ᠣᠶᠢᠷ᠎ᠠ ᠶᠢᠨ ᠵᠢᠯ ᠳᠤ᠂ ︽ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠨ ᠵᠢᠭᠤᠯᠴᠢᠯᠠᠬᠤ︾ ᠨᠢ ᠠᠭᠠᠵᠢᠮ ᠢᠶᠠᠷ ᠴᠠᠭ ᠤᠨ ᠤᠷᠤᠰᠬᠠᠯ ᠪᠣᠯᠵᠤ᠂ | ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠨᠢ ᠵᠢᠭᠤᠯᠴᠢᠯᠠᠯ ᠤᠨ ᠰᠢᠨ᠎ᠡ ᠭᠢᠯᠠᠰ ᠴᠡᠭ ᠪᠣᠯᠣᠨ ᠵᠢᠭᠤᠯᠴᠢᠯᠠᠯ ᠳᠤ ︽ᠠᠳᠠᠯᠢ ᠪᠤᠰᠤ ᠦᠵᠡᠮᠵᠢ | ︾ ᠨᠡᠮᠡᠷᠢᠯᠡᠵᠦ ᠪᠤᠢ᠃ | ᠣᠶᠢᠷ᠎ᠠ ᠶᠢᠨ ᠬᠡᠳᠦᠨ ᠡᠳᠦᠷ᠂ ᠥᠪᠥᠷ ᠮᠣᠩᠭᠤᠯ ᠤᠨ ᠪᠠᠢ ᠨᠢᠶᠠᠨ ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠬᠢᠨ ᠣᠨᠴᠠᠭᠠᠢ ᠶᠠᠭᠠᠷᠠᠤ ᠪᠠᠶᠢᠵᠤ᠂ | ᠰᠢᠶᠠᠨ ᠤ ᠳᠣᠲᠣᠨ᠎ᠠ ᠭᠠᠳᠠᠨᠠᠬᠢ ᠲᠣᠭᠤᠷᠢᠨ ᠦᠵᠡᠬᠦ ᠪᠦᠯᠭᠦᠮ ᠤᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠡᠭᠡᠵᠦ ᠪᠠᠶᠢᠯ᠎ᠠ᠃ ᠬᠥᠮᠥᠰ ᠪᠠᠢ ᠨᠢᠶᠠᠨ | ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠰᠣᠶᠣᠯ ᠤᠨ ᠦᠵᠡᠭᠦᠯᠭᠡ ᠶᠢᠨ ᠲᠢᠩᠬᠢᠮ ᠳᠤ ᠬᠦᠷᠴᠦ ᠳᠤᠰ ᠺᠤᠮᠫᠠᠨᠢ ᠶᠢᠨ ᠵᠠᠭᠤᠨ ᠵᠢᠯ ᠤᠨ ᠲᠡᠮᠡᠴᠡᠯ ᠤᠨ | ᠲᠡᠦᠬᠡ ᠶᠢ ᠣᠶᠢᠯᠠᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠠᠷᠢᠬᠢ ᠨᠡᠷᠡᠬᠦ ᠦᠢᠯᠡᠳᠬᠡᠯ ᠤᠨ ᠭᠠᠵᠠᠷ ᠲᠤ ᠬᠦᠷᠴᠦ ᠡᠷᠲᠡᠨ ᠤ ᠠᠷᠢᠬᠢ ᠨᠡᠷᠡᠬᠦ ᠤᠷ᠎ᠠ | ᠮᠡᠷᠭᠡᠰᠢᠯ ᠢ ᠰᠣᠨᠢᠷᠬᠠᠵᠠᠭᠠᠨᠠ ᠁ ᠵᠠᠭᠤ ᠭᠠᠷᠤᠢ ᠵᠢᠯ ᠤᠨ ᠲᠡᠦᠬᠡ ᠪᠠ ᠰᠣᠶᠣᠯ ᠤᠨ ᠠᠭᠤᠯᠬᠤᠨ ᠢ ᠠᠴᠢᠶᠠᠯᠠᠭᠰᠠᠨ ᠠᠵᠤ ᠠᠬᠤᠶᠢᠯᠠᠯ ᠳᠤ ᠥᠨᠢ ᠡᠷᠲᠡᠨ ᠤ | ᠠᠷᠢᠬᠢ ᠨᠡᠷᠡᠬᠦ ᠤᠷ᠎ᠠ ᠮᠡᠷᠭᠡᠰᠢᠯ ᠨᠢ ᠰᠢᠨ᠎ᠡ ᠠᠮᠢᠯᠠᠯ ᠢᠶᠠᠨ ᠣᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠠᠬᠤᠭᠤᠯᠤᠭᠰᠠᠨ ᠠᠵᠤ ᠦᠢᠯᠡᠳᠪᠦᠷᠢ | ᠶᠢᠨ ᠵᠢᠭᠤᠯᠴᠢᠯᠠᠯ ᠨᠢ ᠵᠢᠭᠤᠯᠴᠢᠯᠠᠯ ᠤᠨ ᠰᠢᠨ᠎ᠡ ᠭᠢᠯᠠᠰ ᠴᠡᠭ ᠪᠣᠯᠵᠤ᠂ ᠵᠢᠭᠤᠯᠴᠢᠯᠠᠬᠰᠠᠳ ᠲᠤ ᠰᠢᠨ᠎ᠡ ᠵᠢᠭᠤᠯᠴᠢᠯᠠᠯ ᠤᠨ ᠣᠶᠢᠯᠠᠭᠠᠯᠲᠠ ᠶᠢ ᠣᠯᠭᠤᠭᠰᠠᠨ ᠪᠠᠶᠢᠨ᠎ᠠ᠃ | ︽ᠪᠠᠢ ᠨᠢᠶᠠᠨ ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠠᠷᠢᠬᠢ ᠨᠢ ᠤᠯᠠᠨ ᠳᠠᠭᠠᠨ ᠲᠠᠭᠠᠰᠢᠶᠠᠭᠳᠠᠭᠰᠠᠨ ︿ᠥᠪᠥᠷ ᠮᠣᠩᠭᠤᠯ ᠤᠨ ᠦᠨᠦᠷ ᠠᠮᠲᠠ﹀ | ᠪᠣᠯᠤᠭᠰᠠᠨ ᠤ ᠬᠤᠪᠢ ᠳᠤ᠂ ᠲᠡᠭᠦᠨ ᠢ ᠤᠯᠠᠨ ᠢᠶᠠᠷ ᠢᠶᠠᠨ ᠪᠦᠷ ᠰᠠᠶᠢᠨ ᠮᠡᠳᠡᠳᠡᠭ᠃ ᠭᠡᠪᠡᠴᠦ ᠪᠠᠢ ᠨᠢᠶᠠᠨ ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠰᠣᠶᠣᠯ᠂ | ᠣᠨᠴᠠᠭᠠᠶᠢᠯᠠᠨ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠪᠢ ᠥᠨᠥᠳᠥᠷ ᠠᠩᠬ᠎ᠠ ᠣᠶᠢᠯᠠᠭᠠᠭᠠᠳ ᠮᠠᠰᠢ ᠭᠠᠶᠢᠬᠠᠯᠲᠠᠢ ᠰᠠᠨᠠᠭᠳᠠᠯ᠎ᠠ᠂ ᠵᠠᠭᠤ ᠭᠠᠷᠤᠢ | ᠵᠢᠯ ᠤᠨ ᠲᠤᠷᠰᠢ᠂ ᠳᠤᠰ ᠠᠵᠤ ᠠᠬᠤᠶᠢᠯᠠᠯ ᠳᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ᠂ ᠠᠯᠢ ᠤᠯᠠᠨ ᠬᠥᠮᠥᠰ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ | ᠶᠢ ᠲᠠᠶᠢᠴᠢᠯᠠᠵᠦ᠂ ᠪᠦᠭᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠪᠠᠨ ᠨᠡᠮᠡᠷᠢᠯᠡᠭᠰᠡᠨ ᠪᠠᠶᠢᠨ᠎ᠠ᠂ ᠡᠨᠡ ᠨᠢ ᠳᠤᠩ ᠭᠢᠯᠪᠡᠷ ᠪᠤᠰᠤ | ᠰᠢᠦ︾ ᠭᠡᠵᠦ ᠵᠢᠭᠤᠯᠴᠢᠯᠠᠭᠴᠢ ᠯᠥᠸᠧ ᠸᠧᠢ ᠳ᠋ᠦᠩ ᠶᠠᠷᠢᠵᠤ ᠪᠠᠶᠢᠯ᠎ᠠ᠃ | ᠥᠪᠥᠷ ᠮᠣᠩᠭᠤᠯ ᠤᠨ ᠪᠠᠢ ᠨᠢᠶᠠᠨ ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ ᠨᠢ ᠤᠤᠯ ᠳᠠᠭᠠᠨ ︽ᠸᠠᠨ ᠾᠧ ᠶᠦᠩ︾ ᠭᠡᠬᠦ ᠠᠷᠢᠬᠢ ᠨᠡᠷᠡᠬᠦ ᠦᠢᠯᠡᠳᠬᠡᠯ ᠤᠨ | ᠭᠠᠵᠠᠷ ᠪᠠᠶᠢᠪᠠ᠂ ᠳᠠᠷᠠ ᠨᠢ ᠥᠪᠥᠷ ᠮᠣᠩᠭᠤᠯ ᠴᠢᠨᠠᠭᠰᠢᠯᠠᠭᠠᠳ ᠵᠡᠭᠦᠨ ᠬᠤᠶᠢᠲᠤ ᠣᠷᠣᠨ ᠳᠤ ᠨᠡᠯᠢᠶᠡᠳ ᠡᠷᠲᠡ ᠪᠠᠶᠢᠭᠤᠯᠤᠭᠳᠠᠭᠰᠠᠨ ᠬᠠᠷ᠎ᠠ ᠠᠷᠢᠬᠢᠨ ᠤ | ᠦᠢᠯᠡᠳᠪᠦᠷᠢ ᠶᠢᠨ ᠨᠢᠭᠡ ᠪᠠᠶᠢᠵᠤ᠂ ᠣᠳᠣᠬᠠᠨ ᠳᠤ ᠨᠢᠭᠡᠨᠲᠡ ᠬᠠᠷ᠎ᠠ ᠠᠷᠢᠬᠢ᠂ ᠮᠣᠳᠣᠨ ᠰᠢᠬᠢᠷ᠂ ᠵᠢᠮᠢᠰ ᠤᠨ ᠠᠷᠢᠬᠢ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢ ᠨᠢᠭᠡ | ᠴᠣᠭᠴᠠᠵᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ | ᠠᠬᠤᠶᠢᠯᠠᠯ ᠪᠣᠯᠣᠨ ᠬᠥᠭᠵᠢᠵᠦ᠂ ᠲᠦᠩᠯᠢᠶᠣᠣ ᠬᠤᠳᠠ ᠶᠢᠨ ᠬᠡᠪᠴᠢᠶᠡᠨ ᠳᠠᠬᠢ ᠠᠩᠬᠠᠳᠠᠭᠴᠢ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠳᠤ | ᠦᠨᠡᠯᠡᠭᠳᠡᠭᠰᠡᠨ︽ᠳᠤᠮᠳᠠᠳᠤ ᠶᠢᠨ ᠬᠠᠭᠤᠴᠢᠨ ᠨᠡᠷᠡᠳᠦ ᠲᠡᠮᠳᠡᠭᠲᠦ︾ ᠠᠵᠤ ᠠᠬᠤᠶᠢᠯᠠᠯ ᠪᠣᠯᠵᠠᠢ᠃ ᠳᠤᠰ ᠺᠤᠮᠫᠠᠨᠢ ᠶᠢᠨ ᠵᠢᠯ ᠤᠨ ᠬᠠᠷ᠎ᠠ ᠠᠷᠢᠬᠢ ᠦᠢᠯᠡᠳᠪᠦᠷᠢᠯᠡᠬᠦ | ᠴᠢᠳᠠᠪᠤᠷᠢ 2 ᠲᠦᠮᠡᠨ ᠲᠣᠨ ᠳᠤ ᠬᠦᠷᠴᠦ᠂ ᠨᠡᠶᠢᠳᠡ ᠬᠥᠷᠥᠩᠭᠡ ᠨᠢ 2.4 ᠳ᠋ᠦᠩᠰᠢᠭᠤᠷ ᠲᠥᠭᠦᠷᠢᠭ ᠢ ᠳᠠᠪᠠᠪᠠ᠃ | ᠤᠯᠠᠮᠵᠢᠯᠠᠨ ᠵᠠᠯᠭᠠᠮᠵᠢᠯᠠᠬᠤ ᠳᠤᠮᠳᠠ ᠰᠢᠨ᠎ᠡ ᠶᠢ ᠡᠭᠦᠳᠴᠦ᠂ ᠰᠢᠨ᠎ᠡ ᠶᠢ ᠡᠭᠦᠳᠬᠦ ᠳᠤᠮᠳᠠ ᠬᠥᠭᠵᠢᠭᠦᠯᠦᠨ᠎ᠡ᠃ ᠥᠪᠥᠷ ᠮᠣᠩᠭᠤᠯ ᠤᠨ ᠪᠠᠢ ᠨᠢᠶᠠᠨ ᠠᠷᠢᠬᠢᠨ | ᠦᠢᠯᠡᠰ ᠤᠨ ᠬᠢᠵᠠᠭᠠᠷᠲᠤ ᠺᠤᠮᠫᠠᠨᠢ ᠶᠢᠨ ︽ᠺᠠᠶᠢᠯᠤ ᠲᠡᠮᠳᠡᠭᠲᠦ ᠬᠠᠷ᠎ᠠ ᠠᠷᠢᠬᠢ︾ ᠨᠢ ᠤᠯᠤᠰ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠰᠢᠯᠭᠠᠨ ᠪᠠᠶᠢᠴᠠᠭᠠᠬᠤ | ᠡᠪᠡᠳᠴᠢᠨ ᠬᠢᠵᠢᠭ ᠢ ᠪᠠᠶᠢᠴᠠᠭᠠᠬᠤ ᠶᠡᠷᠦᠩᠬᠡᠢ ᠲᠣᠪᠴᠢᠶ᠎ᠠ ᠳᠤ ᠭᠠᠵᠠᠷ ᠵᠦᠢ ᠶᠢᠨ ᠢᠯᠡᠷᠬᠡᠶᠢᠯᠡᠯᠲᠦ ᠬᠠᠮᠠᠭᠠᠯᠠᠯᠲᠠ ᠶᠢᠨ ᠦᠢᠯᠡᠳᠬᠦᠨ ᠢᠶᠠᠷ ᠦᠨᠡᠯᠡᠨ | ᠲᠣᠭᠲᠠᠭᠠᠭᠳᠠᠪᠠ︔ ︽ᠺᠠᠶᠢᠯᠤ ᠲᠡᠮᠳᠡᠭᠲᠦ ᠬᠠᠷ᠎ᠠ ᠠᠷᠢᠬᠢ ᠨᠡᠷᠡᠬᠦ ᠤᠷ᠎ᠠ ᠮᠡᠷᠭᠡᠵᠢᠯ︾ ᠨᠢ ᠳᠣᠯᠣᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠵᠢᠭᠰᠠᠭᠠᠭᠳᠠᠪᠠ᠃ ᠡᠨᠡ ᠵᠢᠯ᠂ ᠺᠠᠶᠢᠯᠤ ᠲᠡᠮᠳᠡᠭᠲᠦ ᠬᠠᠷ᠎ᠠ ᠠᠷᠢᠬᠢ ᠨᠡᠷᠡᠬᠦ ᠤᠷ᠎ᠠ ᠮᠡᠷᠭᠡᠵᠢᠯ ᠤᠨ | ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢᠨ ᠵᠢᠱᠢᠶ᠎ᠡ ᠦᠵᠡᠭᠦᠯᠭᠦ ᠰᠠᠭᠤᠷᠢᠨ ᠭᠠᠵᠠᠷ ᠨᠢ ᠠᠩᠬᠠᠳᠠᠭᠴᠢ ᠪᠦᠯᠦᠭ ᠤᠨ ᠥᠪᠡᠷᠲᠡᠭᠡᠨ ᠵᠠᠰᠠᠬᠤ ᠣᠷᠣᠨ ᠤ | ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢᠨ ᠵᠢᠱᠢᠶ᠎ᠡ ᠦᠵᠡᠭᠦᠯᠭᠦ ᠰᠠᠭᠤᠷᠢᠨ ᠭᠠᠵᠠᠷ ᠢᠶᠠᠷ | ᠲᠣᠭᠲᠠᠭᠠᠭᠳᠠᠪᠠ᠃ | ︽ᠪᠠᠢ ᠨᠢᠶᠠᠨ ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ ᠨᠢ ᠦᠢᠯᠡᠳᠪᠦᠷᠢᠯᠡᠯ ᠢᠶᠠᠷ ᠳᠠᠮᠵᠢᠭᠤᠯᠤᠨ ᠤᠯᠠᠮᠵᠢᠯᠠᠯᠲᠤ ᠠᠷᠢᠬᠢ ᠨᠡᠷᠡᠬᠦ ᠤᠷ᠎ᠠ ᠮᠡᠷᠭᠡᠰᠢᠯ ᠤᠨ | ᠬᠠᠮᠠᠭᠠᠯᠠᠯᠲᠠ ᠶᠢ ᠪᠡᠶᠡᠯᠡᠭᠦᠯᠬᠦ ᠶᠢᠨ ᠬᠠᠮᠲᠤ᠂ ᠠᠵᠤ ᠦᠢᠯᠡᠳᠪᠦᠷᠢ ᠶᠢᠨ ᠰᠣᠶᠣᠯ ᠤᠨ ᠡᠬᠢ ᠪᠠᠶᠠᠯᠢᠭ ᠢ ᠢᠳᠡᠪᠬᠢᠲᠡᠢ ᠠᠭᠤᠳᠠᠯᠵᠤ᠂ ᠦᠢᠯᠡᠳᠪᠦᠷᠢᠯᠡᠯ ᠪᠣᠷᠤᠯᠠᠭᠤᠯᠭ᠎ᠠ | ᠬᠢᠭᠡᠳ ᠵᠢᠭᠤᠯᠴᠢᠯᠠᠯ ᠤᠨ ᠬᠡᠷᠡᠭᠯᠡᠭᠡ ᠶᠢ ᠬᠠᠷᠢᠯᠴᠠᠨ ᠤᠶᠠᠯᠳᠤᠭᠤᠯᠵᠤ᠂ ᠨᠡᠶᠢᠳᠡ 1600 ᠲᠦᠮᠡᠨ ᠲᠥᠭᠦᠷᠢᠭ ᠪᠡᠯᠡ ᠣᠷᠣᠭᠤᠯᠤᠨ 40 ᠲᠡᠭᠰᠢ ᠳᠥᠷᠪᠡᠯᠵᠢᠨ | ᠺᠢᠯᠣᠮᠧᠲᠷ ᠳᠠᠯᠠᠪᠠᠢ ᠪᠦᠬᠦᠢ ᠥᠪᠥᠷ ᠮᠣᠩᠭᠤᠯ ᠤᠨ ᠪᠠᠢ ᠨᠢᠶᠠᠨ ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠰᠣᠶᠣᠯ ᠵᠢᠭᠤᠯᠴᠢᠯᠠᠯ ᠤᠨ ᠲᠣᠭᠤᠷᠢᠭ ᠢ | ᠪᠠᠶᠢᠭᠤᠯᠵᠤ᠂ ᠪᠠᠢ ᠨᠢᠶᠠᠨ ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠲᠡᠦᠬᠡ ᠰᠣᠶᠣᠯ ᠤᠨ ᠲᠢᠩᠬᠢᠮ᠂ ᠵᠠᠭᠤᠨ ᠵᠢᠯ ᠤᠨ ᠠᠷᠢᠬᠢᠨ ᠵᠣᠭᠤᠷᠢ᠂ ᠪᠣᠳᠠᠰ ᠤᠨ ᠪᠤᠰᠤ | ᠰᠣᠶᠣᠯ ᠤᠨ ᠥᠪ ᠤᠨ ᠠᠷᠢᠬᠢ ᠨᠡᠷᠡᠬᠦ ᠦᠢᠯᠡᠳᠬᠡᠯ ᠤᠨ ᠭᠠᠵᠠᠷ᠂ ᠪᠦᠲᠦᠭᠡᠭᠳᠡᠬᠦᠨ ᠢ ᠰᠠᠪᠠᠯᠠᠬᠤ ᠦᠢᠯᠡᠳᠪᠦᠷᠢ ᠶᠢᠨ ᠲᠠᠰᠤᠭ᠂ ᠵᠢᠮᠢᠰ ᠤᠨ ᠠᠷᠢᠬᠢ ᠦᠢᠯᠡᠳᠪᠦᠷᠢᠯᠡᠬᠦ | ᠦᠢᠯᠡᠳᠪᠦᠷᠢ ᠶᠢᠨ ᠲᠠᠰᠤᠭ᠂ ᠳᠡᠯᠭᠡᠨ ᠪᠣᠷᠣᠯᠠᠭᠤᠯᠬᠤ ᠲᠥᠪ ᠵᠡᠷᠭᠡ ᠠᠯᠢ ᠤᠯᠠᠨ ᠣᠨᠴᠠᠯᠢᠭᠲᠤ ᠲᠠᠯᠠᠪᠠᠢ ᠣᠷᠳᠣᠨ ᠢ ᠪᠠᠶᠢᠭᠤᠯᠤᠨ᠂ ︿ᠵᠠᠭᠤᠨ ᠵᠢᠯ ᠤᠨ ᠠᠷᠢᠬᠢᠨ | ᠰᠣᠶᠣᠯ ᠢ ᠠᠭᠤᠳᠠᠯᠬᠤ﹀᠂ ︿ᠪᠣᠳᠠᠰ ᠤᠨ ᠪᠤᠰᠤ ᠰᠣᠶᠣᠯ ᠤᠨ ᠥᠪ ᠤᠨ ᠠᠷᠢᠬᠢ ᠨᠡᠷᠡᠬᠦ ᠤᠷ᠎ᠠ ᠮᠡᠷᠭᠡᠵᠢᠯ ᠢ ᠬᠠᠶᠢᠨ ᠰᠦᠪᠡᠭᠴᠢᠯᠡᠬᠦ﹀᠂ ︿ᠠᠷᠢᠬᠢᠨ ᠤ ᠠᠵᠤ | ᠦᠢᠯᠡᠳᠪᠦᠷᠢ ᠶᠢᠨ ᠵᠢᠭᠤᠯᠴᠢᠯᠠᠯ﹀᠂ ︿ᠥᠷᠭᠡᠳᠬᠡᠯ ᠪᠣᠯᠪᠠᠰᠤᠷᠠᠯ﹀ ᠵᠡᠷᠭᠡ ᠤᠯᠠᠨ ᠵᠤᠷᠪᠤᠰ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠭᠤᠣᠯ | ᠰᠡᠳᠦᠪᠲᠦ ᠱᠤᠭᠤᠮ ᠢ ᠭᠠᠷᠭᠠᠨ᠂ ᠠᠷᠢᠬᠢᠨ ᠦᠢᠯᠡᠳᠪᠦᠷᠢ ᠶᠢ ᠲᠣᠭᠤᠷᠢᠨ ᠦᠵᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠤᠨ ᠰᠤᠷᠬᠤ᠂ ᠰᠣᠶᠣᠯ ᠢ | ᠪᠡᠶᠡᠴᠢᠯᠡᠨ ᠣᠶᠢᠯᠠᠭᠠᠬᠤ᠂ ᠬᠤᠷᠠᠯ ᠤᠨ ᠶᠠᠪᠤᠳᠠᠯ ᠤᠨ ᠵᠣᠴᠢᠯᠠᠭ᠎ᠠ᠂ ᠬᠤᠭᠤᠯᠠ ᠤᠮᠳᠠ ᠬᠤᠨᠤᠭ ᠪᠠᠭᠤᠳᠠᠯ᠂ ᠭᠡᠷ ᠪᠦᠯᠢ ᠶᠢᠨ ᠵᠤᠭ᠎ᠠ ᠴᠡᠩᠭᠡᠯ ᠢ ᠨᠢᠭᠡ | ᠴᠣᠭᠴᠠᠵᠢᠭᠤᠯᠤᠭᠰᠠᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠠᠭᠪᠤᠷ ᠢ ᠪᠦᠷᠢᠯᠳᠦᠭᠦᠯᠵᠦ᠂ ︿ᠠᠵᠤ ᠦᠢᠯᠡᠳᠪᠦᠷᠢ ᠶᠢᠨ ᠦᠢᠯᠡᠳᠪᠦᠷᠢᠯᠡᠯ + ᠪᠣᠳᠠᠰ ᠤᠨ ᠪᠤᠰᠤ | ᠰᠣᠶᠣᠯ ᠤᠨ ᠥᠪ ᠤᠨ ᠤᠷ᠎ᠠ ᠮᠡᠷᠭᠡᠵᠢᠯ + ᠲᠣᠭᠤᠷᠢᠨ ᠵᠤᠭᠠᠴᠠᠵᠤ ᠪᠡᠶᠡᠴᠢᠯᠡᠨ ᠣᠶᠢᠯᠠᠭᠠᠬᠤ﹀ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ | ᠵᠢᠭᠤᠯᠴᠢᠯᠠᠯ ᠢ ᠨᠠᠩ ᠭᠦᠨᠴᠡ ᠲᠠᠢ᠂ ᠪᠣᠳᠠᠰ ᠤᠨ ᠪᠤᠰᠤ ᠰᠣᠶᠣᠯ ᠤᠨ ᠥᠪ ᠢ ᠨᠡᠩ ᠬᠠᠯᠠᠮᠰᠢᠯ ᠲᠠᠢ ᠪᠤᠯᠭᠠᠬᠤ ᠶᠢ ᠠᠬᠢᠭᠤᠯᠵᠤ ᠪᠤᠢ︾ ᠭᠡᠵᠦ ᠥᠪᠥᠷ | ᠮᠣᠩᠭᠤᠯ ᠤᠨ ᠪᠠᠢ ᠨᠢᠶᠠᠨ ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠦᠢ ᠠᠢ ᠵᠢᠶᠦ᠋ᠨ ᠲᠠᠨᠢᠯᠴᠠᠭᠤᠯᠵᠤ ᠪᠠᠶᠢᠯ᠎ᠠ᠃ | ᠥᠪᠥᠷ ᠮᠣᠩᠭᠤᠯ ᠤᠨ ᠪᠠᠢ ᠨᠢᠶᠠᠨ ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠰᠣᠶᠣᠯ ᠵᠢᠭᠤᠯᠴᠢᠯᠠᠯ ᠤᠨ ᠲᠣᠭᠤᠷᠢᠭ ᠨᠢ 2019 ᠣᠨ ᠤ 6 | ᠰᠠᠷ᠎ᠠ ᠳᠤ ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠨᠡᠶᠢᠳᠡ 600 ᠭᠠᠷᠤᠢ ᠪᠦᠯᠭᠦᠮ ᠨᠢᠭᠡᠴᠢ᠂ 3.8 ᠲᠦᠮᠡ ᠭᠠᠷᠤᠢ ᠵᠢᠭᠤᠯᠴᠢᠯᠠᠭᠴᠢ ᠶᠢ ᠭᠥᠯᠢᠶᠡᠨ | ᠠᠪᠴᠤ᠂ 650 ᠬᠥᠮᠥᠨ ︵ᠤᠳᠠᠭ᠎ᠠ︶ ᠳᠤ ᠠᠵᠢᠯ ᠣᠯᠭᠤᠵᠠᠢ᠃ 2024 ᠣᠨ ᠳᠤ᠂ ᠥᠪᠥᠷ ᠮᠣᠩᠭᠤᠯ ᠤᠨ ᠪᠠᠢ ᠨᠢᠶᠠᠨ ᠠᠷᠢᠬᠢᠨ ᠦᠢᠯᠡᠰ ᠤᠨ ᠬᠢᠵᠠᠭᠠᠷᠲᠤ ᠺᠤᠮᠫᠠᠨᠢ | ᠶᠢᠨ ᠰᠣᠶᠣᠯ ᠵᠢᠭᠤᠯᠴᠢᠯᠠᠯ ᠤᠨ ᠲᠣᠭᠤᠷᠢᠭ ᠨᠢ ᠤᠯᠤᠰ ᠤᠨ AA ᠲᠠᠰ ᠤᠨ ᠵᠢᠭᠤᠯᠴᠢᠯᠠᠯ ᠤᠨ ᠣᠷᠣᠨ ᠢᠶᠠᠷ ᠦᠨᠡᠯᠡᠭᠳᠡᠭᠰᠡᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠺᠠᠶᠢᠯᠤ ᠰᠢᠶᠠᠨ ᠤᠤᠯ ᠤᠨ ᠪᠠᠶᠢᠭᠰᠠᠨ ᠬᠤᠪᠢᠰᠬᠠᠯᠲᠤ ᠵᠢᠭᠤᠯᠴᠢᠯᠠᠯ ᠪᠣᠯᠣᠨ ᠪᠣᠬᠢᠷᠳᠤᠯ ᠦᠭᠡᠢ ᠬᠥᠳᠡᠭᠡ ᠲᠣᠰᠬᠤᠨ ᠤ | ᠵᠢᠭᠤᠯᠴᠢᠯᠠᠯ ᠤᠨ ᠰᠠᠭᠤᠷᠢᠨ ᠳᠡᠭᠡᠷ᠎ᠡ᠂ ᠣᠨᠴᠠᠯᠢᠭᠲᠤ ᠠᠵᠤ ᠦᠢᠯᠡᠳᠪᠦᠷᠢ ᠶᠢᠨ ᠵᠢᠭᠤᠯᠴᠢᠯᠠᠯ ᠢ ᠲᠦᠯᠬᠢᠨ ᠭᠠᠷᠭᠠᠵᠤ᠂ ︽ᠪᠣᠳᠠᠰ ᠤᠨ ᠪᠤᠰᠤ ᠰᠣᠶᠣᠯ ᠤᠨ ᠥᠪ + | ᠰᠣᠶᠣᠯ ᠵᠢᠭᠤᠯᠴᠢᠯᠠᠯ︾ ᠢᠶᠠᠷ ᠭᠠᠷᠳᠠᠴᠠ ᠪᠣᠯᠭᠠᠨ᠂ ᠵᠢᠭᠤᠯᠴᠢᠯᠠᠯ ᠢ ᠦᠵᠡᠮᠦᠷᠢ ᠲᠠᠢ ᠪᠥᠭᠡᠳ ᠠᠭᠤᠯᠬᠤᠨ ᠲᠠᠢ ᠪᠣᠯᠭᠠᠵᠠᠢ᠃ | ᠺᠠᠶᠢᠯᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠨᠡᠯᠢᠶᠡᠳ ᠡᠯᠪᠡᠭ ᠪᠠᠶᠠᠯᠢᠭ ᠪᠠᠶᠢᠵᠤ᠂ ᠰᠢ ᠵᠦᠴᠦᠭᠡ᠂ ᠤᠷᠠᠨ ᠵᠢᠷᠤᠭ᠂ ᠪᠥᠵᠢᠭ᠂ | ᠠᠷᠠᠳ ᠤᠨ ᠠᠮᠠᠨ ᠵᠣᠬᠢᠶᠠᠯ᠂ ᠭᠠᠷ ᠤᠷᠠᠯᠠᠯ᠂ ᠬᠡᠷᠡᠭᠯᠡᠭᠡᠨ ᠤ ᠵᠠᠩ ᠳᠠᠳᠬᠠᠯ᠂ ᠨᠠᠭᠠᠳᠤᠮ ᠲᠣᠭᠯᠠᠭᠠᠮ᠂ ᠤᠯᠠᠮᠵᠢᠯᠠᠯᠲᠤ ᠪᠡᠶ᠎ᠡ ᠶᠢᠨ ᠲᠠᠮᠢᠷ ᠬᠢᠭᠡᠳ ᠤᠷᠤᠯᠳᠤᠭᠠᠨ ᠵᠡᠷᠭᠡ | 9 ᠳᠦᠷᠦᠯ ᠤᠨ 41 ᠳᠦᠷᠦᠯ ᠵᠦᠢᠯ ᠢ ᠬᠠᠮᠤᠷᠴᠠᠢ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ | ᠵᠦᠢᠯ 4᠂ ᠲᠦᠩᠯᠢᠶᠣᠣ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 15᠂ ᠰᠢᠶᠠᠨ ᠤ ᠳᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ 41 ᠪᠤᠶ᠃ ᠬᠤᠲᠠ ᠶᠢᠨ ᠲᠠᠰ ᠤᠨ ᠥᠪᠯᠡᠨ ᠤᠯᠠᠮᠵᠢᠯᠠᠬᠤ ᠰᠠᠭᠤᠷᠢᠨ ᠭᠠᠵᠠᠷ 1᠂ ᠬᠤᠲᠠ ᠶᠢᠨ ᠲᠠᠰ ᠤᠨ ᠠᠵᠢᠯ | ᠣᠯᠭᠤᠬᠤ ᠦᠢᠯᠡᠳᠬᠡᠯ ᠤᠨ ᠭᠠᠵᠠᠷ 3᠂ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ 2᠂ ᠥᠪᠡᠷᠲᠡᠭᠡᠨ | ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢᠨ ᠵᠢᠱᠢᠶ᠎ᠡ ᠦᠵᠡᠭᠦᠯᠭᠦ ᠰᠠᠭᠤᠷᠢᠨ | ᠭᠠᠵᠠᠷ 1 ᠪᠤᠶ᠃ | ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠬᠠᠷᠠᠭᠤᠯᠤᠨ᠎ᠠ᠃ ᠺᠠᠶᠢᠯᠤ ᠰᠢᠶᠠᠨ ᠪᠣᠳᠠᠰ ᠤᠨ ᠪᠤᠰᠤ ᠰᠣᠶᠣᠯ ᠤᠨ ᠥᠪ ᠬᠢᠭᠡᠳ | ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠲᠦᠭᠡᠮᠡᠯᠵᠢᠯᠲᠡ ᠶᠢᠨ ᠬᠡᠮᠵᠢᠶ᠎ᠡ᠂ ᠣᠷᠤᠯᠴᠠᠯᠭ᠎ᠠ | ᠶᠢᠨ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ︽ᠪᠣᠳᠠᠰ ᠤᠨ ᠪᠤᠰᠤ ᠰᠣᠶᠣᠯ ᠤᠨ ᠥᠪ + ᠰᠤᠳᠤᠯᠤᠨ ᠰᠤᠷᠤᠯᠴᠠᠬᠤ︾᠂ ︽ᠪᠣᠳᠠᠰ ᠤᠨ ᠪᠤᠰᠤ | ᠰᠣᠶᠣᠯ ᠤᠨ ᠥᠪ + ᠪᠠᠶᠠᠷ ᠳᠤᠷᠠᠰᠬᠠᠯ ᠤᠨ ᠡᠳᠦᠷ︾᠂ ︽ᠪᠣᠳᠠᠰ ᠤᠨ ᠪᠤᠰᠤ ᠰᠣᠶᠣᠯ ᠤᠨ ᠥᠪ + ᠰᠣᠶᠣᠯ ᠤᠨ ᠡᠭᠦᠳᠦᠯᠲᠡ︾ ᠵᠡᠷᠭᠡ ᠵᠢᠭᠤᠯᠴᠢᠯᠠᠯ ᠤᠨ ᠰᠢᠨ᠎ᠡ | ᠡᠵᠡᠩᠨᠡᠯᠲᠡ ᠶᠢᠨ ᠭᠡᠯᠪᠡᠷᠢ ᠶᠢ ᠡᠭᠦᠳᠴᠦ᠂ ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠢ ᠬᠤᠣᠰ ᠴᠢᠭᠯᠡᠯ ᠢᠶᠠᠷ ᠬᠠᠮᠲᠤᠷᠠᠯᠴᠠᠭᠤᠯᠵᠤ᠂ | ᠵᠢᠭᠤᠯᠴᠢᠯᠠᠯ ᠢ ᠨᠡᠩ ᠬᠥᠭᠵᠢᠶᠡᠨᠲᠡᠢ ᠪᠣᠯᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠪᠠᠳᠠᠷᠠᠭᠤᠯᠵᠤ | ᠪᠤᠢ᠃ | ︵ᠬᠤᠸᠠᠩ ᠷᠠᠨ ᠷᠠᠨ ᠯᠢᠦᠢ ᡁᠢ ᠮᠢᠨ ᠵᠠᠩ ᠶᠢᠩ︶ | |