ᠬᠠᠷᠠᠭ᠎ᠠ ᠪᠤᠯᠢᠶᠠᠮ᠎ᠠ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠦᠲᠦᠭᠡᠯᠴᠢ | ᠦᠢᠯᠡᠳᠬᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠯᠧᠮᠧᠨ᠋ᠲ ᠳᠦᠭᠦᠷᠡᠩ ᠮᠠᠰᠢᠨ ᠬᠥᠮᠦᠨ ᠤ ᠵᠠᠭᠪᠤᠷ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ | ᠬᠡᠷᠡᠭᠯᠡᠭᠡᠨ ᠤ ᠦᠢᠯᠡᠴᠢᠯᠡᠭᠡ ᠁ ᠣᠯᠠᠨ ᠲᠥᠷᠥᠯ ᠵᠦᠢᠯ ᠤᠨ᠂ ᠡᠯᠪᠡᠭ ᠪᠠᠶᠠᠯᠢᠭ ᠠᠭᠤᠯᠠᠭᠳᠠᠬᠤᠨ ᠪᠦᠬᠦᠢ ︽ᠪᠢ ᠬᠠᠮᠲᠤ ᠰᠤᠷᠤᠯᠭᠠᠲᠠᠨ ᠳᠠᠭᠠᠨ ᠪᠣᠳᠠᠲᠤ | ᠶᠠᠪᠤᠳᠠᠯ ᠬᠢᠵᠦ ᠥᠭᠭᠦᠨ᠎ᠡ︾ ᠭᠡᠬᠦ ᠲᠥᠷᠥᠯ ᠵᠦᠢᠯ ᠨᠢ ᠣᠶᠤᠲᠠᠳ ᠤᠨ ᠶᠡᠭᠡ ᠰᠤᠷᠭᠠᠭᠤᠯᠢ ᠶᠢᠨ ᠠᠮᠢᠳᠤᠷᠠᠯ ᠳᠤ ᠪᠠᠶᠠᠷ ᠪᠠᠭ᠋ᠠᠳᠤᠯ ᠨᠡᠮᠡᠷᠢᠯᠡᠭᠰᠡᠨ ᠢᠶᠠᠷ ᠪᠠᠷᠠᠬᠤ | ᠦᠭᠡᠢ ᠪᠠᠰᠠ ᠲᠡᠳᠡᠨ ᠳᠤ ᠨᠡᠩ ᠣᠯᠠᠨ ᠰᠤᠷᠤᠯᠴᠠᠯᠭ᠎ᠠ ᠦᠢᠯᠡᠳᠦᠯᠭᠡ ᠶᠢᠨ ᠠᠵᠠ ᠲᠣᠬᠢᠶᠠᠯ ᠬᠠᠩᠭᠠᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠬᠤᠯᠪᠣᠭ᠎ᠠ ᠠᠴᠠ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢᠳ ᠤᠨ ᠵᠥᠪᠯᠡᠯ ᠠᠴᠠ ᠵᠣᠬᠢᠶᠠᠨ ᠪᠠᠶᠢᠭᠤᠯᠤᠭᠰᠠᠨ ︽ᠪᠢ ᠬᠠᠮᠲᠤ ᠰᠤᠷᠤᠯᠭᠠᠲᠠᠨ ᠳᠠᠭᠠᠨ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ | ᠲᠥᠷᠥᠯ ᠵᠦᠢᠯ ᠤᠨ ᠰᠣᠯᠢᠯᠴᠠᠭ᠎ᠠ ᠦᠵᠡᠬᠦᠯᠭᠡ ᠶᠢᠨ ᠠᠵᠢᠯᠯᠠᠭ᠎ᠠ ᠣᠶᠢᠷ᠎ᠠ ᠶᠢᠨ ᠡᠳᠦᠷ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠵᠤ᠂ ᠪᠦᠬᠦ | ᠣᠷᠣᠨ ᠤ 30 ᠶᠡᠭᠡ ᠳᠡᠭᠡᠳᠦ ᠰᠤᠷᠭᠠᠭᠤᠯᠢ ᠶᠢᠨ 48 ᠲᠥᠷᠥᠯ ᠵᠦᠢᠯ ᠢ ᠲᠥᠪᠯᠡᠷᠡᠭᠦᠯᠦᠨ ᠳᠡᠯᠭᠡᠨ ᠦᠵᠡᠭᠦᠯᠪᠡ᠃ | ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠳᠤ 58 ᠶᠡᠭᠡ ᠳᠡᠭᠡᠳᠦ ᠰᠤᠷᠭᠠᠭᠤᠯᠢ ᠶᠢᠨ ᠡᠯ᠎ᠡ ᠱᠠᠲᠤᠨ ᠤ ᠰᠤᠷᠤᠭᠴᠢᠳ ᠤᠨ ᠬᠤᠯᠪᠣᠭ᠎ᠠ ᠰᠤᠷᠤᠭᠴᠢᠳ ᠤᠨ | ᠵᠥᠪᠯᠡᠯ ᠨᠡᠶᠢᠲᠡ 180 ᠲᠥᠷᠥᠯ ᠵᠦᠢᠯ ᠢ ᠲᠠᠨᠢᠯᠴᠠᠭᠤᠯᠤᠨ ᠮᠡᠳᠡᠭᠦᠯᠵᠦ᠂ ᠡᠴᠦᠰ ᠲᠡᠭᠡᠨ 48 ᠦᠢᠯᠡᠴᠢᠯᠡᠭᠡᠨ ᠤ ᠲᠥᠷᠥᠯ ᠵᠦᠢᠯ ᠢ ᠰᠣᠩᠭᠤᠨ ᠳᠡᠯᠭᠡᠨ | ᠦᠵᠡᠭᠦᠯᠬᠦ ᠠᠵᠢᠯᠯᠠᠭ᠎ᠠ ᠥᠷᠨᠢᠭᠦᠯᠪᠡ᠃ ᠦᠢᠯᠡᠴᠢᠯᠡᠭᠡᠨ ᠤ ᠵᠦᠢᠯᠡᠰ ᠨᠢ ᠦᠵᠡᠯ ᠰᠠᠨᠠᠭ᠎ᠠ ᠪᠠᠷ ᠬᠥᠲᠥᠯᠦᠨ ᠳᠠᠭᠠᠭᠤᠯᠬᠤ᠂ ᠦᠨᠳᠦᠰᠦᠲᠡᠨ ᠤ ᠪᠦᠯᠬᠦᠮᠳᠡᠯ᠂ | ᠰᠤᠷᠤᠯᠴᠠᠯᠭ᠎ᠠ ᠶᠢ ᠠᠬᠢᠭᠤᠯᠬᠤ᠂ ᠠᠵᠢᠯ ᠣᠯᠵᠤ ᠦᠢᠯᠡᠰ ᠪᠤᠰᠬᠠᠬᠤ᠂ ᠨᠡᠶᠢᠭᠡᠮ ᠤᠨ ᠦᠢᠯᠡᠳᠦᠯᠭᠡ᠂ ᠰᠡᠳᠬᠢᠴᠡ ᠶᠢᠨ ᠡᠷᠡᠭᠦᠯ ᠮᠡᠨᠳᠦ᠂ ᠬᠦᠴᠢᠷᠳᠡᠯ ᠢ ᠬᠠᠪᠰᠤᠷᠤᠨ | ᠲᠡᠳᠬᠦᠬᠦ᠂ ᠰᠤᠷᠭᠠᠭᠤᠯᠢ ᠶᠢᠨ ᠬᠦᠷᠢᠶᠡᠨ ᠤ ᠵᠠᠰᠠᠯᠲᠠ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ 9 ᠭᠤᠣᠯᠳᠠᠯᠭ᠎ᠠ ᠲᠠᠢ ᠬᠦᠷᠢᠶ᠎ᠡ ᠶᠢ ᠬᠠᠮᠤᠷᠪᠠ᠃ |