ᠲᠥᠪ ᠤᠨ ᠡᠳ᠋ ᠤᠨ ᠵᠠᠰᠠᠭ ᠠᠴᠠ 46.08 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ ᠮᠠᠨ ᠤ ᠣᠷᠣᠨ ᠤ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ
ᠨᠡᠶᠢᠲᠡᠯᠡᠭᠰᠡᠨ ᠴᠠᠭ᠄
2024/12/17
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠳ᠋ ᠤᠨ ᠵᠠᠰᠠᠭ ᠤᠨ ᠶᠠᠮᠤᠨ ᠲᠦᠷᠦᠭᠦᠬᠡᠨ ᠮᠠᠨ ᠤ ᠣᠷᠣᠨ ᠳᠤ 2025 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ 46.08 ᠳ᠋ᠦᠩᠰᠢᠭᠤᠷ ᠲᠥᠭᠦᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠥᠩᠭᠦ ︵ᠨᠢᠭᠡᠳᠦᠭᠡᠷ ᠪᠦᠯᠦᠭ︶ ᠢ ᠤᠷᠢᠳᠴᠢᠯᠠᠨ ᠪᠠᠭᠤᠯᠭᠠᠪᠠ᠃ ᠣᠳᠣᠬᠠᠨ ᠳᠤ ᠡᠨᠡ ᠬᠦ ᠪᠡᠯᠡ ᠮᠥᠩᠭᠦ ᠶᠢ ᠪᠦᠭᠦᠨ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰ ᠱᠠᠲᠤᠨ ᠤ ᠨᠢᠭᠡᠴᠢ ᠪᠣᠯᠣᠨ ᠪᠤᠭᠤᠲᠤ ᠬᠤᠲᠠ᠂ ᠬᠥᠯᠥᠨ ᠪᠤᠶᠢᠷ ᠬᠤᠲᠠ ᠵᠡᠷᠭᠡ 7 ᠠᠶᠢᠮᠠᠭ ᠬᠤᠲᠠ ᠳᠤ ᠪᠠᠭᠤᠯᠭᠠᠵᠤ᠂ ᠲᠦᠷᠭᠡᠨ ᠤ ᠵᠠᠰᠠᠮᠠᠯ ᠵᠠᠮ᠂ ᠡᠩ ᠤᠨ ᠤᠯᠤᠰ ᠤᠨ ᠵᠠᠮ᠂ ᠠᠶᠠᠨᠴᠢᠳ ᠤᠨ ᠵᠥᠭᠡᠭᠡᠪᠦᠷᠢ ᠶᠢᠨ ᠬᠦᠢᠰᠦ ᠪᠣᠯᠣᠨ ᠠᠶᠤᠯ ᠲᠠᠢ ᠬᠠᠭᠤᠴᠢᠨ ᠬᠥᠭᠦᠷᠭᠡ ᠶᠢ ᠥᠭᠡᠷᠡᠴᠢᠯᠡᠬᠦ ᠵᠡᠷᠭᠡ 22 ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠣᠯᠣᠨ᠎ᠠ᠃      ᠣᠶᠢᠯᠠᠭᠠᠭᠰᠠᠨ ᠢᠶᠠᠷ᠂ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠮᠠᠨ ᠤ ᠣᠷᠣᠨ ᠤ ︽ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ︾ ᠶᠢᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠣᠶᠢᠷ᠎ᠠ ᠶᠢᠨ ᠵᠢᠯ ᠳᠤ ᠮᠠᠨ ᠤ ᠣᠷᠣᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠪᠠᠷ ᠳᠠᠮᠵᠢᠨ ᠪᠦᠭᠦ ᠣᠷᠣᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃ ᠮᠠᠨ ᠤ ᠣᠷᠣᠨ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠳᠡ 406.78 ᠳ᠋ᠦᠩᠰᠢᠭᠤᠷ ᠲᠥᠭᠦᠷᠢᠭ ᠴᠢᠷᠮᠠᠶᠢᠨ ᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠲᠥᠰᠥᠪ ᠂ ᠵᠢᠭᠡᠯᠡᠯᠭᠡ ᠶᠢᠨ ᠲᠡᠮᠳᠡᠭᠲᠦ ᠵᠡᠷᠭᠡ ᠪᠡᠯᠡ ᠮᠥᠩᠭᠦ ᠶᠢ 351.44 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠪᠦᠭᠦ ᠣᠷᠣᠨ ᠤ ᠲᠦᠷᠭᠡᠨ ᠤ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠬᠦ ᠪᠠ ᠡᠩ ᠤᠨ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠨᠡᠪᠲᠡᠷᠡᠬᠦ ᠴᠢᠳᠠᠪᠤᠷᠢ ᠪᠣᠯᠣᠨ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠦᠭᠰᠡᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ