| ᠤᠶᠢᠷ᠎ᠠ ᠶᠢᠨ ᠬᠡᠳᠦᠨ ᠵᠢᠯ ᠳᠤ᠂ ᠦᠪᠦᠷ ᠮᠤᠩᠭᠤᠯ ᠤᠨ ᠲᠥᠩᠯᠢᠶᠤᠤ ᠬᠤᠳᠠ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢᠶᠠᠨ | ᠪᠠᠳᠤ ᠪᠠᠬᠢ ᠪᠤᠢ ᠪᠤᠯᠭᠠᠬᠤ ᠪᠠᠷ ᠭᠤᠤᠯ ᠰᠢᠵᠢᠮ ᠪᠤᠯᠭᠠᠨ᠂ ᠦᠬᠡᠷᠡᠴᠢᠯᠡᠯᠳᠡ ᠭᠦᠭᠵᠢᠯᠳᠡ ᠲᠤᠭᠳᠠᠭᠤᠨ ᠪᠠᠶᠢᠯᠭᠠᠬᠤ ᠠᠵᠢᠯ ᠤᠨ ᠪᠦᠬᠦ ᠶᠠᠪᠤᠴᠠ ᠪᠠ ᠡᠯ᠎ᠡ | ᠲᠠᠯ᠎ᠠ ᠳᠤ ᠨᠠᠶᠢᠳᠠᠪᠤᠷᠢᠵᠢᠭᠤᠯᠵᠤ ᠲᠤᠭᠤᠰᠢᠯᠠᠭᠤᠯᠤᠨ᠂ ᠡᠯ᠎ᠡ ᠲᠦᠷᠦᠯ ᠤᠨ ᠠᠵᠢᠯ ᠲᠠᠢ ᠤᠷᠭᠠᠨᠢᠭ ᠢᠶᠠᠷ ᠤᠶᠠᠯᠳᠤᠭᠤᠯᠤᠨ ᠨᠢᠬᠡᠳᠦᠯᠳᠡᠢ ᠠᠬᠢᠭᠤᠯᠵᠦ᠂ ᠡᠨᠡᠬᠦ ᠭᠤᠤᠯ | ᠰᠢᠵᠢᠮ ᠤᠨ ᠠᠵᠢᠯ ᠢᠶᠠᠨ ᠬᠡᠯᠪᠡᠷᠢ ᠲᠦᠷᠰᠦ ᠲᠠᠢ᠂ ᠮᠡᠳᠡᠷᠡᠬᠦᠢ ᠰᠡᠳᠬᠢᠯᠬᠡ ᠲᠠᠢ᠂ ᠦᠨᠡᠨ ᠪᠦᠳᠦᠮᠵᠢᠳᠠᠢ ᠪᠠᠷ ᠤᠮᠠᠷᠠᠳᠤ ᠬᠢᠵᠠᠭᠠᠷ ᠤᠨ ᠡᠬᠡ ᠭᠠᠵᠠᠷ ᠲᠤ ᠪᠣᠳᠠᠳᠠᠢ | ᠨᠠᠶᠢᠳᠠᠪᠤᠷᠢᠵᠢᠭᠤᠯᠬᠤ ᠶᠢ ᠪᠠᠳᠤᠯᠠᠬᠰᠠᠨ ᠪᠠᠶᠢᠨ᠎ᠠ᠃ | ᠤᠶᠤᠨ ᠰᠠᠨᠠᠭᠠᠨ ᠤ ᠭᠡᠷ ᠤᠷᠤᠨ ᠢᠶᠠᠨ ᠬᠠᠮᠳᠤᠪᠠᠷ ᠪᠡᠶᠡᠯᠡᠬᠦᠯᠦᠨᠡᠮ | ᠲᠥᠩᠯᠢᠶᠤᠤ ᠬᠤᠳᠠ ᠶᠢᠨ ᠠᠵᠦ ᠠᠬᠤᠢ ᠮᠡᠷᠭᠡᠵᠢᠯ ᠤᠨ ᠨᠡᠬᠡᠬᠡᠯᠳᠡ ᠶᠢᠨ ᠲᠤᠭᠤᠷᠢᠭ ᠤᠨ ᠨᠠᠭᠠᠳᠤᠮ ᠤᠨ ᠬᠦᠷᠢᠶᠡᠯᠡᠩ ᠤᠨ ᠭᠤᠪᠢ ᠶᠢᠨ ᠰᠦᠯᠳᠡ ᠠᠷᠠᠰᠤᠨ | ᠰᠡᠶᠢᠯᠦᠮᠡᠯ ᠤᠨ ᠮᠡᠷᠬᠡᠵᠢᠯ ᠤᠨ ᠠᠵᠢᠯᠯᠠᠬᠤ ᠦᠷᠦᠬᠡ ᠳᠤ᠂ ᠠᠯᠳᠠᠷᠳᠤ ᠠᠷᠠᠰᠤᠨ ᠰᠡᠶᠢᠯᠦᠮᠡᠯ ᠤᠨ ᠤᠷᠠᠯᠢᠬᠴᠢᠨ ᠭᠠᠸᠠ ᠠᠷᠠᠰᠤ ᠰᠢᠷᠢ ᠲᠡᠭᠡᠷ᠎ᠡ ᠪᠠᠨ ᠨᠠᠷᠢᠨ ᠨᠢᠮᠪᠠᠢ | ᠪᠤᠯᠪᠠᠰᠤᠷᠠᠩᠭᠤᠢ ᠪᠠᠷ ᠵᠢᠷᠦᠵᠦ ᠰᠡᠶᠢᠯᠵᠦ ᠯᠠ ᠪᠠᠶᠢᠬᠤ ᠨᠢ ᠬᠠᠷᠠᠭᠳᠠᠨ᠎ᠠ᠂ ᠲᠡᠷᠡ ᠲᠤᠮᠳᠠᠳᠤ ᠶᠢᠨ ᠰᠢᠯᠢᠳᠡᠭ ᠦᠪ ᠰᠤᠶᠤᠯ ᠢᠶᠠᠨ ᠵᠠᠯᠭᠠᠮᠵᠢᠯᠠᠨ ᠤᠯᠠᠮᠵᠢᠯᠠᠬᠤ ᠪᠠ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠦᠢᠯᠡᠰ ᠲᠠᠢ ᠤᠷᠭᠠᠨᠢᠭ ᠢᠶᠠᠷ ᠤᠶᠠᠯᠳᠤᠭᠤᠯᠤᠨ᠂ ᠤᠷᠤᠨ ᠨᠤᠳᠤᠭ ᠤᠨ ᠤᠨᠴᠠᠯᠢᠭ ᠲᠠᠢ ᠤᠯᠠᠮᠵᠢᠯᠠᠯᠳᠤ ᠭᠠᠷ | ᠤᠷᠠᠯᠠᠯ ᠢ ᠲᠠᠰᠤᠷᠠᠯᠲᠠ ᠦᠭᠡᠢ ᠬᠠᠶᠢᠨ ᠰᠢᠨᠵᠢᠵᠦ᠂ ᠡᠯ᠎ᠡ ᠦᠨᠳᠦᠰᠦᠳᠡᠨ ᠤ ᠤᠯᠠᠨ ᠲᠦᠮᠡᠨ ᠳᠡᠭᠡᠨ ᠤᠷᠣᠯᠭ᠎ᠠ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠴᠢᠳᠠᠪᠦᠷᠢ | ᠪᠠ ᠠᠷᠭ᠎ᠠ ᠵᠠᠮ ᠢ ᠦᠷᠭᠡᠳᠭᠡᠨ ᠦᠭᠴᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠬᠤᠭᠤᠷᠤᠨᠳᠤᠬᠢ ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠭ᠎ᠠ ᠶᠢ | ᠨᠡᠮᠡᠭᠳᠡᠬᠦᠯᠦᠨ᠂ ᠲᠤᠮᠳᠠᠳᠤ ᠶᠢᠨ ᠤᠯᠠᠮᠵᠢᠯᠠᠯᠳᠤ ᠰᠢᠯᠢᠳᠡᠭ ᠰᠤᠶᠤᠯ ᠢᠶᠠᠨ ᠬᠠᠮᠠᠭᠠᠯᠠᠵᠦ ᠤᠯᠠᠮᠵᠢᠯᠠᠨ ᠭᠦᠭᠵᠢᠬᠦᠯᠬᠦ ᠶᠢ ᠲᠦᠯᠬᠢᠨ ᠠᠬᠢᠭᠤᠯᠤᠭᠰᠠᠨ ᠪᠠᠶᠢᠨ᠎ᠠ᠃ | ᠲᠥᠩᠯᠢᠶᠤᠤ ᠬᠤᠳᠠ᠂ ᠰᠤᠶᠤᠯ ᠤᠨ ᠪᠦᠳᠦᠬᠡᠨ ᠪᠠᠶᠢᠭᠤᠯᠤᠯᠲᠠ ᠶᠢᠨ ᠲᠤᠮᠳᠠ ᠪᠠᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ | ᠤᠬᠠᠮᠰᠠᠷ ᠢᠶᠠᠨ ᠪᠠᠳᠤ ᠪᠠᠬᠢ ᠪᠤᠢ ᠪᠤᠯᠭᠠᠬᠤ ᠪᠠᠷ ᠭᠤᠤᠯ ᠰᠢᠵᠢᠮ ᠪᠤᠯᠭᠠᠨ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢᠶᠠᠨ | ᠬᠦᠨᠳᠦᠳᠬᠡᠨ ᠪᠠᠶᠢᠭᠤᠯᠵᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠤᠶᠤᠨ ᠰᠠᠨᠠᠭ᠎ᠠ ᠪᠠᠷ ᠬᠦᠮᠦᠰ ᠤᠨ ᠰᠡᠳᠬᠢᠯ ᠢ ᠨᠢᠭᠲᠠᠷᠠᠭᠤᠯᠤᠨ᠂ ᠡᠨᠡᠭᠦ | ᠲᠤᠮᠳᠠᠳᠤ ᠶᠢᠨ ᠰᠤᠶᠤᠯ ᠤᠨ ᠬᠦᠴᠦᠷᠭᠡᠭ ᠶᠡᠭᠡ ᠤᠶᠤᠨ ᠰᠠᠨᠠᠭᠠᠨ ᠤ ᠬᠤᠯᠪᠤᠭᠠᠰᠤ ᠪᠠᠷ ᠦᠨᠳᠦᠰᠦᠲᠡᠨ ᠨᠦᠭᠦᠳ ᠤᠨ ᠠᠨᠠᠷ ᠤᠨ ᠦᠷ᠎ᠡ ᠰᠢᠭ ᠪᠠᠷᠢᠯᠳᠤᠨ | ᠪᠦᠯᠬᠦᠮᠳᠡᠬᠦ ᠶᠢ ᠠᠬᠢᠭᠤᠯᠤᠬᠰᠠᠭᠠᠷ ᠢᠷᠡᠵᠡᠢ᠃ | ᠲᠥᠩᠯᠢᠶᠤᠤ ᠬᠤᠳᠠ᠂ ︽ᠪᠠᠷᠠᠭᠤᠨ ᠯᠢᠶᠤᠤ ᠾᠧ ᠶᠢᠨ ᠪᠤᠯᠪᠠᠰᠤᠨ︾ ᠪᠤᠯᠬᠤ ᠲᠤᠮᠳᠠᠳᠤ ᠶᠢᠨ ᠦᠨᠳᠦᠰᠦᠳᠡᠨ ᠤ ᠤᠯᠠᠨ ᠡᠰᠢᠳᠤ ᠨᠢᠬᠡ ᠴᠤᠭᠴᠠᠵᠢᠯᠠᠬᠰᠠᠨ | ᠪᠠᠶᠢᠷᠢᠯᠠᠯ ᠤᠨ ︽ᠰᠢᠵᠢᠷ ᠠᠯᠳᠠᠨ ᠨᠡᠷᠡᠳᠤ ᠲᠡᠮᠳᠡᠭ︾ ᠢᠶᠠᠨ ᠲᠠᠰᠤᠷᠠᠯᠳᠠ ᠦᠭᠡᠢ ᠬᠢᠯᠠᠯᠵᠠᠭᠤᠯᠵᠦ᠂ ︽ᠲᠤᠮᠳᠠᠳᠤ ᠶᠢᠨ ᠦᠨᠳᠦᠰᠦᠳᠡᠨ ᠤ ᠶᠠᠪᠤᠯᠴᠠᠭ᠎ᠠ | ᠰᠤᠯᠢᠯᠴᠠᠭ᠎ᠠ ᠠᠭᠤᠰᠤᠯᠴᠠᠭ᠎ᠠ ᠶᠢᠨ ᠲᠡᠥᠬᠡᠨ ᠡᠮᠬᠢᠳᠬᠡᠯ · ᠦᠪᠦᠷ ᠮᠤᠩᠭᠤᠯ ᠤᠨ ᠪᠤᠳᠢ︾ ᠶᠢ ᠨᠠᠶᠢᠷᠠᠭᠤᠯᠤᠨ ᠵᠤᠬᠢᠶᠠᠬᠤ ᠠᠵᠢᠯ ᠳᠤ ᠢᠳᠡᠪᠬᠢᠳᠡᠢ ᠤᠷᠤᠯᠴᠠᠵᠦ᠂ ︽ | ᠬᠤᠷᠴᠢᠨ ᠤ ᠲᠤᠤᠯᠢᠰ︾ ᠢ ᠡᠮᠬᠢᠳᠬᠡᠨ ᠵᠤᠬᠢᠶᠠᠭᠰᠠᠨ ᠪᠠᠶᠢᠨ᠎ᠠ᠂ ᠤᠮᠠᠷᠠᠳᠤ ᠬᠢᠯᠢ ᠶᠢᠨ ᠰᠤᠶᠤᠯ ᠤᠨ ᠰᠤᠳᠤᠯᠭᠠᠨ ᠤ ᠢᠨᠵᠧᠨᠧᠷᠢᠩ ᠢ ᠬᠡᠷᠡᠭᠵᠢᠬᠦᠯᠵᠦ᠂ ᠲᠤᠮᠳᠠᠳᠤ | ᠣᠯᠣᠰ ᠤᠨ ᠨᠠᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠢ ᠬᠤᠷᠰᠢᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ | ᠤᠬᠠᠮᠰᠠᠷ ᠢᠶᠠᠨ ᠪᠠᠳᠥ ᠪᠠᠬᠢ ᠪᠤᠢ ᠪᠤᠯᠭᠠᠬᠤ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠵᠤ᠂ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠲᠠᠢ | ᠬᠠᠮᠳᠤᠷᠠᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢᠶᠠᠨ ᠪᠠᠳᠥ ᠪᠠᠬᠢ ᠪᠤᠢ ᠪᠤᠯᠭᠠᠬᠤ ᠰᠤᠳᠤᠯᠭᠠᠨ ᠤ ᠲᠡᠬᠡᠳᠤ ᠰᠤᠷᠭᠠᠭᠤᠯᠢ᠂ | ᠲᠥᠩᠯᠢᠶᠤᠤ ᠬᠤᠳᠠ ᠶᠢᠨ ᠦᠨᠳᠦᠰᠦᠳᠡᠨ ᠤ ᠪᠦᠯᠬᠦᠮᠳᠡᠯ ᠲᠠᠪᠰᠢᠯᠲᠠ ᠶᠢᠨ ᠬᠦᠮᠦᠵᠢᠯ ᠤᠨ ᠭᠦᠭᠵᠢᠯᠳᠡ ᠶᠢᠨ ᠰᠤᠳᠤᠯᠭᠠᠨ ᠤ ᠲᠦᠪ ᠶᠢ ᠪᠠᠶᠢᠭᠤᠯᠵᠤ᠂ | ᠦᠨᠳᠦᠰᠦᠳᠡᠨ ᠤ ᠤᠨᠤᠯ ᠲᠦᠷᠦ ᠶᠢᠨ ᠪᠤᠳᠣᠯᠭ᠎ᠠ ᠶᠢᠨ ᠴᠢᠳᠠᠪᠦᠷᠢᠳᠡᠨ ᠤ ᠬᠦᠮᠦᠷᠬᠡ ᠶᠢ ᠵᠤᠬᠢᠶᠠᠨ ᠪᠠᠶᠢᠭᠤᠯᠵᠤ᠂ ᠪᠠᠷᠠᠭᠤᠨ ᠯᠢᠶᠤᠤ ᠾᠧ ᠶᠢᠨ ᠰᠤᠶᠤᠯ ᠤᠨ | ᠠᠭᠤᠯᠤᠬᠳᠠᠵᠦ ᠪᠠᠶᠢᠭ᠎ᠠ ᠬᠠᠮᠳᠤ ᠶᠢᠨ ᠴᠤᠬᠴᠠ ᠶᠢᠨ ᠠᠭᠤᠯᠬᠤᠨ ᠢ ᠬᠠᠶᠢᠨ ᠮᠠᠯᠳᠠᠵᠦ ᠲᠠᠶᠢᠯᠪᠤᠷᠢ ᠬᠢᠭᠰᠡᠨ ᠪᠠᠶᠢᠨ᠎ᠠ᠃ | ︽ᠠᠨᠠᠷ ᠤᠨ ᠦᠷ᠎ᠡ︾ ᠰᠤᠶᠤᠯ ᠤᠨ ᠠᠭᠤᠰᠤᠯᠴᠠᠭ᠎ᠠ ᠶᠢᠨ ᠨᠡᠷᠡᠳᠤ ᠲᠡᠮᠳᠡᠭ ᠢ ᠪᠦᠳᠦᠬᠡᠵᠦ᠂ ᠬᠤᠳᠠ ᠬᠤᠰᠢᠭᠤ ᠬᠤᠶᠠᠷ ᠲᠡᠰ ᠤᠨ 28 ᠦᠨᠳᠦᠰᠦᠳᠡᠨ ᠤ | ᠪᠦᠯᠬᠦᠮᠳᠡᠯ ᠲᠠᠪᠰᠢᠯᠲᠠ ᠶᠢᠨ ᠬᠦᠮᠦᠵᠢᠯ ᠦᠢᠯᠡᠳᠦᠯᠬᠡ ᠶᠢᠨ ᠰᠠᠭᠤᠷᠢᠨ ᠭᠠᠵᠠᠷ᠂ 289 ᠤᠯᠠᠨ ᠨᠡᠶᠢᠲᠡ ᠶᠢᠨ ᠰᠤᠶᠤᠯ ᠤᠨ ᠤᠷᠤᠨ ᠵᠠᠢ ᠶᠢ ᠪᠠᠶᠢᠭᠤᠯᠵᠠᠢ᠃ | ᠵᠢᠷᠢᠮ ᠤᠨ ᠪᠠᠷ ᠵᠢᠷᠤᠭ ᠵᠡᠷᠬᠡ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠤᠨ ᠲᠤᠭᠤᠷᠢᠨ ᠲᠤᠭᠯᠠᠯᠳᠠ ᠪᠠ ᠦᠵᠡᠰᠬᠦᠯᠡᠩ ᠢ ᠦᠷᠨᠢᠬᠦᠯᠵᠦ᠂ ︽ᠪᠠᠷᠠᠭᠤᠨ | ᠯᠢᠶᠤᠤ ᠾᠧ ᠶᠢᠨ ᠬᠦᠪᠡᠬᠡᠨ ᠳᠠᠬᠢ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠮᠠᠭᠳᠠᠭᠠᠯ ᠲᠠᠭᠤᠤ︾ ᠬᠡᠬᠦ ᠰᠤᠶᠤᠯ ᠤᠷᠠᠯᠢᠭ ᠤᠨ ᠦᠵᠡᠯ ᠰᠠᠨᠠᠭ᠎ᠠ ᠤᠯᠤᠰ | ᠲᠦᠷᠦ ᠶᠢᠨ ᠬᠢᠴᠢᠶᠡᠯ ᠢ ᠡᠬᠦᠳᠦᠨ ᠨᠠᠶᠢᠷᠠᠭᠤᠯᠵᠤ᠂ ︽ᠪᠤᠯᠪᠠᠰᠤᠨ ᠤ ᠨᠠᠷᠨ ᠮᠠᠨᠳᠤᠭᠰᠠᠨ ᠭᠠᠵᠠᠷ︾ ︽ᠲᠥᠩᠯᠢᠶᠤᠤ ᠶᠢᠨ ᠡᠯ᠎ᠡ ᠦᠨᠳᠦᠰᠦᠳᠡᠨ ᠤ ᠶᠠᠪᠤᠯᠴᠠᠭ᠎ᠠ | ᠰᠤᠯᠢᠯᠴᠠᠭ᠎ᠠ ᠠᠭᠤᠰᠤᠯᠴᠠᠭ᠎ᠠ ᠶᠢᠨ ᠪᠤᠳᠠᠳᠤ ᠲᠡᠮᠳᠡᠭᠯᠡᠯ︾ ᠵᠡᠷᠭᠡ ᠰᠤᠳᠤᠨ ᠰᠠᠶᠢᠬᠠᠨ ᠨᠤᠮ ᠲᠡᠪᠳᠡᠷ ᠢ ᠨᠠᠢᠷᠠᠭᠤᠯᠤᠨ ᠪᠢᠴᠢᠵᠦ᠂ ︽ᠰᠤᠯᠤᠩᠭᠠᠳᠤ ᠡᠭᠦᠯᠨ | ᠨᠠᠮᠢᠷᠠᠭᠰᠠᠨ ᠭᠠᠵᠠᠷ ᠤᠷᠤᠨ︾ ︽ᠭᠡᠷ ᠤᠨ ᠵᠠᠬᠢᠳᠠᠯ︾ ᠵᠡᠷᠬᠡ ᠰᠤᠶᠤᠯ ᠤᠷᠠᠯᠢᠭ ᠤᠨ ᠰᠤᠳᠤᠨ ᠪᠦᠳᠦᠬᠡᠯ ᠢ ᠪᠦᠳᠦᠭᠡᠵᠦ᠂ ᠰᠤᠶᠤᠯ ᠤᠷᠠᠯᠢᠭ ᠤᠨ ᠰᠤᠳᠤᠨ | ᠪᠦᠳᠦᠬᠡᠯ ᠢᠶᠠᠷ ︽ᠤᠮᠠᠷᠠᠳᠤ ᠬᠢᠯᠢ ᠶᠢᠨ ᠰᠤᠶᠤᠯ︾ ᠢ ᠲᠤᠳᠤᠷᠬᠠᠢ ᠢᠯᠡᠳᠭᠡᠭᠰᠡᠨ ᠪᠠᠶᠢᠨ᠎ᠠ᠃ | ᠤᠳᠤᠬᠢᠴᠢᠯᠠᠬᠰᠠᠨ ᠠᠮᠢᠳᠤᠷᠠᠯ ᠢᠶᠠᠨ ᠬᠠᠮᠳᠤᠪᠡᠷ ᠡᠳ᠋ᠯᠡᠨᠡᠮ | ᠬᠤᠷᠠᠭ᠎ᠠ ᠢᠰᠢᠬᠡ ᠮᠠᠶᠢᠯᠠᠯᠳᠤᠭᠰᠠᠨ ᠰᠦᠷᠦᠭ ᠤᠨ ᠲᠡᠷᠭᠡᠳᠡ ᠠᠴᠠ ᠭᠡᠭᠡ ᠲᠠᠲᠠᠨ ᠨᠠᠷᠠ ᠨᠢ ᠮᠠᠨᠳᠤᠵᠦ᠂ ᠬᠡᠶᠢᠮᠤᠷᠢ ᠬᠤᠷᠤᠶᠢᠯᠠᠭᠰᠠᠨ ᠬᠦᠳᠡᠭᠡ ᠠᠶᠢᠯ | ᠦᠷᠯᠥᠬᠡ ᠶᠢ ᠤᠭᠳᠤᠨ᠎ᠠ᠃ 32 ᠨᠠᠰᠤ ᠲᠠᠢ ᠵᠠᠩ ᠸᠧᠢ ᠵᠢᠶᠠᠨ ᠡᠷᠲᠡ ᠪᠣᠰᠴᠣ ᠬᠠᠰᠢᠶ᠎ᠠ ᠰᠠᠷᠠᠪᠴᠢ ᠶᠢᠨ ᠢᠶᠠᠨ ᠮᠠᠯ ᠤᠨᠤᠭ᠎ᠠ ᠪᠠᠨ ᠪᠠᠶᠢᠴᠠᠭᠠᠭᠰᠠᠨ ᠳᠤ᠂ ᠨᠢᠭᠡ | ᠲᠤᠭᠤᠯ ᠤᠨ ᠡᠪᠡᠳᠴᠢᠯᠡᠭᠰᠡᠨ ᠪᠠᠶᠢᠳᠠᠯ ᠲᠠᠢ ᠪᠠᠶᠢᠬᠤ ᠶᠢ ᠰᠡᠷᠡᠵᠦ ᠮᠡᠳᠡᠨ᠂ ᠲᠠᠷᠤᠢ ᠲᠤᠤᠷ᠎ᠠ ᠨᠢ ᠭᠠᠷ ᠤᠳᠠᠰᠤᠨ ᠲᠡᠭᠡᠷᠡᠬᠢ ᠵᠠᠰᠠᠭ ᠤᠨ ᠣᠷᠳᠣᠨ ᠤ ᠰᠤᠳᠤᠯᠤᠨ | ᠭᠠᠷᠭᠠᠭᠰᠠᠨ ︽ᠮᠠᠯ ᠬᠠᠮᠢᠶᠠᠷᠤᠭᠴᠢ︾ APP ᠪᠠᠨ ᠰᠡᠬᠦᠨ ᠭᠠᠷᠭᠠᠵᠦ ︽AI ᠡᠪᠡᠳᠴᠢᠨ ᠤᠨᠤᠰᠢᠯᠠᠬᠤ︾ ᠲᠠᠷᠤᠪᠴᠢ ᠳᠤ ᠨᠡᠪᠳᠡᠷᠡᠨ ᠡᠪᠡᠳᠴᠢᠯᠡᠭᠰᠡᠨ | ᠲᠤᠭᠤᠯ ᠤᠨ ᠢᠶᠠᠨ ᠪᠠᠶᠢᠳᠠᠯ ᠶᠢ ᠪᠢᠴᠢᠨ ᠪᠠᠶᠢᠴᠠᠭᠠᠭᠰᠠᠨ ᠳᠤ᠂ ᠲᠡᠮᠡᠢ ᠤᠳᠠᠯ ᠦᠭᠡᠢ ᠤᠨᠤᠰᠢᠯᠠᠬᠰᠠᠨ ᠦᠷ᠎ᠡ ᠳ᠋ᠦᠩ ᠪᠠ ᠡᠮᠨᠡᠨ ᠵᠠᠰᠠᠬᠤ ᠲᠦᠰᠦᠯ᠂ | ᠤᠷᠢᠳᠴᠢᠯᠠᠨ ᠰᠡᠷᠭᠡᠶᠢᠯᠡᠬᠦ ᠠᠷᠭ᠎ᠠ ᠶᠢ ᠬᠠᠶᠢᠨ ᠤᠯᠤᠬᠰᠠᠨ ᠪᠠᠶᠢᠨ᠎ᠠ᠃ | ︽ᠠᠳᠡᠭᠢ ᠬᠦᠮᠦᠰ᠂ ᠦᠶ᠎ᠡ ᠶᠢᠨ ᠦᠶ᠎ᠡ ᠪᠠᠷ ᠢᠶᠠᠨ ᠮᠠᠯ ᠬᠠᠷᠢᠭᠤᠯᠵᠦ ᠠᠮᠢᠳᠤᠷᠠᠵᠦ ᠪᠠᠶᠢᠭᠰᠠᠨ ᠪᠤᠯᠪᠠᠴᠣ ᠦᠨᠦᠳᠦᠷ ᠤᠨ ᠰᠢᠭ ᠮᠠᠯ ᠤᠨ ᠡᠪᠡᠳᠴᠢᠨ ᠢ | ᠤᠨᠤᠰᠢᠯᠠᠬᠤ ᠨᠢ ᠡᠶᠢᠮᠦ ᠯᠠ ᠲᠦᠭᠦᠮ ᠲᠦᠳᠡ ᠪᠤᠯᠤᠯ᠎ᠠ ᠭᠡᠳᠡᠭ ᠢ ᠰᠠᠶ᠋ᠢᠬᠠᠨ ᠮᠡᠳᠡᠯ᠎ᠡ᠃︾ ᠲᠥᠩᠯᠢᠶᠤᠤ ᠬᠤᠳᠠ ᠶᠢᠨ ᠬᠤᠷᠴᠢᠨ ᠵᠡᠭᠦᠨ ᠭᠠᠷᠤᠨ ᠲᠤᠮᠳᠠᠳᠤ | ᠬᠤᠰᠢᠭᠤᠨ ᠤ ᠱᠧᠪᠡᠷᠲᠦ ᠪᠠᠯᠭᠠᠰᠤ ᠶᠢᠨ ᠮᠤᠳᠤᠨ ᠠᠶᠢᠯ ᠭᠠᠴᠠᠭᠠᠨ ᠤ ᠵᠠᠩ ᠸᠧᠢ ᠵᠢᠶᠠᠨ ᠤ ᠬᠢ ᠮᠠᠯ ᠲᠡᠵᠢᠭᠡᠪᠦᠷᠢ ᠶᠢᠨ ᠰᠢᠨᠵᠢᠯᠡᠭᠡ ᠮᠡᠷᠬᠡᠵᠢᠯ ᠤᠨ ᠡᠯᠧᠮᠧᠨ᠋ᠲ | ᠤᠯᠠᠮ ᠠᠴᠠ ᠤᠯᠠᠮ ᠤᠯᠠᠰᠢᠷᠠᠵᠦ᠂ ᠮᠠᠯ ᠲᠡᠵᠢᠬᠡᠬᠦ ᠶᠠᠪᠤᠴᠠ ᠳᠠᠬᠢ ᠭᠡᠭᠡᠯᠳᠥᠬᠦᠯᠭᠡ᠂ ᠬᠢᠵᠢᠭ ᠠᠴᠠ ᠰᠡᠷᠭᠡᠶᠢᠯᠡᠬᠦ᠂ ᠠᠷᠠᠯᠵᠢᠶ᠎ᠠ ᠬᠢᠬᠦ ᠵᠡᠷᠬᠡ ᠶᠢ ᠪᠦᠷ ᠭᠠᠷ | ᠤᠲᠠᠰᠤᠨ ᠤ APP ᠪᠠᠷ ᠲᠠᠮᠵᠢᠵᠦ᠂ ᠢᠴᠡᠭᠡᠯ ᠦᠷ᠎ᠡ᠂ ᠡᠮ ᠤᠨ ᠵᠦᠢᠯ ᠵᠡᠷᠬᠡ ᠶᠢᠨ ᠦᠨᠠᠨ ᠬᠠᠭᠤᠷᠮᠠᠭ ᠡᠰᠡᠬᠦ ᠶᠢ ᠰᠢᠰᠲ᠋ᠧᠮ ᠳᠡᠭᠡᠷ᠎ᠡ ᠠᠴᠠ ᠰᠢᠯᠭᠠᠵᠦ | ᠳᠡᠶᠢᠯᠳᠡᠭ ᠪᠣᠯᠵᠠᠢ᠃ ᠤᠶᠢᠷ᠎ᠡ ᠶᠢᠨ ᠬᠡᠳᠦᠨ ᠵᠢᠯ ᠳᠤ᠂ ᠦᠪᠦᠷ ᠮᠤᠩᠭᠤᠯ ᠲᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠭᠡ ᠮᠡᠷᠬᠡᠵᠢᠯ ᠤᠨ ᠲᠤᠯᠭᠠᠭᠤᠷᠢᠯᠠᠯ ᠬᠢᠭᠡᠳ | ᠰᠢᠨ᠎ᠡ ᠶᠢ ᠡᠬᠦᠳᠬᠦ ᠴᠢᠳᠠᠪᠦᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠦᠨ᠂ ᠬᠦᠳᠡᠭᠡ ᠲᠤᠰᠬᠤᠨ ᠤ ᠠᠵᠦ ᠠᠬᠤᠢ ᠶᠢᠨ ᠭᠦᠭᠵᠢᠯᠳᠡ ᠶᠢ ᠲᠦᠯᠬᠢᠨ ᠠᠬᠢᠭᠤᠯᠪᠠ᠃ | ᠠᠵᠦ ᠠᠬᠤᠢ ᠶᠢ ᠭᠦᠭᠵᠢᠬᠦᠯᠦᠨ᠂ ᠠᠷᠠᠳ ᠤᠨ ᠠᠮᠢᠳᠤᠷᠠᠯ ᠢ ᠰᠠᠢᠵᠢᠷᠠᠭᠤᠯᠬᠤ ᠪᠤᠯ ᠬᠦᠮᠦᠰ ᠤᠨ ᠰᠡᠳᠬᠢᠯ ᠢ ᠨᠢᠬᠲᠠᠷᠠᠭᠤᠯᠤᠨ᠂ ᠪᠦᠯᠬᠦᠮᠳᠡᠯ ᠢ ᠴᠢᠩᠭᠠᠳᠬᠠᠬᠤ | ᠰᠠᠭᠤᠷᠢ ᠶᠤᠮ᠃ ᠲᠥᠩᠯᠢᠶᠤᠤ ᠬᠤᠳᠠ᠂ ᠠᠵᠦ ᠠᠬᠤᠢ ᠶᠢᠨ ᠪᠦᠲᠦᠬᠡᠨ ᠪᠠᠶᠢᠭᠤᠯᠤᠯᠲᠠ ᠲᠤᠮᠳᠠ ᠪᠠᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ | ᠴᠤᠬᠴᠠ ᠶᠢᠨ ᠤᠬᠠᠮᠰᠠᠷ ᠢᠶᠠᠨ ᠪᠠᠳᠣ ᠪᠠᠬᠢ ᠪᠤᠢ ᠪᠤᠯᠭᠠᠬᠤ ᠠᠵᠢᠯ ᠢᠶᠠᠷ ᠭᠤᠤᠯ ᠰᠢᠵᠢᠮ ᠪᠤᠯᠭᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠷᠠᠳ ᠤᠨ | ᠰᠡᠳᠬᠢᠯ ᠢ ᠨᠢᠭᠲᠠᠷᠠᠭᠤᠯᠬᠤ ᠶᠢ ᠦᠨᠳᠦᠰᠦᠳᠡᠨ ᠤ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠡᠭᠦᠰᠦᠯᠳᠡ ᠶᠢᠨ ᠴᠡᠭ ᠪᠠ ᠲᠤᠰᠤᠯᠳᠠ ᠶᠢᠨ | ᠴᠡᠭ ᠪᠤᠯᠭᠠᠵᠦ᠂ ᠬᠦᠭᠵᠢᠯᠳᠡ ᠶᠢᠨ ᠦᠷ᠎ᠡ ᠪᠦᠳᠦᠬᠡᠯ ᠢᠶᠠᠷ ᠡᠯ᠎ᠡ ᠦᠨᠳᠦᠰᠦᠳᠡᠨ ᠤ ᠠᠷᠠᠳ ᠤᠯᠠᠨ ᠳᠤ ᠡᠷᠬᠡ ᠲᠡᠭᠰᠢ ᠬᠠᠷᠠᠭᠠᠯᠵᠠᠯ ᠬᠦᠷᠳᠡᠬᠡᠬᠦ ᠶᠢ ᠠᠬᠢᠭᠤᠯᠤᠨ᠂ | ᠦᠨᠳᠦᠰᠦᠳᠡᠨ ᠨᠦᠭᠦᠳ ᠤᠨ ᠤᠳᠤᠬᠢᠴᠢᠯᠠᠯᠲᠠ ᠲᠡᠶᠢᠰᠢ ᠤᠷᠤᠭᠰᠢᠯᠠᠬᠤ ᠠᠬᠢᠴᠠ ᠶᠢ ᠰᠡᠳᠭᠢᠯ ᠨᠢᠭᠡᠲᠦᠨ ᠬᠦᠴᠦᠨ ᠢᠶᠠᠨ ᠬᠠᠮᠲᠤᠳᠬᠠᠬᠤ ᠠᠬᠢᠴᠠ ᠪᠤᠯᠭᠠᠨ | ᠬᠤᠪᠢᠷᠠᠭᠤᠯᠪᠠ᠃ | ᠣᠶᠢᠷ᠎ᠠ ᠶᠢᠨ ᠵᠢᠯ ᠳᠤ᠂ ᠲᠥᠩᠯᠢᠶᠤᠤ ᠬᠤᠳᠠ ︽ᠪᠦᠬᠦ ᠤᠯᠤᠰ ᠤᠨ ᠠᠯᠠᠰᠢᠨ ᠦᠬᠡᠷ ᠤᠨ ᠦᠢᠯᠡᠰ ᠤᠨ ᠨᠢᠬᠡᠳᠦᠬᠡᠷ ᠭᠤᠣᠯᠳᠠᠯᠭ᠎ᠠ ᠲᠠᠢ ᠪᠠᠯᠭᠠᠰᠤ︾ ᠶᠢ | ᠦᠳᠳᠦᠷ ᠲᠦᠷᠭᠡᠨ ᠪᠠᠢᠭᠤᠯᠵᠦ᠂ ᠠᠷᠪᠠᠨ ᠲᠤᠯᠤᠳᠤᠭᠠᠷ ᠬᠤᠭᠤᠴᠠᠭᠠᠨ ᠤ ︵2024︶ ᠦᠬᠡᠷ ᠤᠨ ᠦᠢᠯᠡᠰ ᠢ ᠭᠦᠭᠵᠢᠬᠦᠯᠬᠦ ᠬᠤᠷᠠᠯ ᠢ ᠠᠮᠵᠢᠯᠳᠠ ᠲᠠᠢ | ᠨᠡᠬᠡᠬᠡᠵᠦ᠂ ︽ᠲᠥᠩᠯᠢᠶᠤᠤ ᠠᠯᠠᠰᠢᠨ ᠦᠬᠡᠷ︾ ᠤᠨ ᠨᠡᠷᠡᠳᠤ ᠲᠡᠮᠳᠡᠭ ᠤᠨ ᠦᠨ᠎ᠡ ᠥᠷᠲᠡᠭ 271.60 ᠳ᠋ᠥᠩᠰᠢᠭᠤᠷ ᠲᠦᠭᠦᠷᠢᠭ ᠲᠤ ᠬᠦᠷᠴᠠᠢ᠃ ︽ᠰᠢᠳᠢᠳᠤ | ᠲᠥᠩᠯᠢᠶᠤᠤ᠂ ᠲᠤᠮᠳᠠᠳᠤ ᠮᠤᠩᠭᠤᠯ ᠤᠷᠤᠰ ᠤᠨ ᠲᠠᠸᠠᠷ ᠤᠨ ᠦᠵᠡᠰᠬᠦᠯᠡᠩ︾ ᠢ ᠦᠷᠨᠢᠬᠦᠯᠵᠦ᠂ ᠲᠤᠮᠳᠠᠳᠤ ᠡᠸᠦ᠋ᠷᠦᠫᠡ ᠶᠢᠨ ᠭᠠᠯᠳᠤ ᠲᠡᠷᠬᠡ ︽ᠲᠥᠩᠯᠢᠶᠤᠤ - | ᠮᠤᠰᠺᠸᠠ︾ ᠶᠢ ᠰᠡᠷᠬᠦᠭᠡᠨ ᠡᠵᠡᠩᠨᠡᠵᠦ᠂ ᠲᠥᠩᠯᠢᠶᠤᠤ ᠶᠢᠨ ᠪᠤᠤ ᠱᠦᠢ ᠪᠠᠷᠠᠭᠠᠨ ᠤ ᠬᠦᠢᠯᠬᠡᠬᠡᠨ ᠤ ᠲᠦᠪ ︵B︶ ᠵᠦᠪᠰᠢᠶᠡᠷᠡᠭᠳᠡᠨ ᠪᠠᠶᠢᠭᠤᠯᠤᠭᠳᠠᠵᠠᠢ᠃ | ᠤᠯᠤᠰ ᠤᠨ ᠨᠡᠭᠦᠷᠡᠰᠤ ᠶᠢᠨ ᠬᠠᠩᠭᠠᠯᠭ᠎ᠠ ᠶᠢ ᠪᠠᠲᠤᠯᠠᠬᠤ ᠡᠬᠦᠷᠭᠡ ᠶᠢ ᠪᠦᠬᠦ ᠲᠠᠯ᠎ᠠ ᠪᠠᠷ ᠪᠡᠶᠡᠯᠡᠬᠦᠯᠵᠦ᠂ ᠮᠢᠩᠭ᠎ᠠ ᠲᠦᠮᠡᠨ ᠮᠣ᠋ ᠤᠳᠤᠬᠢᠴᠢᠯᠠᠯᠳᠠ ᠶᠢᠨ ᠤᠰᠤ | ᠠᠷᠪᠢᠯᠠᠵᠦ ᠦᠨᠳᠦᠷ ᠤᠨᠠᠯᠳᠠ ᠲᠠᠢ ᠪᠤᠯᠭᠠᠬᠤ ᠲᠠᠷᠢᠶᠠᠯᠠᠩ ᠤᠨ ᠵᠢᠱᠢᠶᠡᠴᠢ ᠲᠤᠭᠤᠷᠢᠭ ᠢ ᠡᠬᠦᠳᠦᠨ ᠪᠠᠶᠢᠭᠤᠯᠵᠤ᠂ ᠪᠦᠬᠦ ᠬᠤᠳᠠ ᠶᠢᠨ ᠠᠮᠤ ᠪᠤᠳᠠᠭᠠᠨ ᠤ ᠶᠠᠷᠥᠩᠬᠡᠢ | ᠤᠨᠠᠯᠳᠠ ᠶᠢᠨ ︽20 ᠵᠢᠯ ᠳᠠᠷᠠᠭᠠᠯᠠᠨ ᠡᠯᠪᠡᠭ ᠬᠤᠷᠢᠶᠠᠯᠳᠠ︾ ᠶᠢ ᠪᠡᠶᠡᠯᠡᠬᠦᠯᠦᠭᠰᠡᠨ ᠪᠠᠶᠢᠨ᠎ᠡ᠃ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠳᠤᠯᠠᠬᠤ ᠶᠠᠪᠤᠴᠠ ᠳᠤ ᠬᠦᠮᠦᠰ ᠤᠨ ᠰᠡᠳᠬᠢᠯ ᠢ ᠨᠢᠬᠲᠠᠷᠠᠭᠤᠯᠤᠨ᠂ ᠬᠠᠭᠤᠴᠢᠨ ᠤᠷᠤᠨ ᠰᠠᠭᠤᠴᠠ ᠶᠢ | ᠰᠢᠨᠡᠳᠭᠡᠨ ᠰᠠᠶᠢᠵᠢᠷᠠᠭᠤᠯᠬᠤ᠂ ᠬᠤᠳᠠ ᠶᠢᠨ ᠵᠠᠰᠠᠭ ᠤᠨ ᠶᠠᠪᠤᠳᠠᠯ ᠤᠨ ᠵᠠᠮ ᠱᠤᠭᠤᠮ᠂ ᠢᠯᠴᠢ ᠶᠢᠨ ᠡᠨᠧᠷᠬᠢ ᠬᠠᠩᠭᠠᠬᠤ ᠪᠠ ᠰᠢᠳᠠᠮᠠᠬᠠᠢ ᠬᠡᠢ ᠵᠡᠷᠬᠡ ᠠᠷᠠᠳ ᠤᠨ | ᠠᠮᠢᠳᠤᠷᠠᠯ ᠤᠨ ᠲᠦᠷᠦᠯ ᠵᠦᠢᠯ ᠤᠨ 100 ᠭᠠᠷᠤᠢ ᠲᠦᠷᠦᠯ ᠢ ᠲᠦᠰᠦᠬᠡᠯᠡᠨ ᠭᠡᠷᠡᠭᠵᠢᠬᠦᠯᠵᠦ᠂ ᠬᠤᠳᠠ ᠬᠦᠳᠡᠭᠡ ᠶᠢᠨ ᠨᠠᠰᠤᠳᠠᠨ ᠢ ᠠᠰᠠᠷᠠᠬᠤ ᠦᠢᠯᠡᠴᠢᠯᠡᠬᠡᠨ ᠢ | ᠰᠠᠶᠢᠵᠢᠷᠠᠭᠤᠯᠬᠤ 400 ᠭᠠᠷᠤᠢ ᠲᠤᠨᠤᠭ ᠲᠦᠭᠦᠬᠡᠷᠦᠮᠵᠢ ᠶᠢ ᠰᠢᠨ᠎ᠡ ᠪᠠᠷ ᠪᠠᠶᠢᠭᠤᠯᠵᠤ᠂ 257 ᠡᠮ ᠡᠮᠨᠡᠯᠬᠡ ᠶᠢᠨ ᠪᠠᠶᠢᠭᠤᠯᠤᠮᠵᠢ ᠠᠴᠠ DIP ᠡᠮᠨᠡᠯᠬᠡ ᠶᠢᠨ | ᠲᠠᠭᠠᠳᠬᠠᠯ ᠤᠨ ᠵᠠᠷᠤᠯᠭ᠎ᠠ ᠶᠢ ᠪᠦᠬᠦ ᠲᠠᠯ᠎ᠠ ᠪᠠᠷ ᠪᠡᠶᠡᠯᠡᠬᠦᠯᠵᠦ᠂ ᠤᠯᠤᠰ ᠤᠨ ᠬᠢᠳᠠᠳ ᠡᠮ ᠡᠮᠨᠡᠯᠬᠡ ᠶᠢᠨ ᠤᠯᠠᠮᠵᠢᠯᠠᠯᠳᠤ ᠰᠢᠨ᠎ᠡ ᠶᠢ ᠡᠬᠦᠳᠦᠨ ᠭᠦᠭᠵᠢᠬᠦᠯᠬᠦ | ᠲᠤᠷᠰᠢᠯᠳᠠ ᠶᠢᠨ ᠭᠠᠵᠠᠷ ᠤᠷᠤᠨ ᠪᠤᠯᠭᠠᠬᠤ ᠵᠦᠪᠰᠢᠶᠡᠷᠡᠯ ᠢ ᠤᠯᠵᠠᠢ᠃ | ᠡᠶ᠎ᠡ ᠨᠠᠶᠢᠷᠠᠮᠳᠠᠭᠤ ᠶᠢᠨ ᠭᠤᠸ᠎ᠠ ᠰᠠᠶᠢᠬᠠᠨ ᠢ ᠬᠠᠮᠳᠤᠪᠡᠷ ᠵᠢᠷᠤᠭᠯᠠᠨᠠᠮ | ᠲᠥᠩᠯᠢᠶᠤᠤ ᠬᠤᠳᠠ ᠶᠢᠨ ᠠᠵᠦ ᠠᠬᠤᠢ ᠮᠡᠷᠬᠡᠵᠢᠯ ᠤᠨ ᠨᠡᠬᠡᠬᠡᠯᠳᠡ ᠶᠢᠨ ᠲᠤᠭᠤᠷᠢᠭ ᠲᠤ ᠤᠯᠠᠨ ᠡᠰᠢᠵᠢᠭᠰᠡᠨ ᠬᠤᠷᠢᠶᠠᠯᠠᠯ - ᠪᠢ ᠭᠦᠢ ᠶᠤᠸᠠᠨ ᠬᠤᠷᠢᠶᠠᠯᠠᠯ | ᠪᠠᠶᠢᠵᠤ᠂ ᠠᠳᠡ ᠬᠢᠳᠠᠳ᠂ ᠮᠤᠩᠭᠤᠯ᠂ ᠬᠤᠳᠤᠩ᠂ ᠰᠤᠯᠤᠩᠭᠤᠰ ᠵᠡᠷᠭᠡ 7 ᠦᠨᠳᠦᠰᠦᠳᠡᠨ 4819 ᠡᠷᠦᠬᠡ᠂ 11561 ᠰᠠᠭᠤᠭᠠᠯᠢ ᠠᠷᠠᠳ ᠰᠠᠭᠤᠷᠢᠰᠢᠵᠦ | ᠪᠠᠶᠢᠨ᠎ᠠ᠃ ᠣᠶᠢᠷ᠎ᠠ ᠶᠢᠨ ᠬᠡᠳᠦᠨ ᠵᠢᠯ ᠳᠤ᠂ ᠪᠢ ᠭᠦᠢ ᠶᠤᠸᠠᠨ ᠬᠤᠷᠢᠶᠠᠯᠠᠯ ︽ᠪᠦᠯᠬᠦᠮᠳᠡᠯ ᠤᠨ ᠦᠷ᠎ᠡ ᠪᠦᠳᠦᠬᠡᠯ ᠢ ᠬᠠᠮᠳᠤᠪᠡᠷ ᠪᠡᠶᠡᠯᠡᠬᠦᠯᠵᠦ᠂ ᠠᠨᠠᠷ ᠤᠨ ᠦᠷ᠎ᠡ | ᠬᠦᠷᠢᠶᠡᠯᠡᠩ ᠶᠢ ᠬᠠᠮᠳᠤᠪᠡᠷ ᠵᠠᠰᠠᠨ ᠬᠠᠮᠳᠤᠪᠡᠷ ᠡᠳ᠋ᠯᠡᠬᠦ︾ ᠢᠶᠠᠷ ᠨᠡᠷᠡᠳᠤ ᠲᠡᠮᠳᠡᠭ ᠢᠶᠠᠨ ᠪᠤᠯᠭᠠᠨ᠂ ︽ᠠᠨᠠᠷ ᠤᠨ ᠦᠷ᠎ᠡ ᠭᠡᠷ ᠬᠦᠷᠢᠶᠡᠯᠡᠩ︾ ᠤᠨ ᠭᠤᠤᠯ | ᠰᠠᠭᠤᠷᠢᠨ ᠢ ᠪᠦᠬᠦ ᠬᠦᠴᠦᠨ ᠢᠶᠠᠷ ᠢᠶᠠᠨ ᠡᠭᠦᠳᠴᠦ᠂ ︽ᠬᠠᠷᠢᠯᠴᠠᠨ ᠰᠢᠭᠢᠳᠬᠡᠬᠦ ᠮᠠᠶ᠋ᠢᠭ︾ ᠤᠨ ᠬᠤᠷᠢᠶᠠᠯᠠᠯ ᠢ ᠪᠠᠶᠢᠭᠤᠯᠵᠤ᠂ ᠦᠨᠳᠦᠰᠦᠳᠡᠨ ᠤ ᠪᠦᠯᠬᠦᠮᠳᠡᠯ | ᠳᠠᠪᠰᠢᠯᠲᠠ ᠶᠢᠨ ᠠᠮᠢᠳᠤᠯᠢᠭ ᠬᠡᠪ ᠶᠠᠩᠵᠦ ᠶᠢ ᠪᠦᠳᠦᠭᠡᠭᠰᠡᠨ ᠪᠠᠶᠢᠨ᠎ᠠ᠃ | ᠲᠥᠩᠯᠢᠶᠤᠤ ᠬᠤᠳᠠ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢᠶᠠᠨ ᠪᠠᠳᠣ ᠪᠠᠬᠢ ᠪᠤᠢ ᠪᠤᠯᠭᠠᠬᠤ ᠭᠤᠤᠯ ᠰᠢᠵᠢᠮ ᠤᠨ | ᠲᠤᠭᠤᠷᠢᠨ ᠳᠤ ᠨᠡᠶᠢᠭᠡᠮ ᠤᠨ ᠪᠦᠳᠦᠬᠡᠨ ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠦᠨᠳᠦᠰᠦᠳᠡᠨ ᠨᠦᠭᠦᠳ ᠤᠨ ᠬᠠᠮᠳᠤ ᠰᠠᠭᠤᠷᠢᠰᠢᠨ ᠬᠠᠮᠳᠤᠪᠡᠷ ᠰᠤᠷᠤᠯᠴᠠᠬᠤ᠂ | ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠬᠦ᠂ ᠬᠠᠮᠳᠤᠪᠡᠷ ᠠᠵᠢᠯᠯᠠᠨ ᠬᠠᠮᠳᠤᠪᠡᠷ ᠨᠠᠶᠢᠷᠠᠯᠳᠤᠬᠤ ᠨᠠᠶᠢᠭᠡᠮ ᠵᠢᠷᠤᠮ ᠤᠨ ᠨᠦᠬᠦᠴᠡᠯ ᠢ ᠡᠭᠦᠳᠦᠨ ᠦᠭᠴᠦ᠂ ᠡᠯ᠎ᠡ | ᠦᠨᠳᠦᠰᠦᠳᠡᠨ ᠤ ᠤᠯᠠᠨ ᠲᠦᠮᠡᠨ ᠰᠡᠳᠬᠢᠯ ᠨᠡᠶᠢᠯᠡᠯᠴᠡᠨ ᠠᠨᠳᠠ ᠨᠠᠶᠢᠵᠠ ᠪᠤᠯᠤᠯᠴᠠᠵᠦ᠂ ᠡᠶ᠎ᠡ ᠨᠠᠶᠢᠷᠲᠠᠢ ᠬᠥᠷᠰᠢ ᠵᠡᠷᠭᠡᠯᠡᠳᠡᠭᠡ ᠪᠤᠯᠵᠦ᠂ ᠵᠤᠯ ᠵᠢᠷᠭᠠᠯᠳᠠᠢ ᠤᠷᠤᠭ | ᠭᠡᠷ ᠪᠦᠯᠢ ᠶᠢ ᠪᠤᠢ ᠪᠤᠯᠭᠠᠭᠰᠠᠨ ᠪᠠᠶᠢᠨ᠎ᠠ᠃ | ᠬᠠᠮᠳᠤ ᠰᠠᠭᠤᠷᠢᠰᠢᠨ ᠬᠠᠷᠢᠯᠴᠠᠨ ᠪᠠᠭᠳᠠᠭᠠᠬᠤ ᠲᠡᠭᠡᠷ᠎ᠡ ᠬᠦᠴᠦ ᠲᠠᠯᠪᠢᠨ᠂ 22 ᠬᠠᠷᠢᠯᠴᠠᠨ ᠰᠢᠭᠢᠳᠬᠡᠬᠦ ᠮᠠᠶ᠋ᠢᠭ ᠤᠨ ᠨᠡᠶᠢᠭᠡᠮ ᠤᠨ ᠪᠦᠳᠦᠴᠡ ᠪᠠ | ᠬᠤᠷᠢᠶᠠᠯᠠᠯ ᠤᠨ ᠣᠷᠴᠢᠨ ᠤ ᠲᠤᠷᠰᠢᠯᠳᠠ ᠶᠢᠨ ᠴᠡᠭ ᠢ ᠪᠠᠶᠢᠭᠤᠯᠵᠤ᠂ 4 ᠵᠤᠷᠪᠤᠰ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢᠶᠠᠨ | ᠪᠠᠳᠣ ᠪᠠᠬᠢ ᠪᠤᠢ ᠪᠤᠯᠭᠠᠬᠤ ᠰᠤᠳᠤᠨ ᠵᠠᠮ ᠱᠤᠭᠤᠮ ᠭᠠᠷᠭᠠᠪᠠ᠃ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠵᠦᠪᠳᠡᠯᠴᠡᠭᠡᠷ ᠲᠤ ᠲᠦᠰᠢᠭᠯᠡᠨ᠂ ᠤᠯᠠᠨ | ᠭᠠᠵᠠᠷ ᠤᠷᠤᠨ ᠲᠠᠢ ᠬᠤᠯᠪᠤᠭᠠᠯᠠᠵᠦ᠂ ᠮᠤᠵᠢ ᠬᠤᠳᠠ ᠠᠯᠤᠰᠯᠠᠬᠤ ᠵᠢᠴᠢ ᠬᠤᠳᠠ ᠶᠢᠨ ᠬᠡᠪᠴᠢᠶᠡᠨ ᠳᠠᠬᠢ ᠵᠠᠯᠠᠭᠤ ᠪᠠᠭᠠᠴᠤᠳ ᠤᠨ ᠰᠤᠯᠢᠯᠴᠠᠭᠠᠨ ᠤ | ᠦᠢᠯᠡᠳᠦᠯᠬᠡ ᠶᠢᠨ ᠠᠵᠢᠯᠯᠠᠭ᠎ᠠ ᠶᠢ 3900 ᠭᠠᠷᠤᠢ ᠤᠳᠠᠭ᠎ᠠ ᠦᠷᠨᠢᠬᠦᠯᠵᠦ᠂ 400 ᠭᠠᠷᠤᠢ ᠤᠳᠠᠭᠠᠨ ᠤ ᠰᠤᠶᠤᠯ ᠵᠢᠭᠤᠯᠴᠢᠯᠠᠯ ᠤᠨ ᠨᠠᠶᠢᠷ ᠬᠢᠭᠰᠡᠨ ᠮᠦᠷᠳᠡᠭᠡᠨ | ᠭᠤᠤᠯ ᠰᠢᠵᠢᠮ ᠤᠨ ᠱᠠᠭᠠᠷᠳᠠᠯᠭ᠎ᠠ ᠶᠢ ᠰᠤᠷᠭᠠᠭᠤᠯᠢ ᠡᠷᠬᠢᠯᠡᠬᠦ᠂ ᠰᠤᠷᠭᠠᠨ ᠬᠦᠮᠦᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠤᠨ᠂ ᠵᠡᠬᠦᠨ ᠬᠤᠶᠢᠲᠤ ᠶᠢᠨ | ᠪᠠᠭᠰᠢ ᠶᠢᠨ ᠶᠡᠭᠡ ᠰᠤᠷᠭᠠᠭᠤᠯᠢ᠂ ᠬᠢᠷᠢᠨ ᠮᠤᠵᠢ ᠶᠢᠨ ᠪᠠᠭᠰᠢ ᠶᠢᠨ ᠶᠡᠭᠡ ᠰᠤᠷᠭᠠᠭᠤᠯᠢ ᠵᠡᠷᠭᠡ ᠲᠡᠬᠡᠳᠤ ᠲᠡᠰ ᠤᠨ ᠰᠤᠷᠭᠠᠭᠤᠯᠢ ᠲᠠᠢ ᠬᠤᠯᠪᠤᠯᠴᠠᠨ 12 | ᠬᠤᠭᠤᠴᠠᠭᠠᠨ ᠤ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠵᠢᠭᠠᠬᠤ ᠮᠠᠲ᠋ᠧᠷᠢᠶᠠᠯ ᠤᠨ ᠵᠢᠭᠠᠬᠤ ᠪᠠᠭᠰᠢ ᠶᠢᠨ ᠪᠤᠯᠪᠠᠰᠤᠷᠠᠯ ᠤᠨ ᠠᠩᠬᠢ ᠶᠢ | ᠡᠷᠬᠢᠯᠡᠵᠦ᠂ ᠡᠯ᠎ᠡ ᠦᠨᠳᠦᠰᠦᠳᠡᠨ ᠤ ᠰᠤᠷᠤᠭᠴᠢ ᠶᠢᠨ ᠰᠤᠷᠭᠠᠭᠤᠯᠢ ᠨᠡᠶᠢᠯᠡᠭᠦᠯᠦᠨ ᠬᠠᠮᠳᠤᠪᠡᠷ ᠰᠤᠷᠤᠯᠴᠠᠬᠤ᠂ ᠬᠤᠯᠢᠮᠠᠭ ᠠᠩᠬᠢ ᠶᠢᠨ ᠪᠠᠶᠢᠷᠢ ᠳᠤ ᠰᠠᠭᠤᠯᠭᠠᠬᠤ | ᠲᠦᠷᠢᠮ ᠢ ᠠᠯᠬᠤᠮ ᠲᠠᠷᠠᠭ᠎ᠠ ᠲᠠᠢ ᠪᠠᠷ ᠠᠬᠢᠭᠤᠯᠤᠬᠰᠠᠨ ᠪᠠᠶᠢᠨ᠎ᠠ᠃ | | ᠤᠷᠴᠢᠭᠤᠯᠤᠭᠴᠢ᠄ ᠭᠦᠢ ᠷᠦᠩ | |