11 ᠰᠠᠷ᠎ᠠ ᠶᠢᠨ 4 ᠤ ᠡᠳᠦᠷ᠂ ᠮᠠᠨ ᠤ ᠬᠤᠲᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠮᠠᠯᠠᠯᠲᠠ ᠪᠠᠨ ᠪᠡᠶᠡᠯᠡᠭᠦᠯᠦᠭᠰᠡᠨ ᠲᠤᠬᠠᠢ | ᠠᠩᠬᠠᠳᠠᠭᠴᠢ ᠳᠡᠯᠡᠪᠡᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠳᠠ ᠶᠢᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ᠂ ᠬᠤᠳᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠ ᠶᠢᠨ ᠠᠷᠠᠳ ᠤᠨ ᠳᠤᠮᠳᠠᠳᠤ ᠵᠡᠷᠭᠡ ᠶᠢᠨ | ᠰᠢᠭᠦᠬᠦ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠠᠴᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠮᠠᠯᠠᠯᠲᠠ ᠪᠠᠨ ᠪᠡᠶᠡᠯᠡᠭᠦᠯᠦᠭᠰᠡᠨ | ᠪᠠᠶᠢᠳᠠᠯ ᠢᠶᠠᠨ ᠮᠡᠳᠡᠭᠳᠡᠪᠡ᠃ | ᠵᠢᠯ ᠤᠨ ᠡᠬᠢᠨ ᠠᠴᠠ ᠨᠠᠭᠠᠰᠢ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠢᠨ 20 | ᠵᠦᠢᠯ ᠤᠨ ᠲᠦᠷᠦᠭᠦᠯᠡᠨ ᠭᠦᠢᠴᠡᠳᠬᠡᠬᠦ ᠲᠤᠭ᠎ᠠ ᠶᠢᠨ ᠡᠭᠦᠷᠭᠡ᠂ 14 ᠵᠦᠢᠯ ᠤᠨ ᠬᠠᠮᠵᠢᠯᠴᠠᠬᠤ ᠡᠭᠦᠷᠭᠡ ᠵᠢᠴᠢ 12 ᠵᠦᠢᠯ ᠤᠨ ᠴᠡᠭᠴᠡᠯᠡᠨ ᠰᠠᠶᠢᠵᠢᠷᠠᠭᠤᠯᠬᠤ | ᠠᠰᠠᠭᠤᠳᠠᠯ ᠢ ᠴᠢᠨᠠᠷ ᠰᠠᠶᠢᠲᠠᠢ ᠪᠡᠶᠡᠯᠡᠭᠦᠯᠵᠦ᠂ 5 ᠵᠦᠢᠯ ᠤᠨ ᠭᠢᠯᠠᠰ ᠴᠡᠭ ᠤᠨ ᠠᠵᠢᠯ ᠢ ᠪᠤᠶ ᠪᠤᠯᠭᠠᠵᠤ᠂ 10 ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠨ ᠨᠡᠶᠢᠲᠡᠯᠡᠪᠡ᠃ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠣᠶᠤᠨᠴᠢ | ᠤᠰᠤᠨ ᠤ ᠬᠡᠮᠵᠢᠭᠦᠷ ᠢ 2.1 ᠲᠦᠮᠡᠨ ᠬᠤᠪᠢ ᠰᠣᠯᠢᠵᠤ᠂ ᠳᠠᠷᠤᠯᠲᠠ ᠶᠢ ᠬᠢᠨᠠᠨ ᠬᠡᠮᠵᠢᠬᠦ ᠲᠥᠬᠦᠭᠡᠷᠦᠮᠵᠢ ᠶᠢ 10 ᠢᠵᠢ ᠤᠭᠰᠠᠷᠠᠵᠤ᠂ ᠰᠢᠲᠠᠮᠠᠬᠠᠢ ᠬᠡᠢ ᠶᠢᠨ ᠭᠡᠷ | ᠳᠣᠲᠣᠷᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠬᠦᠭᠡᠷᠦᠮᠵᠢ ᠶᠢ 4 ᠲᠦᠮᠡᠨ ᠢᠵᠢ ᠨᠡᠮᠡᠵᠦ ᠤᠭᠰᠠᠷᠠᠪᠠ᠃ ᠳᠤᠯᠠᠭᠠᠯᠠᠭ᠎ᠠ ᠶᠢᠨ ᠢᠨᠵᠧᠨᠧᠷᠢᠩ ᠤᠨ ᠲᠥᠷᠥᠯ | ᠵᠦᠢᠯ ᠢ 60 ᠬᠡᠷᠡᠭᠵᠢᠭᠦᠯᠵᠦ᠂ ᠢᠯᠴᠢ ᠶᠢᠨ ᠰᠤᠷᠪᠤᠯᠵᠢ ᠶᠢ 16᠂ ᠢᠯᠴᠢ ᠰᠣᠯᠢᠯᠴᠠᠬᠤ ᠥᠷᠲᠡᠭᠡ ᠶᠢ 378᠂ ᠨᠢᠭᠡᠳᠡᠬᠢ ᠬᠤᠭᠤᠯᠠᠢ ᠲᠣᠣᠷ ᠢ 50.1 ᠺᠢᠯᠣᠮᠧᠲᠷ | ᠂ ᠬᠤᠶᠠᠳᠠᠭᠢ ᠬᠤᠭᠤᠯᠠᠢ ᠲᠣᠣᠷ ᠢ 369.9 ᠺᠢᠯᠣᠮᠧᠲᠷ ᠥᠭᠡᠷᠡᠴᠢᠯᠡᠨ ᠪᠠᠶᠢᠭᠤᠯᠵᠤ᠂ 1.73 ᠲᠦᠮᠡᠨ ᠡᠷᠦᠭᠡ ᠳᠤ ᠭᠡᠷ ᠤᠨ ᠳᠤᠯᠠᠭᠠᠨ ᠢ ᠬᠢᠨᠠᠨ ᠬᠡᠮᠵᠢᠬᠦ | ᠲᠣᠨᠣᠭᠯᠠᠯ ᠤᠭᠰᠠᠷᠠᠵᠤ᠂ ᠢᠯᠴᠢ ᠬᠠᠩᠭᠠᠬᠤ ᠶᠢ ᠪᠠᠲᠤᠯᠠᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠬᠢᠨ ︽ᠲᠦᠩᠯᠢᠶᠣᠣ ᠬᠤᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠨᠠᠵᠠᠭᠠᠢ ᠲᠠᠯ᠎ᠠ ᠶᠢᠨ ᠠᠵᠢᠯᠯᠠᠭ᠎ᠠ ᠶᠢᠨ ᠨᠠᠷᠢᠨ ᠲᠠᠩᠰᠠ︾ ᠶᠢ | ᠳᠠᠷᠤᠮᠠᠯᠯᠠᠨ ᠲᠠᠷᠬᠠᠭᠠᠵᠤ᠂ ᠡᠯ᠎ᠡ ᠲᠠᠯ᠎ᠠ ᠶᠢᠨ ᠠᠷᠠᠯᠵᠢᠶᠠᠨ ᠤ ᠭᠤᠣᠯ ᠴᠣᠭᠴᠠ ᠶᠢᠨ ᠠᠷᠠᠯᠵᠢᠶᠠᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ | ᠳᠡᠭᠡᠭᠰᠢᠯᠡᠭᠦᠯᠪᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ︽ᠣᠷᠣᠭᠤᠯᠬᠤ ᠶᠣᠰᠣᠲᠠᠢ ᠪᠣᠯ ᠵᠠᠪᠠᠯ ᠣᠷᠣᠭᠤᠯᠬᠤ︾ ᠬᠥᠭᠵᠢᠯᠲᠡ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠩᠯᠢᠶᠣᠣ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠰᠢᠪᠲᠤᠯᠤᠯᠲᠠ ᠶᠢᠨ ᠵᠢᠯ ᠤᠨ ᠠᠵᠢᠯᠯᠠᠭ᠎ᠠ ᠶᠢᠨ ᠲᠥᠰᠥᠯ︾ ᠢ ᠲᠣᠭᠲᠠᠭᠠᠵᠤ᠂ ᠠᠯᠤᠰ ᠠᠴᠠ | ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ᠂ ᠪᠠᠲᠤᠯᠠᠭ᠎ᠠ ᠶᠢᠨ ᠮᠥᠩᠭᠦ ᠶᠢ ᠳᠡᠷᠡ ᠳᠠᠷᠤᠢ ᠳᠤᠨᠢ ᠪᠤᠴᠠᠭᠠᠬᠤ᠂ ᠪᠦᠭᠦ ᠶᠠᠪᠤᠴᠠ ᠶᠢ ᠡᠯᠧᠺᠲᠷᠤᠨᠴᠢᠯᠠᠬᠤ᠂ ᠨᠢᠭᠤᠷ | ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ᠂ ᠠᠵᠢᠯ ᠤᠨ ᠪᠠᠶᠢᠷᠢ ᠶᠢᠨ ᠮᠠᠶ᠋ᠢᠭ ᠢᠶᠠᠷ ᠳᠠᠭᠠᠭᠠᠴᠢᠯᠠᠯᠲᠠ ᠦᠨᠡᠯᠡᠬᠦ ᠵᠡᠷᠭᠡ ᠲᠠᠪᠤᠨ ᠲᠠᠯ᠎ᠠ ᠠᠴᠠ ᠰᠠᠯᠠᠭ᠎ᠠ | ᠲᠠᠰᠤᠭ ᠢ ᠲᠣᠳᠣᠷᠬᠠᠢ ᠬᠠᠷᠢᠭᠤᠴᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠠᠪᠤ ᠶᠢ 100% ᠪᠠᠷ ᠠᠵᠢᠯᠯᠠᠭᠤᠯᠬᠤ ᠶᠢ ᠪᠡᠶᠡᠯᠡᠭᠦᠯᠪᠡ᠃ | ᠲᠦᠩᠯᠢᠶᠣᠣ ᠶᠢᠨ ᠠᠷᠠᠳ ᠤᠨ ᠳᠤᠮᠳᠠᠳᠤ ᠵᠡᠷᠭᠡ ᠶᠢᠨ ᠰᠢᠭᠦᠬᠦ ᠬᠤᠷᠢᠶ᠎ᠠ ᠶᠢᠨ ᠬᠢᠨ ᠤᠷᠢᠳ ᠬᠤᠵᠢᠳ ︽ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ | ᠪᠠᠶᠢᠭᠤᠯᠤᠯᠲᠠ ᠳᠤ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠲᠤᠬᠠᠢ ᠬᠡᠷᠡᠭᠵᠢᠭᠦᠯᠬᠦ ᠰᠠᠨᠠᠯ︾᠂ ︽ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠲᠤᠬᠠᠢ ᠬᠤᠷᠢᠨ ᠲᠠᠪᠤᠨ ᠵᠦᠢᠯ ᠤᠨ ᠠᠷᠭ᠎ᠠ ᠬᠡᠮᠵᠢᠶ᠎ᠡ︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠠᠵᠤ | ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ︽ᠰᠢᠭᠤᠳ ᠨᠡᠪᠲᠡᠷᠡᠬᠦ ᠲᠡᠷᠭᠡ︾ ᠶᠢ ᠰᠠᠭᠠᠳ ᠦᠭᠡᠢ ᠨᠠᠪᠲᠠᠷᠡᠭᠦᠯᠵᠦ᠂ ᠵᠠᠷᠭᠤ ᠶᠢᠨ ᠰᠦᠢᠳᠬᠡᠯ ᠤᠨ ᠡᠯᠧᠺᠲᠷᠣᠨ ᠫᠢᠶᠣᠣ | ᠪᠠᠷᠢᠮᠲᠠ ᠶᠢᠨ ᠰᠢᠰᠲ᠋ᠧᠮ ᠢ ᠰᠦᠯᠵᠢᠶᠡᠨ ᠳᠤ ᠭᠠᠷᠭᠠᠵᠤ᠂ ᠰᠦᠯᠵᠢᠶᠡᠨ ᠳᠡᠭᠡᠷ᠎ᠡ 5625.13 ᠲᠦᠮᠡᠨ ᠲᠥᠭᠦᠷᠢᠭ ᠤᠨ ᠰᠦᠢᠳᠬᠡᠯ ᠢ ᠲᠤᠰᠢᠶᠠᠪᠠ᠃ ᠬᠡᠷᠡᠭ ᠪᠣᠯᠭᠠᠨ | ᠳᠠᠩᠰᠠᠯᠠᠬᠤ ᠨᠥᠬᠦᠴᠡᠯ ᠳᠤ ᠨᠡᠶᠢᠴᠡᠭᠰᠡᠨ᠂ ᠵᠠᠷᠭᠤ ᠶᠢᠨ ᠵᠠᠷᠤᠳᠠᠯ ᠲᠤᠰᠢᠶᠠᠬᠤ ᠳᠤ ᠬᠦᠴᠢᠷᠳᠡᠯ ᠲᠠᠢ ᠠᠵᠤ ᠠᠬᠤᠶᠢᠯᠠᠯ ᠤᠨ ᠵᠠᠷᠭᠤ ᠶᠢᠨ ᠵᠠᠷᠤᠳᠠᠯ ᠢ ᠬᠠᠤᠯᠢ | ᠶᠣᠰᠣᠭᠠᠷ 248.85 ᠲᠦᠮᠡᠨ ᠲᠥᠭᠦᠷᠢᠭ ᠬᠤᠶᠢᠰᠢᠯᠠᠭᠤᠯᠤᠨ ᠬᠠᠰᠤᠪᠠ᠃ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ 24 ᠣᠷᠴᠢᠨ ᠲᠣᠭᠤᠷᠢᠨ ᠳᠤ ᠦᠨᠡᠯᠡᠯᠲᠡ ᠥᠭᠬᠦ | ᠪᠠᠶᠢᠭᠤᠯᠤᠮᠵᠢ ᠶᠢᠨ ᠬᠤᠪᠢ ᠲᠣᠭᠲᠠᠭᠠᠭᠰᠠᠨ ᠦᠷ᠎ᠡ ᠳ᠋ᠦᠩ ᠪᠠ 10 ᠡᠷᠤᠭᠡ ᠶᠢᠨ ᠨᠢᠭᠡᠨᠲᠡ ᠬᠦᠴᠦᠨ ᠦᠭᠡᠢ ᠪᠤᠯᠭᠠᠬᠰᠠᠨ ᠪᠠ ᠪᠠᠶᠢᠭᠤᠯᠤᠮᠵᠢ ᠶᠢᠨ ᠲᠠᠩᠰᠠᠨ ᠳᠤ | ᠣᠷᠣᠭᠤᠯᠬᠤ ᠪᠠᠷ ᠳᠡᠪᠰᠢᠭᠦᠯᠦᠭᠰᠡᠨ ᠦᠭᠡᠢ ᠪᠠᠶᠢᠳᠠᠯ ᠢ ᠵᠠᠷᠯᠠᠨ ᠨᠡᠶᠢᠲᠡᠯᠡᠵᠦ᠂ ︽ᠲᠤᠬᠠᠢ ᠶᠢᠨ ᠲᠠᠯᠠᠪᠤᠷ ᠤᠨ ᠪᠤᠰᠤ︾ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ | ᠤᠷᠢᠳ ᠢᠶᠠᠷ ᠬᠡᠷᠡᠭᠯᠡᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠬᠢᠵᠦ᠂ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ 919 ᠤᠳᠠᠭ᠎ᠠ ᠥᠷᠨᠢᠭᠦᠯᠪᠡ᠃ 1 ᠠᠴᠠ 9 ᠰᠠᠷ᠎ᠠ ᠪᠤᠯᠳᠡᠯ᠎ᠠ᠂ ᠭᠤᠣᠯ ᠬᠤᠲᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ | ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 91.6% ᠳᠤ ᠬᠦᠷᠴᠦ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠤᠰᠤᠨ ᠤ ᠴᠢᠨᠠᠷ ᠢ | ᠳᠡᠭᠡᠭᠰᠢᠯᠡᠭᠦᠯᠭᠦ ᠪᠣᠭᠤᠮᠲᠠ ᠰᠢᠪᠲᠤᠯᠬᠤ ᠣᠨ ᠤ ᠲᠤᠰᠬᠠᠢ ᠠᠵᠢᠯᠯᠠᠭ᠎ᠠ ᠶᠢ ᠥᠷᠨᠢᠭᠦᠯᠪᠡ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠨᠠᠢᠮᠠᠳᠤᠭᠠᠷ ᠬᠤᠭᠤᠴᠠᠭᠠᠨ ᠤ ᠪᠦᠭᠦ ᠳᠡᠯᠡᠬᠡᠢ ᠶᠢᠨ ᠣᠷᠣᠨ ᠨᠤᠲᠤᠭ ᠤᠨ ᠵᠠᠰᠠᠭ ᠤᠨ | ᠣᠷᠳᠣᠨ ᠪᠠ ᠬᠤᠲᠠ ᠶᠢᠨ ᠲᠦᠷᠦᠭᠦᠴᠦᠳ ᠤᠨ ᠬᠤᠷᠠᠯ ᠤᠨ ︽ᠪᠠᠶᠢᠭᠠᠯᠢ ᠶᠢᠨ ᠬᠤᠲᠠ︾ ᠶᠢᠨ ᠴᠣᠯᠠ ᠶᠢ ᠬᠦᠷᠲᠡᠵᠦ᠂ ᠠᠮᠢ ᠠᠬᠤᠢ ᠶᠢᠨ ᠪᠣᠯᠪᠠᠰᠤᠨ ᠤ ᠵᠢᠱᠢᠶ᠎ᠡ | ᠦᠵᠡᠭᠦᠯᠭᠦ ᠬᠤᠲᠠ ᠶᠢ ᠠᠮᠵᠢᠯᠲᠠ ᠲᠠᠢ ᠭᠤᠶᠤᠴᠢᠯᠠᠨ ᠮᠡᠳᠡᠭᠦᠯᠬᠦ ᠶᠢ ᠲᠦᠯᠬᠢᠨ ᠠᠬᠢᠭᠤᠯᠵᠤ᠂ ᠲᠦᠩᠯᠢᠶᠣᠣ ᠬᠤᠲᠠ ᠶᠢᠨ ᠰᠢᠨ᠎ᠡ ᠨᠡᠷ᠎ᠡ ᠶᠢᠨ ᠬᠠᠭᠤᠳᠠᠰᠤ ᠶᠢ ᠪᠤᠢ | ᠪᠣᠯᠭᠠᠪᠠ᠃ | ᠪᠦᠭᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠢᠨ ︽ᠭᠢᠷᠢᠨ ᠤ ᠡᠮᠦᠨ᠎ᠡ ᠬᠡᠰᠡᠭ᠂ | ᠯᠢᠶᠣᠤᠨᠢᠩ ᠤᠨ ᠬᠤᠶᠢᠲᠤ ᠬᠡᠰᠡᠭ᠂ ᠥᠪᠥᠷ ᠮᠣᠩᠭᠤᠯ ᠤᠨ ᠵᠡᠭᠦᠨ ᠬᠡᠰᠡᠭ︾ ᠤᠨ ᠵᠢᠷᠭᠤᠭᠠᠨ ᠬᠤᠲᠠ ᠶᠢ ᠨᠢᠭᠡ ᠴᠣᠭᠴᠠᠵᠢᠭᠤᠯᠤᠨ ᠬᠠᠮᠵᠢᠯᠴᠠᠭᠤᠯᠤᠨ ᠬᠥᠭᠵᠢᠭᠦᠯᠬᠦ | ᠠᠵᠢᠯᠲᠠᠨ ᠠᠵᠢᠯᠴᠢᠨ ᠡᠯᠰᠡᠬᠦ ᠬᠠᠮ ᠴᠤᠭᠯᠠᠭᠠᠨ᠂ ᠪᠦᠭᠦ ᠣᠷᠣᠨ ᠤ ᠨᠠᠮᠤᠷ ᠤᠨ ᠤᠯᠠᠷᠢᠯ ᠤᠨ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠵᠡᠷᠭᠡ 113 ᠤᠳᠠᠭ᠎ᠠ | ᠶᠢᠨ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ 8.37 ᠲᠦᠮᠡᠨ ᠠᠵᠢᠯ ᠤᠨ ᠪᠠᠶᠢᠷᠢ ᠬᠠᠩᠭᠠᠪᠠ᠃ ︽ᠵᠠᠰᠠᠭ ᠤᠨ ᠣᠷᠣᠨ ᠶᠡᠭᠡ | ᠳᠡᠭᠡᠳᠦ ᠰᠤᠷᠭᠠᠭᠤᠯᠢ ᠠᠵᠤ ᠠᠬᠤᠶᠢᠯᠠᠯ︾ ᠤᠨ ᠬᠤᠯᠪᠤᠭ᠎ᠠ ᠠᠴᠠ ᠠᠵᠢᠯᠲᠠᠨ ᠠᠵᠢᠯᠴᠢᠨ ᠳᠤ 4300 ᠬᠥᠮᠥᠨ ᠤᠳᠠᠭ᠎ᠠ ᠪᠣᠯᠪᠠᠰᠤᠷᠠᠯ ᠬᠦᠷᠲᠡᠭᠡᠵᠦ᠂ 1.17 | ᠲᠦᠮᠡᠨ ᠬᠥᠮᠥᠨ ᠤᠳᠠᠭ᠎ᠠ ᠳᠤ ᠨᠥᠬᠦᠪᠦᠷᠢ ᠶᠢᠨ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠵᠡᠢ᠃ ︽ᠰᠤᠯᠠ ᠠᠵᠢᠯ ᠤᠨ ᠵᠠᠬ᠎ᠠ | ᠳᠡᠯᠭᠡᠭᠦᠷ︾ ᠲᠤ ᠬᠠᠨᠳᠤᠭᠤᠯᠤᠨ᠂ ᠨᠠᠷᠢᠯᠢᠭ ᠣᠨᠣᠴᠠᠲᠠᠢ ᠠᠵᠢᠯᠴᠢᠨ ᠡᠯᠰᠡᠬᠦ ᠴᠤᠭᠯᠠᠭᠠᠨ ᠢ 33 ᠲᠠᠯᠠᠪᠡᠢ ᠤᠳᠠᠭ᠎ᠠ ᠡᠷᠭᠢᠯᠡᠵᠤ᠂ ᠰᠦᠯᠵᠢᠶᠡᠨ ᠳᠡᠭᠡᠷ᠎ᠡ ᠰᠤᠯᠠ | ᠠᠵᠢᠯ ᠤᠨ ᠮᠡᠳᠡᠭᠡ ᠵᠠᠩᠭᠢ ᠶᠢ 5.44 ᠲᠦᠮᠡᠨ ᠵᠤᠷᠪᠤᠰ ᠨᠡᠶᠢᠲᠡᠯᠡᠵᠦ᠂ 1 ᠲᠦᠮᠡ ᠠᠴᠠ ᠳᠡᠭᠡᠭᠰᠢᠬᠢ ᠬᠥᠮᠥᠨ ᠤᠳᠠᠭ᠎ᠠ ᠳᠤ ᠠᠵᠢᠯ ᠣᠯᠭᠤᠬᠤ ᠶᠢ ᠪᠡᠶᠡᠯᠡᠭᠦᠯᠪᠡ᠃ | ᠳᠡᠭᠡᠳᠦ ᠲᠠᠰ ᠳᠠᠪᠬᠤᠷᠭ᠎ᠠ ᠶᠢᠨ᠂ ᠪᠠᠴᠢᠮ ᠬᠡᠷᠡᠭᠴᠡᠭᠡ ᠲᠠᠢ᠂ ᠪᠠᠴᠢᠮ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠨᠡᠶᠢᠲᠡ 334 ᠣᠷᠣᠭᠤᠯᠤᠨ ᠠᠪᠴᠢᠷᠠᠪᠠ᠃ ᠴᠠᠯᠢᠩ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ︽ᠨᠡᠶᠢᠳᠡᠮ ᠬᠡᠷᠡᠭᠯᠡᠬᠦ ᠴᠠᠯᠢᠩ ᠤᠨ ᠨᠣᠮᠧᠷ︾ ᠢ ᠨᠡᠭᠡᠭᠡᠨ ᠠᠰᠢᠭᠯᠠᠬᠤ ᠶᠢ ᠡᠬᠢᠯᠡᠨ ᠬᠡᠷᠡᠭᠯᠡᠵᠦ᠂ ︽ᠬᠤᠶᠠᠷ ᠢ | ᠰᠠᠭᠤᠯᠭᠠᠵᠤ ᠬᠤᠶᠠᠷ ᠢ ᠪᠠᠶᠢᠴᠠᠭᠠᠬᠤ︾ ᠶᠢ 313 ᠤᠳᠠᠭ᠎ᠠ ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠴᠠᠯᠢᠩ ᠥᠷᠢᠲᠦᠬᠦ ᠲᠠᠪᠴᠠᠩ ᠤᠨ | ᠬᠦᠷᠭᠡᠭᠰᠡᠨ 2127 ᠰᠦᠪᠡᠭᠴᠢ ᠶᠢ ᠪᠦᠭᠦᠨ ᠢ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠪᠠ᠃ ᠭᠦᠳᠡᠯᠮᠦᠷᠢ ᠠᠵᠢᠯᠲᠠᠨ ᠤ ᠶᠠᠪᠤᠳᠠᠯ ᠤᠨ | ᠮᠠᠷᠭᠤᠯᠳᠤᠭᠠᠨ ᠢ ᠬᠥᠨᠳᠡᠯᠡᠨ ᠠᠴᠠ ᠲᠠᠰᠤᠯᠤᠬᠰᠠᠨ ᠬᠡᠷᠡᠭ ᠢ ᠳᠠᠭᠤᠰᠬᠠᠭᠰᠠᠨ ᠨᠣᠷᠮ᠎ᠠ 100% ᠳᠤ ᠬᠦᠷᠴᠦ᠂ ᠪᠦᠭᠦ ᠣᠷᠣᠨ ᠤ ᠡᠯ᠎ᠡ ᠠᠶᠢᠮᠠᠭ ᠬᠤᠲᠠ ᠶᠢᠨ | ᠲᠡᠷᠢᠭᠦᠨ ᠳᠤ ᠣᠷᠣᠪᠠ᠃ | ᠰᠤᠷᠪᠤᠯᠵᠢᠯᠠᠬᠴᠢ ᠄ ᠪᠤᠤ ᠯᠢᠩ ᠯᠢᠩ |