1 - 11 ᠳ᠋ᠦ᠋ᠭᠡᠷ ᠰᠠᠷ᠎ᠠ ᠳᠤ ᠲᠦᠩᠯᠢᠶᠣᠤ ᠬᠤᠲᠠ ᠶᠢᠨ ᠡᠨᠧᠷᠭᠢ ᠶᠢᠨ ᠬᠤᠷᠣᠭᠳᠠᠯ ᠶᠡᠬᠡᠲᠡᠶ ᠵᠢᠷᠭᠤᠭᠠᠨ ᠠᠵᠢᠯ ᠲᠥᠷᠥᠯ ᠤᠨ ᠡᠨᠧᠷᠭᠢ ᠶᠢᠨ ᠬᠤᠷᠣᠭᠳᠠᠯ ᠠᠳᠠᠯᠢ ᠬᠤᠭᠤᠴᠠᠭᠠᠨ ᠤ ᠬᠢ ᠠᠴᠠ 2.3 % ᠨᠡᠮᠡᠭᠳᠡᠪᠡ
ᠨᠡᠶᠢᠲᠡᠯᠡᠭᠰᠡᠨ ᠴᠠᠭ᠄
2024/12/25
      1 - 11 ᠳ᠋ᠦ᠋ᠭᠡᠷ ᠰᠠᠷ᠎ᠠ ᠳᠤ᠂ ᠡᠨᠧᠷᠭᠢ ᠶᠢᠨ ᠬᠤᠷᠣᠭᠳᠠᠯ ᠶᠡᠬᠡᠲᠡᠶ ᠵᠢᠷᠭᠤᠭᠠᠨ ᠠᠵᠢᠯ ᠲᠥᠷᠥᠯ ᠤᠨ ᠡᠨᠧᠷᠭᠢ ᠶᠢᠨ ᠬᠤᠷᠣᠭᠳᠠᠯ 1463.68 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.3% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ 88.2% ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 1.1 ᠬᠤᠪᠢ ᠥᠨᠳᠥᠷ ᠪᠣᠯᠪᠠ᠃ ᠡᠭᠦᠨ ᠳᠤ᠂ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠡᠨᠧᠷᠭᠢ ᠶᠢᠨ ᠬᠤᠷᠣᠭᠳᠠᠯ ᠲᠣᠰ ᠲᠣᠰ ᠠᠳᠠᠯᠢ ᠬᠤᠭᠤᠴᠠᠭᠠᠨ ᠤ ᠬᠢ ᠠᠴᠠ 1.3%᠂ 2.3% ᠪᠠ 144.9% ᠨᠡᠮᠡᠭᠳᠡᠪᠡ︔ ᠲᠡᠮᠦᠷᠯᠢᠭ ᠪᠤᠰᠤ ᠡᠷᠦᠳᠡᠰᠦ ᠪᠠᠷ ᠦᠢᠯᠡᠳᠬᠦ ᠦᠢᠯᠡᠰ᠂ ᠴᠢᠯᠠᠭᠤᠨ ᠲᠣᠰᠣ ᠨᠡᠭᠦᠷᠡᠰᠦ ᠵᠢᠴᠢ ᠪᠤᠰᠤᠳ ᠲᠦᠯᠡᠰᠢ ᠡᠳ᠋ᠰᠢᠭᠦᠯᠬᠦ ᠦᠢᠯᠡᠰ᠂ ᠴᠠᠬᠢᠯᠭᠠᠨ ᠬᠦᠴᠦ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠨᠧᠷᠭᠢ ᠶᠢᠨ ᠬᠤᠷᠣᠭᠳᠠᠯ ᠲᠣᠰ ᠲᠣᠰ ᠠᠳᠠᠯᠢ ᠬᠤᠭᠤᠴᠠᠭᠠᠨ ᠤ ᠬᠢ ᠠᠴᠠ 2.4%᠂ 4.7% ᠪᠠ 5.7% ᠪᠠᠭᠤᠷᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ