ᠰᠣᠶᠣᠯ ᠢᠶᠠᠷ ᠬᠤᠳᠠ ᠪᠠᠨ ᠮᠠᠨᠳᠤᠭᠤᠯᠵᠤ ᠳᠠᠶᠠᠭᠠᠷ ᠢᠶᠠᠨ ᠲᠦᠩᠯᠢᠶᠣᠣ ᠪᠠᠷ ᠵᠤᠭᠠᠯᠠᠨ᠎ᠠ
ᠨᠡᠶᠢᠲᠡᠯᠡᠭᠰᠡᠨ ᠴᠠᠭ᠄
2024/12/17
                 ᠊᠊᠊᠊᠊᠊ ᠮᠠᠨ ᠤ ᠬᠤᠲᠠ ᠶᠢᠨ ᠰᠣᠶᠣᠯ ᠤᠳᠬ᠎ᠠ ᠤᠷᠠᠯᠢᠭ ᠤᠨ ᠦᠢᠯᠡᠰ ᠤᠨ                      ᠴᠢᠨᠠᠷ  ᠰᠠᠶᠢᠲᠠᠢ  ᠬᠥᠭᠵᠢᠯᠲᠡ ᠶᠢᠨ  ᠲᠤᠬᠠᠢ  ᠪᠣᠳᠠᠲᠤ ᠲᠡᠮᠳᠡᠭᠯᠡᠯ     ᠴᠡᠴᠡᠷᠯᠢᠭ᠂ ᠠᠭᠤᠳᠠᠮ ᠲᠠᠯᠠᠪᠠᠶ ᠪᠠᠷ ᠬᠥᠮᠥᠰ ᠳᠠᠭᠤᠯᠠᠨ ᠪᠦᠵᠢᠭᠯᠡᠵᠡᠭᠡᠨ᠎ᠠ᠃ ᠨᠣᠮ ᠤᠨ ᠰᠠᠩ ᠳᠤ ᠪᠢᠴᠢᠭ ᠤᠨ ᠦᠨᠦᠷ ᠬᠠᠩᠬᠤᠯᠵᠤ᠂ ᠡᠯᠪᠡᠭ ᠪᠠᠶᠠᠯᠢᠭ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠲᠠᠩᠬᠢᠮ᠂ ᠰᠣᠶᠣᠯ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠦᠷᠨᠢᠭᠦᠯᠤᠨ᠎ᠠ᠃ ᠬᠠᠳᠬᠤᠮᠠᠯ᠂ ᠴᠠᠭᠠᠰᠤᠨ ᠬᠠᠶᠢᠴᠢᠯᠠᠮᠠᠯ᠂  ᠪᠠᠷ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠡᠩ ᠤᠨ ᠠᠷᠠᠳ ᠤᠨ ᠭᠡᠷ ᠲᠤ ᠣᠷᠣᠪᠠ ᠁   ᠡᠳᠦᠷ ᠢᠷᠡᠬᠦᠶ᠎ᠡ ᠥᠳᠬᠡᠨ ᠵᠤᠵᠠᠭᠠᠨ ᠪᠣᠯᠵᠤ ᠪᠠᠶᠢᠭ᠎ᠠ ᠰᠣᠶᠣᠯ ᠤᠨ ᠠᠭᠤᠷ ᠠᠮᠢᠰᠬᠤᠯ᠂ ᠲᠠᠰᠤᠷᠠᠯᠳᠡ ᠦᠭᠡᠢ ᠲᠡᠭᠦᠯᠳᠡᠷᠵᠢᠵᠦ ᠪᠠᠶᠢᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠲᠦᠩᠯᠢᠶᠣᠣ ᠶᠢᠨ ᠬᠠᠮᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠪᠣᠯᠣᠨ᠎ᠠ᠃   ᠰᠣᠶᠣᠯ ᠢᠶᠠᠷ ᠬᠥᠮᠥᠨ ᠢ ᠰᠣᠶᠣᠯᠵᠢᠭᠤᠯᠵᠤ᠂ ᠰᠣᠶᠣᠯ ᠢᠶᠠᠷ ᠦᠢᠯᠡᠰ ᠢ ᠬᠥᠭᠵᠢᠭᠦᠯᠵᠦ᠂ ᠰᠣᠶᠣᠯ ᠢᠶᠠᠷ ᠬᠤᠲᠠ ᠶᠢ ᠱᠤᠭᠤᠨ᠎ᠠ᠃ ᠣᠶᠢᠷ᠎ᠠ ᠶᠢᠨ ᠵᠢᠯ᠂ ᠮᠠᠨ ᠤ ᠬᠤᠲᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠥᠪᠥᠷ ᠮᠣᠩᠭᠤᠯ ᠤᠨ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠢᠶᠠᠷ ᠬᠤᠲᠠ ᠪᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ᠬᠥᠲᠥᠯᠥᠮᠵᠢ ᠪᠤᠯᠭᠠᠵᠤ᠂ ᠰᠣᠶᠣᠯ ᠤᠳᠬ᠎ᠠ ᠤᠷᠠᠯᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠪᠠ᠃    ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ ᠰᠣᠶᠣᠯ ᠤᠨ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠪᠡ   ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠤ ᠴᠤᠭᠯᠠᠷᠠᠵᠤ᠂ ᠡᠷᠲᠡᠨ ᠤ ᠪᠣᠯᠪᠠᠰᠤᠨ ᠤ ᠲᠤᠬᠠᠢ ᠶᠠᠷᠢᠯᠴᠠᠨ᠎ᠠ᠃ 7 ᠰᠠᠷ᠎ᠠ ᠶᠢᠨ 18 ᠤ ᠡᠳᠦᠷ᠂ ᠲᠦᠩᠯᠢᠶᠣᠣ ᠶᠢᠨ ᠬᠤᠶᠠᠳᠤᠭᠠᠷ ᠬᠤᠭᠤᠴᠠᠭᠠᠨ ᠤ ᠪᠠᠷᠠᠭᠤᠨ ᠯᠢᠶᠣᠤ ᠾᠧ ᠭᠤᠣᠯ ᠤᠨ ᠰᠣᠶᠣᠯ ᠤᠨ ᠨᠠᠶᠢᠷ ᠭᠤᠶᠢᠳᠠ ᠰᠠᠶᠢᠬᠠᠨ ᠡᠬᠢᠯᠡᠵᠦ᠂ ᠪᠦᠭᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ ᠰᠣᠶᠣᠯ ᠤᠨ ᠡᠲᠡᠭᠡᠳ ᠤᠨ ᠰᠣᠳᠣᠨ ᠬᠥᠮᠥᠰ ᠲᠦᠩᠯᠢᠶᠣᠣ ᠳᠤ ᠴᠤᠭᠯᠠᠷᠠᠵᠤ᠂ ᠦᠵᠡᠯ ᠰᠠᠨᠠᠭ᠎ᠠ ᠪᠣᠯᠣᠨ ᠰᠣᠶᠣᠯ ᠤᠨ ᠦᠪᠡᠳᠡᠭᠰᠢ ᠳᠠᠶᠢᠯᠠᠯᠭ᠎ᠠ ᠳᠤ ᠣᠷᠣᠯᠴᠠᠵᠠᠢ᠃   ᠨᠢᠭᠡ ᠰᠠᠷ᠎ᠠ ᠶᠢᠨ ᠬᠤᠭᠤᠴᠠᠭᠠᠨ ᠳᠤ᠂ ᠲᠦᠷᠪᠡᠨ ᠶᠡᠭᠡ ᠭᠤᠣᠯ ᠰᠡᠳᠦᠪ᠂ ᠠᠷᠪᠠᠨ ᠲᠠᠪᠤᠨ ᠵᠦᠢᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠨᠢ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠭᠦᠨ ᠵᠤᠵᠠᠭᠠᠨ ᠠᠭᠤᠯᠤᠭᠳᠠᠬᠤᠨ ᠪᠠ ᠦᠵᠡᠰᠬᠦᠯᠡᠩᠲᠦ ᠰᠠᠶᠢᠬᠠᠨ ᠴᠤᠭ ᠵᠢᠪᠬᠤᠭ᠎ᠠ ᠶᠢ ᠳᠡᠯᠭᠡᠨ ᠦᠵᠡᠭᠦᠯᠪᠡ᠃ ᠡᠨᠡ ᠪᠣᠯ ᠮᠠᠨ ᠤ ᠬᠤᠲᠠ ᠶᠢᠨ ︽ᠪᠠᠷᠠᠭᠤᠨ ᠯᠢᠶᠣᠤ ᠾᠧ ᠭᠤᠣᠯ ᠤᠨ ᠰᠣᠶᠣᠯ︾ ᠤᠨ ᠲᠦᠷᠤᠯ ᠲᠡᠮᠳᠡᠭ ᠢ ᠴᠢᠷᠮᠠᠶᠢᠨ ᠪᠤᠶ ᠪᠤᠯᠭᠠᠵᠤ᠂ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠭᠦᠨ ᠠᠭᠤᠯᠤᠭᠳᠠᠬᠤᠨ ᠪᠠ ᠴᠠᠭ ᠦᠶ᠎ᠡ ᠶᠢᠨ ᠷᠢᠳᠢ ᠰᠢᠳᠢ ᠶᠢ ᠪᠦᠭᠦ ᠲᠠᠯ᠎ᠠ ᠪᠠᠷ ᠢᠯᠡᠷᠡᠭᠦᠯᠦᠭᠰᠡᠨ ᠤ ᠬᠦᠴᠦᠲᠡᠢ ᠭᠡᠷᠡᠴᠢ ᠮᠥᠨ᠂ ᠨᠠᠩ ᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠠᠮᠢᠳᠤᠯᠢᠭ ᠦᠢᠯᠡᠳᠦᠯᠭᠡ ᠮᠥᠨ᠃   ᠮᠠᠨ ᠤ ᠬᠤᠲᠠ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠵᠢᠴᠢ ᠪᠦᠲᠦᠭᠡᠯᠴᠢ ᠴᠢᠨᠠᠷᠲᠠᠢ ᠪᠠᠷ ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠪᠠᠷᠠᠭᠤᠨ ᠯᠢᠶᠣᠤ ᠾᠧ ᠭᠤᠣᠯ ᠢᠶᠠᠷ ᠭᠤᠣᠯ ᠰᠡᠳᠦᠪ ᠪᠤᠯᠭᠠᠬᠰᠠᠨ ᠣᠶᠣᠨ ᠤ ᠰᠣᠶᠣᠯ ᠤᠨ ᠪᠦᠲᠦᠭᠡᠭᠳᠡᠬᠦᠨ ᠪᠠ ᠤᠳᠬ᠎ᠠ ᠤᠷᠠᠯᠢᠭ ᠤᠨ ᠪᠦᠲᠦᠭᠡᠯ ᠢ ᠢᠳᠡᠪᠬᠢᠲᠡᠢ ᠵᠣᠬᠢᠶᠠᠨ ᠪᠦᠲᠦᠭᠡᠵᠦ᠂ ᠥᠪᠡᠷᠮᠢᠴᠡ ᠣᠨᠴᠠᠯᠢᠭ ᠲᠠᠢ ᠰᠣᠶᠣᠯ ᠤᠨ ᠭᠠᠵᠠᠷ ᠤᠨ ᠲᠡᠮᠳᠡᠭ ᠪᠠ ᠣᠶᠣᠨ ᠰᠠᠨᠠᠭᠠᠨ ᠤ ᠲᠡᠮᠳᠡᠭ ᠢ ᠡᠭᠦᠳᠴᠦ᠂ ᠪᠠᠷᠠᠭᠤᠨ ᠯᠢᠶᠣᠤ ᠾᠧ ᠭᠤᠣᠯ ᠤᠨ ᠰᠣᠶᠣᠯ ᠤᠨ ᠠᠮᠢᠵᠢᠷᠠᠯ ᠤᠨ ᠬᠦᠴᠦᠨ᠂ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠪᠡ᠃ ᠣᠳᠣᠬᠠᠨ ᠳᠤ᠂ ︽ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠰᠤᠳᠤᠯᠤᠯ︾ ᠤᠨ ᠲᠥᠷᠥᠯ ᠵᠦᠢᠯ ᠳᠤ ᠨᠡᠶᠢᠲᠡ 240 ᠲᠦᠮᠡᠨ ᠲᠥᠭᠦᠷᠢᠭ ᠤᠨ ᠳᠡᠮᠵᠢᠯᠭᠡ ᠶᠢᠨ ᠪᠡᠯᠡ ᠮᠥᠩᠭᠦ ᠣᠯᠵᠤ᠂ ᠲᠤᠰᠬᠠᠢ ᠪᠦᠲᠦᠭᠡᠯ 2᠂ ᠰᠤᠷᠪᠤᠯᠵᠢ ᠪᠢᠴᠢᠭ ︵ᠬᠤᠷᠴᠢᠨ ᠤ ᠲᠤᠤᠯᠢᠰ︶ ᠢ ᠡᠮᠬᠢᠳᠬᠡᠭᠰᠡᠨ ᠪᠠ ᠰᠤᠳᠤᠯᠤᠭᠰᠠᠨ 2᠂ ᠰᠤᠳᠤᠯᠭᠠᠨ ᠤ ᠮᠡᠳᠡᠭᠦᠯᠦᠯᠲᠡ 4᠂ ᠰᠤᠳᠤᠯᠭᠠᠨ ᠤ ᠦᠷ᠎ᠡ ᠪᠦᠲᠦᠭᠡᠯ 200 ᠲᠦᠮᠡ ᠰᠢᠬᠠᠮ ᠥᠰᠥᠭ ᠲᠠᠢ᠃   ᠰᠣᠶᠣᠯ ᠪᠣᠯ ᠨᠢᠭᠡᠨ ᠬᠤᠳᠠ ᠶᠢᠨ ᠬᠠᠮᠤᠭ ᠤᠨ ᠭᠤᠶᠤ ᠰᠠᠶᠢᠬᠠᠨ ᠨᠡᠷ᠎ᠡ ᠶᠢᠨ ᠬᠠᠭᠤᠳᠠᠰᠤ ᠮᠥᠨ᠂ ᠰᠣᠶᠣᠯ ᠪᠣᠯ ᠨᠢᠭᠡᠨ ᠬᠤᠳᠠ ᠶᠢᠨ ︽ᠰᠦᠭ ᠰᠦᠨᠡᠰᠦ︾ ᠮᠥᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠬᠦᠴᠦᠷᠬᠡᠭ ᠬᠥᠳᠡᠯᠭᠡᠭᠦᠷ ᠮᠥᠨ᠃   ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠤᠨ ᠠᠷᠠᠯᠵᠢᠶᠠᠨ ᠤ ᠴᠤᠭᠯᠠᠭᠠᠨ ᠳᠡᠭᠡᠷ᠎ᠡ᠂ ᠲᠦᠩᠯᠢᠶᠣᠣ ᠶᠢᠨ ︽ᠪᠠᠷᠠᠭᠤᠨ ᠯᠢᠶᠣᠤ ᠾᠧ ᠭᠤᠣᠯ ᠠᠴᠠ ᠶᠡᠭᠡ ᠳᠤᠮᠳᠠᠳᠤ ᠤᠯᠤᠰ ᠭᠦᠷᠲᠡᠯ᠎ᠡ︾ ᠭᠡᠬᠦ ᠲᠣᠭᠠᠴᠢᠯᠠᠭᠰᠠᠨ ᠦᠵᠡᠭᠦᠯᠭᠡ ᠶᠢᠨ ᠣᠷᠳᠣᠨ ᠨᠢ ᠪᠠᠷᠠᠭᠤᠨ ᠯᠢᠶᠣᠤ ᠾᠧ ᠭᠤᠣᠯ ᠤᠨ ᠤᠰᠤ ᠰᠢᠨ᠎ᠡ ᠡᠷᠢᠨ ᠵᠠᠭᠤᠨ ᠤ ᠶᠡᠭᠡ ᠬᠥᠭᠦᠷᠭᠡ ᠶᠢ ᠤᠷᠤᠰᠤᠨ ᠥᠩᠭᠡᠷᠡᠬᠦ ᠬᠥᠳᠡᠯᠭᠡᠭᠡᠨᠲᠦ ᠵᠢᠷᠤᠭᠠᠰᠤ ᠪᠠᠷ ᠵᠢᠷᠤᠭ ᠲᠥᠯᠥᠪᠯᠡᠭᠡ ᠶᠢᠨ ᠰᠡᠷᠡᠯ ᠪᠤᠯᠭᠠᠵᠤ᠂ ᠲᠦᠩᠯᠢᠶᠣᠣ ᠶᠢᠨ ᠪᠠᠶᠢᠭᠠᠯᠢ ᠶᠢᠨ ᠥᠩᠭᠡ ᠦᠵᠡᠮᠵᠢ ᠶᠢ ᠬᠥᠮᠥᠨ ᠨᠡᠶᠢᠭᠡᠮ ᠤᠨ ᠲᠡᠦᠬᠡ ᠲᠠᠢ ᠤᠷᠠᠨ ᠢᠶᠠᠷ ᠤᠶᠠᠯᠳᠤᠭᠤᠯᠵᠠᠢ᠃ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠡᠭᠦᠰᠦᠯ᠂ ᠪᠦᠷᠢᠯᠳᠦᠯ ᠪᠠ ᠬᠥᠭᠵᠢᠯᠲᠡ ᠪᠠᠷ ᠲᠡᠦᠬᠡ ᠶᠢᠨ ᠰᠤᠳᠠᠰᠤ ᠪᠤᠯᠭᠠᠵᠤ᠂ ᠮᠠᠨ ᠤ ᠤᠯᠤᠰ ᠤᠨ ︽ᠵᠠᠭᠤᠨ ᠲᠦᠮᠡᠨ ᠵᠢᠯ ᠤᠨ ᠬᠥᠮᠥᠨ ᠲᠥᠷᠥᠯᠬᠢᠲᠡᠨ ᠤ ᠲᠡᠦᠬᠡ᠂ ᠨᠢᠭᠡ ᠲᠦᠮᠡᠨ ᠵᠢᠯ ᠤᠨ ᠰᠣᠶᠣᠯ ᠤᠨ ᠲᠡᠦᠬᠡ᠂ ᠲᠠᠪᠤᠨ ᠮᠢᠩᠭ᠎ᠠ ᠢᠯᠡᠭᠦᠦ ᠵᠢᠯ ᠤᠨ ᠪᠣᠯᠪᠠᠰᠤᠨ ᠤ ᠲᠡᠦᠬᠡ︾ ᠭᠡᠬᠦ ᠭᠤᠷᠪᠠᠨ ᠶᠡᠭᠡ ᠬᠠᠭᠤᠳᠠᠰᠤ ᠶᠢᠨ ᠲᠣᠭᠤᠷᠢᠨ ᠳᠤ ᠳᠡᠯᠭᠡᠭᠳᠡᠵᠦ᠂ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃   ᠲᠦᠩᠯᠢᠶᠣᠣ ᠶᠢᠨ ᠦᠵᠡᠭᠦᠯᠭᠡ ᠶᠢᠨ ᠲᠢᠩᠬᠢᠮ ᠨᠢ ︽ᠬᠠᠶᠢᠷ᠎ᠠ ᠰᠡᠳᠬᠢᠯ ᠤᠨ ᠠᠷᠭᠠᠮᠵᠢᠭᠰᠠᠨ ᠤᠮᠠᠷᠠᠲᠤ ᠬᠢᠯᠢ·ᠲᠦᠩᠯᠢᠶᠣᠣ ᠪᠠᠷ ᠵᠤᠭᠠᠯᠠᠶ᠎ᠠ︾ ᠭᠡᠬᠦ ᠪᠠᠷ ᠭᠤᠣᠯ ᠰᠡᠳᠦᠪ ᠪᠤᠯᠭᠠᠵᠤ᠂ ᠰᠣᠶᠣᠯ ᠤᠨ ᠲᠣᠭᠠᠴᠢᠯᠠᠭᠰᠠᠨ ᠭᠤᠣᠯ ᠰᠡᠳᠦᠪᠲᠦ ᠦᠵᠡᠭᠦᠯᠭᠡ ᠶᠢᠨ ᠪᠠᠶᠢᠷᠢ᠂ ᠲᠤᠬᠠᠢ ᠶᠢᠨ ᠲᠠᠯᠠᠪᠠᠢ ᠶᠢᠨ ᠲᠣᠬᠯᠠᠯᠲᠠ ᠵᠢᠴᠢ ᠦᠢᠯᠡᠳᠦᠯᠴᠡᠨ ᠣᠶᠢᠯᠠᠭᠠᠬᠤ ᠦᠵᠡᠭᠦᠯᠭᠡ ᠶᠢᠨ ᠪᠠᠶᠢᠷᠢ᠂ ᠰᠣᠶᠣᠯ ᠤᠨ ᠠᠵᠤ ᠦᠢᠯᠡᠰ ᠤᠨ ᠬᠡᠷᠡᠭᠯᠡᠭᠡᠨ ᠤ ᠦᠵᠡᠭᠦᠯᠭᠡ ᠶᠢᠨ ᠪᠠᠶᠢᠷᠢ ᠵᠡᠷᠭᠡ ᠭᠤᠷᠪᠠᠨ ᠲᠣᠮᠣ ᠬᠡᠰᠡᠭ ᠢ ᠲᠣᠬᠢᠷᠠᠭᠤᠯᠵᠤ᠂ ᠰᠢᠨ᠎ᠡ ᠵᠠᠭᠤᠴᠢᠯᠠᠭᠤᠷ ᠤᠨ ᠲᠠᠨᠢᠯᠴᠠᠭᠤᠯᠭ᠎ᠠ᠂ ᠦᠵᠡᠭᠦᠯᠭᠡ ᠶᠢᠨ ᠲᠣᠬᠯᠠᠯᠲᠠ ᠶᠢᠨ ᠦᠢᠯᠡᠳᠦᠯᠴᠡᠯ᠂ ᠦᠵᠡᠭᠦᠯᠭᠡ ᠶᠢᠨ ᠪᠣᠷᠤᠯᠠᠭᠤᠯᠭ᠎ᠠ ᠶᠢ ᠤᠶᠠᠯᠳᠤᠭᠤᠯᠬᠤ ᠵᠡᠷᠭᠡ ᠤᠯᠠᠨ ᠵᠦᠢᠯ ᠤᠨ ᠭᠡᠯᠪᠡᠷᠢ ᠪᠠᠷ ᠳᠠᠮᠵᠢᠭᠤᠯᠤᠨ᠂ ᠮᠠᠨ ᠤ ᠬᠤᠳᠠ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠪᠠ ᠥᠷᠨᠢᠭᠦᠨ ᠪᠠᠳᠠᠷᠠᠩᠭᠤᠢ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠨᠡᠶᠢᠳᠡ 10 ᠲᠦᠮᠡ ᠰᠢᠬᠠᠮ ᠬᠥᠮᠥᠨ ᠤᠳᠠᠭ᠎ᠠ ᠰᠦᠯᠵᠢᠶᠡᠨ ᠠᠴᠠ ᠭᠠᠳᠠᠭᠤᠷᠬᠢ ᠦᠵᠡᠭᠦᠯᠭᠡ ᠶᠢ ᠰᠣᠨᠢᠷᠬᠠᠪᠠ᠃ ᠮᠠᠨ ᠤ ᠬᠤᠳᠠ ᠶᠢᠨ ᠦᠵᠡᠰᠭᠦᠯᠡᠩ ᠳᠤ ᠣᠷᠣᠯᠴᠠᠬᠰᠠᠨ 18 ᠠᠵᠤ ᠠᠬᠤᠶᠢᠯᠠᠯ ᠤᠨ ᠮᠢᠩᠭ᠎ᠠ ᠭᠠᠷᠤᠢ ᠲᠦᠷᠦᠯ ᠤᠨ ᠦᠢᠯᠡᠳᠬᠦᠨ ᠤ ᠲᠤᠬᠠᠢ ᠶᠢᠨ ᠲᠠᠯᠠᠪᠠᠢ ᠶᠢᠨ ᠠᠷᠠᠯᠵᠢᠶᠠᠨ ᠤ ᠨᠤᠷᠮ᠎ᠠ 20 ᠭᠠᠷᠤᠢ ᠲᠦᠮᠡᠨ ᠲᠥᠭᠦᠷᠢᠭ ᠲᠤ ᠬᠦᠷᠴᠦ᠂ ᠲᠤᠬᠠᠢ ᠶᠢᠨ ᠲᠠᠯᠠᠪᠠᠢ ᠶᠢᠨ ᠭᠠᠷ ᠤᠨ ᠦᠰᠦᠭ ᠵᠢᠷᠤᠭᠰᠠᠨ ᠬᠠᠮᠲᠤᠷᠠᠯᠴᠠᠭᠠᠨ ᠤ ᠰᠠᠨᠠᠮᠵᠢ ᠶᠢᠨ ᠵᠠᠬᠢᠶᠠᠯᠠᠭ᠎ᠠ ᠶᠢᠨ ᠬᠠᠭᠤᠳᠠᠰᠤ 100 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃  ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠤᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ   ᠤᠯᠤᠰ ᠤᠨ ᠪᠠᠶᠠᠷ ᠤᠨ ᠬᠤᠭᠤᠴᠠᠭᠠᠨ ᠳᠤ᠂ ᠪᠦᠭᠦ ᠬᠤᠲᠠ ᠶᠢᠨ ᠤᠯᠠᠭᠠᠨᠮᠥ᠋ᠴᠢᠷ ᠤᠨ ᠲᠣᠭᠯᠠᠭᠴᠢᠳ ᠨᠡᠭᠡᠭᠡᠯᠲᠡ ᠶᠢᠨ ᠲᠣᠭᠤᠷᠢᠭ ᠤᠨ ᠶᠤᠸᠠᠢ ᠯᠠᠢ ᠾᠧ ᠵᠢᠭᠤᠯᠴᠢᠯᠠᠵᠤ ᠰᠡᠯᠡᠭᠦᠴᠡᠨ ᠲᠣᠭᠤᠷᠢᠬᠤ ᠵᠡᠭᠡᠯᠢ ᠲᠣᠭᠤᠷᠢᠭ ᠲᠤ ᠣᠯᠠᠨ ᠲᠦᠮᠡᠨ ᠳᠤ ᠮᠣᠷᠢᠨ ᠬᠤᠭᠤᠷ ᠤᠨ ᠬᠥᠭᠵᠢᠮ ︽ᠮᠠᠭᠲᠠᠭᠠᠯ ᠳᠠᠭᠤᠤ︾᠂ ᠪᠥᠵᠢᠭ ︽ᠬᠤᠷᠴᠢᠨ ᠤ ᠳᠠᠶᠢᠯᠠᠯᠭ᠎ᠠ︾᠂ ᠳᠠᠭᠤᠤ︽ᠮᠠᠭᠲᠠᠭᠠᠯ ᠳᠠᠭᠤᠤ ᠶᠢ ᠬᠠᠶᠢᠷᠠᠲᠤ ᠨᠠᠮ ᠳᠠᠭᠠᠨ ᠡᠷᠭᠦᠶ᠎ᠡ︾ ᠵᠡᠷᠭᠡ ᠭᠤᠶᠢᠳᠠ ᠰᠠᠶᠢᠬᠠᠨ ᠲᠣᠬᠯᠠᠯᠲᠠ ᠭᠠᠷᠭᠠᠵᠤ᠂ ᠲᠤᠬᠠᠢ ᠶᠢᠨ ᠲᠠᠯᠠᠪᠤᠷ ᠤᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠪᠠ᠃   ᠣᠶᠢᠷ᠎ᠠ ᠶᠢᠨ ᠵᠢᠯ᠂ ᠮᠠᠨ ᠤ ᠬᠤᠲᠠ ᠶᠢᠨ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠤᠳᠬ᠎ᠠ ᠤᠷᠠᠯᠢᠭ ᠢᠶᠠᠷ ᠠᠷᠠᠳ ᠲᠤ ᠦᠢᠯᠡᠴᠢᠯᠡᠬᠦ᠂ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ᠂ ᠤᠳᠬ᠎ᠠ ᠤᠷᠠᠯᠢᠭ ᠢᠶᠠᠷ ᠠᠷᠠᠳ ᠢ ᠪᠠᠶᠠᠰᠬᠠᠬᠤ ᠶᠢ ᠪᠠᠷᠢᠮᠲᠠᠯᠠᠵᠤ᠂ ᠰᠣᠶᠣᠯ ᠢᠶᠠᠷ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠭᠡᠷᠡᠯᠲᠦᠭᠦᠯᠪᠡ᠃ ᠬᠤᠳᠠ ᠬᠥᠳᠡᠭᠡ ᠶᠢᠨ ᠰᠣᠶᠣᠯ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠲᠦᠷᠪᠡᠨ ᠱᠠᠲᠤᠨ ᠤ ᠰᠦᠯᠵᠢᠶ᠎ᠡ ᠶᠢ ᠲᠡᠭᠦᠯᠳᠡᠷᠵᠢᠭᠦᠯᠵᠦ᠂ 2167 ᠶᠡᠷᠦᠩᠬᠡᠶᠢᠯᠡᠭᠰᠡᠨ ᠰᠣᠶᠣᠯ ᠤᠨ ᠠᠵᠢᠯᠯᠠᠭᠠᠨ ᠤ ᠲᠥᠪ᠂ 51 ᠨᠣᠮ ᠤᠨ ᠰᠠᠩ ᠤᠨ ᠬᠤᠪᠢᠶᠠᠷᠢ ᠣᠷᠳᠣᠨ᠂ 35 ᠰᠣᠶᠣᠯ ᠤᠨ ᠣᠷᠳᠣᠨ ᠤ ᠬᠤᠪᠢᠶᠠᠷᠢ ᠣᠷᠳᠣᠨ ᠢᠶᠠᠷ ᠪᠦᠷᠢᠯᠳᠦᠭᠰᠡᠨ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠰᠦᠯᠵᠢᠶ᠎ᠡ ᠪᠦᠭᠦ ᠬᠤᠳᠠ ᠶᠢ ᠪᠦᠷᠬᠦᠬᠦ ᠶᠢ ᠪᠡᠶᠡᠯᠡᠭᠦᠯᠪᠡ᠃ ᠤᠯᠠᠭᠠᠨᠮᠥ᠋ᠴᠢᠷ ᠤᠨ ︽ᠰᠤᠷᠤᠯᠴᠠᠬᠤ· ᠡᠭᠦᠳᠬᠦ· ᠲᠣᠭᠯᠠᠬᠤ︾ ︽ᠪᠠᠶᠠᠷ ᠪᠠᠶᠠᠰᠤᠯ ᠬᠦᠷᠭᠡᠬᠦ᠂ ᠪᠣᠯᠪᠠᠰᠤᠨ ᠢ ᠬᠦᠷᠭᠡᠬᠦ︾ ᠵᠡᠷᠭᠡ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠦᠭᠦ ᠬᠤᠲᠠ ᠶᠢᠨ 9 ᠤᠯᠠᠭᠠᠨᠮᠥ᠋ᠴᠢᠷ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠯᠠᠭᠠᠨᠮᠥ᠋ᠴᠢᠷ ᠤᠨ ᠲᠦᠮᠡᠨ ᠲᠣᠰᠬᠤᠨ ᠳᠠᠬᠢ ᠲᠣᠬᠯᠠᠯᠲᠠ︾ ᠶᠢ ᠢᠳᠡᠪᠬᠢᠲᠡᠢ ᠥᠷᠨᠢᠭᠦᠯᠦᠨ ᠨᠢᠭᠡᠳᠦᠯᠲᠡᠢ ᠲᠥᠯᠥᠪᠯᠡᠨ ᠵᠢᠯᠤᠭᠤᠳᠴᠤ᠂ ᠰᠠᠭᠤᠭ᠎ᠠ ᠴᠡᠷᠢᠭ ᠠᠩᠭᠢ ᠪᠠᠷ ᠭᠦᠨᠵᠡᠭᠡᠶᠢᠷᠡᠨ ︽ᠬᠢᠯᠢ ᠬᠢᠵᠠᠭᠠᠷ ᠢ ᠰᠠᠬᠢᠵᠤ ᠬᠠᠮᠠᠭᠠᠯᠠᠯᠲᠠ ᠶᠢ ᠪᠠᠬᠢᠵᠢᠭᠦᠯᠬᠦ︾ ᠲᠣᠬᠯᠠᠯᠲᠠ᠂ ︽ᠤᠯᠠᠭᠠᠨᠮᠥ᠋ᠴᠢᠷ ᠤᠨ ᠠᠵᠢᠯᠯᠠᠭ᠎ᠠ ᠶᠢᠨ ᠰᠠᠷ᠎ᠠ︾ ᠶᠢᠨ ᠡᠭᠢᠯᠡᠯᠲᠡ ᠶᠢᠨ ᠶᠣᠰᠣᠯᠠᠯ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠠᠵᠢᠯᠯᠠᠭ᠎ᠠ ᠶᠢ 270 ᠭᠠᠷᠤᠢ ᠲᠠᠯᠠᠪᠡᠢ ᠤᠳᠠᠭ᠎ᠠ ᠥᠷᠨᠢᠭᠦᠯᠵᠦ᠂ ᠰᠢᠯᠢᠳᠡᠭ ᠤᠷᠠᠨ ᠰᠠᠶᠢᠬᠠᠨ ᠤ ᠪᠦᠲᠦᠭᠡᠯ ᠢ ᠠᠷᠠᠳ ᠲᠦᠮᠡᠨ ᠤ ᠳᠤᠮᠳᠠ ᠬᠦᠷᠭᠡᠪᠡ᠃   ᠰᠣᠶᠣᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠪᠡ   ᠵᠢᠯ ᠤᠨ ᠡᠬᠢᠨ ᠳᠤ᠂ ᠲᠦᠩᠯᠢᠶᠣᠣ ᠬᠤᠳᠠ ᠶᠢᠨ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠶᠢᠨ ᠬᠤᠳᠠᠯᠳᠤᠭᠠᠴᠢᠨ ᠤᠷᠢᠬᠤ ᠶᠡᠭᠡ ᠬᠤᠷᠠᠯ ᠳᠡᠭᠡᠷ᠎ᠡ᠂ ᠲᠤᠬᠠᠢ ᠶᠢᠨ ᠲᠠᠯᠠᠪᠠᠢ ᠳᠤ 18 ᠲᠦᠷᠦᠯ ᠵᠦᠢᠯ ᠳᠤ ᠲᠥᠪᠯᠡᠷᠡᠭᠦᠯᠦᠨ ᠭᠠᠷ ᠤᠨ ᠦᠰᠦᠭ ᠵᠢᠷᠤᠪᠠ᠃ ᠡᠭᠦᠨ ᠳᠤ᠂ 8 ᠡᠷᠦᠭᠡ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠨᠢ ᠪᠡᠭᠡᠵᠢᠩ᠂ ᠴᠠᠩᠴᠦ᠋ᠨ᠂ ᠳ᠋ᠠᠯᠢᠶᠠᠨ ᠵᠡᠷᠭᠡ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠲᠠᠢ ᠵᠤᠭᠠᠴᠠᠭᠰᠠᠳ ᠢ ᠬᠠᠷᠢᠯᠴᠠᠨ ᠬᠦᠷᠭᠡᠬᠦ ᠵᠥᠪᠳᠡᠯᠴᠡᠭᠡᠷ ᠲᠤ ᠭᠠᠷ ᠤᠨ ᠦᠰᠦᠭ ᠵᠢᠷᠤᠵᠠᠢ᠃   ᠣᠶᠢᠷ᠎ᠠ ᠶᠢᠨ ᠵᠢᠯ᠂ ᠮᠠᠨ ᠤ ᠬᠤᠲᠠ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠪᠦᠭᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠠᠵᠤ ᠦᠢᠯᠡᠰ ᠪᠣᠯᠭᠠᠨ ᠪᠣᠶᠢᠵᠢᠭᠤᠯᠬᠤ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ︽ᠲᠦᠩᠯᠢᠶᠣᠣ ᠪᠠᠷ ᠵᠤᠭᠠᠯᠠᠶ᠎ᠠ︾ ᠭᠡᠬᠦ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠳᠠᠭᠤᠷᠢᠰᠤᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠲᠠᠪᠠᠯᠳᠠᠳᠤ ᠬᠥᠭᠵᠢᠯᠲᠡ ᠶᠢ ᠪᠡᠶᠡᠯᠡᠭᠦᠯᠪᠡ᠃   ᠡᠨᠡ ᠵᠢᠯ᠂ ᠪᠦᠭᠦ ᠬᠤᠲᠠ ᠰᠣᠶᠣᠯ ᠵᠢᠭᠤᠯᠴᠢᠯᠠᠯ ᠤᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ 22 ᠬᠡᠷᠡᠭᠵᠢᠭᠦᠯᠵᠦ᠂ ᠨᠡᠶᠢᠲᠡ 89.99 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ19.33 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠤᠸᠠᠢ ᠯᠠᠢ ᠾᠧ ᠵᠢᠭᠤᠯᠴᠢᠯᠠᠵᠤ ᠰᠡᠯᠡᠭᠦᠴᠡᠨ ᠲᠣᠭᠤᠷᠢᠬᠤ ᠵᠡᠭᠡᠯᠢ ᠲᠣᠭᠤᠷᠢᠭ ᠤᠨ ᠲᠦᠷᠦᠭᠦᠦ ᠬᠤᠭᠤᠴᠠᠭ᠎ᠠ᠂ ᠬᠦᠷᠢᠶ᠎ᠡ ᠶᠢᠨ ᠮᠥᠩᠭᠦᠨ ᠲᠣᠬᠤᠢ ᠦᠵᠡᠮᠵᠢ ᠶᠢᠨ ᠣᠷᠣᠨ ᠤ ᠰᠡᠯᠡᠭᠦᠴᠡᠨ ᠠᠮᠠᠷᠠᠬᠤ ᠶᠡᠷᠦᠩᠬᠡᠶᠢᠯᠡᠭᠰᠡᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠭᠦ ᠵᠡᠷᠭᠡ 10 ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠦᠭᠰᠡᠨ ᠪᠤᠶᠤ ᠠᠵᠢᠯ ᠰᠡᠷᠭᠦᠭᠡᠵᠦ᠂ ᠬᠤᠷᠴᠢᠨ ᠠᠷᠠᠳ ᠤᠨ ᠵᠠᠩ ᠦᠶᠯᠡ ᠲᠡᠦᠬᠡ ᠰᠣᠶᠣᠯ ᠤᠨ ᠬᠦᠷᠢᠶᠡᠯᠡᠩ ᠢ ᠨᠢᠭᠡᠨᠲᠡ ᠨᠡᠭᠡᠭᠡᠨ ᠠᠰᠢᠭᠯᠠᠯᠲᠠ ᠳᠤ ᠣᠷᠣᠭᠤᠯᠪᠠ᠃ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠯᠠᠪᠳᠠᠭᠤᠨ ᠢᠶᠠᠷ ᠠᠬᠢᠭᠤᠯᠵᠤ᠂ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠬᠤᠳᠠᠯᠳᠤᠭᠠᠴᠢᠨ ᠤᠷᠢᠬᠤ ᠡᠷᠴᠢᠮ ᠢ ᠴᠢᠩᠭᠠᠷᠠᠭᠤᠯᠤᠨ᠂ 2024 ᠣᠨ ᠳᠤ ᠨᠢᠭᠡᠨᠲᠡ ᠰᠣᠶᠣᠯ ᠵᠢᠭᠤᠯᠴᠢᠯᠠᠯ ᠤᠨ 24 ᠲᠦᠷᠦᠯ ᠵᠦᠢᠯ ᠳᠤ ᠵᠥᠪᠳᠡᠯᠴᠡᠭᠡᠷ ᠲᠣᠭᠲᠠᠵᠤ᠂ ᠵᠥᠪᠳᠡᠯᠴᠡᠭᠡᠷ ᠲᠣᠭᠲᠠᠭᠰᠠᠨ ᠵᠣᠭᠤᠰ ᠤᠨ ᠲᠤᠭ᠎ᠠ 9 ᠳ᠋ᠦᠩᠰᠢᠭᠤᠷ ᠲᠥᠭᠦᠷᠢᠭ ᠢ ᠳᠠᠪᠠᠪᠠ᠃   ᠰᠢᠨ᠎ᠡ ᠶᠢ ᠡᠭᠦᠳᠦᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ᠮᠠᠨ ᠤ ᠬᠤᠲᠠ ᠶᠢᠨ ᠥᠷᠭᠡᠨ ᠣᠯᠠᠨ ᠰᠣᠶᠣᠯ ᠤᠳᠬ᠎ᠠ ᠤᠷᠠᠯᠢᠭ ᠤᠨ ᠠᠵᠢᠯᠲᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠣᠶᠣᠯ ᠤᠨ ᠰᠢᠨ᠎ᠡ ᠡᠭᠦᠷᠭᠡ ᠶᠢ ᠡᠭᠦᠷᠭᠡᠯᠡᠨ᠂ ᠪᠠᠷᠠᠭᠤᠨ ᠯᠢᠶᠣᠤ ᠾᠧ ᠭᠤᠣᠯ ᠤᠨ ᠰᠣᠶᠣᠯ ᠤᠨ ᠨᠡᠷᠡᠲᠦ ᠲᠡᠮᠳᠡᠭ ᠢ ᠡᠭᠦᠳᠴᠦ᠂ ᠲᠦᠩᠯᠢᠶᠣᠣ ᠶᠢᠨ ᠦᠯᠢᠭᠡᠷ ᠢ ᠰᠠᠶᠢᠲᠤᠷ ᠶᠠᠷᠢᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠨᠡᠩ ᠭᠤᠶᠢᠳᠠ ᠰᠠᠶᠢᠬᠠᠨ ᠰᠣᠶᠣᠯ ᠤᠨ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ᠃                          ᠰᠤᠷᠪᠤᠯᠵᠢᠯᠠᠬᠴᠢ᠄ ᠯᠢ ᠨᠠ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ