᠤᠨ ᠶᠡᠭᠡ ᠶᠠᠪᠤᠳᠠᠯ︾ ᠤᠨ ᠬᠥᠭᠵᠢᠯᠲᠡ ᠶᠢᠨ ᠣᠷᠣᠭᠤᠯᠤᠯᠲᠠ ᠶᠢ ᠶᠡᠬᠡᠰᠬᠡᠵᠦ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠨ ᠭᠡᠷ | ᠭᠠᠵᠠᠷ ᠬᠥᠷᠥᠩᠭᠡ ᠶᠢᠨ ᠪᠡᠯᠡ ᠬᠤᠷᠠᠮᠳᠤᠭᠤᠯᠤᠨ ᠵᠣᠬᠢᠴᠠᠭᠤᠯᠬᠤ ᠲᠣᠭᠲᠠᠴᠠ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠤᠭᠤᠯᠤᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠭᠡᠷ ᠬᠥᠷᠥᠩᠭᠡ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠪᠠ᠃ ᠪᠦᠭᠦ ᠬᠤᠲᠠ ᠶᠢᠨ ᠡᠷᠳᠡᠨᠢ ᠰᠢᠰᠢ ᠶᠢᠨ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠬᠡᠮᠵᠢᠶ᠎ᠡ ᠶᠢ | ᠨᠡᠮᠡᠭᠳᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ ᠪᠦᠭᠦ ᠣᠷᠣᠨ ᠤ ᠠᠩᠬᠠᠨ ᠤ ᠬᠠᠭᠤᠳᠠᠰᠤ ᠶᠢᠨ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ | ᠮᠡᠷᠭᠡᠵᠢᠯ ᠤᠨ ᠥᠭᠡᠷᠡᠴᠢᠯᠡᠯᠲᠡ ᠶᠢᠨ ᠳᠠᠬᠢᠯᠲᠠ ᠵᠢᠭᠡᠯᠡᠯᠭᠡ ᠶᠢᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠪᠣᠬᠢᠷᠳᠤᠯ ᠦᠭᠡᠢ | ᠬᠥᠩᠭᠡᠨᠴᠠᠭᠠᠨ ᠤ ᠰᠠᠭᠤᠷᠢ᠂ ᠠᠯᠠᠰᠢᠨ ᠦᠬᠡᠷ ᠵᠡᠷᠭᠡ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠤ᠂ | ᠢᠲᠡᠭᠡᠮᠵᠢᠲᠦ ᠵᠢᠭᠡᠯᠡᠯᠭᠡ ᠶᠢᠨ ᠪᠠᠲᠤᠯᠠᠭ᠎ᠠ ᠶᠢ ᠭᠦᠢᠴᠡᠳ ᠬᠠᠩᠭᠠᠪᠠ᠃ | ᠬᠢᠨᠠᠨ ᠬᠠᠮᠢᠶᠠᠷᠴᠤ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠬᠠᠷᠠᠯᠲᠠ ᠶᠢᠨ | ᠤᠳᠤᠷᠢᠳᠤᠮᠵᠢ ᠶᠢ ᠪᠠᠷᠢᠮᠲᠠᠯᠠᠵᠤ᠂ ᠬᠢᠨᠠᠨ ᠬᠠᠮᠢᠶᠠᠷᠴᠤ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠪᠡ᠃ ᠲᠦᠩᠯᠢᠶᠣᠣ ᠶᠢᠨ ᠭᠤᠣᠯᠳᠠᠯᠭ᠎ᠠ ᠲᠠᠢ ᠠᠵᠤ ᠦᠢᠯᠡᠰ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠠᠭᠤᠷᠠᠢ ᠭᠤᠭᠴᠤᠭ᠎ᠠ ᠶᠢᠨ ᠲᠣᠭᠤᠷᠢᠨ ᠳᠤ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠦᠢᠴᠡᠳᠬᠡᠯ ᠲᠤᠭ᠎ᠠ ᠶᠢ ᠪᠠᠶᠢᠭᠤᠯᠵᠤ᠂ | ᠬᠢᠨᠠᠨ ᠬᠡᠮᠵᠢᠬᠦ᠂ ᠵᠠᠳᠠᠯᠬᠤ᠂ ᠮᠡᠳᠡᠭᠡᠯᠡᠬᠦ ᠠᠵᠢᠯ ᠢ ᠤᠯᠠᠷᠢᠯ ᠶᠣᠰᠣᠭᠠᠷ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠵᠦ᠂ ᠪᠢᠲᠡᠭᠦᠦ | ᠴᠠᠭᠠᠷᠢᠭ ᠢᠶᠠᠷ ᠬᠠᠷᠢᠭᠤ ᠲᠤᠰᠬᠠᠬᠤ ᠶᠢ ᠴᠢᠩᠭᠠᠳᠬᠠᠵᠤ᠂ ︽ᠬᠢᠨᠠᠨ ᠬᠡᠮᠵᠢᠬᠦ + ᠪᠠᠶᠢᠴᠠᠭᠠᠨ ᠰᠤᠳᠤᠯᠬᠤ + ᠬᠢᠨᠠᠨ ᠵᠢᠯᠤᠭᠤᠳᠬᠤ︾ ᠶᠢ ᠠᠬᠢᠭᠤᠯᠬᠤ | ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠪᠡ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠰᠢᠭᠤᠳ ᠬᠦᠷᠭᠡᠯᠲᠡ︾ ᠶᠢ | ᠠᠬᠢᠭᠤᠯᠵᠤ᠂ ᠡᠯ᠎ᠡ ᠰᠠᠯᠪᠤᠷᠢ ᠲᠣᠪᠴᠢᠶ᠎ᠠ᠂ ᠪᠠᠩᠬᠢ ᠶᠢᠨ ᠳᠠᠭᠠᠳᠬᠠᠯ ᠤᠨ ᠪᠠᠶᠢᠭᠤᠯᠤᠮᠵᠢ ᠲᠠᠢ ᠬᠤᠯᠪᠤᠭᠠᠯᠠᠨ ︽ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ | ᠠᠬᠢᠭᠤᠯᠬᠤ ᠰᠠᠷ᠎ᠠ︾ ᠪᠠ ᠮᠥᠩᠭᠦᠨ ᠭᠦᠢᠯᠭᠡᠭᠡ ᠪᠠᠷ ᠠᠵᠤ ᠠᠬᠤᠶᠢᠯᠠᠯ ᠢ ᠲᠤᠰᠠᠯᠠᠬᠤ ᠬᠠᠪᠤᠷ ᠤᠨ ᠡᠬᠢᠨ ᠤ ᠠᠵᠢᠯᠯᠠᠭ᠎ᠠ ᠶᠢ ᠥᠷᠨᠢᠭᠦᠯᠵᠦ᠂ ᠪᠡᠯᠡ | ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠠ ᠦᠢᠯᠡᠳᠬᠦᠨ ᠤ ᠦᠢᠯᠡᠴᠢᠯᠡᠭᠡ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠲᠣᠪᠤᠶᠢᠯᠭᠠᠵᠦ᠂ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠬᠤᠳᠠᠯᠳᠤᠭᠠᠨ ᠤ ᠲᠣᠭᠤᠷᠢᠭ ᠲᠤ ᠣᠷᠣᠭᠤᠯᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ | ᠣᠷᠣᠭᠤᠯᠬᠤ ᠶᠢ ᠭᠦᠨᠵᠡᠭᠡᠶᠢᠷᠡᠭᠦᠯᠪᠡ᠃ | ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠵᠢᠵᠢᠭ | ᠪᠢᠴᠢᠯ ᠠᠵᠤ ᠠᠬᠤᠶᠢᠯᠠᠯ ᠤᠨ ᠠᠩᠬᠠᠨ ᠤ ᠵᠢᠭᠡᠯᠡᠯᠭᠡ ᠶᠢ ᠥᠷᠭᠡᠳᠬᠡᠨ ᠳᠡᠭᠡᠭᠰᠢᠯᠡᠭᠦᠯᠭᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠤᠰᠬᠠᠢ ᠮᠡᠷᠭᠡᠵᠢᠯ ᠤᠨ | ᠲᠣᠭᠲᠠᠴᠠ ᠶᠢ ᠪᠠᠶᠢᠭᠤᠯᠬᠤ᠂ ᠲᠤᠰᠬᠠᠢ ᠬᠠᠷᠢᠶᠠᠯᠠᠭᠳᠠᠬᠤ ᠦᠢᠯᠡᠳᠬᠦᠨ ᠢ ᠰᠢᠨᠡᠴᠢᠯᠡᠬᠦ᠂ ᠥᠪᠡᠷᠮᠢᠴᠡ ᠣᠨᠴᠠᠯᠢᠭ ᠲᠠᠢ ᠦᠢᠯᠡᠴᠢᠯᠡᠭᠡ ᠶᠢ ᠡᠭᠦᠳᠬᠦ ᠪᠠᠷ ᠳᠠᠮᠵᠢᠨ᠂ | ᠠᠩᠬᠠᠨ ᠤ ᠵᠢᠭᠡᠯᠡᠯᠭᠡ ᠶᠢᠨ ᠣᠷᠣᠭᠤᠯᠤᠯᠲᠠ ᠶᠢᠨ ᠨᠡᠮᠡᠭᠳᠡᠯ᠂ ᠡᠵᠡᠯᠡᠬᠦ ᠬᠠᠷᠢᠴᠠᠯ ᠤᠨ ᠳᠡᠭᠡᠭᠰᠢᠯᠡᠯᠲᠡ ᠶᠢ ᠬᠦᠴᠦᠯᠡᠨ ᠠᠬᠢᠭᠤᠯᠪᠠ᠃ ᠡᠯ᠎ᠡ ᠬᠤᠰᠢᠭᠤ ᠰᠢᠶᠠᠨ ᠬᠤᠲᠠ | ᠲᠣᠭᠤᠷᠢᠭ ᠲᠤ ᠠᠩᠬᠠᠨ ᠤ ᠵᠢᠭᠡᠯᠡᠯᠭᠡ ᠶᠢ ᠦᠷᠭᠦᠯᠵᠢᠯᠡᠭᠦᠯᠬᠦ ᠦᠢᠯᠡᠴᠢᠯᠡᠭᠡᠨ ᠤ ᠲᠥᠪ ᠪᠠᠶᠢᠭᠤᠯᠬᠤ ᠶᠢ ᠠᠬᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠳᠤ | ᠠᠩᠬᠠᠨ ᠤ ᠵᠢᠭᠡᠯᠡᠯᠭᠡ ᠶᠢᠨ ᠢᠲᠡᠭᠡᠮᠵᠢ ᠣᠯᠭᠤᠬᠤ ᠲᠦᠷᠭᠡᠨ ᠨᠡᠪᠲᠡᠷᠡᠬᠦ ᠵᠠᠮ ᠢ ᠬᠠᠩᠭᠠᠪᠠ᠃ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ | ᠦᠢᠯᠡᠴᠢᠯᠡᠭᠡᠨ ᠤ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠮᠥᠩᠭᠦᠨ | ᠭᠦᠢᠯᠭᠡᠭᠡᠨ ᠤ ᠦᠢᠯᠡᠳᠬᠦᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠪᠡ᠃ | ᠬᠥᠮᠥᠵᠢᠭᠦᠯᠵᠦ ᠬᠠᠮᠠᠭᠠᠯᠠᠬᠤ ᠶᠢ ᠪᠣᠳᠣᠯᠬᠢᠯᠠᠵᠤ᠂ ᠮᠥᠩᠭᠦᠨ ᠭᠦᠢᠯᠭᠡᠭᠡᠨ ᠤ ᠡᠷᠡᠭᠦᠯ ᠮᠡᠨᠳᠦ ᠣᠷᠴᠢᠨ ᠨᠥᠬᠦᠴᠡᠯ ᠢ ᠡᠭᠦᠳᠪᠡ᠃ ᠭᠠᠵᠠᠷ ᠣᠷᠣᠨ ᠤ ᠮᠥᠩᠭᠦᠨ | ᠭᠦᠢᠯᠭᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠤᠬᠠᠭᠤᠯᠭ᠎ᠠ ᠶᠢ ᠢᠳᠡᠪᠬᠢᠲᠡᠢ | ᠥᠷᠨᠢᠭᠦᠯᠵᠦ᠂ ᠨᠡᠶᠢᠭᠡᠮ ᠨᠡᠶᠢᠲᠡ ᠶᠢᠨ ᠮᠥᠩᠭᠦᠨ ᠭᠦᠢᠯᠭᠡᠭᠡᠨ ᠤ ᠬᠡᠪ ᠪᠣᠯᠪᠠᠰᠤᠷᠠᠯ ᠪᠠ ᠮᠥᠩᠭᠦᠨ ᠭᠦᠢᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠴᠢᠬᠤᠯᠠ | ᠭᠠᠷᠳᠠᠴᠠ ᠪᠣᠯᠭᠠᠪᠠ᠃ ︽ᠵᠠᠭᠠᠯᠳᠤᠬᠤ ᠠᠴᠠ ᠡᠮᠦᠨ᠎ᠡ ᠡᠶᠡᠳᠡᠭᠦᠯᠭᠦ+ ᠬᠠᠤᠯᠢ ᠴᠠᠭᠠᠵᠠ ᠶᠢᠨ ᠨᠤᠲᠠᠯᠠᠯᠲᠠ + ᠮᠥᠩᠭᠦᠨ ᠭᠦᠢᠯᠭᠡᠭᠡᠨ ᠤ ᠰᠢᠭᠦᠨ ᠲᠠᠰᠤᠯᠤᠯᠳᠠ+ | ᠬᠥᠨᠳᠡᠯᠡᠨ ᠠᠴᠠ ᠲᠠᠰᠤᠯᠬᠤ+ ᠭᠦᠢᠴᠡᠳᠬᠡᠬᠦ ᠶᠢ ᠳᠠᠩᠰᠠᠯᠠᠭᠤᠯᠬᠤ︾ ᠲᠠᠪᠤ ᠶᠢ ᠨᠢᠭᠡ ᠴᠣᠭᠴᠠᠵᠢᠭᠤᠯᠤᠭᠰᠠᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ | ᠡᠶᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠬᠦ ᠬᠡᠪᠴᠢᠶ᠎ᠡ ᠶᠢ ᠥᠷᠭᠡᠳᠬᠡᠵᠦ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠤ | ᠬᠡᠷᠡᠭ ᠢ ᠠᠮᠵᠢᠯᠲᠠ ᠲᠠᠢ ᠪᠠᠷ 5000 ᠭᠠᠷᠤᠢ ᠡᠶᠡᠳᠡᠭᠦᠯᠵᠦ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠭᠦ | ᠬᠦᠴᠦᠨ ᠢᠶᠠᠷ ᠰᠠᠶᠢᠲᠤᠷ ᠬᠠᠮᠠᠭᠠᠯᠠᠪᠠ᠃ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠲᠦᠩᠯᠢᠶᠣᠣ ᠬᠤᠲᠠ ᠶᠢᠨ ᠭᠠᠶᠢᠯᠢ ᠶᠢᠨ ᠲᠣᠪᠴᠢᠶ᠎ᠠ | ᠵᠢᠯ ᠤᠨ ᠡᠬᠢᠨ ᠠᠴᠠ ᠨᠠᠭᠠᠰᠢ᠂ ᠬᠤᠲᠠ ᠶᠢᠨ ᠭᠠᠶᠢᠯᠢ ᠶᠢᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ | ᠭᠦᠢᠴᠡᠳᠬᠡᠵᠦ᠂ ᠭᠠᠶᠢᠯᠢ ᠲᠠᠲᠠᠪᠤᠷᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠢᠯ ᠤᠨ ᠡᠬᠢᠨ ᠳᠤ ᠨᠡᠶᠢᠭᠡᠮ ᠨᠡᠶᠢᠲᠡ ᠳᠤ | ᠢᠯᠡ ᠪᠠᠷ ᠠᠮᠠᠯᠳᠠᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠪᠤᠨ ᠲᠠᠯ᠎ᠠ ᠶᠢᠨ ᠠᠷᠭ᠎ᠠ ᠬᠡᠮᠵᠢᠶ᠎ᠡ ᠶᠢ ᠴᠥᠮ ᠲᠣᠭᠲᠠᠭᠰᠠᠨ | ᠬᠤᠭᠤᠴᠠᠭᠠᠨ ᠳᠤ ᠨᠠᠶᠢᠳᠠᠪᠤᠷᠢᠵᠢᠭᠤᠯᠪᠠ᠃ ᠡᠳᠦᠭᠡ ᠠᠵᠢᠯ ᠢᠶᠠᠨ ᠦᠢᠯᠡᠳᠦᠯᠭᠡᠵᠢᠭᠦᠯᠦᠭᠰᠡᠨ ᠪᠠᠶᠢᠳᠠᠯ ᠢᠶᠠᠨ ᠳᠣᠣᠷᠠᠬᠢ ᠮᠡᠲᠦ ᠲᠠᠨᠢᠯᠴᠠᠭᠤᠯᠤᠶ᠎ᠠ᠄ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠬᠦ ᠲᠠᠯ᠎ᠠ ᠪᠠᠷ᠂ ᠨᠢᠭᠡ ᠳᠤ᠂ ᠦᠨᠡᠨᠴᠢ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠲᠣᠬᠢᠶᠠᠯᠳᠤᠯ ᠢᠶᠠᠷ ᠰᠣᠩᠭᠤᠬᠤ᠂ ᠨᠢᠭᠡ ᠶᠢ ᠢᠯᠡ ᠪᠤᠯᠭᠠᠬᠤ︾ ᠠᠵᠢᠯ ᠤᠨ ᠱᠠᠭᠠᠷᠳᠠᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ 6 ᠭᠡᠷ ᠭᠠᠵᠠᠷ ᠬᠥᠷᠥᠩᠭᠡ ᠶᠢᠨ ᠠᠵᠤ ᠠᠬᠤᠶᠢᠯᠠᠯ᠂ 24 ᠢᠯᠴᠢ ᠶᠢᠨ ᠠᠵᠤ ᠠᠬᠤᠶᠢᠯᠠᠯ᠂ 5 ᠲᠣᠮᠣ ᠬᠤᠳᠠᠯᠳᠤᠭᠠᠨ ᠤ ᠠᠵᠤ | ᠠᠬᠤᠶᠢᠯᠠᠯ ᠳᠤ ᠬᠤᠶᠠᠷ ᠢ ᠲᠣᠬᠢᠶᠠᠯᠳᠤᠯ ᠢᠶᠠᠷ ᠰᠣᠩᠭᠤᠨ ᠥᠪᠡᠰᠦᠪᠡᠨ ᠪᠠᠶᠢᠴᠠᠭᠠᠵᠤ ᠬᠠᠪᠰᠤᠷᠤᠨ ᠵᠢᠯᠤᠭᠤᠳᠬᠤ ᠶᠢ ᠥᠷᠨᠢᠭᠦᠯᠵᠦ᠂ ᠠᠵᠤ ᠠᠬᠤᠶᠢᠯᠠᠯ ᠤᠨ | ᠭᠠᠶᠢᠯᠢ ᠳᠤ ᠬᠤᠯᠪᠣᠭᠳᠠᠬᠤ ᠲᠦᠭᠰᠢᠭᠦᠷᠢ ᠶᠢ ᠠᠷᠢᠯᠭᠠᠪᠠ᠃ ᠬᠤᠶᠠᠷ ᠲᠤ᠂ ᠦᠨᠡᠨᠴᠢ ᠢᠲᠡᠭᠡᠮᠵᠢ ᠶᠢᠨ ᠲᠡᠰ ᠲᠣᠭᠲᠠᠭᠠᠬᠤ ᠠᠵᠢᠯ ᠢ ᠴᠢᠩᠭᠠᠳᠬᠠᠵᠤ᠂ ᠭᠠᠶᠢᠯᠢ | ᠲᠤᠰᠢᠶᠠᠬᠤ ᠢᠲᠡᠭᠡᠮᠵᠢ ᠶᠢ ᠰᠡᠷᠭᠦᠭᠡᠬᠦ᠂ ᠨᠥᠬᠦᠪᠦᠷᠢᠯᠡᠨ ᠦᠨᠡᠯᠡᠬᠦ᠂ ᠲᠠᠭᠢᠨ ᠦᠨᠡᠯᠡᠬᠦ ᠶᠢ ᠪᠦᠭᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ | ᠣᠳᠣᠬᠠᠨ ᠳᠤ ᠨᠢᠭᠡᠨᠲᠡ 853 ᠡᠷᠦᠭᠡ ᠶᠢ ᠳᠠᠭᠢᠨ ᠰᠢᠯᠭᠠᠷᠠᠭᠤᠯᠵᠤ᠂ 9 ᠡᠷᠦᠭᠡ ᠶᠢ ᠨᠥᠬᠦᠨ ᠰᠢᠯᠭᠠᠷᠠᠭᠤᠯᠵᠤ᠂ 86 ᠡᠷᠦᠭᠡ ᠶᠢ ᠭᠤᠶᠤᠴᠢᠯᠠᠭᠰᠠᠨ ᠢᠶᠠᠷ ᠵᠠᠰᠠᠨ | ᠰᠡᠷᠭᠦᠭᠡᠵᠦ᠂ 21435 ᠡᠷᠦᠭᠡ ᠶᠢ ᠠᠶᠠᠨᠳᠠᠭᠠᠨ ᠵᠠᠰᠠᠨ ᠰᠡᠷᠭᠦᠭᠡᠪᠡ᠃ ᠵᠠᠰᠠᠨ ᠰᠡᠷᠭᠦᠭᠡᠬᠦ ᠪᠠᠷ ᠳᠡᠮᠵᠢᠨ᠂ 2075 ᠠᠵᠤ ᠠᠬᠤᠶᠢᠯᠠᠯ ᠤᠨ ᠭᠠᠶᠢᠯᠢ ᠲᠤᠰᠢᠶᠠᠬᠤ | ᠢᠲᠡᠭᠡᠮᠵᠢ ᠶᠢᠨ ᠲᠠᠰ ᠢ ᠠᠳᠠᠯᠢ ᠪᠤᠰᠤ ᠬᠡᠮᠵᠢᠶ᠎ᠡ ᠪᠠᠷ ᠳᠡᠭᠡᠭᠰᠢᠯᠡᠭᠦᠯᠪᠡ᠃ ᠭᠤᠷᠪᠠ ᠳᠤ᠂ ᠦᠨᠡᠨᠴᠢ ᠢᠲᠡᠭᠡᠮᠵᠢ ᠶᠢᠨ ᠦᠷᠳᠡᠭ ᠤᠨ ᠨᠡᠮᠡᠭᠳᠡᠯ ᠢ ᠴᠢᠩᠭᠠᠳᠬᠠᠵᠤ᠂ | ︽ᠪᠠᠩᠬᠢ ᠭᠠᠶᠢᠯᠢ ᠬᠠᠷᠢᠯᠴᠠᠨ ᠬᠥᠳᠡᠯᠦᠯᠴᠡᠬᠦ︾ ᠲᠠᠪᠴᠠᠩ ᠢᠶᠠᠷ ᠳᠠᠮᠵᠢᠨ᠂ 1998 ᠡᠷᠦᠭᠡ ᠶᠢᠨ ᠭᠠᠶᠢᠯᠢ ᠲᠤᠰᠢᠶᠠᠭᠴᠢ ᠳᠤ 7.73 ᠳ᠋ᠦᠩᠰᠢᠭᠤᠷ ᠲᠥᠭᠦᠷᠢᠭ ᠤᠨ | ᠢᠲᠡᠭᠡᠮᠵᠢᠲᠦ ᠵᠢᠭᠡᠯᠡᠯᠭᠡ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ | ᠭᠠᠶᠢᠯᠢ ᠰᠦᠢᠳᠬᠡᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ᠂ ᠨᠢᠭᠡ ᠳᠤ᠂ ᠡᠭᠦᠯᠡᠨ ᠦᠵᠦᠭᠦᠷᠯᠢᠭ ᠤᠨ ᠦᠢᠯᠡᠴᠢᠯᠡᠭᠡ ᠶᠢ ᠰᠠᠶᠢᠲᠤᠷ ᠬᠢᠵᠦ᠂ ︽ | ᠲᠦᠩᠯᠢᠶᠣᠣ ᠶᠢᠨ ᠭᠠᠶᠢᠯᠢ ᠰᠦᠢᠳᠬᠡᠯ ᠤᠨ ᠡᠭᠦᠯᠡᠨ ᠦᠢᠯᠡᠴᠢᠯᠡᠭᠡᠨ ᠤ ᠲᠥᠪ︾ ᠤᠨ ᠰᠦᠯᠵᠢᠶᠡᠨ ᠳᠡᠭᠡᠷᠡᠬᠢ ᠳᠠᠪᠠᠭᠤᠯᠢᠭ ᠢ ᠭᠦᠢᠴᠡᠳ ᠪᠠᠳᠠᠷᠠᠭᠤᠯᠪᠠ᠃ | ᠬᠤᠶᠠᠷ ᠲᠤ᠂ ᠰᠦᠯᠵᠢᠶᠡᠨ ᠳᠡᠭᠡᠷ᠎ᠡ ᠭᠦᠢᠴᠡᠳᠬᠡᠬᠦ ᠶᠢ ᠰᠢᠯᠢᠳᠡᠭᠵᠢᠭᠦᠯᠵᠦ᠂ ᠰᠦᠯᠵᠢᠶᠡᠨ ᠳᠡᠭᠡᠷ᠎ᠡ ᠪᠦᠭᠦ ᠤᠯᠤᠰ ᠤᠨ ᠡᠯᠧᠺᠲᠷᠣᠨ ᠭᠠᠶᠢᠯᠢ ᠶᠢᠨ ᠶᠠᠪᠤᠳᠠᠯ ᠤᠨ | ᠦᠢᠯᠡᠴᠢᠯᠡᠭᠡ ᠶᠢ ᠨᠢᠭᠡᠳᠦᠯᠲᠡᠢ ᠵᠢᠷᠤᠮᠵᠢᠭᠤᠯᠵᠤ᠂ ︽7×24 ×24 ᠴᠠᠭ︾ ᠤᠨ ᠪᠦᠭᠦ ᠡᠳᠦᠷ ᠢᠶᠠᠷ ᠭᠥᠯᠢᠶᠡᠨ ᠠᠪᠴᠤ ᠰᠢᠢᠳᠪᠦᠷᠢᠯᠡᠬᠦ ᠱᠠᠭᠠᠷᠳᠠᠯᠭ᠎ᠠ ᠶᠢ | ᠬᠠᠩᠭᠠᠪᠠ᠃ ᠭᠤᠷᠪᠠ ᠳᠤ᠂ ᠡᠯᠧᠺᠲᠷᠣᠨ ᠪᠠᠷᠢᠮᠲᠠ ᠶᠢ ᠲᠦᠭᠡᠮᠡᠯᠵᠢᠭᠦᠯᠵᠦ᠂ ᠪᠦᠭᠦ ᠲᠠᠯ᠎ᠠ ᠶᠢᠨ ᠲᠣᠭᠠᠴᠢᠯᠠᠭᠰᠠᠨ ᠡᠯᠧᠺᠲᠷᠣᠨ ᠪᠠᠷᠢᠮᠲᠠ ᠶᠢ ᠬᠡᠷᠡᠭᠵᠢᠭᠦᠯᠵᠦ᠂ ᠨᠡᠶᠢᠳᠡ | 6 ᠲᠠᠯᠠᠪᠤᠷ ᠰᠢᠭᠤᠳ ᠨᠡᠪᠲᠡᠷᠡᠭᠦᠯᠭᠡ ᠶᠢ ᠵᠣᠬᠢᠶᠠᠨ ᠪᠠᠶᠢᠭᠤᠯᠵᠤ᠂ ᠭᠠᠶᠢᠯᠢ ᠲᠤᠰᠢᠶᠠᠭᠴᠢ ᠶᠢᠨ ᠲᠣᠭᠠᠴᠢᠯᠠᠭᠰᠠᠨ ᠡᠯᠧᠺᠲᠷᠣᠨ ᠪᠠᠷᠢᠮᠲᠠ ᠶᠢ ᠰᠠᠶᠢᠲᠤᠷ ᠬᠡᠷᠡᠭᠯᠡᠬᠦ ᠶᠢ | ᠬᠠᠪᠰᠤᠷᠤᠨ ᠵᠢᠯᠤᠭᠤᠳᠴᠤ᠂︽ᠭᠡᠷ ᠠᠴᠠ ᠪᠠᠨ ᠭᠠᠷᠬᠤ ᠦᠭᠡᠢ︾᠂ ︽ᠨᠢᠭᠡ ᠤᠳᠠᠭ᠎ᠠ ᠴᠤ ᠭᠦᠶᠦᠬᠦ ᠦᠭᠡᠢ︾ ᠪᠠᠷ ᠰᠦᠯᠵᠢᠶᠡᠨ ᠳᠡᠭᠡᠷ᠎ᠡ ᠭᠦᠢᠴᠡᠳᠬᠡᠬᠦ ᠶᠢ | ᠠᠬᠢᠭᠤᠯᠪᠠ᠃ | ᠠᠷᠠᠳ ᠲᠤ ᠲᠥᠭᠦᠮ ᠦᠵᠡᠭᠦᠯᠭᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠬᠤ ᠲᠠᠯ᠎ᠠ ᠪᠠᠷ᠂ ᠨᠢᠭᠡ ᠳᠤ᠂ ᠭᠠᠶᠢᠯᠢ ᠶᠢᠨ ᠶᠠᠪᠤᠳᠠᠯ ᠤᠨ | ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 7747 ᠡᠷᠦᠭᠡ ᠤᠳᠠᠭ᠎ᠠ ᠶᠢᠨ ᠭᠠᠶᠢᠯᠢ ᠲᠤᠰᠢᠶᠠᠭᠴᠢ ᠰᠦᠢᠳᠬᠡᠯ | ᠲᠤᠰᠢᠶᠠᠭᠴᠢ ᠳᠤ ᠲᠦᠭᠦᠮ ᠳᠥᠲᠡ ᠦᠢᠯᠡᠴᠢᠯᠡᠭᠡ ᠬᠠᠩᠭᠠᠪᠠ᠃ ᠬᠤᠶᠠᠷ ᠲᠤ᠂ ᠳᠤᠲᠠᠭᠤ ᠶᠢ ᠪᠠᠭᠲᠠᠭᠠᠨ ᠭᠦᠢᠴᠡᠳᠬᠡᠬᠦ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ | ᠭᠠᠶᠢᠯᠢ ᠲᠤᠰᠢᠶᠠᠭᠴᠢ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠮᠡᠳᠡᠭᠦᠯᠬᠦ ᠮᠡᠲᠦ ᠶᠢᠨ 8 ᠲᠥᠷᠥᠯ ᠤᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ | ᠭᠦᠢᠴᠡᠳᠬᠡᠬᠦ ᠦᠶᠡᠰ᠂ ᠴᠢᠬᠤᠯᠠ ᠪᠤᠰᠤ ᠮᠠᠲ᠋ᠧᠷᠢᠶᠠᠯ ᠳᠤ ᠳᠤᠲᠠᠭᠤ ᠶᠢ ᠪᠠᠭᠲᠠᠭᠠᠨ ᠲᠡᠷᠡ ᠳᠠᠷᠤᠢ ᠳᠤᠨᠢ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ | ᠭᠥᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ ᠪᠠ ᠰᠠᠶᠢᠨ ᠦᠨᠡᠯᠡᠯᠲᠡ ᠶᠢᠨ ᠨᠣᠷᠮ᠎ᠠ ᠴᠥᠮ 100% ᠳᠤ ᠭᠦᠷᠪᠡ᠃ ᠭᠤᠷᠪᠠ ᠳᠤ᠂ ᠠᠷᠭ᠎ᠠ ᠵᠠᠮ ᠢ ᠥᠷᠭᠡᠳᠬᠡᠬᠦ ᠶᠢ | ᠠᠬᠢᠭᠤᠯᠵᠤ᠂ ᠨᠡᠶᠢᠭᠡᠮᠴᠢᠯᠡᠭᠰᠡᠨ ᠭᠠᠶᠢᠯᠢ ᠲᠤᠰᠢᠶᠠᠬᠤ ᠲᠣᠣᠷ ᠴᠡᠭ ᠢ 47 ᠪᠠᠶᠢᠭᠤᠯᠵᠤ᠂ ︽ᠲᠦᠩᠯᠢᠶᠣᠣ ᠶᠢᠨ ᠭᠠᠶᠢᠯᠢ ᠶᠢᠨ ᠶᠠᠪᠤᠳᠠᠯ︾ ᠤᠨ ᠨᠡᠶᠢᠲᠡ ᠶᠢᠨ ᠳ᠋ᠤᠭᠠᠷ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠰᠤᠷᠪᠤᠯᠵᠢᠯᠠᠬᠤ᠂ ᠲᠣᠮᠣ ᠭᠡᠯᠪᠡᠷᠢ ᠶᠢᠨ ᠬᠤᠳᠠᠯᠳᠤᠭᠠᠨ ᠤ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠨ ᠭᠠᠶᠢᠯᠢ ᠰᠦᠢᠳᠬᠡᠯ ᠲᠤᠰᠢᠶᠠᠬᠤ ᠳᠥᠭᠦᠮ ᠳᠥᠲᠡ ᠠᠷᠭ᠎ᠠ ᠵᠠᠮ ᠢ ᠳᠡᠯᠭᠡᠷᠡᠭᠦᠯᠦᠨ ᠲᠦᠭᠡᠮᠡᠯᠵᠢᠭᠦᠯᠵᠦ᠂ ︽ᠰᠦᠯᠵᠢᠶᠡᠨ ᠳᠡᠭᠡᠷ᠎ᠡ ᠭᠦᠢᠴᠡᠳᠬᠡᠬᠦ | ᠂ ᠣᠶᠢᠷ᠎ᠠ ᠬᠠᠪᠢ ᠳᠤᠨᠢ ᠭᠦᠢᠴᠡᠳᠬᠡᠬᠦ᠂ ᠴᠠᠭ ᠲᠤᠬᠠᠢ ᠳᠤᠨᠢ ᠡᠵᠡᠮᠳᠡᠨ ᠭᠦᠢᠴᠡᠳᠬᠡᠬᠦ︾ ᠠᠮᠢ ᠠᠬᠤᠢ ᠶᠢᠨ ᠦᠢᠯᠡᠴᠢᠯᠡᠭᠡᠨ ᠤ ᠲᠣᠭᠤᠷᠢᠭ ᠢ ᠠᠮᠵᠢᠯᠲᠠ ᠲᠠᠢ | ᠡᠭᠦᠳᠪᠡ᠃ | ᠠᠵᠤ ᠠᠬᠤᠶᠢᠯᠠᠯ ᠤᠨ ᠬᠦᠴᠢᠷᠳᠡᠯ ᠢ ᠨᠠᠷᠢᠯᠢᠭ ᠣᠨᠣᠴᠠᠲᠠᠢ ᠪᠠᠷ ᠬᠠᠪᠰᠤᠷᠤᠨ ᠰᠢᠢᠳᠪᠦᠷᠢᠯᠡᠬᠦ ᠲᠠᠯ᠎ᠠ ᠪᠠᠷ᠂ ᠨᠢᠭᠡ ᠳᠤ᠂ ᠤᠬᠠᠭᠤᠯᠭ᠎ᠠ ᠶᠢᠨ ᠠᠷᠭ᠎ᠠ ᠵᠠᠮ ᠢ | ᠥᠷᠭᠡᠳᠬᠡᠵᠦ᠂ ᠥᠨᠳᠥᠷ ᠳᠠᠪᠲᠠᠮᠵᠢᠲᠤ ᠯᠠᠪᠯᠠᠯᠲᠠ ᠶᠢᠨ ᠲᠤᠭ᠎ᠠ ᠪᠠᠷᠢᠮᠲᠠ ᠶᠢ ᠭᠦᠨ ᠠᠭᠤᠳᠠᠯᠵᠤ᠂ ︽ᠲᠦᠩᠯᠢᠶᠣᠣ ᠶᠢᠨ ᠭᠠᠶᠢᠯᠢ ᠶᠢᠨ ᠶᠠᠪᠤᠳᠠᠯ︾ ᠤᠨ ᠨᠡᠶᠢᠲᠡ ᠶᠢᠨ | ᠳ᠋ᠤᠭᠠᠷ᠂ ᠬᠠᠷᠠᠭᠠᠨ ᠳᠠᠪᠲᠠᠮᠵᠢ ᠶᠢᠨ ᠳ᠋ᠤᠭᠠᠷ ᠵᠢᠴᠢ ᠰᠢᠭᠤᠳ ᠨᠡᠪᠲᠡᠷᠡᠭᠦᠯᠭᠡ ᠶᠢᠨ ᠲᠠᠪᠴᠠᠩ ᠵᠡᠷᠭᠡ ᠪᠠᠷ ᠳᠠᠮᠵᠢᠨ ᠭᠠᠶᠢᠯᠢ ᠰᠦᠢᠳᠬᠡᠯ ᠤᠨ ᠲᠥᠷᠥ ᠶᠢᠨ | ᠪᠣᠳᠣᠯᠭ᠎ᠠ ᠶᠢ ᠤᠬᠠᠭᠤᠯᠤᠨ ᠳᠡᠯᠭᠡᠷᠡᠭᠦᠯᠵᠦ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢ ᠦᠨᠡᠨ ᠬᠦ ᠬᠠᠪᠰᠤᠷᠤᠨ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ ᠮᠡᠳᠡᠪᠡᠰᠦ ᠵᠣᠬᠢᠬᠤ ᠶᠢ ᠨᠢ ᠪᠦᠭᠦᠨ ᠢ ᠮᠡᠳᠡᠭᠦᠯᠵᠦ᠂ ᠡᠳ᠋ᠯᠡᠪᠡᠰᠦ ᠵᠣᠬᠢᠬᠤ ᠶᠢ ᠨᠢ ᠪᠦᠭᠦᠨ ᠢ ᠡᠳ᠋ᠯᠡᠭᠦᠯᠪᠡ᠃ ᠬᠤᠶᠠᠷ ᠲᠤ᠂ ᠲᠥᠷᠥ ᠶᠢᠨ | ᠪᠣᠳᠣᠯᠭ᠎ᠠ ᠪᠠᠷ ᠬᠥᠮᠥᠨ ᠡᠷᠢᠬᠦ ᠶᠢ ᠪᠡᠶᠡᠯᠡᠭᠦᠯᠵᠦ᠂ ᠲᠠᠰ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠪᠠ᠃ ᠭᠤᠷᠪᠠ ᠳᠤ᠂ ᠦᠷ᠎ᠡ | ᠪᠦᠲᠦᠮᠵᠢ ᠶᠢ ᠳᠡᠭᠡᠭᠰᠢᠯᠡᠭᠦᠯᠭᠦ ᠶᠢ ᠠᠬᠢᠭᠤᠯᠵᠤ᠂ ᠭᠠᠶᠢᠯᠢ ᠪᠤᠴᠠᠭᠠᠬᠤ ᠪᠦᠭᠦ ᠬᠡᠯᠬᠢᠶᠡᠰᠦ ᠶᠢ ᠬᠢᠨᠠᠨ ᠡᠵᠡᠮᠳᠡᠵᠦ ᠰᠠᠨᠠᠭᠤᠯᠬᠤ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠪᠠᠶᠢᠩᠭᠤ ᠲᠣᠬᠢᠶᠠᠯᠳᠤᠬᠤ ᠭᠠᠶᠢᠯᠢ ᠪᠤᠴᠠᠭᠠᠬᠤ ᠲᠤᠬᠠᠶᠢᠯᠠᠭᠰᠠᠨ ᠠᠵᠢᠯ ᠤᠨ ᠭᠠᠶᠢᠯᠢ ᠶᠢᠨ ᠶᠠᠪᠤᠳᠠᠯ ᠤᠨ ᠪᠦᠭᠦ | ᠶᠠᠪᠤᠴᠠ ᠶᠢ ᠳᠤᠮᠳᠠᠴᠢ ᠪᠠᠷ 3 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠶᠢ ᠪᠠᠲᠤᠯᠠᠪᠠ᠃ | ᠵᠠᠰᠠᠭ ᠤᠨ ᠣᠷᠳᠣᠨ ᠪᠣᠯᠣᠨ ᠬᠤᠳᠠᠯᠳᠤᠭᠠᠴᠢᠨ ᠤ ᠳᠣᠲᠣᠨᠣ ᠬᠠᠷᠢᠴᠠᠭ᠎ᠠ ᠶᠢ ᠪᠠᠶᠢᠭᠤᠯᠬᠤ ᠲᠠᠯ᠎ᠠ ᠪᠠᠷ᠂ ᠨᠢᠭᠡ ᠳᠤ᠂ ᠳᠣᠲᠣᠨᠣ ᠪᠥᠭᠡᠳ ᠴᠡᠪᠡᠷ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠢ ᠡᠭᠦᠳᠴᠦ᠂ ︽ᠵᠠᠰᠠᠭ ᠤᠨ ᠶᠠᠪᠤᠳᠠᠯ ᠢ ᠬᠦᠷᠭᠡᠬᠦ᠂ ᠬᠡᠷᠡᠭᠴᠡᠭᠡ ᠶᠢ ᠠᠰᠠᠭᠤᠬᠤ᠂ ᠬᠦᠴᠢᠷᠳᠡᠯ ᠢ ᠰᠢᠢᠳᠪᠦᠷᠢᠯᠡᠬᠦ︾ ᠵᠠᠬ᠎ᠠ | ᠳᠡᠯᠭᠡᠭᠦᠷ ᠤᠨ ᠪᠡᠶᠡᠴᠢ ᠴᠣᠭᠴᠠ ᠲᠠᠢ ᠨᠢᠭᠲᠠ ᠬᠠᠷᠢᠯᠴᠠᠬᠤ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠢ 47813 ᠡᠷᠦᠭᠡ ᠤᠳᠠᠭ᠎ᠠ ᠰᠤᠷᠪᠤᠯᠵᠢᠯᠠᠵᠤ᠂ | ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠦᠢᠯᠡᠴᠢᠯᠡᠭᠡᠨ ᠤ ᠠᠷᠭ᠎ᠠ ᠬᠡᠮᠵᠢᠶ᠎ᠡ ᠲᠠᠢ ᠦᠨᠡᠨ ᠬᠦ ᠬᠠᠷᠢᠴᠠᠭᠤᠯᠵᠤ᠂ ᠭᠠᠶᠢᠯᠢ ᠪᠠ ᠠᠵᠤ | ᠠᠬᠤᠶᠢᠯᠠᠯ ᠤᠨ ᠰᠠᠶᠢᠨ ᠰᠠᠶᠢᠬᠠᠨ ᠬᠥᠳᠡᠯᠦᠯᠴᠡᠯ ᠢ ᠪᠦᠷᠢᠯᠳᠦᠭᠦᠯᠪᠡ᠃ ᠬᠤᠶᠠᠷ ᠲᠤ᠂ ᠭᠤᠮᠣᠳᠠᠯ ᠱᠠᠭᠠᠷᠳᠠᠯᠭ᠎ᠠ ᠪᠠᠨ ᠬᠠᠷᠢᠭᠤ ᠲᠤᠰᠬᠠᠬᠤ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ᠭᠠᠶᠢᠯᠢ ᠰᠦᠢᠳᠬᠡᠯ ᠤᠨ ᠬᠤᠯᠪᠣᠭᠳᠠᠯ ᠪᠦᠬᠦᠢ 1854 ᠵᠦᠢᠯ ᠤᠨ ᠰᠠᠨᠠᠯ ᠰᠠᠨᠠᠭᠤᠯᠭ᠎ᠠ ᠶᠢ ᠣᠯᠠᠨ ᠠᠷᠭ᠎ᠠ ᠮᠠᠶ᠋ᠢᠭ ᠢᠶᠠᠷ ᠬᠤᠷᠢᠶᠠᠨ | ᠴᠤᠭᠯᠠᠭᠤᠯᠵᠤ᠂ ︽1+9︾ ᠶᠢᠨ ︽ᠹᠧᠩ ᠴᠢᠶᠤᠤ ᠮᠠᠶ᠋ᠢᠭ︾ ᠤᠨ ᠭᠠᠶᠢᠯᠢ ᠭᠦᠢᠴᠡᠳᠬᠡᠬᠦ ᠲᠠᠯᠠᠪᠤᠷ ᠭᠠᠵᠠᠷ ᠢ ᠪᠠᠶᠢᠭᠤᠯᠵᠤ᠂ ᠣᠯᠠᠨ ᠲᠠᠰ ᠳᠠᠪᠬᠤᠷᠭ᠎ᠠ ᠶᠢᠨ | ᠭᠠᠶᠢᠯᠢ ᠰᠦᠢᠳᠬᠡᠯ ᠤᠨ ᠮᠠᠷᠭᠤᠯᠳᠤᠭᠠᠨ ᠤ ᠡᠶᠡᠳᠡᠭᠦᠯᠭᠡ ᠶᠢ 100 ᠬᠤᠪᠢ ᠪᠡᠶᠡᠯᠡᠭᠦᠯᠵᠦ᠂ ᠮᠤᠵᠢ᠂ ᠬᠤᠲᠠ᠂ ᠰᠢᠶᠠᠨ ᠭᠤᠷᠪᠠᠨ ᠱᠠᠲᠤ ᠶᠢ ᠨᠡᠪᠲᠡᠷᠡᠭᠦᠯᠦᠭᠰᠡᠨ | ᠡᠭᠦᠯᠡᠨ ᠳᠡᠭᠡᠷᠡᠬᠢ ᠡᠶᠡᠳᠡᠭᠦᠯᠭᠡ ᠶᠢᠨ ᠰᠢᠰᠲ᠋ᠧᠮ ᠢ ᠰᠢᠨ᠎ᠡ ᠪᠠᠷ ᠪᠠᠶᠢᠭᠤᠯᠪᠠ᠃ ᠭᠤᠷᠪᠠ ᠳᠤ᠂ ᠵᠠᠯᠠᠭᠤᠴᠤᠳ ᠤᠨ ᠡᠪᠯᠡᠯ ᠤᠨ ᠰᠠᠶᠢᠨ ᠳᠤᠷ᠎ᠠ ᠶᠢᠨ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ ᠵᠠᠯᠠᠭᠤ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠠᠷᠠᠳ ᠲᠤ ᠦᠢᠯᠡᠴᠢᠯᠡᠬᠦ ᠪᠣᠳᠠᠲᠤ ᠶᠠᠪᠤᠳᠠᠯ ᠢ ᠰᠠᠶᠢᠲᠤᠷ ᠬᠢᠪᠡ᠃ | ᠳᠡᠭᠡᠷᠡᠬᠢ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠬᠢᠴᠢᠶᠡᠩᠭᠦᠶᠢᠯᠡᠨ ᠬᠦᠰᠡᠵᠦ | ᠪᠠᠶᠢᠨ᠎ᠠ᠃ |