2024 ᠣᠨ ᠤ 1 — 10 ᠳ᠋ᠤᠭᠠᠷ ᠰᠠᠷ᠎ᠠ ᠶᠢᠨ ᠲᠦᠩᠯᠢᠶᠣᠣ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/11/27
      1 — 10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.9% ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0.4 ᠬᠤᠪᠢ ᠨᠡᠮᠡᠭᠳᠡᠪᠡ᠃      ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.7% ᠨᠡᠮᠡᠭᠳᠡᠵᠦ᠂ ᠦᠢᠯᠡᠳᠬᠦ ᠦᠢᠯᠡᠰ 5.6% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 1.2% ᠨᠡᠮᠡᠭᠳᠡᠪᠡ᠃      ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.4% ᠨᠡᠮᠡᠭᠳᠡᠪᠡ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 4.9% ᠨᠡᠮᠡᠭᠳᠡᠪᠡ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 6.0% ᠨᠡᠮᠡᠭᠳᠡᠪᠡ︔ ᠬᠤᠪᠢ ᠶᠢᠨ ᠡᠵᠡᠩᠨᠡᠭᠰᠡᠨ ᠠᠵᠤ ᠠᠬᠤᠶᠢᠯᠠᠯ 11.1% ᠨᠡᠮᠡᠭᠳᠡᠪᠡ᠃      ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 27 ᠶᠡᠭᠡ ᠠᠵᠢᠯ ᠲᠥᠷᠥᠯ ᠤᠨ ᠳᠣᠲᠣᠷᠠᠬᠢ 15 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 1.8% ᠨᠡᠮᠡᠭᠳᠡᠵᠦ ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 9.6% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠪᠣᠯᠪᠠᠰᠤᠷᠠᠭᠤᠯᠬᠤ ᠠᠵᠤ ᠦᠢᠯᠡᠰ 6.9% ᠪᠠᠭᠤᠷᠠᠵᠤ᠂ ᠢᠳᠡᠭᠡᠨ ᠦᠢᠯᠡᠳᠬᠦ ᠦᠢᠯᠡᠰ 21.3% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 1.5% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 16.8% ᠨᠡᠮᠡᠭᠳᠡᠪᠡ᠃      ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 53 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 23 ᠵᠦᠢᠯ ᠤᠨ ᠭᠠᠷᠤᠯᠲᠠ ᠨᠢ ᠨᠡᠮᠡᠭᠳᠡᠪᠡ᠃ ᠠᠮᠲᠠᠨ ᠤᠭᠢ ᠶᠢᠨ ᠭᠠᠷᠤᠯᠲᠠ 44.2 ᠲᠦᠮᠡᠨ ᠲᠣᠨ ᠬᠦᠷᠴᠦ᠂ 3.0% ᠪᠠᠭᠤᠷᠠᠪᠠ︔ ᠰᠦ ᠶᠢᠨ ᠭᠠᠷᠤᠯᠲᠠ 10.8 ᠲᠦᠮᠡᠨ ᠲᠣᠨ ᠬᠦᠷᠴᠦ᠂ 29.8% ᠪᠠᠭᠤᠷᠠᠪᠠ︔ ᠬᠢᠲᠠᠳ ᠪᠡᠯᠡᠨ ᠡᠮ ᠤᠨ ᠭᠠᠷᠤᠯᠲᠠ 868.3 ᠲᠣᠨ ᠬᠦᠷᠴᠦ᠂ 32.9% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 491.8 ᠲᠦᠮᠡᠨ ᠬᠦᠨᠳᠦ ᠬᠠᠶᠢᠷᠴᠠᠭ ᠬᠦᠷᠴᠦ᠂ 8.8% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 7.6 ᠲᠦᠮᠡᠨ ᠲᠣᠨ ᠬᠦᠷᠴᠦ᠂ 63.7% ᠪᠠᠭᠤᠷᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ