ᠤᠯᠤᠰ ᠲᠦᠷᠦ ᠶᠢᠨ ᠵᠥᠪᠯᠡᠯᠭᠡᠨ ᠤ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/27
      12 ᠳ᠋ᠤᠭᠠᠷ ᠰᠠᠷ᠎ᠠ ᠶᠢᠨ 26 ᠳᠤ᠂ ᠤᠯᠤᠰ ᠲᠦᠷᠦ ᠶᠢᠨ ᠵᠥᠪᠯᠡᠯᠭᠡᠨ ᠤ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦᠶ ᠶᠦᠩ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠶᠦᠩ ᠬᠤᠷᠠᠯ ᠳᠤ ᠣᠷᠣᠯᠴᠠᠭᠰᠠᠨ ᠪᠥᠭᠡᠳ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠵᠠᠷᠯᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠤᠢ ᠪᠦᠦ ᠵᠢᠶᠦ᠋ᠨ᠂ ᠪᠠᠶ ᠬᠤᠩ ᠮᠧᠶ᠂ ᠵᠦ ᠷᠦᠢ ᠯᠢᠶᠠᠨ᠂ ᠭᠤᠤ ᡁᠢ ᠹᠧᠩ᠂ ᠪᠦᠦ ᠬᠠᠶ ᠮᠧᠶ᠂ ᠪᠦᠦ ᠯᠢ ᠴᠢᠶᠦ᠋ᠨ᠂ ᠵᠠᠩ ᠯᠢ ᠹᠧᠩ᠂ ᠵᠠᠩ ᠢᠦᠶ ᠴᠢᠩ᠂ ᠨᠠᠷᠢᠨ ᠪᠢᠴᠢᠭ ᠤᠨ ᠳᠠᠷᠤᠭ᠎ᠠ ᠬᠠᠨ ᠱᠢ ᠵᠥᠩ ᠬᠤᠷᠠᠯ ᠳᠤ ᠣᠷᠣᠯᠴᠠᠪᠠ᠃
政协通辽市第六届委员会常务委员会第十四次会议举行1.jpg
      ᠬᠤᠷᠠᠯ ᠳᠡᠭᠡᠷ᠎ᠡ ᠤᠯᠤᠰ ᠲᠦᠷᠦ ᠶᠢᠨ ᠵᠥᠪᠯᠡᠯᠭᠡᠨ ᠤ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ︵ᠲᠥᠰᠦᠯ︶ ᠢ ᠬᠢᠨᠠᠨ ᠵᠥᠪᠯᠡᠪᠡ︔ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠤᠢᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ︔ ᠬᠤᠲᠠ ᠶᠢᠨ ᠵᠠᠰᠠᠭ ᠤᠨ ᠣᠷᠳᠣᠨ ᠤ 2024 ᠣᠨ ᠤ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠤᠨ ᠤᠯᠤᠰ ᠲᠦᠷᠦ ᠶᠢᠨ ᠵᠥᠪᠯᠡᠯᠭᠡᠨ ᠤ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠵᠠᠷᠯᠠᠯ ᠢ ᠰᠣᠨᠣᠰᠪᠠ︔ ᠠᠵᠢᠯᠲᠠᠨ ᠤ ᠶᠠᠪᠤᠳᠠᠯ ᠤᠨ ᠬᠤᠯᠪᠣᠭᠳᠠᠯ ᠪᠦᠬᠦᠢ ᠵᠦᠢᠯᠡᠰ ᠢ ᠬᠢᠨᠠᠨ ᠶᠠᠷᠢᠯᠴᠠᠪᠠ︔ ᠤᠯᠤᠰ ᠲᠥᠷᠥ ᠶᠢᠨ ᠵᠥᠪᠯᠡᠯᠭᠡᠨ ᠤ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠬᠤᠯᠪᠣᠭᠳᠠᠯ ᠪᠥᠬᠦᠶ ᠤᠴᠢᠷ ᠶᠠᠪᠤᠳᠠᠯ ᠢ ᠬᠢᠨᠠᠨ ᠵᠥᠪᠯᠡᠪᠡ︔ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ︵ᠬᠢᠨᠠᠨ ᠵᠥᠪᠯᠡᠬᠦ ᠨᠣᠤᠷᠠᠭ︶ ᠶᠢ ᠬᠢᠨᠠᠨ ᠵᠥᠪᠯᠡᠬᠦ ᠶᠢᠨ ᠬᠠᠮᠲᠤ ᠮᠡᠳᠡᠭᠦᠯᠦᠭᠴᠢ ᠶᠢ ᠰᠣᠩᠭᠤᠪᠠ︔ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ︵ᠬᠢᠨᠠᠨ ᠵᠥᠪᠯᠡᠬᠦ ᠨᠣᠤᠷᠠᠭ︶ ᠶᠢ ᠬᠢᠨᠠᠨ ᠵᠥᠪᠯᠡᠬᠦ ᠶᠢᠨ ᠬᠠᠮᠲᠤ ᠮᠡᠳᠡᠭᠦᠯᠦᠭᠴᠢ ᠶᠢ ᠰᠣᠩᠭᠤᠪᠠ︔ ᠬᠡᠰᠡᠭ ᠪᠠᠶᠢᠩᠭᠤ ᠶᠢᠨ ᠭᠡᠰᠢᠭᠦᠨ ᠮᠡᠳᠡᠭᠦᠯᠦᠯᠲᠡ ᠬᠢᠪᠡ︔ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ᠂ ᠡᠯ᠎ᠡ ᠲᠤᠰᠬᠠᠢ ᠵᠥᠪᠯᠡᠯ ᠤᠨ 2024 ᠣᠨ ᠤ ᠠᠵᠢᠯ ᠤᠨ ᠮᠡᠳᠡᠭᠦᠯᠦᠯᠲᠡ ᠶᠢ ᠰᠣᠨᠣᠰᠪᠠ᠃      ᠯᠢᠦᠶ ᠶᠦᠩ ᠴᠧᠩ᠂ 2025 ᠣᠨ ᠪᠣᠯ ᠪᠥᠬᠦ ᠣᠷᠣᠨ ᠢᠶᠠᠷ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠡᠶᠡᠯᠡᠭᠦᠯᠬᠦ ᠡᠴᠦᠰ ᠤᠨ ᠵᠢᠯ ᠪᠣᠯᠤᠨ᠎ᠠ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠨᠢᠭᠲᠠ ᠤᠶᠠᠯᠳᠤᠭᠤᠯᠤᠨ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠠᠰᠠᠭ ᠤᠨ ᠶᠠᠪᠤᠳᠠᠯ ᠳᠤ ᠵᠥᠪᠯᠡᠯᠭᠡ ᠥᠭᠴᠦ᠂ ︽ᠤᠯᠤᠰ ᠲᠥᠷᠥ ᠶᠢᠨ ᠵᠥᠪᠯᠡᠯᠭᠡᠨ ᠤ ᠰᠠᠨᠠᠭᠤᠯᠭ᠎ᠠ︾ ᠶᠢ ᠬᠦᠴᠦ ᠣᠷᠣᠭᠤᠯᠤᠨ ᠰᠠᠶᠢᠲᠤᠷ ᠳᠤᠷᠠᠳᠴᠤ᠂ ︽ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠯᠢᠭᠡᠷ︾ ᠢ ᠦᠨᠡᠨ ᠪᠣᠳᠠᠲᠠᠢ ᠰᠠᠶᠢᠲᠤᠷ ᠶᠠᠷᠢᠵᠤ᠂ ︽ᠭᠡᠰᠢᠭᠦᠳ ᠤᠨ ᠡᠭᠦᠷᠭᠡ︾ ᠪᠠᠨ ᠥᠨᠳᠥᠷ ᠪᠠᠷᠢᠮᠵᠢᠶ᠎ᠠ ᠪᠠᠷ ᠰᠠᠶᠢᠲᠤᠷ ᠭᠦᠢᠴᠡᠳᠬᠡᠵᠦ᠂ ᠲᠤᠬᠠᠶᠢᠯᠠᠭᠰᠠᠨ ᠠᠵᠢᠯ ᠳᠠᠬᠢ ᠳᠠᠭᠠᠭᠤᠯᠬᠤ ᠦᠢᠯᠡᠳᠦᠯ᠂ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠭᠤᠣᠯ ᠴᠣᠭᠴᠠ ᠶᠢᠨ ᠦᠢᠯᠡᠳᠦᠯ᠂ ᠡᠲᠡᠭᠡᠳ ᠤᠨ ᠢᠯᠭᠠᠯ ᠤᠨ ᠤᠯᠠᠨ ᠲᠦᠮᠡᠨ ᠤ ᠳᠤᠮᠳᠠᠬᠢ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠰᠢᠯᠢᠳᠡᠭ ᠦᠷ᠎ᠡ ᠪᠦᠲᠦᠮᠵᠢ ᠪᠠᠷ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ᠂ ᠣᠳᠣᠬᠢᠴᠢᠯᠠᠭᠰᠠᠨ ᠲᠦᠩᠯᠢᠶᠣᠤ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ︕
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ