︽ᠨᠠᠮ ᠤᠨ ᠢᠶᠠᠨ ᠠᠴᠢ ᠶᠢ ᠬᠠᠷᠢᠭᠤᠯᠠᠬᠤ ᠪᠠᠷ ᠨᠠᠰᠤ ᠪᠠᠷ ᠢᠶᠠᠨ ᠴᠢᠷᠮᠠᠶᠢᠨ᠎ᠠ︾
ᠨᠡᠶᠢᠲᠡᠯᠡᠭᠰᠡᠨ ᠴᠠᠭ᠄
2024/12/3
︽ᠨᠠᠮ ᠤᠨ ᠢᠶᠠᠨ ᠠᠴᠢ ᠶᠢ ᠬᠠᠷᠢᠭᠤᠯᠠᠬᠤ ᠪᠠᠷ ᠨᠠᠰᠤ ᠪᠠᠷ ᠢᠶᠠᠨ ᠴᠢᠷᠮᠠᠶᠢᠨ᠎ᠠ︾1.png
             ᠊᠊᠊᠊᠊᠊ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠢᠯ ᠠᠴᠠ ᠪᠠᠨ                  ᠠᠮᠠᠷᠠᠭᠰᠠᠨ  ᠠᠬᠠᠮᠠᠳ   ᠪᠠᠭᠰᠢ  ᠵᠤᠤ  ᠳ᠋ᠥᠸᠧ   ᠶᠢ  ᠲᠡᠮᠳᠡᠭᠯᠡᠪᠡ                    ᠰᠤᠷᠪᠤᠯᠵᠢᠯᠠᠬᠴᠢ᠄ ᠰᠠᠴᠤᠷᠠᠩᠭᠤᠢ  ᠴᠡᠯᠡᠭᠡᠷ   ᠴᠢᠮᠡᠭᠡᠯᠡᠭᠴᠢ᠄ ᠯᠢᠩᠬᠤ᠎ᠠ   ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠨᠠᠰᠤᠨ ᠤ ᠠᠮᠠᠷᠠᠯᠲᠠ ᠪᠠᠨ ᠠᠪᠤᠭᠰᠠᠨ ᠴᠤ ᠴᠠᠭ ᠦᠷᠭᠦᠯᠵᠢ ᠴᠢᠷᠮᠠᠶᠢᠨ ᠰᠤᠷᠤᠯᠴᠠᠭᠠᠳ ᠴᠢᠳᠠᠯ ᠤᠨ ᠬᠢᠷᠢ ᠪᠠᠷ ᠢᠶᠠᠨ ᠨᠡᠶᠢᠭᠡᠮ ᠨᠡᠶᠢᠲᠡ ᠳᠤ ᠦᠢᠯᠡᠴᠢᠯᠡᠵᠦ ᠶᠠᠪᠤᠭ᠎ᠠ ᠨᠢᠭᠡᠨ ᠠᠬᠠᠮᠠᠳ ᠪᠠᠭᠰᠢ ᠪᠤᠢ ᠭᠡᠵᠦ ᠰᠣᠨᠣᠰᠤᠭᠰᠠᠨ ᠪᠢᠳᠡ ᠲᠡᠭᠦᠨ ᠤ ᠲᠤᠬᠠᠢ ᠣᠶᠢᠯᠠᠭᠠᠬᠤ ᠪᠠᠷ ᠭᠡᠷ ᠲᠤᠨᠢ ᠭᠦᠷᠪᠡ᠃ ᠳᠡᠷᠢ ᠲᠡᠭᠰᠢ ᠡᠮᠦᠰᠴᠦ ᠵᠡᠭᠦᠭᠡᠳ᠂ ᠨᠢᠭᠤᠷ ᠴᠢᠷᠠᠢ ᠠᠴᠠ ᠨᠢ ᠤᠯᠠᠭ᠎ᠠ ᠪᠤᠲᠠᠷᠠᠬᠰᠠᠨ ᠲᠡᠭᠦᠨ ᠢ ᠳᠠᠯᠠᠨ ᠲᠠᠪᠤ ᠬᠦᠷᠴᠡᠢ ᠭᠡᠪᠡᠯ ᠬᠡᠨ ᠴᠤ ᠢᠲᠡᠭᠡᠬᠦ ᠦᠭᠡᠢ ᠨᠢ ᠮᠡᠳᠡᠭᠡᠵᠢ᠃ ᠭᠡᠷ ᠦᠷᠦᠭᠡ ᠪᠠᠨ ᠨᠣᠮ ᠢᠶᠠᠷ ᠴᠢᠮᠡᠵᠦ᠂ ᠥᠪᠡᠷ ᠤᠨ ᠠᠵᠢᠯ ᠠᠴᠠ ᠪᠠᠨ ᠠᠮᠠᠷᠠᠭᠰᠠᠨ ᠠᠴᠠ ᠨᠠᠭᠠᠰᠢᠬᠢ ᠬᠢᠵᠦ ᠪᠠᠶᠢᠭ᠎ᠠ ᠠᠵᠢᠯ ᠤᠳ ᠢᠶᠠᠨ ᠳᠠᠩᠰᠠᠯᠠᠵᠦ ᠳᠡᠪᠲᠡᠷᠯᠡᠭᠡᠳ ᠬᠤᠷᠭᠤ ᠳᠦᠭᠦᠷᠡᠩ ᠵᠢᠭᠳᠡᠷᠡᠭᠦᠯᠦᠭᠰᠡᠨ ᠨᠢ ᠠᠬᠠᠮᠠᠳ ᠪᠠᠭᠰᠢ ᠶᠢᠨ ᠰᠤᠷᠤᠯᠴᠠᠬᠤ ᠳᠤᠷᠠᠲᠠᠢ ᠮᠥᠷᠲᠡᠭᠡᠨ ᠬᠢᠵᠦ ᠪᠠᠶᠢᠭ᠎ᠠ ᠠᠵᠢᠯ ᠳᠠᠭᠠᠨ ᠬᠡᠴᠢᠨᠡᠭᠡᠨ ᠨᠢᠮᠪᠠᠢ ᠬᠠᠨᠳᠤᠳᠠᠭ ᠭᠡᠳᠡᠭ ᠢ ᠨᠢ ᠲᠣᠳᠣ ᠬᠠᠷᠠᠭᠤᠯᠤᠨ᠎ᠠ᠃ ᠨᠠᠰᠤᠲᠠᠨ ᠲᠠᠢ ᠵᠣᠭᠤᠭᠳᠠᠵᠤ ᠰᠠᠭᠤᠬᠤ ᠳᠤ᠂ ᠨᠢᠯᠬ᠎ᠠ ᠪᠠᠭ᠎ᠠ ᠠᠴᠠ  ᠪᠠᠨ ᠬᠤᠪᠢᠰᠬᠠᠯᠲᠤ ᠬᠥᠮᠦᠵᠢᠯ ᠭᠥᠷᠳᠡᠭᠰᠡᠨ ᠪᠥᠭᠡᠳ ᠬᠡᠵᠢᠶᠡᠳᠡ ᠨᠠᠮ ᠤᠨ ᠢᠶᠠᠨ ᠠᠴᠢ ᠳᠤ ᠲᠠᠯᠠᠷᠬᠠᠵᠤ ᠨᠠᠮ ᠢᠶᠠᠨ ᠬᠠᠶᠢᠷᠠᠯᠠᠨ ᠨᠠᠮ ᠢᠶᠠᠨ ᠳᠠᠭᠠᠬᠰᠠᠭᠠᠷ ᠢᠷᠡᠭᠰᠡᠨ ᠰᠢᠯᠢᠳᠡᠭ ᠨᠠᠮ ᠤᠨ ᠭᠡᠰᠢᠭᠦᠨ ᠤ ᠳᠦᠷᠢ ᠲᠣᠳᠣᠷᠠᠵᠤ ᠢᠷᠡᠨ᠎ᠡ᠃      ᠬᠤᠪᠢᠰᠬᠠᠯᠲᠤ ᠭᠡᠷ ᠪᠦᠯᠢ ᠳᠤ ᠲᠦᠷᠦᠵᠦ ᠥᠰᠴᠦ      ᠨᠠᠮ ᠤᠨ ᠬᠠᠶᠢᠷ᠎ᠠ ᠬᠠᠯᠠᠮᠵᠢ ᠶᠢ  ᠭᠦᠨ ᠭᠦᠷᠲᠡᠪᠡ   — ᠪᠢ ᠪᠠᠭ᠎ᠠ ᠰᠤᠷᠭᠠᠭᠤᠯᠢ ᠠᠴᠠ ᠪᠠᠨ ᠶᠡᠭᠡ ᠰᠤᠷᠭᠠᠭᠤᠯᠢ ᠲᠡᠭᠦᠰᠲᠡᠯ᠎ᠡ ᠠᠪᠤ ᠡᠵᠢ ᠠᠴᠠ ᠪᠠᠨ ᠰᠤᠷᠤᠯᠭ᠎ᠠ ᠶᠢᠨ ᠵᠠᠷᠤᠳᠠᠯ ᠭᠡᠵᠦ ᠨᠢᠭᠡ ᠮᠥᠩᠭᠦ ᠴᠤ ᠠᠪᠤᠭᠰᠠᠨ ᠦᠭᠡᠢ᠂ ᠮᠢᠨᠤ ᠪᠦᠭᠦ ᠰᠤᠷᠤᠯᠭ᠎ᠠ ᠶᠢᠨ ᠰᠦᠢᠳᠬᠡᠯ ᠢ ᠪᠦᠷ ᠤᠯᠤᠰ ᠠᠴᠠ ᠭᠠᠷᠭᠠᠵᠤ ᠥᠭᠭᠦᠭᠰᠡᠨ ᠪᠥᠭᠡᠳ ᠳᠡᠭᠡᠷ᠎ᠡ ᠨᠢ ᠪᠠᠰᠠ ᠰᠤᠯᠠ ᠵᠠᠷᠤᠳᠠᠯ ᠬᠡᠮᠡᠨ ᠨᠥᠬᠦᠪᠦᠷᠢ ᠮᠥᠩᠭᠦ ᠦᠭᠳᠡᠭ ᠪᠠᠶᠢᠭᠰᠠᠨ ᠶᠤᠮ᠃ ᠪᠢ ᠶᠡᠭᠡ ᠰᠤᠷᠭᠠᠭᠤᠯᠢ ᠪᠠᠨ ᠲᠡᠭᠦᠰᠬᠡᠭᠰᠡᠨ ᠤ ᠳᠠᠷᠠᠭ᠎ᠠ ᠪᠠᠭᠰᠢᠯᠠᠭᠰᠠᠨ ᠪᠥᠭᠡᠳ ᠰᠡᠭᠦᠯᠡᠷ ᠨᠢ ᠪᠠᠰᠠ ᠭᠡᠳᠦ ᠬᠡᠳᠦᠨ ᠰᠤᠷᠭᠠᠭᠤᠯᠢ ᠳᠤ ᠵᠠᠬᠢᠷᠤᠯ᠂ ᠨᠠᠮ ᠤᠨ ᠬᠤᠷᠢᠶ᠎ᠠ ᠶᠢᠨ ᠱᠦᠵᠢ ᠪᠠᠷ ᠠᠵᠢᠯᠯᠠᠵᠤ᠂ ᠬᠤᠰᠢᠭᠤᠨ ᠤ ᠪᠠᠨ ᠬᠡᠳᠦᠨ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠨᠠᠮ ᠤᠨ ᠲᠥᠯᠥᠭᠡᠯᠡᠭᠴᠢ ᠶᠠᠪᠤᠭᠰᠠᠨ᠃ ᠡᠳᠡᠭᠡᠷ ᠪᠦᠭᠦᠨ ᠪᠦᠷ ᠠᠭᠤᠤ ᠨᠠᠮ ᠤᠨ ᠮᠢᠨᠢ ᠠᠴᠢ ᠭᠠᠪᠢᠶ᠎ᠠ ᠠᠴᠠ ᠰᠠᠯᠵᠤ ᠴᠢᠳᠠᠬᠤ ᠦᠭᠡᠢ ᠰᠢᠦ᠃ ᠶᠠᠭ ᠡᠶᠢᠮᠦ ᠠᠴᠠ ᠪᠢ ᠤᠳᠤ ᠠᠵᠢᠯ ᠠᠴᠠ ᠪᠠᠨ ᠠᠮᠠᠷᠠᠭᠰᠠᠨ ᠴᠤ ᠨᠠᠮ ᠤᠨ ᠠᠴᠢ ᠳᠤ ᠲᠠᠯᠠᠷᠬᠠᠬᠤ ᠰᠡᠳᠬᠢᠯᠭᠡ ᠪᠠᠷ ᠴᠢᠳᠠᠯ ᠤᠨ ᠬᠢᠷᠢ ᠪᠠᠷ ᠢᠶᠠᠨ ᠠᠵᠢᠯᠯᠠᠵᠤ ᠰᠤᠷᠤᠯᠴᠠᠨ᠂ ᠨᠡᠶᠢᠭᠡᠮ ᠨᠡᠶᠢᠲᠡ ᠳᠤ ᠥᠪᠡᠷ ᠤᠨ ᠭᠡᠬᠦ ᠬᠦᠴᠦᠨ ᠵᠢᠳᠬᠦᠯ ᠢᠶᠠᠨ ᠦᠵᠡᠭᠦᠯᠭᠦ ᠪᠠᠷ ᠴᠢᠷᠮᠠᠶᠢᠵᠤ ᠪᠠᠶᠢᠨ᠎ᠠ ᠭᠡᠵᠦ ᠰᠡᠳᠬᠢᠯ ᠳᠣᠭᠳᠣᠯᠤᠨ ᠬᠡᠯᠡᠬᠦ ᠵᠤᠤ ᠳ᠋ᠥᠸᠧ ᠪᠠᠭᠰᠢ ᠪᠣᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠢᠯ  ᠠᠴᠠ ᠪᠠᠨ ᠳᠠᠷᠬᠠᠯᠠᠬᠳᠠᠵᠦ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠳ ᠤᠨ ᠨᠠᠮ ᠤᠨ ᠠᠵᠢᠯᠯᠠᠬᠤ ᠬᠤᠷᠢᠶ᠎ᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠤᠶᠠᠳᠤᠭᠠᠷ ᠶᠡᠷᠦᠩᠬᠡᠢ ᠨᠠᠮ ᠤᠨ ᠡᠭᠦᠷ ᠤᠨ ᠱᠦᠵᠢ ᠪᠥᠭᠡᠳ ᠬᠤᠰᠢᠭᠤᠨ ᠤ ᠠᠵᠢᠯ ᠠᠴᠠ ᠪᠠᠨ ᠳᠠᠷᠬᠠᠯᠠᠬᠳᠠᠵᠦ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠳ ᠤᠨ ᠨᠠᠮ ᠤᠨ ᠠᠵᠢᠯᠯᠠᠬᠤ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠳᠠᠷᠤᠭ᠎ᠠ ᠪᠤᠯᠬᠤ ᠶᠤᠮ᠃
︽ᠨᠠᠮ ᠤᠨ ᠢᠶᠠᠨ ᠠᠴᠢ ᠶᠢ ᠬᠠᠷᠢᠭᠤᠯᠠᠬᠤ ᠪᠠᠷ ᠨᠠᠰᠤ ᠪᠠᠷ ᠢᠶᠠᠨ ᠴᠢᠷᠮᠠᠶᠢᠨ᠎ᠠ︾2.png
    ᠵᠤᠤ ᠳ᠋ᠥᠸᠧ ᠨᠠᠰᠤᠲᠠᠨ 1950 ᠣᠨ ᠳᠤ ᠲᠤᠬᠠᠢ ᠶᠢᠨ ᠦᠶ᠎ᠡ ᠶᠢᠨ ᠱᠤᠸᠠᠩ ᠯᠢᠶᠤᠤ ᠰᠢᠶᠠᠨ ᠤ ᠠᠮᠠᠰᠠᠷ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠩ ᠳᠤ ᠲᠦᠷᠦᠵᠦ᠂ ᠬᠠᠷᠠᠬᠠᠨ ᠪᠠᠭ᠎ᠠ ᠠᠴᠠ ᠪᠠᠨ ᠪᠢᠴᠢᠭ ᠰᠣᠶᠣᠯ ᠤᠨ ᠮᠥᠷ ᠢ ᠬᠥᠭᠡᠭᠡᠨ 1975 ᠣᠨ ᠳᠤ ᠭᠢᠷᠢᠨ ᠮᠤᠵᠢ ᠶᠢᠨ ᠪᠠᠭᠰᠢ ᠶᠢᠨ ᠶᠡᠭᠡ ᠰᠤᠷᠭᠠᠭᠤᠯᠢ ᠠᠴᠠ ᠤᠯᠤᠰ ᠲᠦᠷᠦ ᠲᠡᠦᠬᠡ ᠶᠢᠨ ᠮᠡᠷᠭᠡᠵᠢᠯ ᠢᠶᠠᠷ ᠰᠤᠷᠤᠯᠭ᠎ᠠ ᠲᠡᠭᠦᠰᠴᠦ᠂ ᠲᠡᠷᠡ ᠵᠢᠯ ᠳᠡᠭᠡᠨ ᠠᠮᠠᠰᠠᠷ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠭᠰᠢᠯᠠᠵᠠᠢ᠃ ᠲᠡᠳᠡᠨ ᠤ ᠬᠢᠨ ᠤ ᠠᠮᠢᠳᠤᠷᠠᠯ ᠨᠢ ᠬᠦᠴᠢᠷᠲᠡᠢ ᠪᠥᠭᠡᠳ ᠠᠪᠤ ᠨᠢ ᠠᠷᠠᠳ ᠤᠨ ᠴᠢᠯᠦᠭᠡᠯᠡᠬᠦ ᠴᠡᠷᠢᠭ᠂ ᠬᠤᠶᠠᠷ ᠠᠪᠠᠭ᠎ᠠ ᠨᠢ ᠪᠦᠷ ᠥᠪᠥᠷ ᠮᠣᠩᠭᠤᠯ ᠤᠨ ᠮᠣᠷᠢᠲᠤ ᠴᠡᠷᠢᠭ ᠪᠠ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠳᠠᠶᠢᠨ ᠤ ᠰᠠᠶᠢᠨ ᠳᠤᠷ᠎ᠠ ᠶᠢᠨ ᠴᠡᠷᠢᠭ ᠭᠡᠬᠦ ᠮᠡᠲᠦ ᠪᠠᠷ ᠪᠦᠷ ᠠᠬᠠᠮᠠᠳ ᠬᠤᠪᠢᠰᠬᠠᠯᠴᠢ ᠪᠠᠶᠢᠭᠰᠠᠨ ᠢᠶᠠᠷ᠂ ᠵᠤᠤ ᠳ᠋ᠥᠸᠧ ᠪᠠᠭ᠎ᠠ ᠠᠴᠠ ᠪᠠᠨ ᠲᠡᠳᠡ ᠨᠠᠷ ᠤᠨ ᠢᠶᠠᠨ ᠨᠥᠯᠥᠭᠡ ᠪᠣᠯᠣᠨ ᠰᠤᠷᠭᠠᠯ ᠢ ᠭᠦᠨ ᠬᠦᠷᠲᠡᠵᠦ᠂ ᠨᠠᠮ ᠠᠷᠠᠳ ᠲᠦᠮᠡᠨ ᠪᠣᠯᠣᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠷ ᠪᠢᠯᠬᠠᠮ᠎ᠠ ᠬᠥᠮᠥᠨ ᠪᠣᠯᠵᠤ ᠬᠥᠮᠥᠵᠢᠭᠳᠡᠵᠡᠢ᠃ ᠨᠡᠩ ᠣᠨᠴᠠᠭᠠᠶᠢᠯᠠᠨ ᠪᠢᠴᠢᠭ ᠦᠵᠡᠭᠰᠡᠨ ᠴᠠᠭ ᠠᠴᠠ ᠨᠢ ᠠᠪᠤᠭᠠᠳ ︽ᠬᠤᠪᠢᠰᠬᠠᠯᠲᠤ ᠭᠡᠷ ᠪᠦᠯᠢ ᠶᠢᠨ ᠬᠡᠦᠬᠡᠳ︾ ᠬᠡᠮᠡᠨ ᠤᠯᠤᠰ ᠠᠴᠠ ᠲᠡᠭᠦᠨ ᠤ ᠰᠤᠷᠤᠯᠭ᠎ᠠ ᠶᠢᠨ ᠰᠦᠢᠳᠬᠡᠯ ᠢ ᠨᠢ ᠬᠡᠯᠲᠦᠷᠢᠭᠦᠯᠦᠭᠰᠡᠭᠡᠷ ᠢᠷᠡᠵᠡᠢ᠃ ᠲᠡᠶᠢᠮᠦ ᠠᠴᠠ ᠵᠤᠤ ᠳ᠋ᠥᠸᠧ ᠰᠤᠷᠤᠬᠴᠢ ᠪᠠᠶᠢᠭᠰᠠᠨ ᠦᠶ᠎ᠡ ᠠᠴᠠ ᠪᠠᠨ ᠠᠪᠤᠭᠠᠳ ᠬᠤᠵᠢᠮ ᠴᠢᠳᠠᠯ ᠣᠷᠣᠭᠰᠠᠭᠠᠷ ᠨᠠᠮ ᠤᠨ ᠢᠶᠠᠨ ᠠᠴᠢ ᠶᠢ ᠬᠠᠷᠢᠭᠤᠯᠠᠨ ᠤᠯᠤᠰ ᠭᠡᠷ ᠲᠡᠭᠡᠨ ᠬᠦᠴᠦᠨ ᠵᠢᠳᠬᠦᠯ ᠢᠶᠠᠨ ᠦᠵᠡᠭᠦᠯᠦᠨ᠎ᠡ ᠭᠡᠵᠦ ᠴᠢᠩᠭ᠎ᠠ ᠪᠤᠳᠤᠬᠰᠠᠭᠠᠷ ᠪᠠᠶᠢᠵᠠᠢ᠃      ᠲᠤᠬᠠᠶᠢᠯᠠᠭᠰᠠᠨ ᠠᠵᠢᠯ ᠢᠶᠠᠨ ᠭᠢᠯᠠᠷᠠᠲᠠᠯ᠎ᠠ ᠬᠢᠵᠦ ᠰᠣᠳᠣᠨ ᠪᠠᠭᠰᠢ ᠰᠠᠶᠢᠨ ᠵᠠᠬᠢᠷᠤᠯ ᠪᠣᠯᠪᠠ   ᠲᠡᠷᠡ ᠠᠵᠢᠯ ᠳᠤ ᠭᠠᠷᠤᠭᠰᠠᠨ ᠲᠡᠷᠡ ᠵᠢᠯ ᠳᠡᠭᠡᠨ ᠳᠡᠭᠡᠳᠦ ᠳᠤᠮᠳᠠᠳᠤ ᠶᠢᠨ ᠲᠡᠭᠦᠰᠬᠦ ᠠᠩᠭᠢ ᠶᠢᠨ ᠤᠯᠤᠰ ᠲᠦᠷᠦ ᠶᠢᠨ ᠬᠢᠴᠢᠶᠡᠯ ᠢ ᠵᠢᠭᠠᠪᠠ᠃ ᠠᠩᠬ᠎ᠠ ᠠᠵᠢᠯ ᠳᠤ ᠭᠠᠷᠤᠭᠰᠠᠨ ᠪᠠᠭᠰᠢ ᠲᠡᠭᠦᠰᠬᠦ ᠣᠨ ᠤ ᠬᠢᠴᠢᠶᠡᠯ ᠢ ᠬᠤᠪᠢᠳᠠᠨ ᠵᠢᠭᠠᠬᠤ ᠭᠡᠳᠡᠭ ᠵᠣᠷᠢᠭ ᠵᠢᠷᠦᠬᠡ ᠲᠠᠢ ᠯᠠ ᠬᠥᠮᠥᠨ ᠤ ᠬᠢᠳᠡᠯ ᠶᠤᠮ᠃ ᠳᠠᠷᠠᠭ᠎ᠠ ᠵᠢᠯ ᠠᠴᠠ  ᠨᠢ ᠲᠡᠷᠡ ᠠᠩᠭᠢ ᠶᠢᠨ ᠡᠷᠭᠢᠯᠡᠭᠴᠢ ᠪᠣᠯᠪᠠ᠃ ᠪᠠᠭᠰᠢ ᠪᠣᠯᠣᠭᠰᠠᠳ ᠲᠤ ᠠᠪᠴᠤ ᠬᠡᠯᠡᠪᠡᠯ᠂ ᠬᠢᠴᠢᠶᠡᠯ ᠢᠶᠠᠨ ᠰᠠᠶᠢᠲᠤᠷ ᠵᠢᠭᠠᠵᠤ ᠰᠤᠷᠤᠬᠴᠢ ᠪᠠᠨ ᠬᠠᠶᠢᠷᠠᠯᠠᠨ ᠰᠤᠷᠤᠬᠴᠢ ᠳᠤ ᠬᠠᠷᠢᠭᠤᠴᠠᠬᠤ ᠪᠣᠯ ᠬᠠᠮᠤᠭ ᠤᠨ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠭᠡᠳᠡᠭ ᠢ ᠰᠠᠶᠢᠨ ᠮᠡᠳᠡᠳᠡᠭ ᠵᠤᠤ ᠳ᠋ᠥᠸᠧ ᠰᠤᠷᠤᠬᠴᠢ ᠳᠤ ᠬᠠᠷᠢᠭᠤᠴᠠᠨ ᠬᠤᠪᠢᠳᠠᠭᠰᠠᠨ ᠬᠢᠴᠢᠶᠡᠯ ᠢᠶᠠᠨ ᠰᠠᠶᠢᠨ ᠵᠢᠭᠠᠬᠤ ᠪᠠᠷ ᠥᠷᠯᠥᠭᠡ ᠦᠳᠡᠰᠢ ᠶᠢ ᠲᠡᠮᠡᠴᠡᠨ ᠠᠵᠢᠯᠯᠠᠵᠠᠢ᠃ ᠤᠴᠢᠷ ᠨᠢ ᠰᠠᠶ᠋ᠢᠬᠠᠨ ᠠᠵᠢᠯ ᠳᠤ ᠭᠠᠷᠤᠭᠰᠠᠨ ᠵᠤᠤ ᠳ᠋ᠥᠸᠧ ᠳᠤ ᠠᠪᠴᠤ ᠬᠡᠯᠡᠪᠡᠯ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠨᠢ ᠨᠠᠮ ᠤᠨ ᠢᠶᠠᠨ ᠠᠴᠢ ᠶᠢ ᠬᠠᠷᠢᠭᠤᠯᠠᠬᠤ ᠴᠤᠷ ᠤᠨ ᠭᠠᠭᠴᠠ ᠠᠷᠭ᠎ᠠ ᠵᠠᠮ ᠭᠡᠳᠡᠭ ᠢ ᠲᠡᠷᠡ ᠬᠡᠨ ᠠᠴᠠ ᠴᠤ ᠲᠣᠳᠣᠷᠬᠠᠢ ᠮᠡᠳᠡᠨ᠎ᠡ᠃ ᠴᠢᠷᠮᠠᠶᠢᠯᠭ᠎ᠠ ᠬᠥᠮᠥᠨ ᠢ ᠭᠤᠮᠣᠳᠠᠭᠠᠬᠤ ᠦᠭᠡᠢ ᠪᠠᠶᠢᠳᠠᠭ ᠪᠣᠯᠬᠤᠷ᠂ ᠣᠬᠤᠷᠬᠠᠨ ᠬᠡᠳᠦᠨ ᠵᠢᠯ ᠤᠨ ᠳᠣᠲᠣᠷ᠎ᠠ ᠵᠤᠤ ᠳ᠋ᠥᠸᠧ ᠬᠢᠴᠢᠶᠡᠯ ᠢ ᠰᠠᠶᠢᠨ ᠵᠢᠭᠠᠳᠠᠭ ᠮᠥᠷᠲᠡᠭᠡᠨ ᠬᠠᠷᠢᠭᠤᠴᠠᠯᠭ᠎ᠠ ᠲᠠᠢ ᠰᠠᠶᠢᠨ ᠪᠠᠭᠰᠢ ᠨᠡᠷ᠎ᠡ ᠶᠢ ᠵᠡᠭᠦᠵᠦ᠂ ᠱᠤᠸᠠᠩ ᠯᠢᠶᠤᠤ ᠰᠢᠶᠠᠨ ᠤ ︽ᠵᠢᠱᠢᠶᠡᠴᠢ ᠠᠩᠭᠢ ᠶᠢᠨ ᠡᠷᠭᠢᠯᠡᠭᠴᠢ︾ ᠪᠠᠷ ᠬᠥᠬᠢᠭᠦᠯᠦᠭᠳᠡᠵᠦ᠂ ᠰᠧ ᠫᠢᠩ ᠬᠤᠳᠠ ᠶᠢᠨ ︽ᠲᠡᠷᠢᠭᠦᠨ ᠤ ᠪᠠᠭᠰᠢ︾ ᠪᠠᠷ ᠦᠨᠡᠯᠡᠭᠳᠡᠵᠦ ᠪᠠᠶᠢᠯ᠎ᠠ᠃
︽ᠨᠠᠮ ᠤᠨ ᠢᠶᠠᠨ ᠠᠴᠢ ᠶᠢ ᠬᠠᠷᠢᠭᠤᠯᠠᠬᠤ ᠪᠠᠷ ᠨᠠᠰᠤ ᠪᠠᠷ ᠢᠶᠠᠨ ᠴᠢᠷᠮᠠᠶᠢᠨ᠎ᠠ︾3.png
   ᠠᠮᠢᠳᠤᠷᠠᠯ ᠤᠨ ᠡᠷᠬᠡ ᠪᠠᠷ᠂ ᠵᠤᠤ ᠳ᠋ᠥᠸᠧ 1980 ᠣᠨ ᠤ 9 ᠰᠠᠷ᠎ᠠ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠥᠪ ᠭᠠᠨᠵᠤᠭ᠎ᠠ ᠪᠠᠯᠭᠠᠰᠤᠨ ᠳᠤ ᠠᠵᠢᠯ ᠰᠢᠯᠵᠢᠵᠡᠢ᠃ ᠰᠢᠵᠢᠷ ᠠᠯᠳᠠ ᠶᠢ ᠬᠠᠮᠢᠭ᠎ᠠ ᠲᠠᠯᠪᠢᠭᠰᠠᠨ ᠴᠤ ᠭᠡᠷᠡᠯ ᠭᠠᠷᠬᠤ ᠪᠠᠨ ᠠᠯᠳᠠᠳᠠᠭ ᠦᠭᠡᠢ ᠲᠠᠢ ᠠᠳᠠᠯᠢ ᠪᠠᠷ᠂ ᠬᠡᠵᠢᠶ᠎ᠡ ᠬᠠᠮᠢᠭ᠎ᠠ ᠠᠵᠢᠯᠯᠠᠭᠰᠠᠨ ᠴᠤ ᠠᠮᠢ ᠪᠡᠶ᠎ᠡ ᠪᠠᠨ ᠤᠮᠠᠷᠲᠠᠨ ᠠᠵᠢᠯᠯᠠᠳᠠᠭ ᠨᠢ ᠲᠡᠭᠦᠨ ᠤ ᠲᠥᠷᠥᠯᠬᠢ ᠶᠢᠨ ᠠᠷᠠᠨᠰᠢᠨ ᠠ᠋᠃ ᠲᠡᠷᠡ ᠠᠩᠬ᠎ᠠ ᠡᠬᠢᠨ ᠳᠡᠭᠡᠨ ᠭᠠᠨᠵᠤᠭ᠎ᠠ ᠳᠠᠬᠢ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠤᠯᠤᠰ ᠲᠦᠷᠦ ᠶᠢᠨ ᠬᠢᠴᠢᠶᠡᠯ ᠤᠨ ᠪᠠᠭᠰᠢ᠂ ᠠᠩᠭᠢ ᠶᠢᠨ ᠡᠷᠭᠢᠯᠡᠭᠴᠢ ᠪᠠᠷ ᠠᠵᠢᠯᠯᠠᠪᠠ᠃ ᠰᠤᠷᠭᠠᠭᠤᠯᠢ ᠪᠠᠷ ᠭᠡᠷ ᠢᠶᠠᠨ ᠪᠤᠯᠭᠠᠵᠦ᠂ ᠰᠤᠷᠤᠬᠴᠢ ᠪᠠᠨ ᠬᠡᠦᠬᠡᠳ ᠢᠶᠠᠨ ᠰᠢᠭ ᠬᠠᠶᠢᠷᠠᠯᠠᠵᠤ᠂ ᠡᠷᠭᠢᠯᠡᠭᠰᠡᠨ ᠠᠩᠭᠢ ᠪᠠᠨ ᠰᠠᠶᠢᠲᠤᠷ ᠬᠠᠮᠢᠶᠠᠷᠴᠤ᠂ ᠬᠤᠪᠢᠳᠠᠭᠰᠠᠨ ᠬᠢᠴᠢᠶᠡᠯ ᠢᠶᠠᠨ ᠨᠠᠷᠢᠯᠢᠭ ᠪᠥᠭᠡᠳ ᠰᠠᠶᠢᠨ ᠵᠢᠭᠠᠬᠤ ᠶᠢ ᠬᠢᠴᠢᠶᠡᠳᠡᠭ ᠨᠢ ᠬᠠᠶᠢᠷ᠎ᠠ ᠬᠠᠷᠢᠭᠤᠴᠠᠯᠭ᠎ᠠ ᠪᠠᠨ ᠬᠠᠮᠲᠤ ᠳᠤᠨᠢ ᠭᠦᠢᠴᠡᠳᠬᠡᠵᠦ ᠶᠠᠪᠤᠳᠠᠭ ᠵᠤᠤ ᠳ᠋ᠥᠸᠧ ᠪᠠᠭᠰᠢ ᠶᠢᠨ ᠣᠨᠴᠠᠯᠢᠭ ᠭᠡᠯᠲᠡᠢ᠃ 1984 ᠣᠨ ᠳᠤ ᠲᠡᠭᠦᠨ ᠤ ᠵᠢᠭᠠᠭᠰᠠᠨ 6 ᠠᠩᠭᠢ ᠶᠢᠨ ᠬᠢᠴᠢᠶᠡᠯ ᠤᠨ ᠬᠢᠷᠢ ᠪᠦᠲᠦᠮᠵᠢ ᠲᠡᠭᠰᠢᠳᠬᠡᠯ ᠬᠤᠪᠢ ᠪᠠᠷ ᠢᠶᠠᠨ ᠪᠦᠭᠦ ᠬᠤᠰᠢᠭᠤᠨ ᠳᠤ ᠲᠡᠷᠢᠭᠦᠯᠡᠪᠡ᠃ ᠤᠯᠠᠨ ᠤ ᠨᠢᠳᠦ ᠤᠳᠤ ᠲᠠᠢ ᠠᠳᠠᠯᠢ ᠭᠡᠳᠡᠭ ᠢᠶᠠᠷ᠂ ᠲᠡᠭᠦᠨ ᠤ ᠲᠤᠬᠠᠶᠢᠯᠠᠭᠰᠠᠨ ᠠᠵᠢᠯ ᠤᠨ ᠬᠢᠷᠢ ᠪᠦᠲᠦᠮᠵᠢ ᠤᠯᠠᠨ ᠤ ᠨᠢᠳᠦᠨ ᠳᠤ ᠥᠷᠲᠥᠵᠦ᠂ ᠵᠤᠤ ᠳ᠋ᠥᠸᠧ ᠭᠡᠬᠦ ᠵᠠᠯᠠᠭᠤ ᠪᠠᠭᠰᠢ ᠬᠠᠮᠢᠶ᠎ᠠ ᠪᠦᠬᠦᠢ ᠤᠳᠤᠷᠢᠳᠤᠯᠭ᠎ᠠ ᠨᠠᠷ ᠤᠨ ᠠᠩᠬᠠᠷᠤᠯ ᠳᠤ ᠬᠦᠷᠴᠦ ᠪᠠᠶᠢᠪᠠ᠃ 1988 ᠣᠨ ᠤ ᠨᠢᠭᠡᠨ ᠡᠳᠦᠷ᠂ ᠭᠠᠨᠵᠤᠭ᠎ᠠ ᠪᠠᠯᠭᠠᠰᠤ ᠶᠢᠨ ᠳᠤᠮᠳᠠᠳᠤ ᠰᠤᠷᠭᠠᠭᠤᠯᠢ ᠶᠢᠨ ᠵᠠᠬᠢᠷᠤᠯ ᠢᠶᠠᠷ ᠲᠣᠮᠢᠯᠠᠭᠳᠠᠴᠢᠬᠠᠬᠤ ᠭᠡᠳᠡᠭ ᠢᠶᠠᠨ ᠡᠩ ᠤᠨ ᠪᠠᠭᠰᠢ ᠪᠠᠶᠢᠭᠰᠠᠨ ᠵᠤᠤ ᠳ᠋ᠥᠸᠧ ᠵᠡᠭᠦᠳᠦᠯᠡᠵᠦ ᠴᠤ ᠥᠩᠭᠡᠷᠡᠭᠰᠡᠨ ᠦᠭᠡᠢ ᠪᠠᠶᠢᠯ᠎ᠠ᠃ ᠬᠢᠴᠢᠶᠡᠯ ᠵᠢᠭᠠᠵᠤ ᠠᠩᠭᠢ ᠶᠢᠨ ᠡᠷᠭᠢᠯᠡᠭᠴᠢ ᠪᠣᠯᠪᠠᠯ ᠬᠦᠰᠡᠯ ᠨᠢ ᠭᠦᠢᠴᠡᠴᠢᠬᠡᠳᠡᠭ ᠵᠤᠤ ᠳ᠋ᠥᠸᠧ ᠲᠣᠪᠴᠢᠶᠠᠨ ᠳᠠᠷᠤᠭ᠎ᠠ ᠪᠠᠨ ᠡᠷᠢᠵᠦ ᠵᠠᠬᠢᠷᠤᠯ ᠪᠤᠯᠬᠤ ᠳᠤᠷ᠎ᠠ ᠦᠭᠡᠢ ᠪᠠᠨ ᠬᠡᠯᠡᠪᠡ᠃ ︽ᠡᠩ ᠤᠨ ᠪᠠᠭᠰᠢ ᠠᠴᠠ ᠰᠢᠭᠤᠳ ᠵᠠᠬᠢᠷᠤᠯ ᠪᠣᠯᠤᠭᠰᠠᠨ ᠬᠥᠮᠥᠨ ᠪᠦᠭᠦ ᠳᠤᠮᠳᠠᠳᠤ ᠤᠯᠤᠰ ᠲᠤ ᠴᠢᠯᠦᠭᠡᠯᠡᠭᠳᠡᠭᠰᠡᠨ ᠠᠴᠠ ᠨᠠᠭᠠᠰᠢ ᠲᠠᠨ ᠠᠴᠠ ᠥᠭᠡᠷ᠎ᠡ ᠦᠭᠡᠢ︾ ᠭᠡᠳ ᠲᠣᠪᠴᠢᠶᠠᠨ ᠳᠠᠷᠤᠭ᠎ᠠ ᠨᠢ ᠨᠠᠭᠠᠳᠤᠮ ᠱᠤᠭ ᠬᠡᠯᠡᠭᠡᠳ ᠲᠠᠰᠤ ᠵᠥᠪᠰᠢᠶᠡᠷᠡᠬᠦ ᠦᠭᠡᠢ ᠪᠠᠶᠢᠵᠤ᠂ ᠵᠠᠪᠠᠯ ᠲᠡᠭᠦᠨ ᠢ ᠵᠠᠬᠢᠷᠤᠯ ᠪᠤᠯᠭᠠᠬᠤ ᠭᠡᠵᠦ ᠵᠢᠳᠬᠦᠪᠡ᠃ ᠡᠶᠢᠨ ᠬᠦ ᠵᠤᠤ ᠳ᠋ᠥᠸᠧ ᠭᠠᠨᠵᠤᠭ᠎ᠠ ᠪᠠᠯᠭᠠᠰᠤ ᠶᠢᠨ ᠳᠤᠮᠳᠠᠳᠤ ᠰᠤᠷᠭᠠᠭᠤᠯᠢ ᠶᠢᠨ ᠵᠠᠬᠢᠷᠤᠯ ᠪᠣᠯᠵᠤ᠂ ᠳᠠᠷᠠᠭ᠎ᠠ ᠵᠢᠯ ᠠᠴᠠ ᠨᠢ ᠰᠤᠷᠭᠠᠭᠤᠯᠢ ᠶᠢᠨ ᠢᠶᠠᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠠᠢ᠃ 80 ᠭᠠᠷᠤᠢ ᠪᠠᠭᠰᠢ᠂ 500 ᠭᠠᠷᠤᠢ ᠰᠤᠷᠤᠬᠴᠢ ᠲᠠᠢ ᠪᠠᠶᠢᠭᠰᠠᠨ ᠲᠡᠷᠡ ᠰᠤᠷᠭᠠᠭᠤᠯᠢ ᠶᠢᠨ ᠬᠢᠨᠢ ᠨᠥᠬᠦᠴᠡᠯ ᠲᠤᠩ ᠮᠠᠭᠤ ᠪᠥᠭᠡᠳ ᠣᠷᠴᠢᠨ ᠲᠣᠭᠤᠷᠢᠨ ᠨᠢ ᠡᠯᠡᠰᠦᠷᠬᠡᠭᠵᠢᠵᠦ᠂ ᠬᠢᠴᠢᠶᠡᠯ ᠣᠷᠣᠭᠠᠳ ᠬᠢᠴᠢᠶᠡᠯ ᠪᠠᠭᠤᠬᠤ ᠪᠤᠯᠳᠠᠯᠠᠭᠢ ᠴᠠᠭ ᠰᠢᠬᠠᠮ ᠤᠨ ᠬᠤᠭᠤᠷᠣᠨᠳᠤ ᠡᠯᠡᠰᠦ ᠰᠢᠷᠣᠢ ᠬᠡᠶᠢᠰᠴᠦ ᠢᠷᠡᠭᠡᠳ ᠡᠭᠦᠳᠡ ᠬᠠᠭᠠᠯᠭ᠎ᠠ ᠶᠢ ᠨᠢ ᠪᠥᠭᠯᠡᠭᠡᠳ ᠨᠡᠭᠡᠭᠡᠵᠦ ᠳᠡᠶᠢᠯᠭᠦ ᠦᠭᠡᠢ ᠪᠣᠯᠴᠢᠬᠠᠳᠠᠭ᠃ ᠵᠤᠤ ᠳ᠋ᠥᠸᠧ ᠲᠡᠷᠡ ᠪᠠᠶᠢᠳᠠᠯ ᠢ ᠥᠭᠡᠷᠡᠴᠢᠯᠡᠬᠦ ᠶᠢᠨ ᠲᠥᠯᠥᠭᠡ ᠠᠯᠢ ᠤᠯᠠᠨ ᠠᠵᠢᠯ ᠬᠢᠵᠡᠢ᠃ ᠲᠡᠷᠡ ᠰᠤᠷᠭᠠᠭᠤᠯᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠵᠢᠭᠠᠨ ᠰᠤᠷᠭᠠᠯᠲᠠ ᠶᠢ ᠬᠦᠴᠦᠲᠡᠢ ᠠᠳᠬᠤᠬᠤ ᠶᠢᠨ ᠳᠠᠭᠠᠤ ᠰᠤᠷᠭᠠᠭᠤᠯᠢ ᠪᠠᠨ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠲᠡᠷᠢᠭᠦᠨ ᠤ ᠰᠤᠷᠭᠠᠭᠤᠯᠢ ᠶᠢᠨ ᠡᠩᠨᠡᠭᠡᠨ ᠳᠤ ᠳᠠᠪᠰᠢᠭᠤᠯᠪᠠ᠃ ᠰᠡᠭᠦᠯᠡᠷ ᠨᠢ ᠲᠡᠷᠡ ᠪᠠᠰᠠ ᠭᠠᠨᠵᠤᠭ᠎ᠠ ᠳᠠᠬᠢ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ᠂ ᠨᠠᠮ ᠤᠨ ᠡᠭᠦᠷ ᠤᠨ ᠱᠦᠵᠢ᠂ ᠭᠠᠨᠵᠤᠭ᠎ᠠ ᠳᠠᠬᠢ ᠬᠤᠶᠠᠳᠤᠭᠠᠷ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠵᠡᠷᠭᠡ ᠠᠵᠢᠯ ᠤᠨ ᠪᠠᠶᠢᠷᠢᠨ ᠳᠤ ᠭᠠᠪᠰᠢᠭᠠᠶᠢᠯᠠᠵᠤ ᠶᠠᠪᠤᠵᠠᠢ᠃      ᠠᠮᠠᠷᠠᠯᠲᠠ ᠪᠠᠨ ᠠᠪᠤᠭᠰᠠᠨ ᠴᠤ ᠠᠵᠢᠯᠯᠠᠬᠤ ᠪᠠᠨ ᠵᠣᠭᠰᠤᠭ᠎ᠠ ᠦᠭᠡᠢ   2010 ᠣᠨ ᠤ 10 ᠰᠠᠷ᠎ᠠ ᠳᠤ ᠰᠤᠷᠭᠠᠨ ᠬᠥᠮᠦᠵᠢᠯ ᠤᠨ ᠦᠢᠯᠡᠰ ᠤᠨ ᠲᠥᠯᠥᠭᠡ ᠠᠷᠠᠯ ᠤᠨ ᠱᠠᠷ ᠰᠢᠭ᠋ ᠵᠢᠳᠬᠦᠵᠦ ᠶᠠᠪᠤᠭᠰᠠᠨ ᠵᠤᠤ ᠳ᠋ᠥᠸᠧ ᠪᠠᠭᠰᠢ ᠨᠠᠰᠤᠨ ᠤ ᠠᠮᠠᠷᠠᠯᠲᠠ ᠪᠠᠨ ᠠᠪᠴᠠᠢ᠃ ᠬᠥᠮᠥᠨ ᠢ ᠬᠥᠮᠥᠵᠢᠭᠦᠯᠬᠦ ᠠᠵᠢᠯ ᠳᠤ ᠤᠳᠠᠭᠠᠨ ᠵᠢᠯ ᠢᠶᠠᠷ ᠭᠠᠪᠰᠢᠭᠠᠶᠢᠯᠠᠵᠤ ᠶᠠᠪᠤᠬᠤ ᠳᠠᠭᠠᠨ ᠤᠬᠠᠭᠤᠯᠭ᠎ᠠ ᠬᠥᠮᠦᠵᠢᠯ ᠤᠨ ᠠᠵᠢᠯ ᠳᠤ ᠥᠪᠡᠷ ᠤᠨ ᠭᠡᠬᠦ ᠡᠯᠪᠡᠭ ᠮᠡᠳᠡᠯᠭᠡ ᠪᠠᠶᠠᠯᠢᠭ ᠲᠤᠷᠰᠢᠯᠭ᠎ᠠ ᠲᠠᠢ ᠪᠣᠯᠤᠭᠰᠠᠨ ᠲᠡᠷᠡ ᠠᠮᠠᠷᠠᠯᠲᠠ ᠪᠠᠨ ᠠᠪᠤᠭᠰᠠᠨ ᠤ ᠳᠠᠷᠠᠭ᠎ᠠ ᠠᠮᠤᠷ ᠵᠢᠮᠤᠷ ᠰᠠᠭᠤᠬᠤ ᠶᠢ ᠪᠤᠳᠤᠬᠰᠠᠨ ᠦᠭᠡᠢ᠂ ᠬᠠᠷᠢᠨ ᠥᠪᠡᠷ ᠤᠨ ᠮᠡᠳᠡᠳᠡᠭ ᠴᠢᠳᠠᠳᠠᠭ ᠪᠦᠭᠦᠨ ᠢᠶᠠᠷ ᠢᠶᠠᠨ ᠨᠠᠮ ᠠᠷᠠᠳ ᠲᠦᠮᠡᠨ ᠳᠡᠭᠡᠨ ᠦᠢᠯᠡᠴᠢᠯᠡᠵᠦ᠂ ᠨᠡᠶᠢᠭᠡᠮ ᠨᠡᠶᠢᠲᠡ ᠳᠤ ᠥᠪᠡᠷ ᠤᠨ ᠭᠡᠬᠦ ᠬᠦᠴᠦᠨ ᠵᠢᠳᠬᠦᠯ ᠢᠶᠠᠨ ᠦᠵᠡᠭᠦᠯᠦᠶ᠎ᠡ ᠭᠡᠵᠦ ᠬᠠᠲᠠᠭᠤ ᠪᠤᠳᠤᠵᠠᠢ᠃ ᠲᠡᠷᠡ ᠶᠠᠭᠤᠨ ᠤ ᠡᠮᠦᠨ᠎ᠡ ᠬᠤᠰᠢᠭᠤᠨ ᠤ ᠠᠵᠢᠯ ᠠᠴᠠ ᠪᠠᠨ ᠳᠠᠷᠬᠠᠯᠠᠬᠳᠠᠵᠦ ᠠᠵᠢᠯ  ᠠᠴᠠ ᠪᠠᠨ ᠠᠮᠠᠷᠠᠭᠰᠠᠨ ᠨᠠᠮ ᠤᠨ ᠭᠡᠰᠢᠭᠦᠳ ᠤᠨ ᠨᠠᠮ ᠤᠨ ᠠᠵᠢᠯᠯᠠᠬᠤ ᠬᠤᠷᠢᠶ᠎ᠠ ᠶᠢᠨ ᠠᠵᠢᠯ ᠳᠤ ᠢᠳᠡᠪᠬᠢᠲᠡᠢ ᠤᠷᠤᠯᠴᠠᠵᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠤᠶᠠᠳᠤᠭᠠᠷ ᠶᠡᠷᠦᠩᠬᠡᠢ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠵᠦ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ ᠪᠦᠭᠦ ᠬᠤᠰᠢᠭᠤᠨ ᠤ ᠬᠡᠪᠴᠢᠶᠡᠨ ᠳᠤ ᠤᠨᠤᠯ ᠤᠬᠠᠭᠤᠯᠤᠨ ᠲᠠᠶᠢᠯᠪᠤᠷᠢᠯᠠᠬᠤ᠂ ᠯᠧᠢ ᠹᠧᠩ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠬᠦᠷᠲᠡᠭᠡᠬᠦ᠂ ᠨᠠᠮ ᠤᠨ ᠪᠠᠶᠢᠭᠤᠯᠤᠯᠲᠠ ᠶᠢᠨ ᠠᠵᠢᠯ ᠵᠡᠷᠭᠡ ᠳᠤ ᠬᠠᠨᠴᠤᠢ ᠰᠢᠮᠠᠯᠠᠨ ᠰᠢᠭᠤᠷᠬᠠᠶᠢᠯᠠᠭᠰᠠᠭᠠᠷ ᠢᠷᠡᠪᠡ᠃ ᠲᠡᠷᠡ ᠥᠪᠡᠷ ᠢᠶᠠᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠠᠯᠪᠠᠨ ᠪᠠᠶᠢᠭᠤᠯᠭ᠎ᠠ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ ᠪᠠᠷ ᠲᠠᠶᠢᠯᠪᠤᠷᠢᠯᠠᠵᠤ ᠶᠠᠪᠤᠪᠠ᠃ ᠯᠧᠢ ᠹᠧᠩ ᠤᠨ ᠵᠣᠷᠢᠭ ᠰᠠᠨᠠᠭ᠎ᠠ ᠶᠢ ᠪᠦᠭᠦ ᠬᠤᠰᠢᠭᠤᠨ ᠤ ᠬᠡᠪᠴᠢᠶᠡᠨ ᠳᠤ ᠤᠬᠠᠭᠤᠯᠤᠨ ᠲᠠᠶᠢᠯᠪᠤᠷᠢᠯᠠᠬᠤ ᠳᠠᠭᠠᠨ ᠪᠦᠭᠦ ᠬᠤᠰᠢᠭᠤᠨ ᠤ 48 ᠳᠤᠮᠳᠠᠳᠤ ᠪᠠᠭ᠎ᠠ ᠰᠤᠷᠭᠠᠭᠤᠯᠢ ᠳᠤ ᠭᠤᠣᠯᠳᠠᠯᠭ᠎ᠠ ᠲᠠᠢ ᠭᠦᠨᠵᠡᠭᠡᠶᠢᠷᠡᠨ᠂ ᠪᠠᠭᠰᠢ  ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠠᠭᠰᠢ ᠰᠤᠷᠤᠬᠴᠢᠳ ᠤᠨ ᠶᠣᠰᠣ ᠰᠤᠷᠲᠠᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠥᠪᠡᠷ ᠤᠨ ᠭᠡᠬᠦ ᠬᠦᠴᠦᠨ ᠵᠢᠳᠬᠦᠯ ᠢᠶᠠᠨ ᠦᠵᠡᠭᠦᠯᠦᠭᠰᠡᠭᠡᠷ ᠢᠷᠡᠵᠡᠢ᠃ ᠵᠤᠤ ᠳ᠋ᠥᠸᠧ ᠨᠠᠮ ᠤᠨ ᠶᠡᠷᠦᠩᠬᠡᠢ ᠡᠭᠦᠷ ᠠᠴᠠ ᠪᠠᠨ ᠠᠬᠠᠮᠠᠳ ᠵᠠᠬᠢᠷᠤᠯ᠂ ᠳᠡᠭᠡᠳᠦ ᠳᠡᠰ ᠤᠨ ᠪᠠᠭᠰᠢ ᠵᠡᠷᠭᠡ ᠪᠠᠶᠠᠯᠢᠭ ᠲᠤᠷᠰᠢᠯᠭ᠎ᠠ ᠲᠠᠢ ᠪᠠᠭᠰᠢ ᠨᠠᠷ ᠢ ᠰᠣᠩᠭᠤᠵᠤ ᠰᠤᠷᠭᠠᠨ ᠬᠥᠮᠦᠵᠢᠯ ᠢ ᠳᠡᠮᠵᠢᠬᠦ ᠨᠠᠰᠤᠲᠠᠶᠢᠴᠤᠳ ᠤᠨ ᠰᠠᠶᠢᠨ ᠳᠤᠷ᠎ᠠ ᠶᠢᠨ ᠪᠦᠯᠭᠦᠮ ᠢ ᠵᠣᠬᠢᠶᠠᠨ ᠪᠠᠶᠢᠭᠤᠯᠤᠨ᠂ ᠬᠥᠳᠡᠭᠡ ᠲᠤᠰᠬᠤᠨ ᠮᠠᠯᠵᠢᠬᠤ ᠣᠷᠣᠨ ᠤ ᠨᠥᠬᠦᠴᠡᠯ ᠠᠨᠠᠢ ᠰᠤᠷᠭᠠᠭᠤᠯᠢ ᠨᠤᠭᠤᠳ ᠢᠶᠠᠷ ᠬᠦᠷᠴᠦ ᠬᠤᠪᠢᠰᠬᠠᠯᠲᠤ ᠬᠥᠮᠦᠵᠢᠯ᠂ ᠬᠡᠷᠬᠢᠨ ᠨᠢᠭᠡᠨ ᠰᠢᠨ᠎ᠡ ᠴᠠᠭ ᠦᠶ᠎ᠡ ᠶᠢᠨ ᠰᠠᠶᠢᠨ ᠪᠠᠭᠰᠢ ᠪᠤᠯᠬᠤ᠂ ᠶᠠᠮᠠᠷ ᠬᠢᠴᠢᠶᠡᠯ ᠲᠦᠷᠦᠯ ᠢ ᠶᠠᠭᠠᠬᠢᠵᠤ ᠵᠢᠭᠠᠬᠤ ᠭᠡᠬᠦ ᠮᠡᠲᠦ ᠠᠭᠤᠯᠭ᠎ᠠ ᠪᠠᠷ ᠤᠬᠠᠭᠤᠯᠤᠨ ᠲᠠᠶᠢᠯᠪᠤᠷᠢᠯᠠᠵᠤ᠂ ᠲᠤᠷᠰᠢᠯᠭ᠎ᠠ ᠰᠣᠯᠢᠯᠴᠠᠨ ᠬᠥᠮᠦᠵᠢᠯ ᠬᠦᠷᠲᠡᠭᠡᠭᠰᠡᠭᠡᠷ ᠢᠷᠡᠵᠡᠢ᠃ ᠳᠠᠷᠠ ᠪᠠᠰᠠ ᠪᠦᠭᠦ ᠬᠤᠰᠢᠭᠤᠨ ᠤ 23 ᠨᠠᠮ ᠤᠨ ᠡᠭᠦᠷ ᠲᠠᠢ ᠬᠤᠯᠪᠤᠭᠠᠯᠠᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠮᠲᠤ ᠪᠠᠷ ᠠᠬᠢᠭᠤᠯᠵᠤ᠂ ᠨᠠᠮ ᠤᠨ ᠶᠡᠷᠦᠩᠬᠡᠢ ᠡᠭᠦᠷ ᠢᠶᠠᠨ ᠲᠦᠩᠯᠢᠶᠣᠣ ᠬᠤᠲᠠ ᠶᠢᠨ ᠬᠠᠮᠤᠭ ᠬᠦᠴᠦᠷᠬᠡᠭ ᠪᠠᠬᠢᠯᠡᠯᠲᠡ ᠶᠢᠨ ᠴᠢᠨᠠᠷᠲᠠᠢ ᠨᠠᠮ ᠤᠨ ᠡᠭᠦᠷ ᠪᠣᠯᠭᠠᠨ ᠪᠦᠲᠦᠭᠡᠨ ᠪᠠᠶᠢᠭᠤᠯᠪᠠ᠃ ᠶᠡᠷᠦᠩᠬᠡᠢ ᠨᠠᠮ ᠤᠨ ᠡᠭᠦᠷ ᠤᠨ ᠢᠶᠠᠨ ᠤᠳᠬ᠎ᠠ ᠤᠷᠠᠯᠢᠭ ᠲᠠᠭᠠᠨ ᠠᠪᠢᠶᠠᠰ ᠲᠠᠢ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠤᠷᠠᠯᠢᠭ ᠤᠨ ᠪᠦᠯᠭᠦᠮ ᠢ ᠪᠠᠶᠢᠭᠤᠯᠤᠨ᠂ ᠤᠷᠠᠨ ᠰᠠᠶᠢᠬᠠᠨ ᠤ ᠲᠤᠰᠬᠠᠢ ᠲᠤᠬᠯᠠᠯᠲᠠ᠂ ᠦᠳᠡᠰᠢᠯᠡᠭᠡ ᠵᠡᠷᠭᠡ ᠪᠠᠷ ᠳᠠᠮᠵᠢᠭᠤᠯᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠪᠠ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠥᠪᠡᠷ ᠤᠨ ᠭᠡᠬᠦ ᠬᠤᠪᠢ ᠨᠡᠮᠡᠷᠢ ᠪᠠᠨ ᠦᠵᠡᠭᠦᠯᠦᠭᠰᠡᠭᠡᠷ ᠪᠠᠶᠢᠨ᠎ᠠ᠃
︽ᠨᠠᠮ ᠤᠨ ᠢᠶᠠᠨ ᠠᠴᠢ ᠶᠢ ᠬᠠᠷᠢᠭᠤᠯᠠᠬᠤ ᠪᠠᠷ ᠨᠠᠰᠤ ᠪᠠᠷ ᠢᠶᠠᠨ ᠴᠢᠷᠮᠠᠶᠢᠨ᠎ᠠ︾4.png
  — ᠪᠢ ᠨᠠᠮ ᠤᠨ ᠢᠶᠠᠨ ᠠᠴᠢ ᠶᠢ ᠬᠠᠷᠢᠭᠤᠯᠠᠬᠤ ᠪᠠᠷ ᠴᠢᠷᠮᠠᠶᠢᠨ ᠠᠵᠢᠯᠯᠠᠵᠤ ᠢᠷᠡᠭᠰᠡᠨ ᠶᠤᠮ᠃ ᠨᠠᠰᠤᠨ ᠤ ᠠᠮᠠᠷᠠᠯᠲᠠ ᠪᠠᠨ ᠠᠪᠤᠭᠰᠠᠨ ᠠᠴᠠ ᠨᠠᠭᠠᠰᠢᠬᠢ ᠠᠷᠪᠠ ᠭᠠᠷᠤᠢ ᠵᠢᠯ ᠤᠨ ᠲᠤᠷᠰᠢ ᠮᠥᠨ ᠠᠵᠢᠯᠯᠠᠵᠤ ᠰᠤᠷᠤᠯᠴᠠᠬᠤ ᠪᠠᠨ ᠵᠣᠭᠰᠤᠭ᠎ᠠ ᠦᠭᠡᠢ᠂ ᠴᠠᠭ ᠢᠮᠠᠭᠲᠠ ᠪᠡᠶ᠎ᠡ ᠪᠠᠨ ᠴᠢᠩᠭ᠎ᠠ ᠱᠠᠭᠠᠷᠳᠠᠵᠤ ᠡᠳᠦᠷ ᠪᠣᠯᠭᠠᠨ ᠰᠤᠷᠤᠯᠴᠠᠬᠤ ᠪᠠᠨ ᠪᠠᠷᠢᠮᠲᠠᠯᠠᠭᠰᠠᠭᠠᠷ ᠢᠷᠡᠭᠰᠡᠨ ᠪᠥᠭᠡᠳ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠳ ᠢᠶᠠᠨ ᠳᠠᠭᠠᠭᠤᠯᠤᠨ ᠮᠠᠨ ᠤ ᠬᠤᠰᠢᠭᠤᠨ ᠤ ᠪᠠᠨ ᠰᠤᠷᠭᠠᠨ ᠬᠥᠮᠦᠵᠢᠯ ᠤᠨ ᠦᠢᠯᠡᠰ ᠲᠤ ᠥᠪᠡᠷ ᠤᠨ ᠭᠡᠬᠦ ᠬᠦᠴᠦᠨ ᠵᠢᠳᠬᠦᠯ ᠢᠶᠠᠨ ᠦᠵᠡᠭᠦᠯᠭᠦ ᠪᠠᠷ ᠴᠢᠷᠮᠠᠶᠢᠵᠤ ᠪᠠᠶᠢᠨ᠎ᠠ᠃ ᠨᠠᠮ ᠮᠢᠨᠢ ᠪᠠᠶᠢᠭᠰᠠᠨ ᠦᠭᠡᠢ ᠪᠣᠯ ᠪᠢᠳᠡᠨ ᠤ ᠥᠨᠥᠳᠥᠷ ᠤᠨ ᠵᠣᠯ ᠵᠢᠷᠭᠠᠯᠲᠤ ᠠᠮᠢᠳᠤᠷᠠᠯ ᠪᠠᠶᠢᠵᠤ ᠴᠢᠳᠠᠬᠤ ᠦᠭᠡᠢ᠂ ᠡᠶᠢᠮᠦ ᠠᠴᠠ ᠬᠡᠵᠢᠶᠡᠳᠡ ᠨᠠᠮ ᠤᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ  ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ ᠨᠢ ᠨᠠᠮ ᠤᠨ ᠭᠡᠰᠢᠭᠦᠨ ᠪᠣᠯᠤᠭᠰᠠᠨ ᠪᠢᠳᠡ ᠪᠦᠭᠦᠨ ᠤ ᠡᠭᠦᠷᠭᠡ ᠬᠠᠷᠢᠭᠤᠴᠠᠯᠭ᠎ᠠ ᠮᠥᠨ ᠭᠡᠵᠦ ᠵᠤᠤ ᠳ᠋ᠥᠸᠧ ᠪᠠᠭᠰᠢ ᠰᠣᠷᠪᠤᠯᠵᠢᠯᠠᠭ᠎ᠠ ᠬᠦᠯᠢᠶᠡᠬᠦ ᠳᠡᠭᠡᠨ ᠬᠡᠯᠡᠵᠦ ᠪᠠᠶᠢᠯ᠎ᠠ᠃   ᠴᠠᠭ ᠦᠶ᠎ᠡ ᠬᠡᠷᠬᠢᠨ ᠬᠤᠪᠢᠷᠠᠵᠤ ᠨᠡᠶᠢᠭᠡᠮ ᠶᠠᠭᠠᠬᠢᠵᠤ ᠬᠥᠭᠵᠢᠭᠰᠡᠨ ᠴᠤ ᠨᠡᠶᠢᠭᠡᠮ ᠨᠡᠶᠢᠲᠡ ᠳᠤ ᠦᠢᠯᠡᠴᠢᠯᠡᠬᠦ ᠶᠤᠮᠰᠠᠨ ᠭᠡᠬᠦ ᠵᠤᠤ ᠳ᠋ᠥᠸᠧ ᠮᠡᠲᠦ ᠶᠢᠨ ᠨᠢᠭᠡ ᠪᠦᠯᠦᠭ ᠠᠵᠢᠯ ᠠᠴᠠ ᠪᠠᠨ ᠠᠮᠠᠷᠠᠭᠰᠠᠨ ᠠᠬᠠᠮᠠᠳ ᠪᠤᠭᠤᠷᠤᠯᠴᠤᠳ ᠤᠨ ᠬᠠᠯᠠᠭᠤᠨ ᠰᠡᠳᠬᠢᠯ ᠨᠢ ᠪᠠᠭᠤᠷᠠᠬᠤ ᠦᠭᠡᠢ᠂ ᠡᠷᠴᠢ ᠵᠣᠷᠢᠭ ᠨᠢ ᠰᠤᠯᠠᠷᠠᠬᠤ ᠦᠭᠡᠢ ᠬᠡᠪ  ᠢᠶᠠᠷ ᠢᠶᠠᠨ ᠪᠠᠶᠢᠳᠠᠭ ᠨᠢ ᠱᠠᠬᠰᠢᠯᠲᠠᠢ᠃ ᠤᠴᠢᠷ ᠨᠢ ᠲᠡᠳᠡᠨᠦᠰ ᠤᠨ ᠪᠡᠶ᠎ᠡ ᠳᠡᠭᠡᠷ᠎ᠡ ᠥᠷᠥᠭᠡᠯ ᠪᠤᠰᠤᠳ ᠠᠴᠠ ᠢᠯᠭᠠᠭᠳᠠᠬᠤ ᠨᠢᠭᠡ ᠵᠦᠢᠯ ᠤᠨ ᠡᠷᠬᠢᠮ ᠳᠡᠭᠡᠳᠦ ᠦᠵᠡᠯ ᠰᠤᠷᠲᠠᠯ ᠪᠠᠶᠢᠳᠠᠭ᠃ ᠲᠡᠷᠡ ᠨᠢ ᠨᠠᠮ ᠠᠷᠠᠳ ᠲᠦᠮᠡᠨ ᠤ ᠪᠠᠨ ᠲᠥᠯᠥᠭᠡ ᠠᠯᠢᠪᠠ ᠪᠠᠨ ᠦᠷᠡᠭᠳᠡᠭᠦᠯᠬᠦ ᠠᠴᠠ ᠪᠤᠴᠠᠬᠤ ᠦᠭᠡᠢ ᠠᠭᠤᠤ ᠶᠡᠭᠡ ᠵᠣᠷᠢᠭ ᠰᠠᠨᠠᠭ᠎ᠠ ᠪᠤᠯᠬᠤ ᠶᠤᠮ᠃
︽ᠨᠠᠮ ᠤᠨ ᠢᠶᠠᠨ ᠠᠴᠢ ᠶᠢ ᠬᠠᠷᠢᠭᠤᠯᠠᠬᠤ ᠪᠠᠷ ᠨᠠᠰᠤ ᠪᠠᠷ ᠢᠶᠠᠨ ᠴᠢᠷᠮᠠᠶᠢᠨ᠎ᠠ︾5.png
 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ