ᠮᠠᠨ ᠤ ᠬᠤᠲᠠ ᠶᠢᠨ ᠬᠢᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠮᠠᠯᠠᠯᠲᠠ ᠪᠠᠨ ᠪᠡᠶᠡᠯᠡᠭᠦᠯᠦᠭᠰᠡᠨ ᠪᠣᠳᠠᠲᠤ ᠦᠷ᠎ᠡ ᠪᠦᠲᠦᠮᠵᠢ
ᠨᠡᠶᠢᠲᠡᠯᠡᠭᠰᠡᠨ ᠴᠠᠭ᠄
2024/11/27
   ᠬᠤᠳᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ   ᠬᠤᠲᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠵᠢᠯ ᠤᠨ ᠡᠬᠢᠨ ᠤ ᠠᠮᠠᠯᠠᠯᠲᠠ ᠶᠢᠨ ᠢᠶᠠᠨ ᠶᠣᠰᠣᠭᠠᠷ᠂ ᠢᠲᠡᠭᠡᠮᠵᠢ ᠪᠠᠷ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠲᠥᠭᠦᠮ ᠦᠵᠡᠭᠦᠯᠭᠦ ᠪᠠᠷ ᠢᠲᠡᠭᠡᠮᠵᠢ ᠶᠢᠨ ᠥᠷᠲᠡᠭ ᠢ ᠭᠦᠢᠴᠡᠳ ᠪᠠᠳᠠᠷᠠᠭᠤᠯᠵᠤ᠂ ︽ᠦᠨᠡᠨᠴᠢ ᠢᠲᠡᠭᠡᠮᠵᠢᠲᠦ ᠲᠦᠩᠯᠢᠶᠣᠣ︾  ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ ᠬᠦᠴᠦᠯᠡᠨ ᠡᠭᠢᠭᠤᠯᠪᠡ᠃   ᠨᠠᠷᠡᠨ ᠬᠡᠷᠡᠯᠳᠦ ᠵᠠᠰᠠᠭ ᠤᠨ ᠶᠠᠪᠤᠳᠠᠯ ᠢ ᠠᠬᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠪᠡ᠃ 6 ᠳ᠋ᠤᠭᠠᠷ ᠰᠠᠷ᠎ᠠ ᠠᠴᠠ ᠡᠬᠢᠯᠡᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ︽ᠠᠷᠪᠠ ᠶᠢ ᠢᠯᠡ ᠨᠡᠶᠢᠲᠡᠯᠡᠬᠦ︾ ᠲᠣᠭᠲᠠᠴᠠ ᠶᠢ ᠬᠡᠷᠡᠭᠵᠢᠭᠦᠯᠵᠦ᠂ ᠨᠡᠶᠢᠲᠡ 10.15 ᠲᠦᠮᠡᠨ ᠵᠤᠷᠪᠤᠰ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠨᠡᠶᠢᠭᠡᠮ ᠤᠨ ᠵᠠᠰᠠᠯᠲᠠ ᠶᠢᠨ ᠬᠦᠷᠢᠶᠡᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢ ᠥᠷᠭᠡᠳᠬᠡᠪᠡ᠃ ᠢᠲᠡᠭᠡᠮᠵᠢ ᠪᠠᠷ ᠴᠢᠳᠠᠪᠬᠢ ᠣᠯᠭᠤᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠳᠤ ᠬᠦᠴᠦᠨ ᠨᠡᠮᠡᠷᠢᠯᠡᠪᠡ᠃ ︽ᠢᠲᠡᠭᠡᠮᠵᠢᠲᠦ ᠵᠢᠭᠡᠯᠡᠯᠭᠡ︾ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠳᠤ ᠦᠵᠡᠭᠦᠯᠭᠦ ᠳᠡᠮᠵᠢᠯᠭᠡ ᠶᠢᠨ ᠦᠢᠯᠡᠳᠦᠯ ᠢ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠳᠬᠦᠨ ᠢ ᠣᠯᠠᠨ ᠲᠠᠯ᠎ᠠ ᠠᠴᠠ ᠨᠡᠭᠡᠭᠡᠨ ᠬᠥᠭᠵᠢᠭᠦᠯᠪᠡ᠃ ᠣᠳᠣᠬᠠᠨ ᠪᠤᠯᠲᠠᠯ᠎ᠠ᠂ ᠨᠢᠭᠡᠨᠲᠡ 69 ᠪᠠᠩᠬᠢ ᠶᠢᠨ ᠪᠠᠶᠢᠭᠤᠯᠤᠮᠵᠢ᠂ 5.3 ᠲᠦᠮᠡᠨ ᠠᠵᠤ ᠠᠬᠤᠶᠢᠯᠠᠯ ︽ᠢᠲᠡᠭᠡᠮᠵᠢᠲᠦ ᠵᠢᠭᠡᠯᠡᠯᠭᠡ︾ ᠶᠢᠨ ᠲᠠᠪᠴᠠᠩ ᠳᠤ ᠣᠷᠣᠵᠤ ᠰᠠᠭᠤᠵᠤ᠂ ᠡᠨᠡ ᠵᠢᠯ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠨᠡᠶᠢᠲᠡ 15.17 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠷᠬᠠᠭᠠᠪᠠ᠃   ᠠᠵᠢᠯ ᠲᠦᠷᠦᠯ ᠤᠨ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ ᠵᠠᠰᠠᠯᠲᠠ ᠶᠢ ᠠᠬᠢᠭᠤᠯᠪᠠ᠃ ᠶᠠᠰᠤ ᠴᠢᠨᠠᠷ ᠪᠠ ᠨᠠᠷᠠᠲᠤ ᠲᠡᠮᠳᠡᠭ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠭᠠᠶᠢᠯᠢ ᠵᠡᠷᠭᠡ 17 ᠠᠵᠢᠯ ᠲᠥᠷᠥᠯ ᠤᠨ ᠬᠦᠷᠢᠶᠡᠨ ᠳᠤ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠵᠤ᠂ ᠪᠦᠭᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠰᠠᠨ 149 ᠨᠢᠭᠡᠴᠢ᠂ ᠪᠦᠲᠦᠭᠡᠨ ᠪᠠᠶᠢᠭᠤᠯᠵᠤ ᠪᠠᠶᠢᠭ᠎ᠠ 115 ᠲᠥᠷᠥᠯ ᠵᠦᠢᠯ᠂ 153 ᠠᠵᠤ ᠠᠬᠤᠶᠢᠯᠠᠯ᠂ 43881 ᠭᠠᠶᠢᠯᠢ ᠲᠤᠰᠢᠶᠠᠭᠴᠢ ᠳᠤ ᠲᠣᠰ ᠲᠣᠰ ᠢᠲᠡᠭᠡᠮᠵᠢ ᠶᠢᠨ ᠦᠨᠡᠯᠡᠯᠲᠡ ᠶᠠᠪᠤᠭᠤᠯᠬᠤ ᠶᠢᠨ ᠬᠠᠮᠲᠤ ᠰᠦᠯᠵᠢᠶᠡᠨ ᠳᠡᠭᠡᠷ᠎ᠡ ᠦᠨᠡᠯᠡᠭᠰᠡᠨ ᠦᠷ᠎ᠡ ᠳ᠋ᠦᠩ ᠢ ᠢᠯᠡ ᠨᠡᠶᠢᠲᠡᠯᠡᠪᠡ᠃ ᠭᠤᠣᠯᠳᠠᠯᠭ᠎ᠠ ᠲᠠᠢ ᠬᠦᠷᠢᠶᠡᠨ ᠳᠠᠬᠢ ᠢᠲᠡᠭᠡᠯ ᠠᠯᠳᠠᠭᠰᠠᠳ ᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠪᠡ᠃ ᠬᠤᠳᠠᠯᠳᠤᠭᠠᠨ ᠤ ᠮᠡᠬᠡᠯᠡᠯ᠂ ᠭᠡᠷ᠎ᠡ ᠠᠴᠠ ᠵᠥᠷᠢᠴᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ᠂ ᠬᠤᠳᠠᠯ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ᠂ ᠬᠤᠳᠠᠯ ᠬᠠᠭᠤᠷᠮᠠᠭ ᠵᠠᠷ ᠮᠡᠳᠡᠭᠡ ᠨᠡᠶᠢᠲᠡᠯᠡᠬᠦ ᠵᠡᠷᠭᠡ 8 ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠢᠲᠡᠭᠡᠯ ᠠᠯᠳᠠᠭᠰᠠᠳ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠠᠤᠯᠢ ᠪᠤᠰᠤ ᠪᠠᠷ ᠡᠵᠡᠩᠨᠡᠭᠰᠡᠨ 479 ᠲᠡᠷᠭᠡ ᠬᠥᠰᠬᠡ᠂ ᠲᠦᠷᠢᠶᠡᠰᠦᠨ ᠮᠠᠰᠢᠨ ᠲᠡᠷᠭᠡ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ 434 ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠡᠯ᠎ᠡ ᠲᠥᠷᠥᠯ ᠤᠨ ᠭᠦᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ 168 ᠭᠥᠯᠢᠶᠡᠨ ᠠᠪᠴᠤ ᠰᠢᠢᠳᠪᠦᠷᠢᠯᠡᠵᠦ᠂ 168 ᠬᠡᠷᠡᠭ ᠢ ᠳᠠᠭᠤᠰᠬᠠᠵᠤ᠂ ᠲᠤᠬᠠᠢ ᠶᠢᠨ ᠬᠥᠮᠥᠨ ᠳᠤ 375.56 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃ ᠡᠵᠡᠩᠨᠡᠯᠲᠡ ᠶᠢᠨ ᠪᠡᠶᠡᠴᠢ ᠴᠣᠭᠴᠠ ᠶᠢ 45194 ᠤᠳᠠᠭ᠎ᠠ ᠪᠠᠶᠢᠴᠠᠭᠠᠵᠤ᠂ 350 ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠠᠤᠯᠢ ᠶᠢ ᠵᠥᠷᠢᠴᠡᠭᠰᠡᠨ ᠵᠠᠷ ᠮᠡᠳᠡᠭᠡ ᠶᠢ 16 ᠬᠤᠪᠢ ᠪᠠᠶᠢᠴᠠᠭᠠᠨ ᠰᠢᠢᠳᠪᠦᠷᠢᠯᠡᠪᠡ᠃   ᠢᠲᠡᠭᠡᠮᠵᠢ ᠶᠢ ᠰᠠᠬᠢᠵᠤ ᠤᠷᠮᠠᠰᠢᠭᠤᠯᠤᠨ ᠵᠣᠷᠢᠭᠵᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠵᠢᠯ ᠢ ᠥᠷᠨᠢᠭᠦᠯᠪᠡ᠃ 2024 ᠣᠨ ᠳᠤ᠂ ᠦᠨᠡᠨᠴᠢ ᠢᠲᠡᠭᠡᠮᠵᠢ ᠶᠢᠨ ᠪᠠᠷᠢᠮᠵᠢᠶ᠎ᠠ ᠳᠤ ᠭᠦᠷᠦᠭᠰᠡᠨ ᠠᠵᠤ ᠠᠬᠤᠶᠢᠯᠠᠯ 16292 ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.23% ᠪᠠᠷ ᠨᠡᠮᠡᠭᠳᠡᠪᠡ᠃ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠭᠦ ᠠᠵᠤ ᠠᠬᠤᠶᠢᠯᠠᠯ 160 ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 255.56% ᠪᠠᠷ ᠨᠡᠮᠡᠭᠳᠡᠪᠡ᠃ ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯᠲᠤ ᠠᠵᠤ ᠠᠬᠤᠶᠢᠯᠠᠯ 6 ᠳᠤ ᠬᠦᠷᠴᠦ᠂ ᠲᠤᠭ᠎ᠠ ᠬᠡᠮᠵᠢᠶ᠎ᠡ ᠨᠢ ᠪᠦᠭᠦ ᠣᠷᠣᠨ ᠳᠤ ᠬᠤᠶᠠᠳᠤᠭᠠᠷ ᠲᠤ ᠣᠷᠣᠪᠠ᠃ 2024 ᠣᠨ ᠳᠤ᠂ ᠢᠲᠡᠭᠡᠯ ᠠᠯᠳᠠᠭᠰᠠᠨ ︽ᠨᠡᠷ᠎ᠡ ᠶᠢᠨ ᠬᠠᠷ᠎ᠠ ᠲᠠᠩᠰᠠ︾ ᠳᠤ ᠵᠢᠭᠰᠠᠭᠠᠭᠳᠠᠭᠰᠠᠨ ᠠᠵᠤ ᠠᠬᠤᠶᠢᠯᠠᠯ 744 ᠪᠠᠶᠢᠵᠤ᠂ ᠬᠤᠳᠠ ᠶᠢᠨ ᠬᠤᠶᠠᠷ ᠱᠠᠲᠤᠨ ᠤ ᠰᠢᠭᠦᠬᠦ ᠬᠤᠷᠢᠶ᠎ᠠ ᠥᠨᠳᠥᠷ ᠬᠡᠷᠡᠭᠯᠡᠭᠡ ᠶᠢ 7539 ᠬᠥᠮᠥᠨ ᠤᠳᠠᠭ᠎ᠠ ᠬᠢᠵᠠᠭᠠᠷᠯᠠᠵᠤ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ 1533 ᠬᠥᠮᠥᠨ ᠤᠳᠠᠭ᠎ᠠ ᠨᠡᠶᠢᠲᠡᠯᠡᠪᠡ᠃   ᠠᠷᠠᠳ ᠲᠤ ᠲᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ᠪᠦᠭᠦ ᠣᠷᠣᠨ ᠳᠤ ᠠᠩᠬᠠᠳᠠᠭᠴᠢ ︽ᠢᠲᠡᠭᠡᠮᠵᠢ ᠶᠢᠨ ᠰᠡᠷᠭᠦᠭᠡᠯᠲᠡ ᠶᠢᠨ ᠤᠷᠢᠳᠴᠢᠯᠠᠭᠰᠠᠨ ᠦᠢᠯᠡᠴᠢᠯᠡᠭᠡ︾ ᠶᠢᠨ ᠲᠣᠭᠲᠠᠴᠠ ᠶᠢ ᠡᠭᠦᠳᠴᠦ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠢᠲᠡᠭᠡᠮᠵᠢ ᠶᠢᠨ ᠰᠡᠷᠭᠦᠭᠡᠯᠲᠡ ᠬᠢᠬᠦ ᠠᠵᠢᠯᠯᠠᠭ᠎ᠠ ᠥᠷᠨᠢᠭᠦᠯᠪᠡ᠃ ᠵᠢᠯ ᠤᠨ ᠡᠬᠢᠨ ᠠᠴᠠ ᠨᠠᠭᠠᠰᠢ᠂ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠶᠢ ᠨᠡᠶᠢᠲᠡ 194 ᠵᠤᠷᠪᠤᠰ ᠰᠡᠷᠭᠦᠭᠡᠵᠦ᠂ ᠢᠲᠡᠭᠡᠮᠵᠢ ᠶᠢ ᠰᠡᠷᠭᠦᠭᠡᠬᠦ ᠠᠩᠬᠠᠨ ᠤ ᠬᠢᠨᠠᠯᠲᠠ ᠶᠢ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠭᠠᠳ ᠨᠢᠭᠡ ᠠᠵᠢᠯᠯᠠᠬᠤ ᠡᠳᠦᠷ ᠪᠣᠯᠭᠠᠪᠠ᠃ ᠦᠨᠡᠨᠴᠢ ᠢᠲᠡᠭᠡᠮᠵᠢ ᠶᠢᠨ ᠰᠣᠶᠣᠯ ᠢ ᠶᠡᠭᠡ ᠬᠦᠴᠦᠨ ᠢᠶᠠᠷ ᠤᠬᠠᠭᠤᠯᠪᠠ᠃ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ︽ᠠᠷᠪᠠ ᠳᠤ ᠣᠷᠣᠭᠤᠯᠬᠤ︾ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃   ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ   ᠬᠤᠳᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠢᠯ ᠤᠨ ᠡᠬᠢᠨ ᠤ ᠠᠮᠠᠯᠠᠯᠲᠠ ᠪᠠᠨ ᠳᠣᠣᠷᠠᠬᠢ ᠮᠡᠲᠦ ᠪᠡᠶᠡᠯᠡᠭᠦᠯᠪᠡ᠃   ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠰᠢᠨ᠎ᠡ ᠶᠢ ᠡᠭᠦᠳᠬᠦ ᠪᠣᠭᠤᠮᠲᠠ ᠰᠢᠪᠲᠤᠯᠬᠤ ᠣᠨ ᠤ ᠠᠵᠢᠯᠯᠠᠭ᠎ᠠ ᠶᠢᠨ ᠲᠥᠰᠥᠯ ᠢ ᠲᠣᠭᠲᠠᠭᠠᠨ ᠬᠡᠷᠡᠭᠵᠢᠭᠦᠯᠵᠦ᠂ 370 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠭᠦᠨ ᠢ ᠪᠡᠶᠡᠯᠡᠭᠦᠯᠪᠡ᠃ ᠪᠦᠭᠦ ᠬᠤᠳᠠ ᠳᠤ ᠥᠪᠡᠷᠲᠡᠭᠡᠨ ᠵᠠᠰᠠᠬᠤ ᠣᠷᠣᠨ ᠤ ᠲᠡᠰ ᠠᠴᠠ ᠳᠡᠭᠡᠭᠰᠢᠬᠢ ᠰᠢᠨ᠎ᠡ ᠶᠢ ᠡᠭᠦᠳᠬᠦ 118 ᠵᠦᠢᠯ ᠤᠨ ᠭᠢᠯᠠᠰ ᠴᠡᠭ ᠢ ᠪᠣᠶᠢᠵᠢᠭᠤᠯᠪᠠ᠃ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠢᠨᠠᠨ ᠬᠡᠮᠵᠢᠬᠦ ᠴᠡᠭ ᠢ 100 ᠪᠠᠶᠢᠭᠤᠯᠪᠠ᠃ ᠪᠦᠭᠦ ᠣᠷᠣᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠶᠢᠨ ᠲᠠᠯᠠᠪᠤᠷ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ 8 ᠨᠡᠶᠢᠲᠡᠯᠢᠭ ᠦᠵᠡᠭᠦᠯᠭᠡ ᠶᠢᠨ ᠴᠡᠭ ᠢ ᠡᠭᠦᠳᠪᠡ᠃   ᠲᠦᠷᠦᠭᠦᠯᠡᠨ ᠭᠦᠢᠴᠡᠳᠬᠡᠬᠦ ᠡᠭᠦᠷᠭᠡ ᠶᠢ ᠪᠦᠭᠦᠨ ᠢ ᠴᠢᠨᠠᠷ ᠰᠠᠶᠢᠲᠠᠢ ᠪᠡᠶᠡᠯᠡᠭᠦᠯᠪᠡ᠃ ᠣᠳᠣᠬᠠᠨ ᠪᠤᠯᠲᠠᠯ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ᠂ ᠢᠨᠵᠧᠨᠧᠷᠢᠩ ᠤᠨ ᠲᠥᠷᠥᠯ ᠵᠦᠢᠯ ᠢ ᠮᠡᠳᠡᠭᠦᠯᠦᠨ ᠪᠠᠶᠢᠭᠤᠯᠵᠤ ᠬᠢᠨᠠᠨ ᠵᠥᠪᠰᠢᠶᠡᠷᠡᠬᠦ 3 ᠵᠦᠢᠯ ᠤᠨ ᠭᠦᠢᠴᠡᠳᠬᠡᠯ ᠲᠤᠭ᠎ᠠ ᠶᠢᠨ 97 ᠵᠦᠢᠯ ᠤᠨ ᠡᠭᠦᠷᠭᠡ ᠶᠢ ᠪᠦᠭᠦᠨ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠬᠠᠷᠢᠭᠤ ᠲᠤᠰᠬᠠᠭᠰᠠᠨ 31 ᠵᠦᠢᠯ ᠤᠨ ᠠᠰᠠᠭᠤᠳᠠᠯ ᠢ ᠪᠦᠭᠦᠨ ᠢ ᠰᠢᠢᠳᠪᠦᠷᠢᠯᠡᠪᠡ᠃ ᠰᠢᠨ᠎ᠡ ᠶᠢ ᠡᠭᠦᠳᠬᠦ 19 ᠭᠢᠯᠠᠰ ᠴᠡᠭ ᠢ ᠪᠣᠶᠢᠵᠢᠭᠤᠯᠵᠤ᠂ ᠡᠭᠦᠨ ᠳᠤ ᠤᠯᠤᠰ ᠤᠨ ᠲᠠᠰ ᠤᠨ ᠲᠦᠷᠦᠯ ᠵᠦᠢᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠦᠷᠦᠯ ᠵᠦᠢᠯ 18 ᠪᠠᠶᠢᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠬᠠᠷᠠᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠪᠡ᠃   ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠰᠢᠨ᠎ᠡ ᠰᠢᠪᠲᠤᠯᠤᠯᠲᠠ ᠲᠠᠢ ᠪᠣᠯᠪᠠ᠃ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠢ ᠨᠡᠭᠡᠭᠡᠵᠦ᠂ ᠠᠵᠤ ᠠᠬᠤᠶᠢᠯᠠᠯ ᠨᠡᠭᠡᠭᠡᠨ ᠡᠷᠭᠢᠯᠡᠭᠦ ᠳᠤ ︽ᠡᠭᠦᠯᠡᠨ ᠳᠡᠭᠡᠷ᠎ᠡ ᠭᠦᠢᠴᠡᠳᠬᠡᠬᠦ᠂ ᠳᠠᠷᠤᠢ ᠳᠤᠨᠢ ᠭᠦᠢᠴᠡᠳᠬᠡᠬᠦ᠂ ᠥᠪᠡᠷ ᠤᠨ ᠥᠷᠲᠡᠭ ᠦᠭᠡᠢ︾ ᠪᠠᠶᠢᠬᠤ ᠶᠢ ᠪᠡᠶᠡᠯᠡᠭᠦᠯᠪᠡ᠃ ︽ᠨᠢᠭᠡ ᠠᠵᠢᠯ ᠲᠦᠷᠦᠯ ᠳᠤ ᠨᠢᠭᠡ ᠦᠨᠡᠮᠯᠡᠯ︾ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠭᠡᠳᠦ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ 15 ᠠᠵᠢᠯ ᠲᠦᠷᠦᠯ ᠳᠤ ︽ᠨᠢᠭᠡ ᠦᠨᠡᠮᠯᠡᠯ ᠢᠶᠠᠷ ᠡᠵᠡᠩᠨᠡᠬᠦ ᠶᠢ ᠵᠥᠪᠰᠢᠶᠡᠷᠡᠬᠦ︾ ᠶᠢ ᠪᠡᠶᠡᠯᠡᠭᠦᠯᠪᠡ᠃ ᠢᠨᠵᠧᠨᠧᠷᠢᠩ ᠤᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠱᠠᠲᠤᠴᠢ ᠴᠢᠨᠠᠷᠲᠠᠢ ᠪᠠᠷ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠶᠢ ᠬᠡᠷᠡᠭᠵᠢᠭᠦᠯᠵᠦ᠂ ᠨᠢᠭᠡ ᠦᠷᠳᠡᠭᠡᠴᠢᠯᠡᠭᠰᠡᠨ ᠦᠢᠯᠡᠴᠢᠯᠡᠭᠡ ᠬᠠᠩᠭᠠᠪᠠ᠃ ᠲᠣᠭᠠᠴᠢᠯᠠᠭᠰᠠᠨ ᠰᠢᠰᠲ᠋ᠧᠮ ᠤᠨ ᠬᠡᠷᠡᠭᠯᠡᠯᠲᠡ ᠶᠢ ᠰᠤᠳᠤᠯᠤᠨ ᠨᠡᠭᠡᠭᠡᠵᠦ᠂ ᠥᠨᠳᠥᠷ ᠳᠠᠪᠲᠠᠮᠵᠢᠲᠤ ᠵᠦᠢᠯᠡᠰ ᠲᠤ ︽ᠴᠠᠭᠠᠰᠤ ᠬᠡᠷᠡᠭᠯᠡᠬᠦ ᠦᠭᠡᠢ ᠪᠠᠷ ᠮᠡᠳᠡᠭᠦᠯᠬᠦ︾᠂ ︽ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠬᠦ︾ ᠶᠢ ᠪᠡᠶᠡᠯᠡᠭᠦᠯᠪᠡ᠃   ᠠᠵᠤ ᠠᠬᠤᠶᠢᠯᠠᠯ ᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠪᠦᠭᠦ ᠬᠤᠲᠠ ᠶᠢᠨ ᠠᠷᠠᠳ ᠲᠤ ᠲᠥᠭᠦᠮ ᠦᠵᠡᠭᠦᠯᠭᠦ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ 36.5 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠴᠥᠮ 95% ᠠᠴᠠ ᠳᠡᠭᠡᠭᠰᠢ ᠳᠤ ᠬᠦᠷᠴᠦ᠂ ᠪᠦᠭᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠪᠦᠭᠦ ᠣᠷᠣᠨ ᠳᠤ ᠲᠦᠷᠦᠭᠦᠯᠡᠨ ︽ᠲᠦᠩᠯᠢᠶᠣᠣ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤᠨ ᠤ ᠳᠦᠷᠢᠮ︾ ᠢ ᠨᠡᠶᠢᠲᠡᠯᠡᠵᠦ᠂ ᠣᠶᠤᠨᠴᠢ ᠪᠠᠷ ᠬᠠᠭᠤᠳᠠᠰᠤ ᠲᠣᠮᠢᠯᠠᠬᠤ᠂ ︽ᠨᠢᠭᠡ ᠬᠠᠭᠤᠳᠠᠰᠤ ᠶᠢ ᠡᠴᠦᠰ ᠲᠤᠨᠢ ᠲᠤᠯᠲᠠᠯ᠎ᠠ ᠬᠡᠷᠡᠭᠵᠢᠭᠦᠯᠬᠦ︾ ᠴᠢᠳᠠᠮᠵᠢ ᠶᠢ ᠰᠤᠳᠤᠯᠤᠨ ᠨᠡᠭᠡᠭᠡᠪᠡ᠃ ︽ᠰᠡᠳᠬᠢᠯ ᠢ ᠳᠤᠯᠠᠭᠠᠯᠠᠬᠤ︾ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤ ᠶᠢ ᠨᠡᠭᠡᠭᠡᠵᠦ᠂ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ 12345 ᠬᠠᠯᠠᠮᠰᠢᠯ ᠤᠲᠠᠰᠤᠨ ᠳᠤ ᠲᠡᠷᠭᠡ ᠰᠢᠯᠵᠢᠭᠦᠯᠬᠦ᠂ ᠡ᠊ᠨᠳᠡᠯ ᠤᠨ ᠬᠤᠬᠢᠷᠠᠯ ᠢ ᠲᠣᠭᠲᠠᠭᠠᠨ ᠲᠦᠷᠭᠡᠨ ᠰᠢᠢᠳᠪᠦᠷᠢᠯᠡᠬᠦ ᠦᠢᠯᠡᠴᠢᠯᠡᠭᠡ ᠶᠢ ᠨᠡᠮᠡᠵᠦ᠂ ᠭᠦᠢᠴᠡᠳᠬᠡᠭᠰᠡᠨ ᠵᠦᠢᠯᠡᠰ ᠤᠨ ᠬᠡᠮᠵᠢᠶ᠎ᠡ ᠨᠢ 5 ᠲᠦᠮᠡᠨ ᠬᠤᠪᠢ ᠳᠤ ᠭᠦᠷᠪᠡ᠃   ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠪᠠ᠃ ᠨᠢᠭᠡ ᠳᠤ᠂ ︽ᠲᠥᠪᠯᠡᠷᠡᠭᠦᠯᠦᠨ ᠭᠦᠢᠴᠡᠳᠬᠡᠪᠡ︾᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ 13 ︽ᠨᠢᠭᠡ ᠶᠠᠪᠤᠳᠠᠯ︾᠂ ᠥᠪᠡᠷᠲᠡᠭᠡᠨ ᠵᠠᠰᠠᠬᠤ ᠣᠷᠣᠨ ᠤ 3 ︽ᠨᠢᠭᠡ ᠶᠠᠪᠤᠳᠠᠯ︾ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠪᠣᠬᠢᠷᠳᠤᠯ ᠦᠭᠡᠢ ᠰᠠᠭᠠᠭ︾ ᠵᠡᠷᠭᠡ 12 ᠲᠤᠬᠠᠢ ᠶᠢᠨ ᠭᠠᠵᠠᠷ ᠤᠨ ᠣᠨᠴᠠᠯᠢᠭ ᠲᠠᠢ ︽ᠨᠢᠭᠡ ᠶᠠᠪᠤᠳᠠᠯ︾ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠭᠦᠢᠴᠡᠳᠬᠡᠬᠦ ᠴᠠᠭ ᠤᠨ ᠬᠢᠵᠠᠭᠠᠷ ᠢ 48.7% ᠪᠠᠷ ᠪᠠᠭᠠᠰᠬᠠᠪᠠ᠃ ︽ᠪᠦᠭᠦ ᠤᠯᠤᠰ ᠤᠨ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠬᠤᠯᠪᠤᠭ᠎ᠠ︾᠂ ︽ᠠᠯᠠᠰᠢᠨ ᠦᠬᠡᠷ ᠤᠨ ᠨᠢᠭᠡ ᠬᠡᠯᠬᠢᠶᠡᠵᠢᠭᠰᠡᠨ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠬᠤᠯᠪᠤᠭ᠎ᠠ︾ ᠳᠤ ᠣᠷᠣᠯᠴᠠᠪᠠ᠃ ᠬᠤᠶᠠᠷ ᠲᠤ᠂ ︽ᠣᠶᠤᠨᠴᠢ  ᠪᠠᠷ ᠭᠦᠢᠴᠡᠳᠬᠡᠪᠡ︾᠃ 1.2 ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠭᠦᠨ ᠢ ᠰᠦᠯᠵᠢᠶᠡᠨ ᠳᠤ ᠣᠷᠣᠭᠤᠯᠵᠤ᠂ 1101 ᠵᠦᠢᠯᠡᠰ ᠤᠨ ᠪᠦᠭᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠵᠦ᠂ 985 ᠥᠨᠳᠥᠷ ᠳᠠᠪᠲᠠᠮᠵᠢᠲᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠪᠡᠶᠡᠯᠡᠭᠦᠯᠪᠡ᠃ ᠭᠡᠷᠡᠴᠢᠯᠡᠯ ᠦᠭᠡᠢ ᠬᠤᠳᠠ᠂ ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠡᠭᠦᠳᠡᠨ ᠫᠠᠶᠢᠰᠠ ᠵᠡᠷᠭᠡ 6 ᠶᠡᠭᠡ ᠲᠦᠷᠦᠯ ᠤᠨ 22 ᠲᠠᠪᠴᠠᠩ ᠤᠨ ᠰᠢᠰᠲ᠋ᠧᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠦᠭᠦ ᠴᠠᠭ ᠤᠨ ᠰᠢᠭᠤᠳ ᠨᠡᠪᠲᠡᠷᠡᠭᠦᠯᠭᠡ ᠪᠠᠷ ᠭᠦᠢᠴᠡᠳᠬᠡᠬᠦ︾᠂ AI ᠰᠢᠭᠤᠳ ᠨᠡᠪᠲᠡᠷᠡᠭᠦᠯᠭᠡ ᠪᠠᠷ ᠭᠦᠢᠴᠡᠳᠬᠡᠬᠦ ᠦᠢᠯᠡᠴᠢᠯᠡᠭᠡ ᠬᠠᠩᠭᠠᠵᠤ᠂ 1.8 ᠲᠦᠮᠡᠨ ᠠᠰᠠᠭᠤᠳᠠᠯ ᠢ ᠰᠢᠢᠳᠪᠦᠷᠢᠯᠡᠵᠦ᠂ 1572 ᠬᠡᠷᠡᠭ ᠶᠠᠪᠤᠳᠠᠯ ᠢ ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠪᠡ᠃ ᠭᠤᠷᠪᠠ ᠳᠤ᠂ ︽ᠣᠶᠢᠷ᠎ᠠ ᠬᠠᠪᠢ ᠳᠤᠨᠢ ᠭᠦᠢᠴᠡᠳᠬᠡᠪᠡ︾᠃ 9 ᠬᠡᠪ ᠳᠠᠭᠤᠷᠢᠶᠠᠯᠲᠤ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠲᠥᠪ ᠪᠠ 4 ᠪᠠᠷᠢᠮᠵᠢᠶᠠᠵᠢᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ +︾ ᠶᠢᠨ ᠰᠢᠨ᠎ᠡ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢ ᠭᠦᠨᠵᠡᠭᠡᠶᠢᠷᠡᠭᠦᠯᠵᠦ᠂ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢᠨ ᠲᠣᠣᠷ ᠴᠡᠭ ᠢ 172 ᠪᠠᠶᠢᠭᠤᠯᠵᠤ᠂ 367 ᠥᠨᠳᠥᠷ ᠳᠠᠪᠲᠠᠮᠵᠢᠲᠤ ᠵᠦᠢᠯᠡᠰ ᠢ ᠣᠶᠢᠷ᠎ᠠ ᠬᠠᠪᠢ ᠳᠤᠨᠢ ᠭᠦᠢᠴᠡᠳᠬᠡᠬᠦ ᠶᠢ ᠪᠡᠶᠡᠯᠡᠭᠦᠯᠪᠡ᠃   ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ   ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠵᠢᠯ ᠤᠨ ᠡᠬᠢᠨ ᠤ ᠠᠮᠠᠯᠠᠯᠲᠠ ᠶᠢᠨ ᠵᠦᠢᠯᠡᠰ ᠢᠶᠠᠨ ᠳᠣᠣᠷᠠᠬᠢ ᠮᠡᠲᠦ ᠦᠢᠯᠡᠳᠦᠯᠭᠡᠵᠢᠭᠦᠯᠪᠡ᠄   ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠳᠦᠮᠵᠢ ᠶᠢ ᠨᠡᠮᠡᠭᠳᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠵᠤ᠂ ᠣᠳᠣᠬᠠᠨ ᠳᠤ ᠰᠢᠶᠠᠩ ᠪᠠᠯᠭᠠᠰᠤ ᠶᠢᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠢ 22᠂ ᠭᠠᠴᠠᠭ᠎ᠠ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 478᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ 41 ᠥᠭᠡᠷᠡᠴᠢᠯᠡᠨ ᠪᠠᠶᠢᠭᠤᠯᠪᠠ᠃ ᠨᠠᠰᠤᠵᠢᠯ ᠤᠨ ᠠᠰᠠᠷᠠᠮᠵᠢ ᠭᠡᠷ ᠤᠨ ᠶᠠᠪᠤᠳᠠᠯ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ︽ᠭᠡᠷ ᠤᠨ ᠶᠠᠪᠤᠳᠠᠯ + ᠨᠠᠰᠤᠵᠢᠯ ᠤᠨ ᠠᠰᠠᠷᠠᠮᠵᠢ + ᠨᠡᠶᠢᠭᠡᠮ ᠲᠣᠭᠤᠷᠢᠭ︾ ᠤᠨ ᠵᠠᠭᠪᠤᠷ ᠢ ᠬᠠᠶᠢᠨ ᠰᠦᠪᠡᠭᠴᠢᠯᠡᠵᠦ᠂ ᠨᠠᠰᠤᠵᠢᠯ ᠤᠨ ᠠᠰᠠᠷᠠᠮᠵᠢ  ᠶᠢᠨ ᠭᠡᠷ ᠤᠨ ᠶᠠᠪᠤᠳᠠᠯ ᠤᠨ ᠬᠦᠷᠢᠶᠡᠨ ᠳᠠᠬᠢ 3 ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠵᠤ᠂ ᠭᠡᠷ ᠤᠨ ᠶᠠᠪᠤᠳᠠᠯ ᠤᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠣᠣᠷ ᠴᠡᠭ ᠢ 19 ᠡᠭᠦᠳᠦᠨ ᠪᠠᠶᠢᠭᠤᠯᠬᠤ ᠶᠢᠨ ᠬᠠᠮᠲᠤ᠂ 1000 ᠣᠨᠴᠠ ᠬᠦᠴᠢᠷᠳᠡᠯᠲᠡᠢ ᠨᠠᠰᠤᠲᠠᠶᠢᠴᠤᠳ ᠤᠨ ᠨᠠᠰᠤᠵᠢᠯ ᠤᠨ ᠭᠡᠷ ᠪᠦᠯᠢ  ᠶᠢᠨ ᠦᠢᠯᠡᠴᠢᠯᠡᠭᠡ ᠳᠤ ᠲᠣᠬᠢᠷᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠳᠡᠭᠡᠷᠡᠬᠢ ᠡᠭᠦᠷᠭᠡ ᠶᠢ ᠪᠡᠶᠡᠯᠡᠭᠦᠯᠦᠭᠰᠡᠨ ᠨᠣᠷᠮ᠎ᠠ ᠨᠢ ᠴᠥᠮ 100% ᠳᠤ ᠭᠦᠷᠪᠡ᠃   ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢᠨ ᠠᠵᠢᠯ ᠤᠨ ᠲᠡᠰ ᠳᠡᠪᠰᠢᠬᠦ ᠶᠢ ᠠᠬᠢᠭᠤᠯᠪᠠ᠃ ᠣᠳᠣᠬᠠᠨ ᠳᠤ ᠪᠦᠭᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠷᠣ ᠶᠢᠨ ᠶᠡᠷᠦᠩᠬᠡᠢ ᠲᠤᠭ᠎ᠠ 5475  ᠳᠤ ᠬᠦᠷᠴᠦ᠂ ᠡᠭᠦᠨ ᠳᠤ ᠰᠤᠪᠢᠯᠠᠯᠲᠠ ᠶᠢᠨ ᠭᠡᠯᠪᠡᠷᠢ ᠶᠢᠨ ᠣᠷᠣ ᠶᠢᠨ ᠲᠤᠭ᠎ᠠ 4000 ᠳᠤ ᠬᠦᠷᠴᠦ᠂ 68.42% ᠢ ᠡᠵᠡᠯᠡᠪᠡ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠳᠣᠲᠣᠭᠠᠳᠤ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠣᠬᠢᠷᠠᠭᠤᠯᠬᠤ ᠶᠢ ᠵᠣᠷᠢᠭᠵᠢᠭᠤᠯᠵᠤ᠂ ᠳᠣᠲᠣᠭᠠᠳᠤ ᠳᠠᠭᠠᠨ ᠲᠣᠬᠢᠷᠠᠭᠤᠯᠤᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠬᠡᠪᠴᠢᠶᠡᠨ ᠳᠤ ᠣᠷᠣᠭᠤᠯᠪᠠ᠃ ᠪᠦᠭᠦ ᠬᠤᠳᠠ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ 91 ᠪᠠᠶᠢᠵᠤ᠂ ᠡᠭᠦᠨ ᠳᠤ ᠬᠢᠲᠠᠳ ᠡᠮᠨᠡᠯᠭᠡ ᠶᠢᠨ ᠠᠰᠠᠷᠠᠮᠵᠢ ᠶᠢ ᠤᠶᠠᠯᠳᠤᠭᠤᠯᠤᠭᠰᠠᠨ ᠪᠠᠶᠢᠭᠤᠯᠤᠮᠵᠢ 20 ᠪᠠᠶᠢᠵᠤ᠂ ᠦᠯᠡᠳᠡᠭᠰᠡᠨ 71 ᠨᠢ ᠴᠥᠮ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠭᠡᠷ᠎ᠡ ᠲᠣᠭᠲᠠᠨ ᠬᠠᠮᠲᠤᠷᠠᠯᠴᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠪᠦᠷᠬᠦᠴᠡ ᠶᠢᠨ ᠨᠤᠷᠮ᠎ᠠ 100% ᠳᠤ ᠭᠦᠷᠪᠡ᠃   ᠣᠶᠤᠨᠴᠢ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠵᠤ᠂ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠴᠢᠳᠠᠪᠤᠷᠢ ᠶᠢ ᠥᠷᠭᠡᠳᠬᠡᠪᠡ᠃ ᠣᠳᠣᠬᠠᠨ ᠳᠤ ᠪᠦᠭᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠬᠠᠷᠠᠭᠠᠨ ᠳᠠᠪᠲᠠᠮᠵᠢ ᠶᠢᠨ ᠲᠥᠬᠦᠭᠡᠷᠦᠮᠵᠢ ᠶᠢ ᠵᠠᠯᠭᠠᠨ ᠣᠷᠣᠭᠤᠯᠤᠭᠰᠠᠨ ᠨᠣᠷᠮ᠎ᠠ 100% ᠳᠤ ᠬᠦᠷᠴᠦ᠂ ᠨᠠᠰᠤᠲᠠᠶᠢᠴᠤᠳ ᠤᠨ ᠮᠡᠳᠡᠭᠡ ᠵᠠᠩᠭᠢ ᠶᠢ ᠨᠡᠶᠢᠲᠡ 62 ᠲᠦᠮᠡᠨ ᠵᠤᠷᠪᠤᠰ ᠰᠢᠨᠡᠳᠬᠡᠨ ᠣᠷᠣᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠵᠠᠬ᠎ᠠ ᠳᠡᠯᠭᠡᠭᠦᠷᠴᠢᠯᠡᠭᠰᠡᠨ ᠮᠡᠳᠡᠭᠡ ᠵᠠᠩᠭᠢ ᠶᠢ ︽ᠨᠢᠭᠡ ᠴᠣᠭᠴᠠᠵᠢᠭᠤᠯᠤᠨ ᠠᠭᠤᠰᠤᠯᠴᠠᠭᠤᠯᠬᠤ᠂ ᠪᠦᠲᠦᠮᠵᠢᠲᠡᠶ ᠵᠣᠯᠭᠠᠭᠤᠯᠬᠤ᠂ ᠳᠥᠷᠪᠡᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ᠂ ᠪᠦᠭᠦ ᠬᠤᠲᠠ ᠶᠢ ᠪᠦᠷᠬᠦᠭᠦᠯᠬᠦ︾ ᠣᠶᠤᠨᠲᠤ ᠨᠠᠰᠤᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃   ᠨᠠᠰᠤᠵᠢᠯ ᠤᠨ ᠠᠰᠠᠷᠠᠮᠵᠢ ᠶᠢᠨ ᠠᠵᠢᠯ ᠲᠥᠷᠥᠯ ᠤᠨ ᠨᠡᠭᠡᠭᠡᠯᠲᠡ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠪᠡ᠃ ᠨᠠᠰᠤᠵᠢᠯ ᠤᠨ ᠠᠰᠠᠷᠠᠮᠵᠢ ᠶᠢᠨ ᠨᠠᠷᠠᠲᠤ ᠲᠡᠮᠳᠡᠭᠲᠦ ᠠᠵᠤ ᠠᠬᠤᠶᠢᠯᠠᠯ ᠢ 6 ᠪᠣᠶᠢᠵᠢᠭᠤᠯᠵᠤ᠂ 11 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠨᠢᠭᠡᠨᠲᠡ ᠬᠤᠯᠪᠣᠯᠳᠤᠭᠰᠠᠨ ᠵᠠᠭᠪᠤᠷ ᠢᠶᠠᠷ ᠠᠵᠢᠯᠯᠠᠭᠤᠯᠵᠤ᠂ 13 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠢᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠭᠡᠯᠪᠡᠷᠢ ᠪᠠᠷ ᠠᠵᠢᠯᠯᠠᠭᠤᠯᠪᠠ᠃   ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠴᠢᠳᠠᠪᠤᠷᠢᠲᠠᠨ ᠤ ᠡᠩᠨᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠦᠨ ᠪᠤᠯᠪᠠᠰᠤᠷᠠᠭᠤᠯᠬᠤ ᠠᠵᠢᠯᠯᠠᠭ᠎ᠠ ᠪᠠ ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ᠂ ᠵᠢᠯ ᠤᠨ ᠳᠣᠲᠣᠷ᠎ᠠ ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠳᠤ 500 ᠬᠥᠮᠥᠨ ᠤᠳᠠᠭ᠎ᠠ ᠪᠣᠯᠪᠠᠰᠤᠷᠠᠯ ᠬᠦᠷᠲᠡᠭᠡᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 1139 ᠬᠥᠮᠥᠨ ᠤᠳᠠᠭ᠎ᠠ ᠳᠤ ᠪᠣᠯᠪᠠᠰᠤᠷᠠᠯ ᠬᠦᠷᠲᠡᠭᠡᠵᠦ᠂ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 228% ᠳᠤ ᠭᠦᠷᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠶᠡᠷᠦᠩᠬᠡᠶᠢᠯᠡᠨ ᠦᠨᠡᠯᠡᠬᠦ ᠲᠣᠭᠲᠠᠴᠠ ᠶᠢ ᠪᠦᠷᠢᠨᠰᠢᠭᠦᠯᠵᠦ᠂ ᠪᠦᠭᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠨᠳᠤᠭᠤᠯᠤᠨ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠥᠷᠨᠢᠭᠦᠯᠵᠦ᠂ ᠶᠡᠷᠦᠩᠬᠡᠢ ᠬᠠᠨᠤᠮᠵᠢ ᠶᠢᠨ ᠬᠡᠮᠵᠢᠶ᠎ᠡ ᠨᠢ 90% ᠠᠴᠠ ᠳᠡᠭᠡᠭᠰᠢ ᠳᠤ ᠭᠦᠷᠪᠡ᠃   ᠦᠨᠡᠨᠴᠢ ᠢᠲᠡᠭᠡᠮᠵᠢ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠳᠤ ᠬᠦᠴᠦᠨ ᠨᠡᠮᠡᠷᠢᠯᠡᠵᠦ᠂ ︽ᠲᠦᠩᠯᠢᠶᠣᠣ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠢᠲᠡᠭᠡᠮᠵᠢ ᠶᠢᠨ ᠠᠮᠠᠯᠠᠯᠲᠠ ᠶᠢᠨ ᠳᠦᠷᠢᠮ︾ ᠢ ᠪᠠᠶᠢᠭᠤᠯᠵᠤ᠂ ᠢᠲᠡᠭᠡᠮᠵᠢ ᠪᠠᠷ ᠰᠠᠭᠤᠷᠢ ᠪᠤᠯᠭᠠᠬᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠬᠦᠴᠦᠯᠡᠨ ᠪᠠᠶᠢᠭᠤᠯᠪᠠ᠃ ︽ᠭᠤᠷᠪᠠᠨ ᠲᠠᠩᠰᠡ ᠨᠢᠭᠡ ᠵᠠᠬᠢᠳᠠᠯ︾ ᠤᠨ ᠲᠤᠰᠢᠶᠠᠨ ᠰᠢᠢᠳᠪᠦᠷᠢᠯᠡᠭᠦᠯᠬᠦ ᠵᠦᠢᠯᠡᠰ ᠢ ᠢᠳᠡᠪᠬᠢᠲᠡᠢ ᠪᠠᠷ ᠰᠠᠶᠢᠲᠤᠷ ᠰᠢᠢᠳᠪᠦᠷᠢᠯᠡᠵᠦ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ︽ᠭᠤᠷᠪᠠᠨ ᠲᠠᠩᠰᠡ ᠨᠢᠭᠡ ᠵᠠᠬᠢᠳᠠᠯ︾ ᠤᠨ ᠱᠠᠭᠠᠷᠳᠠᠯᠭ᠎ᠠ ᠶᠢᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠲᠤᠰᠬᠠᠵᠤ᠂ ᠲᠤᠰᠢᠶᠠᠨ ᠰᠢᠢᠳᠪᠦᠷᠢᠯᠡᠭᠦᠯᠬᠦ ᠵᠦᠢᠯᠡᠰ ᠢ ᠴᠠᠭ ᠲᠤᠬᠠᠢ ᠳᠤᠨᠢ ᠪᠦᠲᠦᠮᠵᠢᠲᠡᠶ ᠰᠢᠢᠳᠪᠦᠷᠢᠯᠡᠬᠦ ᠶᠢ ᠪᠠᠲᠤᠯᠠᠪᠠ᠃   ᠠᠵᠢᠯ ᠤᠨ ᠭᠢᠯᠠᠰ ᠴᠡᠭ ᠢ ᠢᠳᠡᠪᠬᠢᠲᠡᠢ ᠪᠣᠶᠢᠵᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠪᠡ᠃ ᠲᠦᠩᠯᠢᠶᠣᠣ ᠶᠢᠨ ᠠᠷᠠᠳ ᠤᠨ ᠶᠠᠪᠤᠳᠠᠯ ᠨᠠᠰᠤᠵᠢᠯ ᠤᠨ ᠠᠰᠠᠷᠠᠮᠵᠢ ᠶᠢᠨ ︽ᠬᠠᠮ ᠲᠡᠷᠭᠡ︾ ᠶᠢᠨ ᠵᠠᠭᠪᠤᠷ ᠢ ᠳᠡᠯᠭᠡᠷᠡᠭᠦᠯᠦᠭᠰᠡᠨ ᠠᠴᠠ ᠨᠠᠭᠠᠰᠢ᠂ ᠪᠦᠭᠦ ᠬᠤᠲᠠ ᠳᠤ ᠨᠢᠭᠡᠨᠲᠡ 9 ᠦᠢᠯᠡᠴᠢᠯᠡᠭᠡᠨ ᠤ ᠲᠡᠷᠭᠡ ᠬᠤᠳᠠᠯᠳᠤᠨ ᠠᠪᠴᠤ᠂ 18 ᠦᠢᠯᠡᠴᠢᠯᠡᠭᠡᠨ ᠤ ᠵᠠᠮ ᠱᠤᠭᠤᠮ ᠢ ᠨᠠᠪᠲᠠᠷᠡᠭᠦᠯᠵᠦ᠂ ᠦᠢᠯᠡᠴᠢᠯᠡᠭᠡᠨ ᠤ ᠬᠡᠪᠴᠢᠶ᠎ᠡ ᠨᠢ 9 ᠬᠤᠰᠢᠭᠤ ᠰᠢᠶᠠᠨ ᠬᠤᠲᠠ ᠲᠣᠭᠤᠷᠢᠭ ᠤᠨ 50 ᠰᠤᠮᠤ ᠰᠢᠶᠠᠩ ᠪᠠᠯᠭᠠᠰᠤ ᠶᠢ ᠬᠠᠮᠤᠷᠪᠠ᠃ ᠦᠢᠯᠡᠴᠢᠯᠡᠭᠡᠨ ᠤ ᠠᠶᠠᠯᠠᠯ ᠨᠢ 2050 ᠺᠢᠯᠣᠮᠧᠲᠷ ᠲᠤ ᠬᠦᠷᠴᠦ᠂ 10440 ᠨᠠᠰᠤᠲᠠᠨ ᠳᠤ 50221 ᠤᠳᠠᠭᠠᠨ ᠤ ᠦᠢᠯᠡᠴᠢᠯᠡᠭᠡ ᠬᠠᠩᠭᠠᠪᠠ᠃ ︽ᠨᠡᠭᠡᠭᠡᠯᠲᠡᠲᠤ ᠡᠳᠦᠷᠯᠢᠭ︾ ᠤᠨ ᠠᠵᠢᠯᠯᠠᠭ᠎ᠠ ᠶᠢ 74 ᠤᠳᠠᠭ᠎ᠠ ᠡᠷᠭᠢᠯᠡᠵᠦ᠂ 1000 ᠭᠠᠷᠤᠢ ᠨᠠᠰᠤᠲᠠᠨ ᠬᠦᠷᠦᠯᠴᠡᠨ ᠢᠷᠡᠵᠦ ᠲᠣᠭᠤᠷᠢᠨ ᠦᠵᠡᠪᠡ᠃ ᠲᠦᠩᠯᠢᠶᠣᠣ ᠶᠢᠨ ᠠᠷᠠᠳ ᠤᠨ ᠶᠠᠪᠤᠳᠠᠯ ᠤᠨ ᠨᠠᠰᠤᠵᠢᠯ ᠤᠨ ᠠᠰᠠᠷᠠᠮᠵᠢ ᠶᠢᠨ ︽ᠬᠠᠮ ᠲᠡᠷᠭᠡ︾ ᠶᠢᠨ ᠨᠡᠶᠢᠲᠡᠯᠢᠭ ᠲᠤᠷᠰᠢᠯᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠳᠡᠭᠡᠳᠦ ᠬᠡᠮᠵᠢᠶ᠎ᠡ ᠪᠠᠷ ᠦᠨᠡᠯᠡᠵᠦ᠂ ᠥᠪᠥᠷ ᠮᠣᠩᠭᠤᠯ ᠤᠨ ᠲᠧᠯᠸᠢᠰ ᠬᠤᠷᠢᠶ᠎ᠠ᠂ ︽ᠥᠪᠥᠷ ᠮᠣᠩᠭᠤᠯ ᠤᠨ ᠡᠳᠦᠷ ᠤᠨ ᠰᠣᠨᠢᠨ︾ ᠪᠣᠯᠣᠨ ᠥᠪᠥᠷ ᠮᠣᠩᠭᠤᠯ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠤᠷᠢᠳ ᠬᠤᠵᠢᠳ ᠡᠨᠡ ᠬᠦ ᠨᠡᠶᠢᠲᠡᠯᠢᠭ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠵᠡᠢ᠃    ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ   ᠵᠢᠯ ᠤᠨ ᠡᠬᠢᠨ ᠠᠴᠠ ᠨᠠᠭᠠᠰᠢ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠰᠢᠨ᠎ᠡ ᠶᠢ ᠡᠭᠦᠳᠬᠦ ᠪᠣᠭᠤᠮᠲᠠ ᠰᠢᠪᠲᠤᠯᠬᠤ ᠣᠨ ᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾  ᠪᠠᠷ ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠨ᠂ ᠦᠨᠡᠨ ᠰᠡᠳᠬᠢᠯ ᠠᠴᠠ ᠪᠠᠨ ᠦᠢᠯᠡᠴᠢᠯᠡᠨ ᠴᠢᠷᠮᠠᠶᠢᠨ ᠠᠵᠢᠯᠯᠠᠵᠤ᠂ ᠪᠣᠳᠠᠲᠠᠢ ᠦᠷ᠎ᠡ ᠪᠦᠲᠦᠮᠵᠢ ᠪᠠᠷ ᠢᠶᠠᠨ ᠵᠢᠯ ᠤᠨ ᠡᠬᠢᠨ ᠤ ᠠᠮᠠᠯᠠᠯᠲᠠ ᠪᠠᠨ ᠪᠡᠶᠡᠯᠡᠭᠦᠯᠪᠡ᠃   ᠰᠢᠨ᠎ᠡ ᠶᠢ ᠡᠭᠦᠳᠬᠦ ᠶᠢ ᠠᠳᠬᠤᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠪᠦᠭᠦ ᠣᠷᠣᠨ ᠳᠤ ᠲᠦᠷᠦᠭᠦᠯᠡᠨ ᠥᠯᠥ ᠬᠥᠳᠡᠯᠬᠦ ᠬᠥᠷᠥᠩᠭᠡ ᠶᠢᠨ ᠭᠠᠶᠢᠯᠢ ᠰᠦᠢᠳᠬᠡᠯ ᠲᠤᠰᠢᠶᠠᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠪᠦᠭᠦ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠭᠠᠶᠢᠯᠢ ᠰᠦᠢᠳᠬᠡᠯ ᠢ ︽ᠨᠢᠭᠡ ᠯᠡ ᠺᠣᠳ᠋ ᠢᠶᠠᠷ ᠲᠤᠰᠢᠶᠠᠵᠤ᠂ ᠠᠦ᠋ᠲ᠋ᠣ᠋ ᠪᠠᠷ ᠢᠯᠭᠠᠷᠠᠭᠤᠯᠤᠨ ᠬᠤᠪᠢᠶᠠᠬᠤ︾ ᠶᠢ ᠪᠡᠶᠡᠯᠡᠭᠦᠯᠪᠡ᠃ ᠪᠦᠭᠦ ᠣᠷᠣᠨ ᠳᠤ ᠲᠦᠷᠦᠭᠦᠯᠡᠨ ︽ᠪᠦᠭᠦ ᠬᠤᠲᠠ ᠳᠤ ᠥᠯᠥ ᠬᠥᠳᠡᠯᠬᠦ ᠬᠥᠷᠥᠩᠭᠡ ᠶᠢᠨ ᠤᠷᠢᠳᠴᠢᠯᠠᠨ ᠮᠡᠳᠡᠭᠳᠡᠬᠦ ᠳᠠᠩᠰᠠᠯᠠᠯᠲᠠ ᠶᠢᠨ ᠳᠦᠷᠢᠮ ᠢ ᠪᠦᠭᠦ ᠲᠠᠯ᠎ᠠ ᠪᠠᠷ ᠥᠷᠨᠢᠭᠦᠯᠬᠦ ᠲᠤᠬᠠᠢ ᠮᠡᠳᠡᠭᠳᠡᠯ︾ ᠢ ᠨᠡᠶᠢᠲᠡᠯᠡᠵᠦ᠂ ᠭᠡᠷ᠎ᠡ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠬᠤ ᠪᠠ ᠤᠷᠢᠳᠴᠢᠯᠠᠨ ᠮᠡᠳᠡᠭᠳᠡᠬᠦ ᠳᠠᠩᠰᠠᠯᠠᠯᠲᠠ ᠶᠢ ᠵᠡᠷᠭᠡ ᠪᠠᠷ ᠭᠦᠢᠴᠡᠳᠬᠡᠬᠦ ᠶᠢ ᠪᠡᠶᠡᠯᠡᠭᠦᠯᠵᠦ᠂ ᠣᠳᠣᠬᠠᠨ ᠳᠤ ᠨᠢᠭᠡᠨᠲᠡ 4357 ᠬᠤᠪᠢ ᠲᠤᠬᠠᠶᠢᠯᠠᠭᠰᠠᠨ ᠠᠵᠢᠯ ᠢ ᠭᠦᠢᠴᠡᠳᠭᠡᠪᠡ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠥᠯᠥ ᠬᠥᠳᠡᠯᠬᠦ ᠬᠥᠷᠥᠩᠭᠡ ᠶᠢᠨ ᠥᠪᠡᠰᠦᠪᠡᠨ ᠭᠥᠯᠢᠶᠡᠨ ᠠᠪᠴᠤ ᠰᠢᠢᠳᠪᠦᠷᠢᠯᠡᠬᠦ ᠮᠠᠰᠢᠨ ᠪᠣᠯᠣᠨ ᠠᠩᠬᠠᠳᠠᠭᠴᠢ ᠥᠪᠡᠰᠦᠪᠡᠨ ᠭᠠᠶᠢᠯᠢ ᠲᠤᠰᠢᠶᠠᠬᠤ ᠮᠠᠰᠢᠨ ᠢ ᠰᠦᠯᠵᠢᠶᠡᠨ ᠳᠤ ᠬᠤᠯᠪᠣᠭᠰᠠᠨ ᠪᠥᠭᠡᠳ ᠪᠦᠭᠦ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠶᠡᠭᠡ ᠲᠢᠩᠬᠢᠮ ᠳᠤ ᠪᠦᠷᠬᠦᠭᠦᠯᠬᠦ ᠶᠢ ᠪᠡᠶᠡᠯᠡᠭᠦᠯᠪᠡ;ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠢᠰᠲ᠋ᠧᠮ  ᠢ ᠰᠢᠯᠢᠳᠡᠭᠵᠢᠭᠦᠯᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢᠨ ᠦᠵᠡᠭᠳᠡᠵᠦ ᠪᠣᠯᠬᠤᠶᠢᠴᠠ ᠡᠷᠢᠯᠲᠡ ᠪᠠ ᠯᠠᠪᠯᠠᠯᠲᠠ ᠶᠢᠨ ᠲᠣᠭᠲᠠᠴᠠ ᠶᠢ ᠪᠠᠶᠢᠭᠤᠯᠵᠤ᠂ ︽ᠦᠨᠡᠮᠯᠡᠯ᠂ ᠺᠣᠳ᠋︾ ᠢᠶᠠᠨ ᠦᠵᠡᠭᠦᠯᠪᠡᠯ ᠳᠠᠷᠤᠢ ᠥᠯᠥ ᠬᠥᠳᠡᠯᠬᠦ ᠬᠥᠷᠥᠩᠭᠡ ᠶᠢᠨ ᠦᠨᠳᠦᠰᠦᠨ ᠮᠡᠳᠡᠭᠡ ᠵᠠᠩᠭᠢ ᠶᠢ ᠰᠢᠯᠵᠢᠭᠦᠯᠦᠨ ᠠᠪᠴᠤ ᠪᠤᠯᠬᠤ ᠪᠤᠯᠪᠠ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠬᠠᠷᠠᠭᠠᠨ ᠳᠠᠪᠲᠠᠮᠵᠢ ᠶᠢᠨ ᠨᠠᠶᠢᠳᠠᠯᠭ᠎ᠠ ᠶᠢ ᠪᠡᠶᠡᠯᠡᠭᠦᠯᠵᠦ᠂ 6 ᠭᠤᠶᠤᠴᠢᠯᠠᠭᠴᠢ ᠳᠤ ᠨᠠᠶᠢᠳᠠᠨ ᠳᠠᠩᠰᠠᠯᠠᠭᠤᠯᠬᠤ ᠶᠢ ᠠᠯᠤᠰ ᠠᠴᠠ ᠭᠦᠢᠴᠡᠳᠬᠡᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠳᠥᠭᠦᠮᠴᠢᠯᠡᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠭᠠᠷ ᠳᠠᠮᠵᠢᠭᠰᠠᠨ ᠣᠷᠣᠨ ᠰᠠᠭᠤᠴᠠ ᠶᠢ ᠰᠢᠯᠵᠢᠭᠦᠯᠦᠨ ᠳᠠᠩᠰᠠᠯᠠᠬᠤ ᠪᠠ ᠤᠰᠤ ᠴᠠᠭᠢᠯᠭᠠᠨ ᠬᠡᠢ ᠳᠤᠯᠠᠭᠠᠯᠠᠭ᠎ᠠ ᠶᠢ ᠬᠤᠯᠪᠣᠯᠳᠤᠭᠤᠯᠤᠨ ᠡᠷᠦᠭᠡ ᠰᠢᠯᠵᠢᠭᠦᠯᠬᠦ ᠵᠢᠴᠢ ᠠᠵᠤ ᠠᠬᠤᠶᠢᠯᠠᠯ ᠳᠤ ᠬᠤᠯᠪᠣᠭᠳᠠᠬᠤ ᠭᠠᠶᠢᠯᠢ ᠳᠤ ᠬᠤᠯᠪᠣᠭᠳᠠᠬᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡᠨᠲᠡ ᠬᠤᠯᠪᠣᠯᠳᠤᠭᠤᠯᠤᠨ ᠡᠷᠦᠭᠡ ᠰᠢᠯᠵᠢᠭᠦᠯᠬᠦ ᠲᠤᠬᠠᠶᠢᠯᠠᠭᠰᠠᠨ ᠠᠵᠢᠯ ᠢ 320 ᠬᠤᠪᠢ᠂ ᠠᠵᠤ ᠠᠬᠤᠶᠢᠯᠠᠯ ᠳᠤ ᠬᠤᠯᠪᠣᠭᠳᠠᠬᠤ ᠭᠠᠶᠢᠯᠢ ᠳᠤ ᠬᠤᠯᠪᠣᠭᠳᠠᠬᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ 89 ᠬᠤᠪᠢ ᠭᠦᠢᠴᠡᠳᠭᠡᠪᠡ᠃ ᠭᠠᠷ ᠳᠠᠮᠵᠢᠭᠰᠠᠨ ᠣᠷᠣᠨ ᠰᠠᠭᠤᠴᠠ ᠶᠢ ᠰᠢᠯᠵᠢᠭᠦᠯᠬᠦ + ᠪᠡᠷᠢᠴᠠᠭᠠᠨ ᠤ ᠳᠠᠩᠰᠠᠯᠠᠯᠲᠠ ᠶᠢ ᠨᠡᠶᠢᠯᠡᠭᠦᠯᠦᠨ ᠭᠦᠢᠴᠡᠳᠬᠡᠬᠦ ᠶᠢ ᠬᠡᠷᠡᠭᠵᠢᠭᠦᠯᠵᠦ᠂ ᠣᠯᠠᠨ ᠲᠦᠮᠡᠨ ᠭᠠᠷ ᠳᠠᠮᠵᠢᠭᠰᠠᠨ ᠣᠷᠣᠨ ᠰᠠᠭᠤᠴᠠ ᠶᠢ ᠮᠠᠶᠢᠮᠠᠶᠢᠯᠠᠵᠤ ᠡᠷᠦᠭᠡ ᠰᠢᠯᠵᠢᠭᠦᠯᠬᠦ ᠪᠠ ᠪᠡᠷᠢᠴᠠᠭᠠᠨ ᠤ ᠵᠢᠭᠡᠯᠡᠯᠭᠡ ᠠᠪᠬᠤ ᠳᠤ ᠵᠥᠪᠭᠡᠨ ᠨᠢᠭᠡ ᠯᠡ ᠢᠵᠢ ᠮᠠᠲ᠋ᠧᠷᠢᠶᠠᠯ ᠬᠡᠷᠡᠭᠰᠡᠵᠦ᠂ ᠨᠢᠭᠡ ᠯᠡ ᠤᠳᠠᠭ᠎ᠠ ᠳᠤ ᠭᠥᠯᠢᠶᠡᠨ ᠠᠪᠴᠤ ᠰᠢᠢᠳᠪᠦᠷᠢᠯᠡᠵᠦ᠂ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ ᠪᠤᠯᠪᠠ᠃ ︽ᠤᠷᠢᠳᠴᠢᠯᠠᠨ ᠮᠡᠳᠡᠭᠳᠡᠬᠦ︾ ᠪᠠ ︽ᠵᠢᠩᠬᠢᠨᠢ ᠳᠠᠩᠰᠠᠯᠠᠯᠲᠠ ᠪᠣᠯᠭᠠᠨ ᠬᠤᠪᠢᠷᠠᠭᠤᠯᠬᠤ︾ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ︽ᠵᠠᠪᠰᠠᠷ ᠦᠭᠡᠢ ᠰᠢᠯᠵᠢᠭᠦᠯᠦᠨ ᠵᠠᠯᠭᠠᠬᠤ︾ ᠶᠢ ᠪᠡᠶᠡᠯᠡᠭᠦᠯᠵᠦ᠂ ᠤᠷᠢᠳᠴᠢᠯᠠᠨ ᠮᠡᠳᠡᠭᠳᠡᠬᠦ ᠶᠢ ︽ᠰᠡᠷᠡᠭᠳᠡᠯ ᠦᠭᠡᠢ︾ ᠪᠠᠷ ᠵᠢᠩᠬᠢᠨᠢ ᠳᠠᠩᠰᠠᠯᠠᠯᠲᠠ ᠪᠣᠯᠭᠠᠨ ᠬᠤᠪᠢᠷᠠᠭᠤᠯᠬᠤ ᠲᠤᠬᠠᠶᠢᠯᠠᠭᠰᠠᠨ ᠠᠵᠢᠯ ᠢ ᠨᠢᠭᠡᠨᠲᠡ 45 ᠬᠤᠪᠢ ᠭᠦᠢᠴᠡᠳᠭᠡᠪᠡ᠃ ᠰᠤᠯᠠ ᠭᠡᠷ ᠪᠠᠶᠢᠰᠢᠩ ᠢ ︽ᠳᠠᠨᠵᠢᠯᠠᠵᠤ ᠡᠷᠦᠭᠡ ᠰᠢᠯᠵᠢᠭᠦᠯᠬᠦ︾ ᠶᠢ ᠪᠠᠩᠬᠢ ᠠᠯᠤᠰᠯᠠᠨ ᠭᠦᠢᠴᠡᠳᠬᠡᠬᠦ ᠶᠢ ᠪᠦᠭᠦ ᠲᠠᠯ᠎ᠠ ᠪᠠᠷ ᠲᠦᠯᠬᠢᠨ ᠠᠬᠢᠭᠤᠯᠵᠤ ᠂ ᠤᠷᠢᠳᠴᠢᠯᠠᠨ ᠮᠡᠳᠡᠭᠳᠡᠬᠦ ᠳᠠᠩᠰᠠᠯᠠᠯᠲᠠ ᠶᠢᠨ ᠭᠦᠢᠴᠡᠳᠬᠡᠬᠦ ᠴᠤᠪᠤᠷᠠᠯ ᠢ ᠡᠮᠬᠢᠯᠡᠨ ᠨᠡᠶᠢᠯᠡᠭᠦᠯᠬᠦ ᠶᠢᠨ ᠬᠠᠮᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠡᠷᠡᠭᠵᠢᠭᠦᠯᠵᠦ᠂ ᠨᠢᠭᠡᠨᠲᠡ 241 ᠬᠤᠪᠢ ᠲᠤᠬᠠᠶᠢᠯᠠᠭᠰᠠᠨ ᠠᠵᠢᠯ ᠢ ᠨᠡᠶᠢᠯᠡᠭᠦᠯᠦᠨ ᠭᠦᠢᠴᠡᠳᠭᠡᠪᠡ᠃ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠣᠷᠣᠨ ᠵᠠᠢ ᠶᠢ ᠥᠪᠥᠷ ᠮᠣᠩᠭᠤᠯ ᠤᠨ ᠵᠡᠭᠦᠨ ᠬᠡᠰᠡᠭ ᠤᠨ ᠵᠢᠷᠭᠤᠭᠠᠨ ᠠᠶᠢᠮᠠᠭ ᠬᠤᠲᠠ᠂ ᠣᠷᠳᠣᠰ ᠠᠴᠠ ᠪᠡᠭᠡᠵᠢᠩ᠂ ᠲᠢᠶᠠᠨᠵᠢᠨ᠂ ᠾᠧᠪᠧᠢ᠂ ᠱᠠᠨᠰᠢ ᠵᠦᠭ ᠥᠷᠭᠡᠳᠬᠡᠵᠦ᠂ ᠪᠠᠰᠠ ᠶᠠᠫᠤᠨ᠂ ᠰᠢᠩᠭᠠᠫᠤᠷ ᠲᠤ ᠪᠠᠶᠢᠭ᠎ᠠ ᠭᠤᠶᠤᠴᠢᠯᠠᠭᠴᠢ ᠳᠤ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠭᠦᠢᠴᠡᠳᠬᠡᠨ ᠥᠭᠴᠦ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠣᠨᠳᠣᠣ ᠭᠠᠵᠠᠷ ᠲᠤ ᠦᠨᠡᠮᠯᠡᠯ ᠠᠪᠬᠤ ᠳᠤ ᠬᠦᠴᠢᠷᠳᠡᠵᠦ ᠪᠠᠶᠢᠭᠰᠠᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃   ᠥᠭᠡᠷᠡᠴᠢᠯᠡᠯᠲᠡ ᠶᠢ ᠠᠳᠬᠤᠵᠤ᠂ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠬᠦᠷᠢᠶᠡᠯᠡᠩ ᠲᠣᠭᠤᠷᠢᠭ ᠤᠨ ᠬᠠᠮᠵᠢᠯᠴᠠᠨ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ︽ᠪᠠᠷᠢᠮᠵᠢᠶᠠᠲᠤ ᠭᠠᠵᠠᠷ ᠰᠢᠷᠣᠢ︾ ᠶᠢᠨ ᠠᠷᠭ᠎ᠠ ᠮᠠᠶ᠋ᠢᠭ ᠤᠨ ᠰᠢᠯᠵᠢᠭᠦᠯᠦᠨ ᠬᠤᠳᠠᠯᠳᠤᠬᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠣᠳᠣᠬᠠᠨ ᠳᠤ ᠪᠦᠭᠦ ᠬᠤᠲᠠ ᠳᠤ ᠨᠢᠭᠡᠨᠲᠡ 69 ︽ᠪᠠᠷᠢᠮᠵᠢᠶᠠᠲᠤ ᠭᠠᠵᠠᠷ ᠰᠢᠷᠣᠢ︾ ᠶᠢ ᠰᠢᠯᠵᠢᠭᠦᠯᠦᠨ ᠬᠤᠳᠠᠯᠳᠤᠭᠰᠠᠨ ᠪᠠᠶᠢᠨ᠎ᠠ᠃ ᠤᠷᠢᠳ  ᠢᠶᠠᠷ ᠲᠦᠷᠢᠶᠡᠰᠦᠯᠡᠭᠦᠯᠵᠦ ᠳᠠᠷᠠᠭ᠎ᠠ ᠳᠤᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ ᠵᠡᠷᠭᠡ ᠵᠦᠷᠢᠶᠡᠴᠢᠯᠡᠭᠰᠡᠨ ᠭᠠᠵᠠᠷ ᠬᠠᠩᠭᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠨᠢ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠦᠭᠡᠢ ᠮᠥᠷᠲᠡᠭᠡᠨ ᠲᠥᠯᠦᠪᠵᠢᠭᠦᠯᠭᠡ ᠳᠤ ᠨᠡᠶᠢᠴᠡᠭᠰᠡᠨ ᠤᠷᠢᠲᠠᠯ ᠳᠣᠣᠷ᠎ᠠ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠭᠦ ᠪᠠ ᠪᠠᠭᠲᠠᠭᠠᠮᠵᠢ ᠶᠢᠨ ᠨᠣᠷᠮ᠎ᠠ ᠶᠢ ᠨᠡᠮᠡᠭᠳᠡᠭᠦᠯᠦᠭᠰᠡᠨ ᠪᠠᠶᠢᠪᠠᠯ᠂ ᠭᠠᠵᠠᠷ ᠰᠢᠷᠣᠢ ᠶᠢᠨ ᠦᠨ᠎ᠡ ᠶᠢᠨ ᠵᠣᠭᠤᠰ ᠢ ᠳᠠᠭᠢᠵᠤ ᠨᠡᠮᠡᠭᠳᠡᠭᠦᠯᠬᠦ ᠦᠭᠡᠢ ᠪᠠᠶᠢᠬᠤ ᠶᠢ ᠪᠠᠲᠤᠯᠠᠪᠠ᠃ ᠰᠤᠯᠠ ᠭᠠᠵᠠᠷ ᠰᠢᠷᠣᠢ ᠪᠠ ᠳᠣᠣᠷ᠎ᠠ ᠠᠰᠢᠭᠯᠠᠮᠵᠢᠲᠤ ᠭᠠᠵᠠᠷ ᠰᠢᠷᠣᠢ ᠶᠢ ᠤᠯᠠᠮ ᠨᠢᠭᠡ ᠠᠯᠬᠤᠮ ᠴᠢᠯᠦᠭᠡᠲᠡᠢ ᠪᠤᠯᠭᠠᠵᠤ᠂ ᠨᠡᠭᠡᠭᠡᠨ ᠬᠥᠭᠵᠢᠭᠦᠯᠵᠦ ᠳᠠᠭᠤᠰᠤᠭᠠᠳᠤᠢ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠳᠤ ᠤᠷᠢᠳᠴᠢᠯᠠᠨ ᠮᠡᠳᠡᠭᠳᠡᠵᠦ ᠳᠠᠩᠰᠠᠯᠠᠭᠤᠯᠬᠤ ᠪᠠ ᠬᠡᠰᠡᠭᠯᠡᠨ ᠰᠢᠯᠵᠢᠭᠦᠯᠵᠦ ᠥᠭᠬᠦ ᠳᠦᠷᠢᠮ ᠢ ᠬᠡᠷᠡᠭᠵᠢᠭᠦᠯᠪᠡ᠃   ᠦᠢᠯᠡᠴᠢᠯᠡᠭᠡ ᠶᠢ ᠠᠳᠬᠤᠵᠤ᠂ ᠢᠨᠵᠧᠨᠧᠷᠢᠩ ᠤᠨ ᠲᠥᠷᠥᠯ ᠵᠦᠢᠯ ᠤᠨ ᠮᠡᠳᠡᠭᠦᠯᠦᠨ ᠪᠠᠶᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ︽ᠭᠠᠵᠠᠷ ᠬᠡᠷᠡᠭᠯᠡᠬᠦ ᠨᠠᠷᠢᠨ ᠲᠠᠩᠰᠠ ᠶᠢᠨ ᠳᠦᠷᠢᠮ︾ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠲᠥᠯᠦᠪᠵᠢᠭᠦᠯᠭᠡ ᠶᠢᠨ ᠲᠥᠰᠥᠯ ᠢ ᠬᠢᠨᠠᠨ ᠪᠠᠶᠢᠴᠠᠭᠠᠬᠤ ︽ᠲᠠᠰ ᠲᠥᠷᠥᠯ ᠬᠤᠪᠢᠶᠠᠨ ᠬᠠᠮᠢᠶᠠᠷᠬᠤ︾ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ;ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠬᠤ ᠶᠢ ︽ᠴᠠᠭ ᠤᠨ ᠬᠢᠵᠠᠭᠠᠷ ᠤᠨ ᠬᠠᠮᠢᠶᠠᠷᠤᠯᠲᠠ︾ ᠳᠤ ᠣᠷᠣᠭᠤᠯᠵᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠳᠣᠲᠣᠭᠠᠳᠤ ᠶᠢᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠪᠡ᠃ ᠲᠥᠷᠥᠯ ᠵᠦᠢᠯ ᠤᠨ ︽ᠬᠠᠮᠢᠶᠠᠷᠤᠭᠴᠢ︾ ᠶᠢᠨ ᠮᠥᠷᠳᠡᠬᠦ ᠦᠢᠯᠡᠴᠢᠯᠡᠭᠡ ᠶᠢ ᠬᠡᠷᠡᠭᠵᠢᠭᠦᠯᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠴᠤᠪᠤᠷᠠᠯ ᠤᠨ ᠵᠢᠷᠤᠭ ᠢ ᠰᠢᠯᠢᠳᠡᠭᠵᠢᠭᠦᠯᠦᠨ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠤᠪᠴᠢ ︵ᠦᠵᠦᠭᠦᠷᠯᠢᠭ︶ ᠪᠠᠷ ᠭᠥᠯᠢᠶᠡᠨ ᠠᠪᠴᠤ ᠭᠦᠢᠴᠡᠳᠬᠡᠬᠦ᠂ ᠨᠢᠭᠡ ᠰᠦᠯᠵᠢᠶ᠎ᠡ ᠪᠠᠷ ᠭᠦᠢᠴᠡᠳᠬᠡᠬᠦ︾ ᠶᠢ ᠪᠡᠶᠡᠯᠡᠭᠦᠯᠪᠡ᠃     ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ   ᠡᠨᠡ ᠵᠢᠯ ᠤᠨ 3 ᠰᠠᠷ᠎ᠠ ᠶᠢᠨ 21 ᠤ ᠡᠳᠦᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠨᠡᠶᠢᠭᠡᠮ ᠨᠡᠶᠢᠲᠡ ᠳᠤ ᠢᠯᠡ ᠪᠠᠷ ᠠᠮᠠᠯᠠᠯᠲᠠ ᠬᠢᠵᠡᠢ᠂ ᠣᠲᠣ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠳᠣᠣᠷᠠᠬᠢ ᠮᠡᠲᠦ ᠨᠡᠶᠢᠲᠡᠯᠡᠶ᠎ᠡ᠄   ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠪᠠ᠃ ᠳᠤᠮᠳᠠ ᠵᠢᠵᠢᠭ ᠠᠵᠤ ᠠᠬᠤᠶᠢᠯᠠᠯ ᠤᠨ ᠤᠷᠢᠳᠴᠢᠯᠠᠨ ᠦᠯᠡᠳᠡᠭᠡᠬᠦ ᠬᠤᠪᠢ ᠶᠢᠨ ᠲᠤᠭ᠎ᠠ ᠨᠢ 200 ᠲᠦᠮᠡᠨ ᠲᠥᠭᠦᠷᠢᠭ ᠠᠴᠠ ᠳᠡᠭᠡᠭᠰᠢᠬᠢ ᠪᠠᠷᠠᠭ᠎ᠠ ᠪᠠ ᠦᠢᠯᠡᠴᠢᠯᠡᠭᠡ ᠬᠤᠳᠠᠯᠳᠤᠨ ᠠᠪᠬᠤ ᠲᠥᠷᠥᠯ ᠵᠦᠢᠯ᠂ 400 ᠲᠦᠮᠡᠨ ᠲᠥᠭᠦᠷᠢᠭ ᠠᠴᠠ ᠳᠡᠭᠡᠭᠰᠢᠬᠢ ᠢᠨᠵᠧᠨᠧᠷᠢᠩ ᠤᠨ ᠬᠤᠳᠠᠯᠳᠤᠨ ᠠᠪᠬᠤ ᠲᠥᠷᠥᠯ ᠵᠦᠢᠯ ᠳᠤ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠭᠰᠠᠨ ᠬᠤᠳᠠᠯᠳᠤᠨ ᠠᠪᠬᠤ ᠤᠷᠢᠳᠴᠢᠯᠠᠨ ᠦᠯᠡᠳᠡᠭᠡᠬᠦ ᠬᠠᠷᠢᠴᠠᠯ ᠢ ᠳᠡᠭᠡᠭᠰᠢᠯᠡᠭᠦᠯᠪᠡ᠃ ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠲᠥᠷᠥᠯ ᠵᠦᠢᠯ ᠨᠡᠶᠢᠲᠡ 177 ᠪᠠᠶᠢᠵᠤ᠂ ᠳᠤᠮᠳᠠ ᠵᠢᠵᠢᠭ ᠠᠵᠤ ᠠᠬᠤᠶᠢᠯᠠᠯ ᠤᠨ ᠤᠷᠢᠳᠴᠢᠯᠠᠨ ᠦᠯᠡᠳᠡᠭᠡᠭᠰᠡᠨ ᠬᠤᠪᠢ ᠶᠢᠨ ᠲᠤᠭ᠎ᠠ 95.67% ᠳᠤ ᠬᠦᠷᠴᠦ᠂ ᠵᠢᠯ ᠤᠨ ᠡᠬᠢᠨ ᠳᠤ ᠲᠣᠭᠲᠠᠭᠠᠭᠰᠠᠨ ᠤᠷᠢᠳᠴᠢᠯᠠᠨ ᠦᠯᠡᠳᠡᠭᠡᠬᠦ ᠬᠠᠷᠢᠴᠠᠯ ᠠᠴᠠ 35.67 ᠵᠠᠭᠤᠨ ᠤ ᠨᠢᠭᠡᠴᠢ ᠳᠠᠪᠠᠭᠰᠠᠨ ᠪᠠᠶᠢᠨ᠎ᠠ᠃ ᠪᠣᠬᠢᠷᠳᠤᠯ ᠦᠭᠡᠢ ᠬᠤᠳᠠᠯᠳᠤᠨ ᠠᠪᠬᠤ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠡᠨᠧᠷᠭᠢ ᠠᠷᠪᠢᠯᠠᠬᠤ᠂ ᠣᠷᠴᠢᠨ ᠲᠣᠭᠤᠷᠢᠨ ᠤ ᠲᠡᠮᠳᠡᠭ ᠤᠨ ᠦᠢᠯᠡᠳᠬᠦᠨ ᠤ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠵᠢᠭᠰᠠᠭᠠᠨ ᠣᠷᠣᠭᠤᠯᠤᠭᠰᠠᠨ ᠦᠢᠯᠡᠳᠬᠦᠨ ᠳᠤ ᠤᠷᠢᠳ ᠢᠶᠠᠷ ᠬᠤᠳᠠᠯᠳᠤᠨ ᠠᠪᠬᠤ ᠶᠢ ᠬᠡᠷᠡᠭᠵᠢᠭᠦᠯᠪᠡ᠃ ᠪᠦᠲᠦᠭᠡᠭᠳᠡᠬᠦᠨ ᠤ ᠭᠠᠷᠴᠠᠭ ᠤᠨ ᠨᠠᠷᠢᠨ ᠬᠠᠭᠤᠳᠠᠰᠤᠨ ᠳᠤ ᠵᠢᠭᠰᠠᠭᠠᠨ ᠣᠷᠣᠭᠤᠯᠤᠭᠰᠠᠨ ᠦᠭᠡᠢ ᠦᠢᠯᠡᠳᠬᠦᠨ ᠤ ᠲᠥᠷᠥᠯ ᠢᠯᠭᠠᠯ ᠳᠤ᠂ ᠪᠣᠬᠢᠷᠳᠤᠯ ᠦᠭᠡᠢ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠦᠢᠯᠡᠳᠬᠦᠨ ᠳᠤ ᠬᠢᠨᠠᠨ ᠲᠣᠭᠲᠠᠭᠠᠬᠤ ᠦᠶ᠎ᠡ ᠳᠤ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ 5% ᠶᠢᠨ ᠬᠡᠮᠵᠢᠶ᠎ᠡ ᠶᠢᠨ ᠦᠨ᠎ᠡ ᠬᠠᠩᠰᠢ ᠶᠢ ᠬᠠᠰᠤᠨ ᠭᠠᠷᠭᠠᠵᠤ᠂ ᠪᠣᠬᠢᠷᠳᠤᠯ ᠦᠭᠡᠢ ᠪᠦᠲᠦᠭᠡᠭᠳᠡᠬᠦᠨ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠪᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠦᠷ᠎ᠡ ᠪᠦᠲᠦᠮᠵᠢ ᠤᠯᠠᠮ ᠨᠢᠭᠡ ᠠᠯᠬᠤᠮ ᠳᠡᠭᠡᠭᠰᠢᠯᠡᠪᠡ᠃ ᠬᠤᠳᠠᠯᠳᠤᠨ ᠠᠪᠬᠤ ᠭᠡᠷ᠎ᠡ ᠶᠢ ᠲᠣᠭᠲᠠᠭᠠᠭᠰᠠᠨ ᠳᠤᠮᠳᠠᠴᠢ ᠴᠠᠭ ᠨᠢ 8.5 ᠡᠳᠦᠷ ᠪᠠᠶᠢᠵᠤ᠂ ᠬᠤᠳᠠᠯᠳᠤᠨ ᠠᠪᠬᠤ ᠭᠡᠷ᠎ᠡ ᠶᠢᠨ ᠪᠡᠯᠡ ᠮᠥᠩᠭᠦ ᠶᠢ ᠥᠭᠬᠦ ᠳᠤᠮᠳᠠᠴᠢ ᠴᠠᠭ ᠨᠢ ᠪᠠᠷᠢᠮᠲᠠ ᠶᠢ ᠣᠯᠣᠭᠰᠠᠨ ᠤ ᠳᠠᠷᠠᠭᠠᠬᠢ 9.2 ᠠᠵᠢᠯᠯᠠᠬᠤ ᠡᠳᠦᠷ ᠪᠣᠯᠭᠠᠪᠠ᠃   ᠵᠠᠰᠠᠭ ᠤᠨ ᠣᠷᠳᠣᠨ ᠤ ᠬᠤᠳᠠᠯᠳᠤᠨ ᠠᠪᠬᠤ ᠠᠯᠬᠤᠮ ᠳᠠᠷᠠᠭᠠᠯᠠᠯ ᠢ ᠦᠷᠭᠦᠯᠵᠢᠯᠡᠨ ᠳᠥᠭᠦᠮᠴᠢᠯᠡᠪᠡ᠃ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠪᠦᠭᠦ ᠶᠠᠪᠤᠴᠠ ᠶᠢ ᠡᠯᠧᠺᠲᠷᠤᠨᠴᠢᠯᠡᠭᠦ ᠶᠢ ᠪᠡᠶᠡᠯᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ ᠳᠤ ᠲᠦᠰᠢᠭᠯᠡᠨ᠂ ᠰᠦᠯᠵᠢᠶᠡᠨ ᠳᠡᠭᠡᠷ᠎ᠡ ᠬᠤᠳᠠᠯᠳᠤᠨ ᠠᠪᠬᠤ ᠰᠠᠨᠠᠮᠵᠢ ᠪᠠᠨ ᠢᠯᠡ ᠪᠤᠯᠭᠠᠬᠤ᠂ ᠬᠤᠳᠠᠯᠳᠤᠨ ᠠᠪᠬᠤ ᠠᠯᠪᠠᠨ ᠵᠠᠷ ᠨᠡᠶᠢᠲᠡᠯᠡᠬᠦ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠬᠠᠩᠭᠠᠬᠤ᠂ ᠳᠠᠭᠠᠭᠠᠴᠢᠯᠠᠯᠲᠠ ᠬᠦᠯᠢᠶᠡᠬᠦ ︵ᠳᠠᠭᠠᠬᠤ︶ ᠪᠢᠴᠢᠭ ᠮᠠᠲ᠋ᠧᠷᠢᠶᠠᠯ ᠢᠶᠠᠨ ᠲᠤᠰᠢᠶᠠᠬᠤ᠂ ᠬᠤᠳᠠᠯᠳᠤᠨ ᠠᠪᠬᠤ ᠭᠡᠷ᠎ᠡ ᠲᠣᠭᠲᠠᠬᠤ᠂ ᠪᠠᠷᠢᠮᠲᠠ ᠲᠤᠰᠢᠶᠠᠬᠤ᠂ ᠪᠡᠯᠡ ᠮᠥᠩᠭᠦ ᠥᠭᠬᠦ᠂ ᠭᠡᠷ᠎ᠡ ᠭᠦᠢᠴᠡᠳᠬᠡᠬᠦ ᠶᠢ ᠰᠢᠯᠭᠠᠨ ᠠᠪᠬᠤ᠂ ᠢᠲᠡᠭᠡᠮᠵᠢ ᠶᠢᠨ ᠦᠨᠡᠯᠡᠯᠲᠡ ᠬᠢᠬᠦ᠂ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠵᠡᠷᠭᠡ ᠴᠢᠳᠠᠮᠵᠢ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠪᠠ᠃ 2023 ᠣᠨ ᠳᠤ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠥᠷᠨᠢᠭᠦᠯᠦᠭᠰᠡᠨ ᠠᠴᠠ ᠨᠠᠭᠠᠰᠢ᠂ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ 1325 ᠲᠥᠷᠥᠯ ᠵᠦᠢᠯ ᠪᠡᠶᠡᠯᠡᠭᠦᠯᠵᠦ᠂ ᠪᠦᠭᠦ ᠣᠷᠣᠨ ᠤ ᠲᠡᠷᠢᠭᠦᠨ ᠳᠤ ᠣᠷᠣᠪᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠢᠯᠡ ᠲᠣᠳᠣ ᠶᠢᠨ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ᠂ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠳᠠᠭᠠᠭᠠᠴᠢᠯᠠᠯᠲᠠ ᠣᠯᠣᠭᠰᠠᠨ ᠪᠠ ᠠᠷᠠᠯᠵᠢᠶ᠎ᠠ ᠪᠦᠲᠦᠭᠰᠡᠨ ᠦᠷ᠎ᠡ ᠳ᠋ᠦᠩ᠂ ᠭᠡᠷ᠎ᠡ ᠶᠢ ᠬᠤᠪᠢᠷᠠᠭᠤᠯᠤᠭᠰᠠᠨ᠂ ᠬᠠᠩᠭᠠᠯᠭ᠎ᠠ ᠶᠢᠨ ᠬᠤᠳᠠᠯᠳᠤᠭᠠᠴᠢᠨ ᠤ ᠢᠲᠡᠭᠡᠮᠵᠢ᠂ ᠵᠠᠭᠠᠯᠳᠤᠯᠭ᠎ᠠ ᠶᠢ ᠰᠢᠢᠳᠪᠦᠷᠢᠯᠡᠭᠰᠡᠨ ᠵᠢᠴᠢ ᠬᠢᠨᠠᠯᠲᠠ ᠲᠠᠯᠪᠢᠵᠤ ᠪᠠᠶᠢᠴᠠᠭᠠᠨ ᠰᠢᠢᠳᠪᠦᠷᠢᠯᠡᠭᠰᠡᠨ ᠲᠣᠷᠭᠠᠭᠤᠯᠢ ᠶᠢᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠢᠯᠡ ᠨᠡᠶᠢᠲᠡᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠢ ᠶᠢᠨ ᠬᠥᠮᠥᠨ ᠪᠠ ᠨᠡᠶᠢᠭᠡᠮ ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠭᠦᠢᠴᠡᠳ ᠪᠠᠲᠤᠯᠠᠪᠠ᠃ ᠪᠣᠷᠣ ᠲᠥᠯᠥᠪ ᠤᠨ ᠬᠡᠯᠡᠯᠴᠡᠭᠡᠷ ᠢᠶᠠᠷ ᠬᠤᠳᠠᠯᠳᠤᠨ ᠠᠪᠬᠤ ᠶᠠᠪᠤᠳᠠᠯ ᠢ ᠤᠯᠠᠮ ᠨᠢᠭᠡ ᠠᠯᠬᠤᠮ ᠳᠡᠯᠭᠡᠷᠡᠭᠦᠯᠪᠡ᠃ ᠳᠠᠷᠤᠮᠠᠯᠯᠠᠯ ᠤᠨ ᠴᠠᠭᠠᠰᠤᠨ ᠤ ᠪᠣᠷᠣ ᠲᠥᠯᠥᠪ ᠤᠨ ᠵᠥᠪᠳᠡᠯᠴᠡᠭᠡᠷ ᠢᠶᠠᠷ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠠᠭᠠᠷ ᠲᠣᠬᠢᠷᠠᠭᠤᠯᠤᠭᠴᠢ ᠶᠢᠨ ᠭᠡᠯᠪᠡᠷᠢ ᠶᠢᠨ ᠪᠣᠷᠣ ᠲᠥᠯᠥᠪ ᠤᠨ ᠵᠥᠪᠳᠡᠯᠴᠡᠭᠡᠷ ᠢᠶᠠᠷ ᠬᠤᠳᠠᠯᠳᠤᠨ ᠠᠪᠬᠤ ᠲᠥᠷᠥᠯ ᠵᠦᠢᠯ ᠢ ᠴᠤᠭᠯᠠᠭᠤᠯᠬᠤ ᠠᠯᠪᠠᠨ ᠵᠠᠷ ᠢ ᠨᠡᠶᠢᠲᠡᠯᠡᠵᠦ᠂ ᠪᠣᠷᠣ ᠲᠥᠯᠥᠪ ᠤᠨ ᠵᠥᠪᠳᠡᠯᠴᠡᠭᠡᠷ ᠢᠶᠠᠷ ᠬᠤᠳᠠᠯᠳᠤᠨ ᠠᠪᠬᠤ ᠲᠥᠷᠥᠯ ᠵᠦᠢᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠪᠠ᠃   ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ︽ᠲᠦᠷᠪᠡᠨ ᠦᠨᠡᠮᠯᠡᠯ ᠢ ᠨᠢᠭᠡ ᠴᠣᠭᠴᠠᠵᠢᠭᠤᠯᠬᠤ︾ ᠵᠠᠰᠠᠭ ᠵᠠᠬᠢᠷᠭᠠᠨ ᠤ ᠲᠠᠰᠤᠯᠤᠯᠳᠡ ᠶᠢᠨ ᠵᠠᠭᠪᠤᠷ ᠢ ᠪᠠᠶᠢᠭᠤᠯᠵᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠪᠡ᠃ ︽ᠲᠦᠩᠯᠢᠶᠣᠣ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ ᠠᠩᠬᠠᠨ ᠤ ᠭᠡᠷᠡᠴᠢ ᠪᠠᠷ ᠬᠡᠷᠡᠭ ᠢ ᠭᠥᠯᠢᠶᠡᠨ ᠠᠪᠬᠤ᠂ ᠭᠡᠷᠡᠴᠢ ᠶᠢ ᠳᠤᠷᠠᠳᠤᠨ ᠬᠡᠷᠡᠭ ᠢ ᠲᠣᠳᠣᠷᠬᠠᠶᠢᠯᠠᠬᠤ ᠵᠡᠷᠭᠡ ︽ᠳᠥᠷᠪᠡᠨ ᠭᠡᠷᠡᠴᠢ ᠶᠢ ᠨᠢᠭᠡ ᠴᠣᠭᠴᠠᠵᠢᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠠᠷᠢᠯᠭᠠᠨ᠂ ᠵᠠᠰᠠᠭ ᠤᠨ ᠣᠷᠳᠣᠨ  ᠠᠴᠠ ᠬᠤᠳᠠᠯᠳᠤᠨ ᠠᠪᠬᠤ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠨᠡᠶᠢᠲᠡ 21 ᠬᠤᠪᠢ ᠬᠠᠤᠯᠢ ᠶᠣᠰᠣᠭᠠᠷ ᠰᠢᠢᠳᠪᠦᠷᠢᠯᠡᠵᠦ᠂ ᠲᠥᠪ ᠭᠤᠥᠯᠴᠢ ᠡᠮᠬᠢ ᠵᠢᠷᠤᠮ ᠲᠠᠢ ᠥᠷᠢᠰᠦᠯᠳᠦᠬᠦ ᠵᠠᠰᠠᠭ ᠤᠨ ᠣᠷᠳᠣᠨ ᠤ ᠬᠤᠳᠠᠯᠳᠤᠨ ᠠᠪᠬᠤ ᠣᠷᠴᠢᠨ ᠨᠥᠬᠦᠴᠡᠯ ᠢ ᠪᠤᠶ ᠪᠣᠯᠭᠠᠪᠠ᠃ ᠪᠦᠭᠦ ᠶᠠᠪᠤᠴᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠬᠡᠷᠡᠭᠵᠢᠭᠦᠯᠦᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠬᠦ ᠴᠢᠳᠠᠮᠵᠢ ᠶᠢ ᠳᠡᠭᠡᠭᠰᠢᠯᠡᠭᠦᠯᠪᠡ᠃ ︽ᠵᠠᠰᠠᠭ ᠤᠨ ᠣᠷᠳᠣᠨ ᠠᠴᠠ ᠬᠤᠳᠠᠯᠳᠤᠨ ᠠᠪᠬᠤ + ᠠᠵᠢᠯ ᠤᠨ ᠠᠮᠵᠢᠯᠲᠠ ᠪᠦᠲᠦᠮᠵᠢ︾ ᠶᠢᠨ ᠰᠢᠨ᠎ᠡ ᠵᠠᠭᠪᠤᠷ ᠢ ᠡᠭᠦᠳᠴᠦ᠂ ᠨᠢᠭᠡᠴᠢ ᠠᠴᠠ ᠥᠪᠡᠰᠦᠪᠡᠨ ᠦᠨᠡᠯᠡᠬᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠬᠤᠳᠠᠯᠳᠤᠨ ᠠᠪᠤᠭᠴᠢ ᠠᠴᠠ ᠭᠤᠣᠯᠳᠠᠯᠭ᠎ᠠ ᠲᠠᠢ ᠦᠨᠡᠯᠡᠬᠦ ᠠᠷᠭ᠎ᠠ ᠮᠠᠶ᠋ᠢᠭ ᠢᠶᠠᠷ ᠳᠡᠮᠵᠢᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠪᠡ᠃ ᠨᠡᠶᠢᠲᠡ 5 ᠲᠥᠷᠥᠯ ᠵᠦᠢᠯ ᠢ ᠰᠣᠩᠭᠤᠨ ᠭᠤᠣᠯᠳᠠᠯᠭ᠎ᠠ ᠲᠠᠢ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠪᠤᠰᠤᠳ ᠲᠥᠷᠥᠯ ᠵᠦᠢᠯ ᠳᠤ ᠱᠠᠭᠠᠷᠳᠠᠯᠭ᠎ᠠ ᠶᠣᠰᠣᠭᠠᠷ ᠠᠮᠵᠢᠯᠲᠠ ᠪᠦᠲᠦᠮᠵᠢ ᠶᠢᠨ ᠥᠪᠡᠷ ᠤᠨ ᠦᠨᠡᠯᠡᠯᠲᠡ ᠬᠢᠪᠡ᠃ ︽ᠬᠤᠣᠰ ᠴᠢᠭᠯᠡᠯ ᠤᠨ ᠠᠮᠠᠯᠠᠯᠲᠠ + ᠢᠲᠡᠭᠡᠮᠵᠢ ᠶᠢᠨ ᠬᠠᠮᠢᠶᠠᠷᠤᠯᠲᠠ︾ ᠶᠢ ᠬᠡᠷᠡᠭᠵᠢᠭᠦᠯᠵᠦ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠬᠤᠳᠠᠯᠳᠤᠨ ᠠᠪᠬᠤ ᠣᠷᠴᠢᠨ ᠨᠥᠬᠦᠴᠡᠯ ᠢ ᠪᠤᠶ ᠪᠣᠯᠭᠠᠪᠠ᠃ ᠬᠤᠳᠠᠯᠳᠤᠨ ᠠᠪᠤᠭᠴᠢ ᠨᠢ ᠬᠤᠳᠠᠯᠳᠤᠨ ᠠᠪᠬᠤ ᠲᠥᠰᠥᠪ᠂ ᠰᠠᠨᠠᠮᠵᠢ ᠪᠠᠨ ᠢᠯᠡ ᠪᠤᠯᠭᠠᠬᠤ ᠠᠴᠠ ᠭᠡᠷ᠎ᠡ ᠲᠣᠭᠲᠠᠬᠤ᠂ ᠪᠡᠯᠡ ᠮᠥᠩᠭᠦ ᠶᠢᠨ ᠲᠣᠭᠠᠴᠠᠭ᠎ᠠ ᠬᠢᠬᠦ ᠵᠡᠷᠭᠡ ᠪᠦᠭᠦ ᠶᠠᠪᠤᠴᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠭᠦᠷᠲᠡᠯ᠎ᠡ ᠢᠲᠡᠭᠡᠮᠵᠢ ᠶᠢᠨ ᠠᠮᠠᠯᠠᠯᠲᠠ ᠭᠢᠪᠡ᠃ ᠬᠠᠩᠭᠠᠯᠭ᠎ᠠ ᠶᠢᠨ ᠬᠤᠳᠠᠯᠳᠤᠭᠠᠴᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠳᠤ ᠪᠦᠷᠢᠯᠳᠦᠭᠦᠯᠪᠡᠰᠦ ᠵᠣᠬᠢᠬᠤ ᠨᠥᠬᠦᠴᠡᠯ ᠤᠨ ᠲᠤᠬᠠᠢ ᠠᠮᠠᠯᠠᠯᠲᠠ ᠬᠢᠪᠡ᠃ ᠵᠠᠰᠠᠭ ᠤᠨ ᠣᠷᠳᠣᠨ ᠠᠴᠠ ᠬᠤᠳᠠᠯᠳᠤᠨ ᠠᠪᠬᠤ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠷᠣᠯᠠᠨ ᠭᠦᠢᠴᠡᠳᠬᠡᠬᠦ ᠪᠠᠶᠢᠭᠤᠯᠤᠮᠵᠢ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠂ ᠬᠠᠩᠭᠠᠯᠭ᠎ᠠ ᠶᠢᠨ ᠬᠤᠳᠠᠯᠳᠤᠭᠠᠴᠢᠨ ᠪᠠ ᠬᠤᠳᠠᠯᠳᠤᠨ ᠠᠪᠤᠭᠴᠢ ᠳᠤ ᠪᠦᠭᠦ ᠲᠠᠯ᠎ᠠ ᠶᠢᠨ ᠦᠨᠡᠯᠡᠯᠲᠡ ᠬᠢᠬᠦ ᠶᠢᠨ ᠬᠠᠮᠲᠤ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠪᠠ᠃ 2024 ᠣᠨ ᠳᠤ᠂ ᠨᠢᠭᠡ ᠬᠠᠩᠭᠠᠯᠭ᠎ᠠ ᠶᠢᠨ ᠬᠤᠳᠠᠯᠳᠤᠭᠠᠴᠢᠨ ᠤ ᠤᠳᠠᠭ᠎ᠠ ᠳᠠᠷᠠᠭᠠᠯᠠᠨ ᠵᠠᠭᠠᠯᠳᠤᠭᠰᠠᠨ ᠪᠣᠳᠠᠲᠤ ᠪᠠᠷᠢᠮᠲᠠ ᠦᠭᠡᠢ ᠠᠰᠠᠭᠤᠳᠠᠯ ᠢ ᠬᠠᠤᠯᠢ ᠶᠣᠰᠣᠭᠠᠷ ᠮᠠᠭᠤ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠣᠷᠣᠭᠤᠯᠪᠠ᠃   2024 ᠣᠨ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠳᠡᠭᠡ ᠵᠠᠩᠭᠢ ᠶᠢᠨ ᠰᠣᠨᠢᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠳᠡᠭᠡ ᠵᠠᠩᠭᠢ ᠶᠢᠨ ᠰᠦᠯᠵᠢᠶ᠎ᠡ ᠨᠢ ︽ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠲᠡᠷᠢᠭᠦᠨ ᠤ ᠨᠢᠭᠡᠴᠢ︾᠂ ︽︿ᠨᠠᠢᠮᠠᠳᠤᠭᠠᠷ ᠲᠠᠪᠤᠨ ᠵᠢᠯ ᠤᠨ ᠲᠥᠯᠦᠪᠵᠢᠭᠦᠯᠭᠡ﹀ ᠶᠢᠨ ᠬᠠᠤᠯᠢ ᠲᠦᠭᠡᠮᠡᠯᠵᠢᠭᠦᠯᠦᠭᠰᠡᠨ ᠲᠡᠷᠢᠭᠦᠨ ᠤ ᠨᠢᠭᠡᠴᠢ ᠪᠠᠷ ᠦᠨᠡᠯᠡᠭᠳᠡᠪᠡ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ