ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠢᠴᠢ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ 6 ᠰᠠᠯᠠᠭ᠎ᠠ ᠮᠥᠴᠢᠷ | ᠬᠠᠮᠲᠤᠷᠠᠨ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠨ ᠮᠠᠰᠢᠨ ᠲᠡᠷᠭᠡ ᠪᠠᠨ ᠰᠢᠨ᠎ᠡ ᠪᠠᠷ ᠰᠣᠯᠢᠬᠤ ᠲᠤᠬᠠᠢ ᠬᠡᠷᠡᠭᠵᠢᠭᠦᠯᠬᠦ | ᠨᠠᠷᠢᠨ ᠲᠥᠰᠥᠯ︾ ᠢ ᠳᠠᠷᠤᠮᠠᠯᠯᠠᠨ ᠲᠠᠷᠬᠠᠭᠠᠪᠠ᠃ | ︽ᠨᠠᠷᠢᠨ ᠲᠥᠰᠥᠯ︾ ᠳᠤ ᠲᠣᠳᠣᠷᠬᠠᠶᠢᠯᠠᠭᠰᠠᠨ ᠢᠶᠠᠷ᠂ 2024 ᠣᠨ ᠤ 4 ᠰᠠᠷ᠎ᠠ ᠶᠢᠨ 24 ᠠᠴᠠ 2024 ᠣᠨ ᠤ 12 ᠰᠠᠷ᠎ᠠ ᠶᠢᠨ 31 ᠤ ᠡᠳᠦᠷ | ᠪᠤᠯᠳᠠᠯ᠎ᠠ᠂ ᠬᠤᠪᠢ ᠬᠥᠮᠥᠨ ᠥᠪᠡᠷ ᠤᠨ ᠨᠡᠷ᠎ᠡ ᠳᠣᠣᠷᠠᠬᠢ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡ ᠶᠢᠨ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ | ᠠᠴᠠ ᠳᠣᠷᠣᠭᠰᠢᠬᠢ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠪᠤᠶᠤ 2018 ᠣᠨ ᠤ 4 ᠰᠠᠷ᠎ᠠ ᠶᠢᠨ 30 ᠤ ᠡᠳᠦᠷ ᠪᠤᠶᠤ ᠲᠡᠭᠦᠨ ᠠᠴᠠ | ᠡᠮᠦᠨ᠎ᠡ ᠳᠠᠩᠰᠠᠯᠠᠭᠤᠯᠤᠭᠰᠠᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠠᠨ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠰᠢᠨ᠎ᠡ ᠮᠠᠰᠢᠨ ᠲᠡᠷᠭᠡ ᠬᠤᠳᠠᠯᠳᠤᠨ ᠠᠪᠴᠤ᠂ ᠲᠤᠬᠠᠢ ᠶᠢᠨ ᠭᠠᠵᠠᠷ ᠤᠨ ᠮᠠᠰᠢᠨ ᠲᠡᠷᠭᠡ ᠶᠢ ᠨᠢᠭᠡᠳᠦᠯᠲᠡᠢ ᠪᠣᠷᠣᠯᠠᠭᠤᠯᠤᠭᠰᠠᠨ | ᠪᠠᠷᠢᠮᠲᠠ ᠭᠠᠷᠭᠠᠵᠤ ᠠᠪᠤᠭᠰᠠᠨ ᠪᠣᠯ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠡᠷᠡᠮᠡᠯᠵᠡᠵᠦ ᠪᠣᠯᠣᠨ᠎ᠠ᠃ ᠡᠭᠦᠨ ᠳᠤ ᠳᠡᠭᠡᠷ᠎ᠡ ᠳᠤᠷᠠᠳᠤᠭᠰᠠᠨ 2 ᠵᠦᠢᠯ ᠤᠨ | ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ︽ᠮᠠᠰᠢᠨ ᠲᠡᠷᠭᠡ ᠬᠤᠳᠠᠯᠳᠤᠨ | ᠠᠪᠤᠭᠰᠠᠨ ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠲᠦᠷᠦᠯ ᠤᠨ ᠭᠠᠷᠴᠠᠭ︾ ᠲᠠᠬᠢ ᠰᠢᠨ᠎ᠡ ᠡᠨᠧᠷᠭᠢ ᠶᠢᠨ ᠰᠠᠭᠤᠳᠠᠯ ᠤᠨ | ᠮᠠᠰᠢᠨ ᠲᠡᠷᠭᠡ ᠶᠢ ᠬᠤᠳᠠᠯᠳᠤᠨ ᠠᠪᠤᠪᠠᠯ ᠲᠡᠷᠭᠡ ᠪᠦᠷᠢ ᠳᠤ ᠬᠠᠮᠤᠭ ᠤᠨ ᠶᠡᠭᠡ ᠳᠡᠭᠡᠨ 2 ᠲᠦᠮᠡᠨ ᠲᠥᠭᠦᠷᠢᠭ ᠤᠨ ᠨᠥᠬᠦᠪᠦᠷᠢ ᠡᠷᠡᠮᠡᠯᠵᠡᠵᠦ ᠪᠤᠯᠤᠨ᠎ᠠ︔ ᠤᠯᠤᠰ | ᠤᠨ ᠭᠤᠷᠪᠠᠳᠤᠭᠠᠷ ᠱᠠᠲᠤᠨ ᠤ ᠮᠠᠰᠢᠨ ᠲᠡᠷᠭᠡ ᠶᠢᠨ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ | ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ 2 ᠯᠢᠲᠷ ᠤᠨ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ︵2 ᠯᠢᠲᠷ ᠤᠨ ᠬᠢ ᠶᠢ | ᠪᠠᠭᠲᠠᠭᠠᠨ᠎ᠠ︶ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠶᠢ ᠬᠤᠳᠠᠯᠳᠤᠨ ᠠᠪᠤᠪᠠᠯ ᠲᠡᠷᠭᠡ ᠪᠦᠷᠢ ᠳᠤ 1.5 ᠲᠦᠮᠡᠨ ᠲᠥᠭᠦᠷᠢᠭ ᠤᠨ ᠨᠥᠬᠦᠪᠦᠷᠢ | ᠡᠷᠡᠮᠡᠯᠵᠡᠵᠦ ᠪᠣᠯᠣᠨ᠎ᠠ᠃ 2024 ᠣᠨ ᠤ 4 ᠰᠠᠷ᠎ᠠ ᠶᠢᠨ 24 ᠤ ᠡᠳᠦᠷ ᠠᠴᠠ ᠲᠤᠰᠢᠶᠠᠭᠰᠠᠨ ᠨᠥᠬᠦᠴᠡᠯ ᠳᠤ ᠨᠡᠶᠢᠴᠡᠬᠦ ᠨᠥᠬᠦᠪᠦᠷᠢ ᠣᠯᠬᠤ ᠡᠷᠡᠮᠡᠯᠵᠡᠯ | ︵ᠨᠥᠬᠦᠪᠦᠷᠢ ᠶᠢ ᠨᠢ ᠨᠢᠭᠡᠨᠲᠡ ᠣᠯᠭᠤᠭᠰᠠᠨ ᠢ ᠪᠠᠭᠲᠠᠭᠠᠨ᠎ᠠ︶ ᠳᠤ ᠴᠥᠮ ᠲᠤᠰ ᠨᠠᠷᠢᠨ ᠲᠥᠰᠥᠯ ᠤᠨ ᠶᠣᠰᠣᠭᠠᠷ ᠨᠥᠬᠦᠪᠦᠷᠢ ᠣᠯᠭᠤᠨ᠎ᠠ᠃ ᠨᠥᠬᠦᠪᠦᠷᠢ ᠶᠢ ᠨᠢ | ᠨᠢᠭᠡᠨᠲᠡ ᠣᠯᠭᠤᠭᠰᠠᠨ ᠪᠣᠯ ᠵᠥᠷᠢᠭᠰᠡᠨ ᠬᠡᠰᠡᠭ ᠢ ᠨᠢ ᠨᠥᠬᠦᠵᠦ ᠣᠯᠭᠤᠨ᠎ᠠ᠃ ᠨᠥᠬᠦᠪᠦᠷᠢ ᠡᠷᠡᠮᠡᠯᠵᠡᠬᠦ ᠳᠤ ᠬᠡᠷᠡᠭᠯᠡᠭᠡᠨ ᠠᠴᠠ ᠭᠠᠷᠭᠠᠭᠰᠠᠨ ᠬᠠᠭᠤᠴᠢᠨ ᠮᠠᠰᠢᠨ | ᠲᠡᠷᠭᠡ ᠶᠢᠨ ᠡᠵᠡᠨ ᠪᠠ ᠰᠢᠨ᠎ᠡ ᠪᠠᠷ ᠬᠤᠳᠠᠯᠳᠤᠨ ᠠᠪᠤᠭᠰᠠᠨ ᠮᠠᠰᠢᠨ ᠲᠡᠷᠭᠡ ᠶᠢᠨ ᠡᠵᠡᠨ ᠨᠢ ᠨᠢᠭᠡ ᠯᠡ ᠬᠥᠮᠥᠨ ᠪᠠᠶᠢᠬᠤ ᠭᠡᠷᠡᠭᠳᠠᠢ︔ ᠬᠡᠷᠡᠭᠯᠡᠭᠡᠨ ᠠᠴᠠ | ᠭᠠᠷᠭᠠᠭᠰᠠᠨ ᠬᠠᠭᠤᠴᠢᠨ ᠮᠠᠰᠢᠨ ᠲᠡᠷᠭᠡ ᠨᠢ 2024 ᠣᠨ ᠤ 7 ᠰᠠᠷ᠎ᠠ ᠶᠢᠨ 25 ᠠᠴᠠ ᠡᠮᠦᠨ᠎ᠡ ᠲᠤᠰ ᠬᠥᠮᠥᠨ ᠤ ᠨᠡᠷ᠎ᠡ ᠳᠣᠣᠷ᠎ᠠ ᠪᠠᠶᠢᠭᠰᠠᠨ ᠪᠠᠶᠢᠬᠤ ᠬᠡᠷᠡᠭᠲᠡᠢ᠃ | | ︽ᠨᠠᠷᠢᠨ ᠲᠥᠰᠥᠯ︾ ᠳᠤ ᠪᠠᠰᠠ ᠮᠠᠰᠢᠨ ᠲᠡᠷᠭᠡ ᠪᠠᠨ ᠰᠣᠯᠢᠵᠤ ᠰᠢᠨᠡᠴᠢᠯᠡᠬᠦ ᠨᠥᠬᠦᠪᠦᠷᠢ ᠶᠢᠨ ᠲᠤᠬᠠᠢ ᠲᠦᠷᠦ ᠶᠢᠨ ᠪᠣᠳᠣᠯᠭ᠎ᠠ ᠲᠣᠭᠲᠠᠭᠠᠪᠠ᠃ ᠲᠤᠬᠠᠶᠢᠯᠠᠪᠠᠯ᠂ | ᠬᠤᠪᠢ ᠬᠥᠮᠥᠨ ᠲᠤᠰ ︽ᠨᠠᠷᠢᠨ ᠲᠥᠰᠥᠯ︾ ᠢ ᠨᠡᠶᠢᠲᠡᠯᠡᠭᠰᠡᠨ ᠴᠠᠭ ᠠᠴᠠ ᠡᠬᠢᠯᠡᠨ 2024 ᠣᠨ ᠤ 12 ᠰᠠᠷ᠎ᠠ ᠶᠢᠨ 31 ᠤ ᠡᠳᠦᠷ ᠪᠤᠯᠳᠠᠯ᠎ᠠ ᠬᠤᠪᠢ ᠬᠥᠮᠥᠨ | ᠤ ᠨᠡᠷ᠎ᠡ ᠳᠣᠣᠷᠠᠬᠢ ᠰᠢᠲᠠᠮᠠᠬᠠᠢ ᠲᠣᠰᠣ ᠬᠡᠷᠡᠭᠯᠡᠬᠦ ᠮᠠᠰᠢᠨ ᠲᠡᠷᠭᠡ ᠪᠤᠶᠤ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠠᠨ ᠪᠤᠰᠤᠳ ᠲᠤ ᠰᠢᠯᠵᠢᠭᠦᠯᠦᠨ | ᠥᠭᠬᠦ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨ᠎ᠡ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠴᠤ᠂ ᠲᠤᠬᠠᠢ ᠶᠢᠨ ᠭᠠᠵᠠᠷ | ᠤᠨ ᠮᠠᠰᠢᠨ ᠲᠡᠷᠭᠡ ᠶᠢ ᠨᠢᠭᠡᠳᠦᠯᠲᠡᠢ ᠪᠣᠷᠣᠯᠠᠭᠤᠯᠤᠭᠰᠠᠨ ᠪᠠᠷᠢᠮᠲᠠ ᠭᠠᠷᠭᠠᠵᠤ ᠠᠪᠤᠭᠰᠠᠨ ᠪᠥᠭᠡᠳ ᠲᠡᠷᠭᠡ ᠪᠠᠨ ᠳᠠᠩᠰᠠᠯᠠᠭᠤᠯᠤᠭᠰᠠᠨ ᠪᠣᠯ ᠨᠢᠭᠡ ᠯᠡ ᠤᠳᠠᠭ᠎ᠠ ᠶᠢᠨ | ᠴᠢᠨᠠᠷᠲᠠᠢ ᠨᠥᠬᠦᠪᠦᠷᠢ ᠡᠷᠡᠮᠡᠯᠵᠡᠵᠦ ᠪᠣᠯᠣᠨ᠎ᠠ᠃ ᠰᠢᠨ᠎ᠡ ᠠᠪᠤᠭᠰᠠᠨ ᠲᠡᠷᠭᠡ ᠨᠢ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠣᠯ ᠲᠡᠷᠭᠡ ᠬᠤᠳᠠᠯᠳᠤᠨ | ᠠᠪᠤᠭᠰᠠᠨ ᠪᠠᠷᠢᠮᠲᠠ ᠶᠣᠰᠣᠭᠠᠷ 5 ᠲᠦᠮᠡᠨ ᠲᠥᠭᠦᠷᠢᠭ ᠠᠴᠠ 10 ᠲᠦᠮᠡᠨ ᠲᠥᠭᠦᠷᠢᠭ ᠤᠨ ᠬᠤᠭᠤᠷᠤᠨᠳᠤᠭᠢ ᠲᠡᠷᠭᠡ ᠳᠤ 1. 4 ᠲᠦᠮᠡᠨ ᠲᠥᠭᠦᠷᠢᠭ ᠤᠨ | ᠨᠥᠬᠦᠪᠦᠷᠢ ᠣᠯᠭᠤᠵᠤ᠂ 10 ᠲᠦᠮᠡᠨ ᠲᠥᠭᠦᠷᠢᠭ ᠠᠴᠠ 20 ᠲᠦᠮᠡᠨ ᠲᠥᠭᠦᠷᠢᠭ ᠤᠨ ᠬᠤᠭᠤᠷᠤᠨᠳᠤᠭᠢ ᠲᠡᠷᠭᠡ ᠳᠤ 1.6 ᠲᠦᠮᠡᠨ ᠲᠥᠭᠦᠷᠢᠭ ᠤᠨ ᠨᠥᠬᠦᠪᠦᠷᠢ | ᠣᠯᠭᠤᠨ᠂ 20 ᠲᠦᠮᠡᠨ ᠲᠥᠭᠦᠷᠢᠭ ᠠᠴᠠ ᠳᠡᠭᠡᠭᠰᠢᠬᠢ ᠲᠡᠷᠭᠡ ᠳᠤ 1.8 ᠲᠦᠮᠡᠨ ᠲᠥᠭᠦᠷᠢᠭ ᠤᠨ ᠨᠥᠬᠦᠪᠦᠷᠢ ᠤᠯᠭᠤᠨ᠎ᠠ︔ ᠰᠢᠨ᠎ᠡ ᠠᠪᠤᠭᠰᠠᠨ ᠲᠡᠷᠭᠡ ᠨᠢ | ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠪᠣᠯ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠣᠰᠣᠭᠠᠷ 5 ᠲᠦᠮᠡᠨ ᠲᠥᠭᠦᠷᠢᠭ ᠠᠴᠠ 10 ᠲᠦᠮᠡᠨ | ᠲᠥᠭᠦᠷᠢᠭ ᠤᠨ ᠬᠤᠭᠤᠷᠤᠨᠳᠤᠭᠢ ᠲᠡᠷᠭᠡ ᠳᠤ 1.1 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ 10 ᠲᠦᠮᠡᠨ ᠲᠥᠭᠦᠷᠢᠭ ᠠᠴᠠ 20 ᠲᠦᠮᠡᠨ ᠲᠥᠭᠦᠷᠢᠭ | ᠤᠨ ᠬᠤᠭᠤᠷᠤᠨᠳᠤᠭᠢ ᠲᠡᠷᠭᠡ ᠳᠤ 1.3 ᠲᠦᠮᠡᠨ ᠲᠥᠭᠦᠷᠢᠭ ᠤᠨ ᠨᠥᠬᠦᠪᠦᠷᠢ ᠣᠯᠭᠤᠨ᠂ 20 ᠲᠦᠮᠡᠨ ᠲᠥᠭᠦᠷᠢᠭ ᠠᠴᠠ ᠳᠡᠭᠡᠭᠰᠢᠬᠢ ᠲᠡᠷᠭᠡ ᠳᠤ 1.5 ᠲᠦᠮᠡᠨ | ᠲᠥᠭᠦᠷᠢᠭ ᠤᠨ ᠨᠥᠬᠦᠪᠦᠷᠢ ᠣᠯᠭᠤᠨ᠎ᠠ᠃ ᠬᠠᠭᠤᠴᠢᠨ ᠮᠠᠰᠢᠨ ᠲᠡᠷᠭᠡ ᠪᠠᠨ ᠬᠡᠷᠡᠭᠯᠡᠭᠡᠨ ᠠᠴᠠ ᠭᠠᠷᠭᠠᠵᠤ ᠰᠢᠨ᠎ᠡ ᠲᠡᠷᠭᠡ ᠠᠪᠤᠭᠰᠠᠨ ᠨᠥᠬᠦᠪᠦᠷᠢ ᠣᠯᠣᠭᠰᠠᠨ ᠪᠣᠯ | ᠮᠠᠰᠢᠨ ᠲᠡᠷᠭᠡ ᠪᠠᠨ ᠰᠣᠯᠢᠵᠤ ᠰᠢᠨᠡᠴᠢᠯᠡᠬᠦ ᠨᠥᠬᠦᠪᠦᠷᠢ ᠶᠢ ᠳᠠᠪᠬᠤᠷᠳᠠᠭᠤᠯᠤᠨ ᠣᠯᠭᠤᠬᠤ ᠦᠭᠡᠢ ᠭᠡᠵᠦ ᠲᠣᠭᠲᠠᠭᠠᠪᠠ᠃ |