ᠲᠥᠩᠯᠢᠶᠤᠤ ᠬᠤᠳᠠ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢᠶᠠᠨ ᠪᠠᠳᠦ ᠪᠠᠬᠢ ᠪᠤᠢ ᠪᠤᠯᠭᠠᠬᠤ ᠰᠢᠨ᠎ᠡ ᠴᠠᠭ ᠦᠶ᠎ᠡ ᠶᠢᠨ ᠠᠶ᠎ᠠ ᠭᠦᠭᠵᠢᠮ ᠢᠶᠠᠨ ᠬᠠᠩᠭᠢᠨᠠᠭᠤᠯᠤᠨᠠᠮ
ᠨᠡᠶᠢᠲᠡᠯᠡᠭᠰᠡᠨ ᠴᠠᠭ᠄
2024/12/17
    ᠤᠶᠢᠷ᠎ᠠ ᠶᠢᠨ ᠬᠡᠳᠦᠨ ᠵᠢᠯ ᠳᠤ᠂ ᠦᠪᠦᠷ ᠮᠤᠩᠭᠤᠯ ᠤᠨ ᠲᠥᠩᠯᠢᠶᠤᠤ ᠬᠤᠳᠠ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢᠶᠠᠨ ᠪᠠᠳᠤ ᠪᠠᠬᠢ ᠪᠤᠢ ᠪᠤᠯᠭᠠᠬᠤ ᠪᠠᠷ ᠭᠤᠤᠯ ᠰᠢᠵᠢᠮ ᠪᠤᠯᠭᠠᠨ᠂ ᠦᠬᠡᠷᠡᠴᠢᠯᠡᠯᠳᠡ ᠭᠦᠭᠵᠢᠯᠳᠡ ᠲᠤᠭᠳᠠᠭᠤᠨ ᠪᠠᠶᠢᠯᠭᠠᠬᠤ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ ᠲᠤᠭᠤᠰᠢᠯᠠᠭᠤᠯᠤᠨ᠂ ᠡᠯ᠎ᠡ ᠲᠦᠷᠦᠯ ᠤᠨ ᠠᠵᠢᠯ ᠲᠠᠢ ᠤᠷᠭᠠᠨᠢᠭ ᠢᠶᠠᠷ ᠤᠶᠠᠯᠳᠤᠭᠤᠯᠤᠨ ᠨᠢᠬᠡᠳᠦᠯᠳᠡᠢ ᠠᠬᠢᠭᠤᠯᠵᠦ᠂ ᠡᠨᠡᠬᠦ ᠭᠤᠤᠯ ᠰᠢᠵᠢᠮ ᠤᠨ ᠠᠵᠢᠯ ᠢᠶᠠᠨ ᠬᠡᠯᠪᠡᠷᠢ ᠲᠦᠷᠰᠦ ᠲᠠᠢ᠂ ᠮᠡᠳᠡᠷᠡᠬᠦᠢ ᠰᠡᠳᠬᠢᠯᠬᠡ ᠲᠠᠢ᠂ ᠦᠨᠡᠨ ᠪᠦᠳᠦᠮᠵᠢᠳᠠᠢ ᠪᠠᠷ ᠤᠮᠠᠷᠠᠳᠤ ᠬᠢᠵᠠᠭᠠᠷ ᠤᠨ ᠡᠬᠡ ᠭᠠᠵᠠᠷ ᠲᠤ ᠪᠣᠳᠠᠳᠠᠢ ᠨᠠᠶᠢᠳᠠᠪᠤᠷᠢᠵᠢᠭᠤᠯᠬᠤ ᠶᠢ ᠪᠠᠳᠤᠯᠠᠬᠰᠠᠨ ᠪᠠᠶᠢᠨ᠎ᠠ᠃    ᠤᠶᠤᠨ ᠰᠠᠨᠠᠭᠠᠨ ᠤ ᠭᠡᠷ ᠤᠷᠤᠨ ᠢᠶᠠᠨ ᠬᠠᠮᠳᠤᠪᠠᠷ ᠪᠡᠶᠡᠯᠡᠬᠦᠯᠦᠨᠡᠮ    ᠲᠥᠩᠯᠢᠶᠤᠤ ᠬᠤᠳᠠ ᠶᠢᠨ ᠠᠵᠦ ᠠᠬᠤᠢ ᠮᠡᠷᠭᠡᠵᠢᠯ ᠤᠨ ᠨᠡᠬᠡᠬᠡᠯᠳᠡ ᠶᠢᠨ ᠲᠤᠭᠤᠷᠢᠭ ᠤᠨ ᠨᠠᠭᠠᠳᠤᠮ ᠤᠨ ᠬᠦᠷᠢᠶᠡᠯᠡᠩ ᠤᠨ ᠭᠤᠪᠢ ᠶᠢᠨ ᠰᠦᠯᠳᠡ ᠠᠷᠠᠰᠤᠨ ᠰᠡᠶᠢᠯᠦᠮᠡᠯ ᠤᠨ ᠮᠡᠷᠬᠡᠵᠢᠯ ᠤᠨ ᠠᠵᠢᠯᠯᠠᠬᠤ ᠦᠷᠦᠬᠡ ᠳᠤ᠂ ᠠᠯᠳᠠᠷᠳᠤ ᠠᠷᠠᠰᠤᠨ ᠰᠡᠶᠢᠯᠦᠮᠡᠯ ᠤᠨ ᠤᠷᠠᠯᠢᠬᠴᠢᠨ ᠭᠠᠸᠠ ᠠᠷᠠᠰᠤ ᠰᠢᠷᠢ ᠲᠡᠭᠡᠷ᠎ᠡ ᠪᠠᠨ ᠨᠠᠷᠢᠨ ᠨᠢᠮᠪᠠᠢ ᠪᠤᠯᠪᠠᠰᠤᠷᠠᠩᠭᠤᠢ ᠪᠠᠷ ᠵᠢᠷᠦᠵᠦ ᠰᠡᠶᠢᠯᠵᠦ ᠯᠠ ᠪᠠᠶᠢᠬᠤ ᠨᠢ ᠬᠠᠷᠠᠭᠳᠠᠨ᠎ᠠ᠂ ᠲᠡᠷᠡ ᠲᠤᠮᠳᠠᠳᠤ ᠶᠢᠨ ᠰᠢᠯᠢᠳᠡᠭ ᠦᠪ ᠰᠤᠶᠤᠯ ᠢᠶᠠᠨ ᠵᠠᠯᠭᠠᠮᠵᠢᠯᠠᠨ ᠤᠯᠠᠮᠵᠢᠯᠠᠬᠤ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠦᠢᠯᠡᠰ ᠲᠠᠢ ᠤᠷᠭᠠᠨᠢᠭ ᠢᠶᠠᠷ ᠤᠶᠠᠯᠳᠤᠭᠤᠯᠤᠨ᠂ ᠤᠷᠤᠨ ᠨᠤᠳᠤᠭ ᠤᠨ ᠤᠨᠴᠠᠯᠢᠭ ᠲᠠᠢ ᠤᠯᠠᠮᠵᠢᠯᠠᠯᠳᠤ ᠭᠠᠷ ᠤᠷᠠᠯᠠᠯ ᠢ ᠲᠠᠰᠤᠷᠠᠯᠲᠠ ᠦᠭᠡᠢ ᠬᠠᠶᠢᠨ ᠰᠢᠨᠵᠢᠵᠦ᠂ ᠡᠯ᠎ᠡ ᠦᠨᠳᠦᠰᠦᠳᠡᠨ ᠤ ᠤᠯᠠᠨ ᠲᠦᠮᠡᠨ ᠳᠡᠭᠡᠨ ᠤᠷᠣᠯᠭ᠎ᠠ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠴᠢᠳᠠᠪᠦᠷᠢ ᠪᠠ ᠠᠷᠭ᠎ᠠ ᠵᠠᠮ ᠢ ᠦᠷᠭᠡᠳᠭᠡᠨ ᠦᠭᠴᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠬᠤᠭᠤᠷᠤᠨᠳᠤᠬᠢ ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠭ᠎ᠠ ᠶᠢ ᠨᠡᠮᠡᠭᠳᠡᠬᠦᠯᠦᠨ᠂ ᠲᠤᠮᠳᠠᠳᠤ ᠶᠢᠨ ᠤᠯᠠᠮᠵᠢᠯᠠᠯᠳᠤ ᠰᠢᠯᠢᠳᠡᠭ ᠰᠤᠶᠤᠯ ᠢᠶᠠᠨ ᠬᠠᠮᠠᠭᠠᠯᠠᠵᠦ ᠤᠯᠠᠮᠵᠢᠯᠠᠨ ᠭᠦᠭᠵᠢᠬᠦᠯᠬᠦ ᠶᠢ ᠲᠦᠯᠬᠢᠨ ᠠᠬᠢᠭᠤᠯᠤᠭᠰᠠᠨ ᠪᠠᠢᠨ᠎ᠠ᠃    ᠲᠥᠩᠯᠢᠶᠤᠤ ᠬᠤᠳᠠ᠂ ᠰᠤᠶᠤᠯ ᠤᠨ ᠪᠦᠳᠦᠬᠡᠨ ᠪᠠᠶᠢᠭᠤᠯᠤᠯᠲᠠ ᠶᠢᠨ ᠲᠤᠮᠳᠠ ᠪᠠᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢᠶᠠᠨ ᠪᠠᠳᠤ ᠪᠠᠬᠢ ᠪᠤᠢ ᠪᠤᠯᠭᠠᠬᠤ ᠪᠠᠷ ᠭᠤᠤᠯ ᠰᠢᠵᠢᠮ ᠪᠤᠯᠭᠠᠨ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢᠶᠠᠨ ᠬᠦᠨᠳᠦᠳᠬᠡᠨ ᠪᠠᠶᠢᠭᠤᠯᠵᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠤᠶᠤᠨ ᠰᠠᠨᠠᠭ᠎ᠠ ᠪᠠᠷ ᠬᠦᠮᠦᠰ ᠤᠨ ᠰᠡᠳᠬᠢᠯ ᠢ ᠨᠢᠭᠲᠠᠷᠠᠭᠤᠯᠤᠨ᠂ ᠡᠨᠡᠭᠦ ᠲᠤᠮᠳᠠᠳᠤ ᠶᠢᠨ ᠰᠤᠶᠤᠯ ᠤᠨ ᠬᠦᠴᠦᠷᠭᠡᠭ ᠶᠡᠭᠡ ᠤᠶᠤᠨ ᠰᠠᠨᠠᠭᠠᠨ ᠤ ᠬᠤᠯᠪᠤᠭᠠᠰᠤ ᠪᠠᠷ ᠦᠨᠳᠦᠰᠦᠲᠡᠨ ᠨᠦᠭᠦᠳ ᠤᠨ ᠠᠨᠠᠷ ᠤᠨ ᠦᠷ᠎ᠡ ᠰᠢᠭ ᠪᠠᠷᠢᠯᠳᠤᠨ ᠪᠦᠯᠬᠦᠮᠳᠡᠬᠦ ᠶᠢ ᠠᠬᠢᠭᠤᠯᠤᠬᠰᠠᠭᠠᠷ ᠢᠷᠡᠵᠡᠢ᠃    ᠲᠥᠩᠯᠢᠶᠤᠤ ᠬᠤᠳᠠ᠂ ︽ᠪᠠᠷᠠᠭᠤᠨ ᠯᠢᠶᠤᠤ ᠾᠧ ᠶᠢᠨ ᠪᠤᠯᠪᠠᠰᠤᠨ︾ ᠪᠤᠯᠬᠤ ᠲᠤᠮᠳᠠᠳᠤ ᠶᠢᠨ ᠦᠨᠳᠦᠰᠦᠳᠡᠨ ᠤ ᠤᠯᠠᠨ ᠡᠰᠢᠳᠤ ᠨᠢᠬᠡ ᠴᠤᠭᠴᠠᠵᠢᠯᠠᠬᠰᠠᠨ ᠪᠠᠶᠢᠷᠢᠯᠠᠯ ᠤᠨ ︽ᠰᠢᠵᠢᠷ ᠠᠯᠳᠠᠨ ᠨᠡᠷᠡᠳᠤ ᠲᠡᠮᠳᠡᠭ︾ ᠢᠶᠠᠨ ᠲᠠᠰᠤᠷᠠᠯᠳᠠ ᠦᠭᠡᠢ ᠬᠢᠯᠠᠯᠵᠠᠭᠤᠯᠵᠦ᠂ ︽ᠲᠤᠮᠳᠠᠳᠤ ᠶᠢᠨ ᠦᠨᠳᠦᠰᠦᠳᠡᠨ ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢᠨ ᠲᠡᠥᠬᠡᠨ ᠡᠮᠬᠢᠳᠬᠡᠯ · ᠦᠪᠦᠷ ᠮᠤᠩᠭᠤᠯ ᠤᠨ ᠪᠤᠳᠢ︾ ᠶᠢ ᠨᠠᠶᠢᠷᠠᠭᠤᠯᠤᠨ ᠵᠤᠬᠢᠶᠠᠬᠤ ᠠᠵᠢᠯ ᠳᠤ ᠢᠳᠡᠪᠬᠢᠳᠡᠢ ᠤᠷᠤᠯᠴᠠᠵᠦ᠂ ︽ᠬᠤᠷᠴᠢᠨ ᠤ ᠲᠤᠤᠯᠢᠰ︾ ᠢ ᠡᠮᠬᠢᠳᠬᠡᠨ ᠵᠤᠬᠢᠶᠠᠭᠰᠠᠨ ᠪᠠᠢᠨ᠎ᠠ᠂ ᠤᠮᠠᠷᠠᠳᠤ ᠬᠢᠯᠢ ᠶᠢᠨ ᠰᠤᠶᠤᠯ ᠤᠨ ᠰᠤᠳᠤᠯᠭᠠᠨ ᠤ ᠢᠨᠵᠧᠨᠧᠷᠢᠩ ᠢ ᠬᠡᠷᠡᠭᠵᠢᠬᠦᠯᠵᠦ᠂ ᠲᠤᠮᠳᠠᠳᠤ ᠣᠯᠣᠰ ᠤᠨ ᠨᠠᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠢ ᠬᠤᠷᠰᠢᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢᠶᠠᠨ ᠪᠠᠳᠥ ᠪᠠᠬᠢ ᠪᠤᠢ ᠪᠤᠯᠭᠠᠬᠤ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠵᠤ᠂ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠲᠠᠢ ᠬᠠᠮᠳᠤᠷᠠᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢᠶᠠᠨ ᠪᠠᠳᠥ ᠪᠠᠬᠢ ᠪᠤᠢ ᠪᠤᠯᠭᠠᠬᠤ ᠰᠤᠳᠤᠯᠭᠠᠨ ᠤ ᠲᠡᠬᠡᠳᠤ ᠰᠤᠷᠭᠠᠭᠤᠯᠢ᠂ ᠲᠥᠩᠯᠢᠶᠤᠤ ᠬᠤᠳᠠ ᠶᠢᠨ ᠦᠨᠳᠦᠰᠦᠳᠡᠨ ᠤ ᠪᠦᠯᠬᠦᠮᠳᠡᠯ ᠲᠠᠪᠰᠢᠯᠲᠠ ᠶᠢᠨ ᠬᠦᠮᠦᠵᠢᠯ ᠤᠨ ᠭᠦᠭᠵᠢᠯᠳᠡ ᠶᠢᠨ ᠰᠤᠳᠤᠯᠭᠠᠨ ᠤ ᠲᠦᠪ ᠶᠢ ᠪᠠᠶᠢᠭᠤᠯᠵᠤ᠂ ᠦᠨᠳᠦᠰᠦᠳᠡᠨ ᠤ ᠤᠨᠤᠯ ᠲᠦᠷᠦ ᠶᠢᠨ ᠪᠤᠳᠣᠯᠭ᠎ᠠ ᠶᠢᠨ ᠴᠢᠳᠠᠪᠦᠷᠢᠳᠡᠨ ᠤ ᠬᠦᠮᠦᠷᠬᠡ ᠶᠢ ᠵᠤᠬᠢᠶᠠᠨ ᠪᠠᠶᠢᠭᠤᠯᠵᠤ᠂ ᠪᠠᠷᠠᠭᠤᠨ ᠯᠢᠶᠤᠤ ᠾᠧ ᠶᠢᠨ ᠰᠤᠶᠤᠯ ᠤᠨ ᠠᠭᠤᠯᠤᠬᠳᠠᠵᠦ ᠪᠠᠶᠢᠭ᠎ᠠ ᠬᠠᠮᠳᠤ ᠶᠢᠨ ᠴᠤᠬᠴᠠ ᠶᠢᠨ ᠠᠭᠤᠯᠬᠤᠨ ᠢ ᠬᠠᠶᠢᠨ ᠮᠠᠯᠳᠠᠵᠦ ᠲᠠᠶᠢᠯᠪᠤᠷᠢ ᠬᠢᠭᠰᠡᠨ ᠪᠠᠢᠨ᠎ᠠ᠃    ︽ᠠᠨᠠᠷ ᠤᠨ ᠦᠷ᠎ᠡ︾ ᠰᠤᠶᠤᠯ ᠤᠨ ᠠᠭᠤᠰᠤᠯᠴᠠᠭ᠎ᠠ ᠶᠢᠨ ᠨᠡᠷᠡᠳᠤ ᠲᠡᠮᠳᠡᠭ ᠢ ᠪᠦᠳᠦᠬᠡᠵᠦ᠂ ᠬᠤᠳᠠ ᠬᠤᠰᠢᠭᠤ ᠬᠤᠶᠠᠷ ᠲᠡᠰ ᠤᠨ 28 ᠦᠨᠳᠦᠰᠦᠳᠡᠨ ᠤ ᠪᠦᠯᠬᠦᠮᠳᠡᠯ ᠲᠠᠪᠰᠢᠯᠲᠠ ᠶᠢᠨ ᠬᠦᠮᠦᠵᠢᠯ ᠦᠢᠯᠡᠳᠦᠯᠬᠡ ᠶᠢᠨ ᠰᠠᠭᠤᠷᠢᠨ ᠭᠠᠵᠠᠷ᠂ 289 ᠤᠯᠠᠨ ᠨᠡᠶᠢᠲᠡ ᠶᠢᠨ ᠰᠤᠶᠤᠯ ᠤᠨ ᠤᠷᠤᠨ ᠵᠠᠢ ᠶᠢ ᠪᠠᠶᠢᠭᠤᠯᠵᠠᠢ᠃ ᠵᠢᠷᠢᠮ ᠤᠨ ᠪᠠᠷ ᠵᠢᠷᠤᠭ ᠵᠡᠷᠬᠡ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠤᠨ ᠲᠤᠭᠤᠷᠢᠨ ᠲᠤᠭᠯᠠᠯᠳᠠ ᠪᠠ ᠦᠵᠡᠰᠬᠦᠯᠡᠩ ᠢ ᠦᠷᠨᠢᠬᠦᠯᠵᠦ᠂ ︽ᠪᠠᠷᠠᠭᠤᠨ ᠯᠢᠶᠤᠤ ᠾᠧ ᠶᠢᠨ ᠬᠦᠪᠡᠬᠡᠨ ᠳᠠᠬᠢ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠮᠠᠭᠳᠠᠭᠠᠯ ᠲᠠᠭᠤᠤ︾ ᠬᠡᠬᠦ ᠰᠤᠶᠤᠯ ᠤᠷᠠᠯᠢᠭ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠡᠬᠦᠳᠦᠨ ᠨᠠᠶᠢᠷᠠᠭᠤᠯᠵᠤ᠂ ︽ᠪᠤᠯᠪᠠᠰᠤᠨ ᠤ ᠨᠠᠷᠨ ᠮᠠᠨᠳᠤᠭᠰᠠᠨ ᠭᠠᠵᠠᠷ︾ ︽ᠲᠥᠩᠯᠢᠶᠤᠤ ᠶᠢᠨ ᠡᠯ᠎ᠡ ᠦᠨᠳᠦᠰᠦᠳᠡᠨ ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢᠨ ᠪᠤᠳᠠᠳᠤ ᠲᠡᠮᠳᠡᠭᠯᠡᠯ︾ ᠵᠡᠷᠭᠡ ᠰᠤᠳᠤᠨ ᠰᠠᠶᠢᠬᠠᠨ ᠨᠤᠮ ᠲᠡᠪᠳᠡᠷ ᠢ ᠨᠠᠢᠷᠠᠭᠤᠯᠤᠨ ᠪᠢᠴᠢᠵᠦ᠂ ︽ᠰᠤᠯᠤᠩᠭᠠᠳᠤ ᠡᠭᠦᠯᠨ ᠨᠠᠮᠢᠷᠠᠭᠰᠠᠨ ᠭᠠᠵᠠᠷ ᠤᠷᠤᠨ︾ ︽ᠭᠡᠷ ᠤᠨ ᠵᠠᠬᠢᠳᠠᠯ︾ ᠵᠡᠷᠬᠡ ᠰᠤᠶᠤᠯ ᠤᠷᠠᠯᠢᠭ ᠤᠨ ᠰᠤᠳᠤᠨ ᠪᠦᠳᠦᠬᠡᠯ ᠢ ᠪᠦᠳᠦᠭᠡᠵᠦ᠂ ᠰᠤᠶᠤᠯ ᠤᠷᠠᠯᠢᠭ ᠤᠨ ᠰᠤᠳᠤᠨ ᠪᠦᠳᠦᠬᠡᠯ ᠢᠶᠠᠷ ︽ᠤᠮᠠᠷᠠᠳᠤ ᠬᠢᠯᠢ ᠶᠢᠨ ᠰᠤᠶᠤᠯ︾ ᠢ ᠲᠤᠳᠤᠷᠬᠠᠢ ᠢᠯᠡᠳᠭᠡᠭᠰᠡᠨ ᠪᠠᠶᠢᠨ᠎ᠠ᠃    ᠤᠳᠤᠬᠢᠴᠢᠯᠠᠬᠰᠠᠨ ᠠᠮᠢᠳᠤᠷᠠᠯ ᠢᠶᠠᠨ ᠬᠠᠮᠳᠤᠪᠡᠷ ᠡᠳ᠋ᠯᠡᠨᠡᠮ    ᠬᠤᠷᠠᠭ᠎ᠠ ᠢᠰᠢᠬᠡ ᠮᠠᠶᠢᠯᠠᠯᠳᠤᠭᠰᠠᠨ ᠰᠦᠷᠦᠭ ᠤᠨ ᠲᠡᠷᠭᠡᠳᠡ ᠠᠴᠠ ᠭᠡᠭᠡ ᠲᠠᠲᠠᠨ ᠨᠠᠷᠠ ᠨᠢ ᠮᠠᠨᠳᠤᠵᠦ᠂ ᠬᠡᠶᠢᠮᠤᠷᠢ ᠬᠤᠷᠤᠶᠢᠯᠠᠭᠰᠠᠨ ᠬᠦᠳᠡᠭᠡ ᠠᠶᠢᠯ ᠦᠷᠯᠥᠬᠡ ᠶᠢ ᠤᠭᠳᠤᠨ᠎ᠠ᠃ 32 ᠨᠠᠰᠤ ᠲᠠᠢ ᠵᠠᠩ ᠸᠧᠢ ᠵᠢᠶᠠᠨ ᠡᠷᠲᠡ ᠪᠣᠰᠴᠣ ᠬᠠᠰᠢᠶ᠎ᠠ ᠰᠠᠷᠠᠪᠴᠢ ᠶᠢᠨ ᠢᠶᠠᠨ ᠮᠠᠯ ᠤᠨᠤᠭ᠎ᠠ ᠪᠠᠨ ᠪᠠᠶᠢᠴᠠᠭᠠᠭᠰᠠᠨ ᠳᠤ᠂ ᠨᠢᠭᠡ ᠲᠤᠭᠤᠯ ᠤᠨ ᠡᠪᠡᠳᠴᠢᠯᠡᠭᠰᠡᠨ ᠪᠠᠶᠢᠳᠠᠯ ᠲᠠᠢ ᠪᠠᠶᠢᠬᠤ ᠶᠢ ᠰᠡᠷᠡᠵᠦ ᠮᠡᠳᠡᠨ᠂ ᠲᠠᠷᠤᠢ ᠲᠤᠤᠷ᠎ᠠ ᠨᠢ ᠭᠠᠷ ᠤᠳᠠᠰᠤᠨ ᠲᠡᠭᠡᠷᠡᠬᠢ ᠵᠠᠰᠠᠭ ᠤᠨ ᠣᠷᠳᠣᠨ ᠤ ᠰᠤᠳᠤᠯᠤᠨ ᠭᠠᠷᠭᠠᠭᠰᠠᠨ ︽ᠮᠠᠯ ᠬᠠᠮᠢᠶᠠᠷᠤᠭᠴᠢ︾ APP ᠪᠠᠨ ᠰᠡᠬᠦᠨ ᠭᠠᠷᠭᠠᠵᠦ ︽AI ᠡᠪᠡᠳᠴᠢᠨ ᠤᠨᠤᠰᠢᠯᠠᠬᠤ︾ ᠲᠠᠷᠤᠪᠴᠢ ᠳᠤ ᠨᠡᠪᠳᠡᠷᠡᠨ ᠡᠪᠡᠳᠴᠢᠯᠡᠭᠰᠡᠨ ᠲᠤᠭᠤᠯ ᠤᠨ ᠢᠶᠠᠨ ᠪᠠᠶᠢᠳᠠᠯ ᠶᠢ ᠪᠢᠴᠢᠨ  ᠪᠠᠶᠢᠴᠠᠭᠠᠭᠰᠠᠨ ᠳᠤ᠂ ᠲᠡᠮᠡᠢ ᠤᠳᠠᠯ ᠦᠭᠡᠢ ᠤᠨᠤᠰᠢᠯᠠᠬᠰᠠᠨ ᠦᠷ᠎ᠡ ᠳ᠋ᠦᠩ ᠪᠠ ᠡᠮᠨᠡᠨ ᠵᠠᠰᠠᠬᠤ ᠲᠦᠰᠦᠯ᠂ ᠤᠷᠢᠳᠴᠢᠯᠠᠨ ᠰᠡᠷᠭᠡᠶᠢᠯᠡᠬᠦ ᠠᠷᠭ᠎ᠠ ᠶᠢ ᠬᠠᠶᠢᠨ ᠤᠯᠤᠬᠰᠠᠨ ᠪᠠᠶᠢᠨ᠎ᠠ᠃    ︽ᠠᠳᠡᠭᠢ ᠬᠦᠮᠦᠰ᠂ ᠦᠶ᠎ᠡ ᠶᠢᠨ ᠦᠶ᠎ᠡ ᠪᠠᠷ ᠢᠶᠠᠨ ᠮᠠᠯ ᠬᠠᠷᠢᠭᠤᠯᠵᠦ ᠠᠮᠢᠳᠤᠷᠠᠵᠦ ᠪᠠᠶᠢᠭᠰᠠᠨ ᠪᠤᠯᠪᠠᠴᠣ ᠦᠨᠦᠳᠦᠷ ᠤᠨ ᠰᠢᠭ ᠮᠠᠯ ᠤᠨ ᠡᠪᠡᠳᠴᠢᠨ ᠢ ᠤᠨᠤᠰᠢᠯᠠᠬᠤ ᠨᠢ ᠡᠶᠢᠮᠦ ᠯᠠ ᠲᠦᠭᠦᠮ ᠲᠦᠳᠡ ᠪᠤᠯᠤᠯ᠎ᠠ ᠭᠡᠳᠡᠭ ᠢ   ᠰᠠᠶ᠋ᠢᠬᠠᠨ ᠮᠡᠳᠡᠯ᠎ᠡ᠃︾ ᠲᠥᠩᠯᠢᠶᠤᠤ ᠬᠤᠳᠠ ᠶᠢᠨ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠤ ᠱᠧᠪᠡᠷᠲᠦ ᠪᠠᠯᠭᠠᠰᠤ ᠶᠢᠨ ᠮᠤᠳᠤᠨ ᠠᠶᠢᠯ ᠭᠠᠴᠠᠭᠠᠨ ᠤ ᠵᠠᠩ ᠸᠧᠢ ᠵᠢᠶᠠᠨ ᠤ ᠬᠢ ᠮᠠᠯ ᠲᠡᠵᠢᠭᠡᠪᠦᠷᠢ ᠶᠢᠨ ᠰᠢᠨᠵᠢᠯᠡᠭᠡ ᠮᠡᠷᠬᠡᠵᠢᠯ ᠤᠨ ᠡᠯᠧᠮᠧᠨ᠋ᠲ ᠤᠯᠠᠮ ᠠᠴᠠ ᠤᠯᠠᠮ ᠤᠯᠠᠰᠢᠷᠠᠵᠦ᠂ ᠮᠠᠯ ᠲᠡᠵᠢᠬᠡᠬᠦ ᠶᠠᠪᠤᠴᠠ ᠳᠠᠬᠢ ᠭᠡᠭᠡᠯᠳᠥᠬᠦᠯᠭᠡ᠂ ᠬᠢᠵᠢᠭ ᠠᠴᠠ ᠰᠡᠷᠭᠡᠶᠢᠯᠡᠬᠦ᠂ ᠠᠷᠠᠯᠵᠢᠶ᠎ᠠ ᠬᠢᠬᠦ ᠵᠡᠷᠬᠡ ᠶᠢ ᠪᠦᠷ ᠭᠠᠷ ᠤᠲᠠᠰᠤᠨ ᠤ APP ᠪᠠᠷ ᠲᠠᠮᠵᠢᠵᠦ᠂ ᠢᠴᠡᠭᠡᠯ ᠦᠷ᠎ᠡ᠂ ᠡᠮ ᠤᠨ ᠵᠦᠢᠯ ᠵᠡᠷᠬᠡ ᠶᠢᠨ ᠦᠨᠠᠨ ᠬᠠᠭᠤᠷᠮᠠᠭ ᠡᠰᠡᠬᠦ ᠶᠢ ᠰᠢᠰᠲ᠋ᠧᠮ ᠳᠡᠭᠡᠷ᠎ᠡ ᠠᠴᠠ ᠰᠢᠯᠭᠠᠵᠦ ᠳᠡᠶᠢᠯᠳᠡᠭ ᠪᠣᠯᠵᠠᠢ᠃ ᠤᠶᠢᠷ᠎ᠡ ᠶᠢᠨ ᠬᠡᠳᠦᠨ ᠵᠢᠯ ᠳᠤ᠂ ᠦᠪᠦᠷ ᠮᠤᠩᠭᠤᠯ ᠲᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠭᠡ ᠮᠡᠷᠬᠡᠵᠢᠯ ᠤᠨ ᠲᠤᠯᠭᠠᠭᠤᠷᠢᠯᠠᠯ ᠬᠢᠭᠡᠳ ᠰᠢᠨ᠎ᠡ ᠶᠢ ᠡᠬᠦᠳᠬᠦ ᠴᠢᠳᠠᠪᠦᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠦᠨ᠂ ᠬᠦᠳᠡᠭᠡ ᠲᠤᠰᠬᠤᠨ ᠤ ᠠᠵᠦ ᠠᠬᠤᠢ ᠶᠢᠨ ᠭᠦᠭᠵᠢᠯᠳᠡ ᠶᠢ ᠲᠦᠯᠬᠢᠨ ᠠᠬᠢᠭᠤᠯᠪᠠ᠃    ᠠᠵᠦ ᠠᠬᠤᠢ ᠶᠢ ᠭᠦᠭᠵᠢᠬᠦᠯᠦᠨ᠂ ᠠᠷᠠᠳ ᠤᠨ ᠠᠮᠢᠳᠤᠷᠠᠯ ᠢ ᠰᠠᠢᠵᠢᠷᠠᠭᠤᠯᠬᠤ ᠪᠤᠯ ᠬᠦᠮᠦᠰ ᠤᠨ ᠰᠡᠳᠬᠢᠯ ᠢ ᠨᠢᠬᠲᠠᠷᠠᠭᠤᠯᠤᠨ᠂ ᠪᠦᠯᠬᠦᠮᠳᠡᠯ ᠢ ᠴᠢᠩᠭᠠᠳᠬᠠᠬᠤ ᠰᠠᠭᠤᠷᠢ ᠶᠤᠮ᠃ ᠲᠥᠩᠯᠢᠶᠤᠤ ᠬᠤᠳᠠ᠂ ᠠᠵᠦ ᠠᠬᠤᠢ ᠶᠢᠨ ᠪᠦᠲᠦᠬᠡᠨ ᠪᠠᠶᠢᠭᠤᠯᠤᠯᠲᠠ ᠲᠤᠮᠳᠠ ᠪᠠᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢᠶᠠᠨ ᠪᠠᠳᠣ ᠪᠠᠬᠢ ᠪᠤᠢ ᠪᠤᠯᠭᠠᠬᠤ ᠠᠵᠢᠯ ᠢᠶᠠᠷ ᠭᠤᠤᠯ ᠰᠢᠵᠢᠮ ᠪᠤᠯᠭᠠᠨ᠂ ᠠᠷᠠᠳ ᠤᠨ ᠠᠮᠢᠳᠤᠷᠠᠯ ᠢ  ᠰᠠᠶᠢᠵᠢᠷᠠᠭᠤᠯᠵᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠶᠢ ᠦᠨᠳᠦᠰᠦᠳᠡᠨ ᠤ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠡᠭᠦᠰᠦᠯᠳᠡ ᠶᠢᠨ ᠴᠡᠭ ᠪᠠ ᠲᠤᠰᠤᠯᠳᠠ ᠶᠢᠨ ᠴᠡᠭ ᠪᠤᠯᠭᠠᠵᠦ᠂ ᠬᠦᠭᠵᠢᠯᠳᠡ ᠶᠢᠨ ᠦᠷ᠎ᠡ ᠪᠦᠳᠦᠬᠡᠯ ᠢᠶᠠᠷ ᠡᠯ᠎ᠡ ᠦᠨᠳᠦᠰᠦᠳᠡᠨ ᠤ ᠠᠷᠠᠳ ᠤᠯᠠᠨ ᠳᠤ ᠡᠷᠬᠡ ᠲᠡᠭᠰᠢ ᠬᠠᠷᠠᠭᠠᠯᠵᠠᠯ ᠬᠦᠷᠳᠡᠬᠡᠬᠦ ᠶᠢ ᠠᠬᠢᠭᠤᠯᠤᠨ᠂ ᠦᠨᠳᠦᠰᠦᠳᠡᠨ ᠨᠦᠭᠦᠳ ᠤᠨ ᠤᠳᠤᠬᠢᠴᠢᠯᠠᠯᠲᠠ ᠲᠡᠶᠢᠰᠢ ᠤᠷᠤᠭᠰᠢᠯᠠᠬᠤ ᠠᠬᠢᠴᠠ ᠶᠢ ᠰᠡᠳᠭᠢᠯ ᠨᠢᠭᠡᠲᠦᠨ ᠬᠦᠴᠦᠨ ᠢᠶᠠᠨ ᠬᠠᠮᠲᠤᠳᠬᠠᠬᠤ ᠠᠬᠢᠴᠠ ᠪᠤᠯᠭᠠᠨ ᠬᠤᠪᠢᠷᠠᠭᠤᠯᠪᠠ᠃     ᠣᠶᠢᠷ᠎ᠠ ᠶᠢᠨ ᠵᠢᠯ ᠳᠤ᠂ ᠲᠥᠩᠯᠢᠶᠤᠤ ᠬᠤᠳᠠ ︽ᠪᠦᠬᠦ ᠤᠯᠤᠰ ᠤᠨ ᠠᠯᠠᠰᠢᠨ ᠦᠬᠡᠷ ᠤᠨ ᠦᠢᠯᠡᠰ ᠤᠨ ᠨᠢᠬᠡᠳᠦᠬᠡᠷ ᠭᠤᠣᠯᠳᠠᠯᠭ᠎ᠠ ᠲᠠᠢ ᠪᠠᠯᠭᠠᠰᠤ︾ ᠶᠢ ᠦᠳᠳᠦᠷ ᠲᠦᠷᠭᠡᠨ ᠪᠠᠢᠭᠤᠯᠵᠦ᠂ ᠠᠷᠪᠠᠨ ᠲᠤᠯᠤᠳᠤᠭᠠᠷ ᠬᠤᠭᠤᠴᠠᠭᠠᠨ ᠤ ︵2024︶ ᠦᠬᠡᠷ ᠤᠨ ᠦᠢᠯᠡᠰ ᠢ ᠭᠦᠭᠵᠢᠬᠦᠯᠬᠦ ᠬᠤᠷᠠᠯ ᠢ ᠠᠮᠵᠢᠯᠳᠠ ᠲᠠᠢ ᠨᠡᠬᠡᠬᠡᠵᠦ᠂ ︽ᠲᠥᠩᠯᠢᠶᠤᠤ ᠠᠯᠠᠰᠢᠨ ᠦᠬᠡᠷ︾ ᠤᠨ ᠨᠡᠷᠡᠳᠤ ᠲᠡᠮᠳᠡᠭ ᠤᠨ ᠦᠨ᠎ᠡ ᠥᠷᠲᠡᠭ 271.60 ᠳ᠋ᠥᠩᠰᠢᠭᠤᠷ ᠲᠦᠭᠦᠷᠢᠭ ᠲᠤ ᠬᠦᠷᠴᠠᠢ᠃ ︽ᠰᠢᠳᠢᠳᠤ ᠲᠥᠩᠯᠢᠶᠤᠤ᠂ ᠲᠤᠮᠳᠠᠳᠤ ᠮᠤᠩᠭᠤᠯ ᠤᠷᠤᠰ ᠤᠨ ᠲᠠᠸᠠᠷ ᠤᠨ ᠦᠵᠡᠰᠬᠦᠯᠡᠩ︾ ᠢ ᠦᠷᠨᠢᠬᠦᠯᠵᠦ᠂ ᠲᠤᠮᠳᠠᠳᠤ ᠡᠸᠦ᠋ᠷᠦᠫᠡ ᠶᠢᠨ ᠭᠠᠯᠳᠤ ᠲᠡᠷᠬᠡ ︽ᠲᠥᠩᠯᠢᠶᠤᠤ - ᠮᠤᠰᠺᠸᠠ︾ ᠶᠢ ᠰᠡᠷᠬᠦᠭᠡᠨ ᠡᠵᠡᠩᠨᠡᠵᠦ᠂ ᠲᠥᠩᠯᠢᠶᠤᠤ ᠶᠢᠨ ᠪᠤᠤ ᠱᠦᠢ ᠪᠠᠷᠠᠭᠠᠨ ᠤ ᠬᠦᠢᠯᠬᠡᠬᠡᠨ ᠤ ᠲᠦᠪ ︵B︶ ᠵᠦᠪᠰᠢᠶᠡᠷᠡᠭᠳᠡᠨ ᠪᠠᠶᠢᠭᠤᠯᠤᠭᠳᠠᠵᠠᠢ᠃ ᠤᠯᠤᠰ ᠤᠨ ᠨᠡᠭᠦᠷᠡᠰᠤ ᠶᠢᠨ ᠬᠠᠩᠭᠠᠯᠭ᠎ᠠ ᠶᠢ ᠪᠠᠲᠤᠯᠠᠬᠤ ᠡᠬᠦᠷᠭᠡ ᠶᠢ ᠪᠦᠬᠦ ᠲᠠᠯ᠎ᠠ ᠪᠠᠷ ᠪᠡᠶᠡᠯᠡᠬᠦᠯᠵᠦ᠂ ᠮᠢᠩᠭ᠎ᠠ ᠲᠦᠮᠡᠨ ᠮᠣ᠋ ᠤᠳᠤᠬᠢᠴᠢᠯᠠᠯᠳᠠ ᠶᠢᠨ ᠤᠰᠤ ᠠᠷᠪᠢᠯᠠᠵᠦ ᠦᠨᠳᠦᠷ ᠤᠨᠠᠯᠳᠠ ᠲᠠᠢ ᠪᠤᠯᠭᠠᠬᠤ ᠲᠠᠷᠢᠶᠠᠯᠠᠩ ᠤᠨ ᠵᠢᠱᠢᠶᠡᠴᠢ ᠲᠤᠭᠤᠷᠢᠭ ᠢ ᠡᠬᠦᠳᠦᠨ ᠪᠠᠶᠢᠭᠤᠯᠵᠤ᠂ ᠪᠦᠬᠦ ᠬᠤᠳᠠ ᠶᠢᠨ ᠠᠮᠤ ᠪᠤᠳᠠᠭᠠᠨ ᠤ ᠶᠠᠷᠥᠩᠬᠡᠢ ᠤᠨᠠᠯᠳᠠ ᠶᠢᠨ ︽20 ᠵᠢᠯ ᠳᠠᠷᠠᠭᠠᠯᠠᠨ ᠡᠯᠪᠡᠭ ᠬᠤᠷᠢᠶᠠᠯᠳᠠ︾ ᠶᠢ ᠪᠡᠶᠡᠯᠡᠬᠦᠯᠦᠭᠰᠡᠨ ᠪᠠᠶᠢᠨ᠎ᠡ᠃    ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠳᠤᠯᠠᠬᠤ ᠶᠠᠪᠤᠴᠠ ᠳᠤ ᠬᠦᠮᠦᠰ ᠤᠨ ᠰᠡᠳᠬᠢᠯ ᠢ ᠨᠢᠬᠲᠠᠷᠠᠭᠤᠯᠤᠨ᠂ ᠬᠠᠭᠤᠴᠢᠨ ᠤᠷᠤᠨ ᠰᠠᠭᠤᠴᠠ ᠶᠢ ᠰᠢᠨᠡᠳᠭᠡᠨ ᠰᠠᠶᠢᠵᠢᠷᠠᠭᠤᠯᠬᠤ᠂ ᠬᠤᠳᠠ ᠶᠢᠨ ᠵᠠᠰᠠᠭ ᠤᠨ ᠶᠠᠪᠤᠳᠠᠯ ᠤᠨ ᠵᠠᠮ ᠱᠤᠭᠤᠮ᠂ ᠢᠯᠴᠢ ᠶᠢᠨ ᠡᠨᠧᠷᠬᠢ ᠬᠠᠩᠭᠠᠬᠤ ᠪᠠ ᠰᠢᠳᠠᠮᠠᠬᠠᠢ ᠬᠡᠢ ᠵᠡᠷᠬᠡ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ 100 ᠭᠠᠷᠤᠢ ᠲᠦᠷᠦᠯ ᠢ ᠲᠦᠰᠦᠬᠡᠯᠡᠨ ᠭᠡᠷᠡᠭᠵᠢᠬᠦᠯᠵᠦ᠂ ᠬᠤᠳᠠ ᠬᠦᠳᠡᠭᠡ ᠶᠢᠨ ᠨᠠᠰᠤᠳᠠᠨ ᠢ ᠠᠰᠠᠷᠠᠬᠤ ᠦᠢᠯᠡᠴᠢᠯᠡᠬᠡᠨ ᠢ ᠰᠠᠶᠢᠵᠢᠷᠠᠭᠤᠯᠬᠤ 400 ᠭᠠᠷᠤᠢ ᠲᠤᠨᠤᠭ ᠲᠦᠭᠦᠬᠡᠷᠦᠮᠵᠢ ᠶᠢ ᠰᠢᠨ᠎ᠡ ᠪᠠᠷ ᠪᠠᠶᠢᠭᠤᠯᠵᠤ᠂ 257 ᠡᠮ ᠡᠮᠨᠡᠯᠬᠡ ᠶᠢᠨ ᠪᠠᠶᠢᠭᠤᠯᠤᠮᠵᠢ ᠠᠴᠠ DIP ᠡᠮᠨᠡᠯᠬᠡ ᠶᠢᠨ ᠲᠠᠭᠠᠳᠬᠠᠯ ᠤᠨ ᠵᠠᠷᠤᠯᠭ᠎ᠠ ᠶᠢ ᠪᠦᠬᠦ ᠲᠠᠯ᠎ᠠ ᠪᠠᠷ ᠪᠡᠶᠡᠯᠡᠬᠦᠯᠵᠦ᠂ ᠤᠯᠤᠰ ᠤᠨ ᠬᠢᠳᠠᠳ ᠡᠮ ᠡᠮᠨᠡᠯᠬᠡ ᠶᠢᠨ ᠤᠯᠠᠮᠵᠢᠯᠠᠯᠳᠤ ᠰᠢᠨ᠎ᠡ ᠶᠢ ᠡᠬᠦᠳᠦᠨ ᠭᠦᠭᠵᠢᠬᠦᠯᠬᠦ ᠲᠤᠷᠰᠢᠯᠳᠠ ᠶᠢᠨ ᠭᠠᠵᠠᠷ ᠤᠷᠤᠨ ᠪᠤᠯᠭᠠᠬᠤ ᠵᠦᠪᠰᠢᠶᠡᠷᠡᠯ ᠢ ᠤᠯᠵᠠᠢ᠃    ᠡᠶ᠎ᠡ ᠨᠠᠶᠢᠷᠠᠮᠳᠠᠭᠤ ᠶᠢᠨ ᠭᠤᠸ᠎ᠠ ᠰᠠᠶᠢᠬᠠᠨ ᠢ ᠬᠠᠮᠳᠤᠪᠡᠷ ᠵᠢᠷᠤᠭᠯᠠᠨᠠᠮ    ᠲᠥᠩᠯᠢᠶᠤᠤ ᠬᠤᠳᠠ ᠶᠢᠨ ᠠᠵᠦ ᠠᠬᠤᠢ ᠮᠡᠷᠬᠡᠵᠢᠯ ᠤᠨ ᠨᠡᠬᠡᠬᠡᠯᠳᠡ ᠶᠢᠨ ᠲᠤᠭᠤᠷᠢᠭ ᠲᠤ ᠤᠯᠠᠨ ᠡᠰᠢᠵᠢᠭᠰᠡᠨ ᠬᠤᠷᠢᠶᠠᠯᠠᠯ - ᠪᠢ ᠭᠦᠢ ᠶᠤᠸᠠᠨ ᠬᠤᠷᠢᠶᠠᠯᠠᠯ ᠪᠠᠶᠢᠵᠤ᠂ ᠠᠳᠡ ᠬᠢᠳᠠᠳ᠂ ᠮᠤᠩᠭᠤᠯ᠂ ᠬᠤᠳᠤᠩ᠂ ᠰᠤᠯᠤᠩᠭᠤᠰ ᠵᠡᠷᠭᠡ 7 ᠦᠨᠳᠦᠰᠦᠳᠡᠨ 4819 ᠡᠷᠦᠬᠡ᠂ 11561 ᠰᠠᠭᠤᠭᠠᠯᠢ ᠠᠷᠠᠳ ᠰᠠᠭᠤᠷᠢᠰᠢᠵᠦ ᠪᠠᠶᠢᠨ᠎ᠠ᠃ ᠣᠶᠢᠷ᠎ᠠ ᠶᠢᠨ ᠬᠡᠳᠦᠨ ᠵᠢᠯ ᠳᠤ᠂ ᠪᠢ ᠭᠦᠢ ᠶᠤᠸᠠᠨ ᠬᠤᠷᠢᠶᠠᠯᠠᠯ ︽ᠪᠦᠯᠬᠦᠮᠳᠡᠯ ᠤᠨ ᠦᠷ᠎ᠡ ᠪᠦᠳᠦᠬᠡᠯ ᠢ ᠬᠠᠮᠳᠤᠪᠡᠷ ᠪᠡᠶᠡᠯᠡᠬᠦᠯᠵᠦ᠂ ᠠᠨᠠᠷ ᠤᠨ ᠦᠷ᠎ᠡ ᠬᠦᠷᠢᠶᠡᠯᠡᠩ ᠶᠢ ᠬᠠᠮᠳᠤᠪᠡᠷ ᠵᠠᠰᠠᠨ ᠬᠠᠮᠳᠤᠪᠡᠷ ᠡᠳ᠋ᠯᠡᠬᠦ︾ ᠢᠶᠠᠷ ᠨᠡᠷᠡᠳᠤ ᠲᠡᠮᠳᠡᠭ ᠢᠶᠠᠨ ᠪᠤᠯᠭᠠᠨ᠂ ︽ᠠᠨᠠᠷ ᠤᠨ ᠦᠷ᠎ᠡ ᠭᠡᠷ ᠬᠦᠷᠢᠶᠡᠯᠡᠩ︾ ᠤᠨ ᠭᠤᠤᠯ ᠰᠠᠭᠤᠷᠢᠨ ᠢ ᠪᠦᠬᠦ ᠬᠦᠴᠦᠨ ᠢᠶᠠᠷ ᠢᠶᠠᠨ ᠡᠭᠦᠳᠴᠦ᠂ ︽ᠬᠠᠷᠢᠯᠴᠠᠨ ᠰᠢᠭᠢᠳᠬᠡᠬᠦ ᠮᠠᠶ᠋ᠢᠭ︾ ᠤᠨ ᠬᠤᠷᠢᠶᠠᠯᠠᠯ ᠢ ᠪᠠᠶᠢᠭᠤᠯᠵᠤ᠂ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠠᠮᠢᠳᠤᠯᠢᠭ ᠬᠡᠪ ᠶᠠᠩᠵᠦ ᠶᠢ ᠪᠦᠳᠦᠭᠡᠭᠰᠡᠨ ᠪᠠᠶᠢᠨ᠎ᠠ᠃    ᠲᠥᠩᠯᠢᠶᠤᠤ ᠬᠤᠳᠠ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢᠶᠠᠨ ᠪᠠᠳᠣ ᠪᠠᠬᠢ ᠪᠤᠢ ᠪᠤᠯᠭᠠᠬᠤ ᠭᠤᠤᠯ ᠰᠢᠵᠢᠮ ᠤᠨ ᠲᠤᠭᠤᠷᠢᠨ ᠳᠤ ᠨᠡᠶᠢᠭᠡᠮ ᠤᠨ ᠪᠦᠳᠦᠬᠡᠨ ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠦᠨᠳᠦᠰᠦᠳᠡᠨ ᠨᠦᠭᠦᠳ ᠤᠨ ᠬᠠᠮᠳᠤ ᠰᠠᠭᠤᠷᠢᠰᠢᠨ ᠬᠠᠮᠳᠤᠪᠡᠷ ᠰᠤᠷᠤᠯᠴᠠᠬᠤ᠂ ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠬᠦ᠂ ᠬᠠᠮᠳᠤᠪᠡᠷ ᠠᠵᠢᠯᠯᠠᠨ ᠬᠠᠮᠳᠤᠪᠡᠷ ᠨᠠᠶᠢᠷᠠᠯᠳᠤᠬᠤ ᠨᠠᠶᠢᠭᠡᠮ ᠵᠢᠷᠤᠮ ᠤᠨ ᠨᠦᠬᠦᠴᠡᠯ ᠢ ᠡᠭᠦᠳᠦᠨ ᠦᠭᠴᠦ᠂ ᠡᠯ᠎ᠡ ᠦᠨᠳᠦᠰᠦᠳᠡᠨ ᠤ ᠤᠯᠠᠨ ᠲᠦᠮᠡᠨ ᠰᠡᠳᠬᠢᠯ ᠨᠡᠶᠢᠯᠡᠯᠴᠡᠨ ᠠᠨᠳᠠ ᠨᠠᠶᠢᠵᠠ ᠪᠤᠯᠤᠯᠴᠠᠵᠦ᠂ ᠡᠶ᠎ᠡ ᠨᠠᠶᠢᠷᠲᠠᠢ ᠬᠥᠷᠰᠢ ᠵᠡᠷᠭᠡᠯᠡᠳᠡᠭᠡ ᠪᠤᠯᠵᠦ᠂ ᠵᠤᠯ ᠵᠢᠷᠭᠠᠯᠳᠠᠢ ᠤᠷᠤᠭ ᠭᠡᠷ ᠪᠦᠯᠢ ᠶᠢ ᠪᠤᠢ ᠪᠤᠯᠭᠠᠭᠰᠠᠨ  ᠪᠠᠶᠢᠨ᠎ᠠ᠃    ᠬᠠᠮᠳᠤ ᠰᠠᠭᠤᠷᠢᠰᠢᠨ ᠬᠠᠷᠢᠯᠴᠠᠨ ᠪᠠᠭᠳᠠᠭᠠᠬᠤ ᠲᠡᠭᠡᠷ᠎ᠡ ᠬᠦᠴᠦ ᠲᠠᠯᠪᠢᠨ᠂ 22 ᠬᠠᠷᠢᠯᠴᠠᠨ ᠰᠢᠭᠢᠳᠬᠡᠬᠦ ᠮᠠᠶ᠋ᠢᠭ ᠤᠨ ᠨᠡᠶᠢᠭᠡᠮ ᠤᠨ ᠪᠦᠳᠦᠴᠡ ᠪᠠ ᠬᠤᠷᠢᠶᠠᠯᠠᠯ ᠤᠨ ᠣᠷᠴᠢᠨ ᠤ ᠲᠤᠷᠰᠢᠯᠳᠠ ᠶᠢᠨ ᠴᠡᠭ ᠢ ᠪᠠᠶᠢᠭᠤᠯᠵᠤ᠂ 4 ᠵᠤᠷᠪᠤᠰ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢᠶᠠᠨ ᠪᠠᠳᠣ ᠪᠠᠬᠢ ᠪᠤᠢ ᠪᠤᠯᠭᠠᠬᠤ ᠰᠤᠳᠤᠨ ᠵᠠᠮ ᠱᠤᠭᠤᠮ ᠭᠠᠷᠭᠠᠪᠠ᠃ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠵᠦᠪᠳᠡᠯᠴᠡᠭᠡᠷ ᠲᠤ ᠲᠦᠰᠢᠭᠯᠡᠨ᠂ ᠤᠯᠠᠨ ᠭᠠᠵᠠᠷ ᠤᠷᠤᠨ ᠲᠠᠢ ᠬᠤᠯᠪᠤᠭᠠᠯᠠᠵᠦ᠂ ᠮᠤᠵᠢ ᠬᠤᠳᠠ ᠠᠯᠤᠰᠯᠠᠬᠤ ᠵᠢᠴᠢ ᠬᠤᠳᠠ ᠶᠢᠨ ᠬᠡᠪᠴᠢᠶᠡᠨ ᠳᠠᠬᠢ ᠵᠠᠯᠠᠭᠤ ᠪᠠᠭᠠᠴᠤᠳ ᠤᠨ ᠰᠤᠯᠢᠯᠴᠠᠭᠠᠨ ᠤ ᠦᠢᠯᠡᠳᠦᠯᠬᠡ ᠶᠢᠨ ᠠᠵᠢᠯᠯᠠᠭ᠎ᠠ ᠶᠢ 3900 ᠭᠠᠷᠤᠢ ᠤᠳᠠᠭ᠎ᠠ ᠦᠷᠨᠢᠬᠦᠯᠵᠦ᠂ 400 ᠭᠠᠷᠤᠢ ᠤᠳᠠᠭᠠᠨ ᠤ ᠰᠤᠶᠤᠯ ᠵᠢᠭᠤᠯᠴᠢᠯᠠᠯ ᠤᠨ ᠨᠠᠶᠢᠷ ᠬᠢᠭᠰᠡᠨ ᠮᠦᠷᠳᠡᠭᠡᠨ ᠭᠤᠤᠯ ᠰᠢᠵᠢᠮ ᠤᠨ ᠱᠠᠭᠠᠷᠳᠠᠯᠭ᠎ᠠ ᠶᠢ ᠰᠤᠷᠭᠠᠭᠤᠯᠢ ᠡᠷᠬᠢᠯᠡᠬᠦ᠂ ᠰᠤᠷᠭᠠᠨ ᠬᠦᠮᠦᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠤᠨ᠂ ᠵᠡᠬᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠬᠢᠷᠢᠨ ᠮᠤᠵᠢ ᠶᠢᠨ ᠪᠠᠭᠰᠢ ᠶᠢᠨ ᠶᠡᠭᠡ ᠰᠤᠷᠭᠠᠭᠤᠯᠢ ᠵᠡᠷᠭᠡ ᠲᠡᠬᠡᠳᠤ ᠲᠡᠰ ᠤᠨ ᠰᠤᠷᠭᠠᠭᠤᠯᠢ ᠲᠠᠢ ᠬᠤᠯᠪᠤᠯᠴᠠᠨ 12 ᠬᠤᠭᠤᠴᠠᠭᠠᠨ ᠤ ᠤᠯᠤᠰ ᠤᠨ  ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠵᠢᠭᠠᠬᠤ ᠮᠠᠲ᠋ᠧᠷᠢᠶᠠᠯ ᠤᠨ ᠵᠢᠭᠠᠬᠤ ᠪᠠᠭᠰᠢ ᠶᠢᠨ ᠪᠤᠯᠪᠠᠰᠤᠷᠠᠯ ᠤᠨ ᠠᠩᠬᠢ ᠶᠢ ᠡᠷᠬᠢᠯᠡᠵᠦ᠂ ᠡᠯ᠎ᠡ ᠦᠨᠳᠦᠰᠦᠳᠡᠨ ᠤ ᠰᠤᠷᠤᠭᠴᠢ ᠶᠢᠨ ᠰᠤᠷᠭᠠᠭᠤᠯᠢ ᠨᠡᠶᠢᠯᠡᠭᠦᠯᠦᠨ ᠬᠠᠮᠳᠤᠪᠡᠷ ᠰᠤᠷᠤᠯᠴᠠᠬᠤ᠂ ᠬᠤᠯᠢᠮᠠᠭ ᠠᠩᠬᠢ ᠶᠢᠨ ᠪᠠᠶᠢᠷᠢ ᠳᠤ ᠰᠠᠭᠤᠯᠭᠠᠬᠤ ᠲᠦᠷᠢᠮ ᠢ ᠠᠯᠬᠤᠮ ᠲᠠᠷᠠᠭ᠎ᠠ ᠲᠠᠢ ᠪᠠᠷ ᠠᠬᠢᠭᠤᠯᠤᠬᠰᠠᠨ ᠪᠠᠶᠢᠨ᠎ᠠ᠃ᠤᠷᠴᠢᠭᠤᠯᠤᠭᠴᠢ᠄ ᠭᠦᠢ ᠷᠦᠩ 
ᠢᠷᠡᠯᠲᠡ᠄ ᠲᠦᠪ ᠤᠨ ᠨᠢᠭᠡᠲᠦᠮᠡᠯ ᠹᠷᠤᠨᠲ ᠤᠨ ᠠᠵᠢᠯ ᠤᠨ ᠬᠡᠯᠲᠡᠰ ᠤᠨ ᠰᠦᠯᠵᠢᠶ᠎ᠡ