ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/17
      12 ᠳ᠋ᠤᠭᠠᠷ ᠰᠠᠷ᠎ᠠ ᠶᠢᠨ 10 ᠳᠤ᠂ ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃
孟宪东深入科左中旗调研乡村振兴工作1.jpg
      12 ᠳ᠋ᠤᠭᠠᠷ ᠰᠠᠷ᠎ᠠ ᠶᠢᠨ 10 ᠳᠤ᠂ ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠨᠠᠭᠤᠷᠤᠮ ᠪᠠᠯᠭᠠᠰᠤᠨ ᠳᠤ ᠬᠠᠮᠲᠤ ᠶᠢᠨ ᠠᠵᠤ ᠠᠬᠤᠶ ᠶᠢᠨ ᠦᠬᠡᠷ ᠲᠡᠵᠢᠭᠡᠬᠦ ᠲᠥᠷᠥᠯ ᠵᠦᠢᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠮᠧᠩ ᠰᠢᠶᠠᠨ ᠳ᠋ᠦᠩ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠤᠷᠢᠳ ᠬᠤᠵᠢᠳ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠰᠢᠲᠠᠢ ᠰᠤᠮᠤ ᠶᠢᠨ ᠬᠠᠵᠠᠭᠤ ᠭᠠᠴᠠᠭ᠎ᠠ᠂ ᠨᠠᠭᠤᠷᠤᠮ ᠪᠠᠯᠭᠠᠰᠤᠨ ᠤ ᠶᠡᠭᠡ ᠨᠠᠭᠤᠷᠤᠮ ᠭᠠᠴᠠᠭ᠎ᠠ᠂ ᠪᠦᠦ ᠺᠠᠩ ᠪᠠᠯᠭᠠᠰᠤᠨ ᠤ ᠶᠠᠮᠤᠨᠲᠠᠢ ᠲᠣᠰᠬᠤᠨ ᠵᠡᠷᠭᠡ ᠭᠠᠵᠠᠷ ᠲᠤ ᠬᠦᠷᠴᠦ᠂ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠤᠨ ᠬᠥᠭᠵᠢᠯᠲᠡ ᠶᠢᠨ ᠪᠠᠶᠢᠳᠠᠯ ᠢ ᠤᠶᠢᠯᠠᠭᠠᠨ᠂ ᠬᠦᠴᠦ ᠶᠠᠪᠤᠭᠰᠠᠳ ᠤᠨ ᠠᠵᠢᠯ ᠣᠯᠣᠭᠰᠠᠨ ᠡᠬᠡ ᠲᠠᠩᠰᠠ ᠶᠢ ᠰᠤᠭᠤᠴᠢᠨ ᠪᠠᠶᠢᠴᠠᠭᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠦᠬᠡᠷ ᠲᠡᠵᠢᠭᠡᠵᠦ ᠪᠠᠶᠢᠭ᠎ᠠ ᠡᠷᠦᠬᠡ ᠶᠢ ᠡᠷᠬᠢᠨ ᠦᠵᠡᠭᠰᠡᠨ ᠪᠥᠭᠡᠳ ᠬᠤᠷᠠᠯ ᠬᠤᠷᠠᠯᠳᠤᠭᠤᠯᠵᠤ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠬᠤᠯᠪᠣᠭᠳᠠᠯ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃
孟宪东深入科左中旗调研乡村振兴工作2.jpg
      12 ᠳ᠋ᠤᠭᠠᠷ ᠰᠠᠷ᠎ᠠ ᠶᠢᠨ 10 ᠳᠤ᠂ ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠦᠦ ᠺᠠᠩ ᠪᠠᠯᠭᠠᠰᠤᠨ ᠤ ᠶᠠᠮᠤᠨᠲᠠᠢ ᠲᠣᠰᠬᠤᠨ ᠳᠤ ᠡᠷᠡᠭᠦᠯ ᠬᠠᠮᠠᠭᠠᠯᠠᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠮᠧᠩ ᠰᠢᠶᠠᠨ ᠳ᠋ᠦᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠵᠤ ᠪᠠᠶᠢᠭ᠎ᠠ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠣᠨ᠎ᠠ᠂ ᠰᠢᠨ᠎ᠡ ᠴᠠᠭ ᠦᠶ᠎ᠡ ᠳᠤ ︽ᠲᠠᠷᠢᠶᠠᠯᠠᠩ᠂ ᠬᠦᠳᠡᠭᠡ ᠲᠤᠰᠬᠤᠨ᠂ ᠲᠠᠷᠢᠶᠠᠴᠢᠨ᠂ ᠮᠠᠯ ᠤᠨ ᠠᠵᠤ ᠠᠬᠤᠢ᠂ ᠮᠠᠯᠵᠢᠬᠤ ᠤᠷᠤᠨ᠂ ᠮᠠᠯᠴᠢᠨ︾ ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠭᠠᠷᠳᠠᠴᠠ ᠮᠥᠨ᠃ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠪᠣᠯ ᠮᠠᠯ ᠲᠠᠷᠢᠶᠠᠯᠠᠩ ᠤᠨ ᠠᠵᠤ ᠠᠬᠤᠶ ᠶᠢᠨ ᠲᠣᠮᠣ ᠬᠤᠰᠢᠭᠤ ᠪᠣᠯᠣᠨ᠎ᠠ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠠᠷᠢᠭᠤᠴᠠᠯᠭ᠎ᠠ ᠬᠦᠨᠳᠦ ᠶᠤᠮ᠃ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠢᠨᠠᠨ ᠰᠢᠯᠭᠠᠵᠤ ᠦᠨᠡᠯᠡᠬᠦ ᠶᠢ ᠤᠭᠲᠤᠬᠤ ᠪᠠᠷ ᠠᠵᠠ ᠲᠣᠬᠢᠶᠠᠯ ᠪᠣᠯᠭᠠᠵᠤ᠂ ᠡᠯ᠎ᠡ ᠲᠠᠯ᠎ᠠ ᠶᠢᠨ ᠬᠦᠴᠦᠨ ᠢ ᠤᠯᠠᠮ ᠴᠢᠨᠠᠭᠰᠢᠳᠠ ᠲᠠᠶᠢᠴᠢᠯᠠᠵᠤ᠂ ᠡᠯ᠎ᠡ ᠲᠦᠷᠦᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠨᠠᠷᠢᠨ ᠨᠢᠮᠪᠠᠶ᠂ ᠴᠢᠩᠭ᠎ᠠ ᠠᠴᠠ ᠴᠢᠩᠭ᠎ᠠ᠂ ᠪᠣᠳᠠᠲᠠᠢ ᠠᠴᠠ ᠪᠣᠳᠠᠲᠠᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠰᠢᠨ᠎ᠡ ᠳᠡᠭᠲᠡᠷ ᠲᠤ ᠭᠠᠷᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠣᠳᠠᠲᠤ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠩ ᠤᠨ ᠦᠶ᠎ᠡ ᠳᠤ ᠬᠦᠴᠦ ᠣᠷᠣᠭᠤᠯᠤᠨ᠂ ᠪᠠᠶᠢᠩᠭᠤᠵᠢᠭᠤᠯᠤᠨ ᠬᠢᠵᠦ᠂ ᠤᠯᠤᠰ ᠤᠨ ᠰᠢᠯᠭᠠᠨ ᠬᠢᠨᠠᠬᠤ ᠱᠠᠭᠠᠷᠳᠠᠯᠭ᠎ᠠ ᠶᠢ ᠣᠨᠣᠪᠴᠢᠲᠠᠶ ᠨᠡᠪᠲᠡᠷᠡᠲᠡᠯ᠎ᠡ ᠣᠶᠢᠯᠠᠭᠠᠵᠤ᠂ ᠪᠣᠳᠠᠲᠠᠶ ᠰᠢᠯᠭᠠᠨ ᠬᠢᠨᠠᠬᠤ ᠭᠦᠢᠴᠡᠳᠬᠡᠯ ᠲᠤᠭ᠎ᠠ ᠲᠠᠢ ᠬᠠᠷᠢᠴᠠᠭᠤᠯᠤᠨ᠂ ᠵᠦᠢᠯ ᠳᠠᠷᠠᠭᠠᠯᠠᠨ ᠡᠮᠬᠢᠯᠡᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠳᠤᠲᠠᠭᠳᠠᠯ ᠢᠶᠠᠨ ᠤᠯᠠᠮ ᠨᠢᠭᠡ ᠠᠯᠬᠤᠮ ᠪᠠᠶᠢᠴᠠᠭᠠᠨ ᠨᠥᠬᠦᠪᠥᠷᠢᠯᠡᠵᠦ᠂ ᠳᠠᠪᠠᠭᠤᠯᠢᠭ ᠢᠶᠠᠨ ᠪᠠᠲᠤᠳᠬᠠᠨ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠡᠯ᠎ᠡ ᠵᠦᠢᠯ ᠤᠨ ᠡᠭᠦᠷᠭᠡ ᠪᠠᠨ ᠡᠷᠬᠡᠪᠰᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠨᠢᠭᠲᠠ ᠬᠠᠮᠵᠢᠯᠴᠠᠨ ᠂ ᠵᠣᠬᠢᠴᠠᠯᠳᠤᠨ ᠬᠤᠯᠪᠣᠭᠠᠯᠠᠨ ᠬᠥᠳᠡᠯᠦᠯᠴᠡᠵᠦ᠂ ᠡᠯ᠎ᠡ ᠭᠤᠭᠴᠤᠭ᠎ᠠ ᠶᠢᠨ ᠠᠵᠢᠯ ᠢ ᠬᠠᠮᠲᠤᠪᠠᠷ ᠨᠠᠷᠢᠨ ᠨᠢᠮᠪᠠᠶ ᠯᠠᠪᠳᠠᠭᠤᠨ ᠪᠠᠲᠤᠲᠠᠶ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠮᠧᠩ ᠰᠢᠶᠠᠨ ᠳ᠋ᠦᠩ᠂ ᠵᠢᠯ ᠤᠨ ᠡᠴᠦᠰ ᠪᠣᠯᠣᠯ᠎ᠠ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ᠂ ᠴᠢᠬᠤᠯᠠ ᠶᠡᠭᠡ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠥᠭᠡᠷᠡᠴᠢᠯᠡᠯᠲᠡ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠢᠷᠡᠬᠦ ᠵᠢᠯ ᠤᠨ ᠠᠵᠢᠯ ᠢᠶᠠᠨ ᠭᠦᠨᠵᠡᠭᠡᠶ ᠲᠥᠯᠥᠪᠯᠡᠨ ᠳᠣᠭᠢᠷᠠᠭᠤᠯᠵᠤ᠂ ᠡᠷᠲᠡᠬᠡᠨ ᠲᠥᠯᠥᠪᠯᠡᠵᠦ᠂ ᠡᠷᠲᠡᠬᠡᠨ ᠳᠣᠭᠢᠷᠠᠭᠤᠯᠵᠤ᠂ ᠡᠷᠲᠡᠬᠡᠨ ᠬᠥᠳᠡᠯᠦᠯᠴᠡᠵᠦ᠂ ᠢᠷᠡᠬᠦ ᠵᠢᠯ ᠤᠨ ᠠᠵᠢᠯ ᠢᠶᠠᠨ ᠤᠷᠤᠭᠰᠢᠲᠠᠶ ᠡᠬᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ