ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠤ ᠠᠬᠤᠶ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ᠄ ᠤᠬᠠᠭᠤᠯᠭ᠎ᠠ  ᠪᠠᠨ ᠴᠢᠩᠭᠠᠳᠬᠠᠵᠦ ᠠᠵᠤ ᠠᠬᠤᠶ ᠶᠢᠨ ᠭᠡᠷᠡᠭ ᠤᠨ ᠲᠤᠷᠰᠢᠨ ᠪᠠᠶᠢᠴᠠᠭᠠᠯᠲᠠ ᠶᠢᠨ ᠨᠠᠷᠠᠲᠤ ᠲᠡᠮᠳᠡᠭ ᠤᠨ ᠪᠠᠶᠢᠭᠤᠯᠤᠯᠲᠠ ᠶᠢ ᠬᠠᠷᠠᠭᠤᠯᠪᠠ
ᠨᠡᠶᠢᠲᠡᠯᠡᠭᠰᠡᠨ ᠴᠠᠭ᠄
2024/12/27
      ᠡᠨᠡ ᠵᠢᠯ ᠠᠴᠠ ᠨᠠᠰᠢ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠶ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ︽5.15︾ ᠤ ᠤᠬᠠᠭᠤᠯᠭ᠎ᠠ ᠶᠢᠨ ᠡᠳᠦᠷ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠵᠡᠷᠭᠡ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠭᠦᠢᠴᠡᠳ ᠠᠰᠢᠭᠯᠠᠨ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠬᠠᠭᠤᠳᠠᠰᠤ᠂ ᠣᠬᠤᠷ ᠸᠢᠳᠢᠣ᠋ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠲᠠᠮᠵᠢᠭᠤᠯᠤᠨ᠂ ᠤᠯᠠᠮᠵᠢᠯᠠᠬᠤ ᠭᠤᠤᠯ ᠠᠷᠭ᠎ᠠ ᠵᠠᠮ ᠤᠨ ᠤᠬᠠᠭᠤᠯᠭ᠎ᠠ ᠶᠢᠨ ᠤᠶᠢᠯᠡᠳᠤᠯ ᠢ ᠭᠦᠢᠴᠡᠳ ᠪᠠᠳᠠᠷᠠᠭᠤᠯᠤᠭᠰᠠᠨ ᠪᠥᠭᠡᠳ ᠬᠠᠷᠢᠶᠠᠲᠤ ᠣᠷᠣᠨ ᠤ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠩᠬᠢ᠂ ᠳᠠᠭᠠᠳᠬᠠᠯ ᠤᠨ ᠺᠣᠮᠫᠠᠨᠢ ᠵᠡᠷᠭᠡ ᠲᠠᠢ ᠬᠠᠮᠲᠤᠷᠠᠨ ᠳᠡᠭᠡᠳᠦ ᠳᠣᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠤᠬᠠᠭᠤᠯᠭ᠎ᠠ ᠶᠢᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ LED ᠤᠬᠠᠭᠤᠯᠭ᠎ᠠ ᠶᠢᠨ ᠳᠡᠯᠭᠡᠴᠡ ᠶᠢ ᠠᠰᠢᠭᠯᠠᠨ᠂ ᠠᠵᠤ ᠠᠬᠤᠶ ᠶᠢᠨ ᠶᠠᠯᠠᠲᠤ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠ ᠶᠠᠯᠠᠲᠤ ᠡᠲᠡᠭᠡᠳ ᠤᠨ ᠪᠠᠶᠢᠩᠭᠤ ᠬᠡᠷᠡᠭᠯᠡᠳᠡᠭ ᠠᠷᠭ᠎ᠠ ᠪᠠᠰᠢᠷ ᠢ ᠬᠦᠨᠵᠡᠭᠡᠢ ᠢᠯᠡᠷᠡᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠪᠣᠳᠠᠲᠠᠶ ᠨᠠᠶᠢᠳᠠᠪᠤᠷᠢᠵᠢᠭᠤᠯᠵᠤ᠂ ᠥᠷᠭᠡᠨ ᠣᠯᠠᠨ ᠲᠦᠮᠡᠨ ᠤ ᠠᠶᠤᠯ ᠲᠦᠭᠰᠢᠭᠦᠷᠢ ᠶᠢᠨ ᠤᠬᠠᠮᠰᠠᠷ᠂ ᠰᠡᠷᠭᠡᠶᠢᠯᠡᠬᠦ ᠤᠬᠠᠮᠰᠠᠷ ᠪᠠ ᠣᠶᠤᠨᠴᠢ ᠪᠠᠷ ᠪᠠᠯᠠ ᠣᠷᠣᠭᠤᠯᠬᠤ ᠤᠬᠠᠮᠰᠠᠷ ᠢ ᠦᠨᠡᠨ ᠬᠦ ᠴᠢᠩᠭᠠᠳᠬᠠᠪᠠ᠃
ᠢᠷᠡᠯᠲᠡ᠄ ᠵᠠᠷᠤᠳ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ