ᠠᠩᠨᠠᠢ ᠲᠣᠰᠬᠤᠨ 28 ᠲᠦᠮᠡᠨ ᠲᠥᠭᠦᠷᠢᠭ ᠤᠨ ᠥᠷᠢ ᠲᠠᠢ ᠪᠠᠶᠢᠭᠰᠠᠨ ᠠᠴᠠ ᠪᠠᠨ ᠵᠢᠯ ᠳᠤ 120 ᠲᠦᠮᠡᠨ ᠲᠥᠭᠦᠷᠢᠭ ᠤᠨ ᠨᠡᠶᠢᠳᠡ ᠶᠢᠨ ᠠᠵᠤ ᠠᠬᠤᠢ ᠶᠢᠨ ᠤᠷᠤᠯᠭ᠎ᠠ ᠲᠠᠢ ᠪᠣᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2024/12/3
奈曼旗.png
    ᠣᠶᠢᠷ᠎ᠠ ᠳᠤ᠂ ᠨᠠᠢᠮᠠᠨ ᠬᠤᠰᠢᠭᠤᠨ ᠤ ᠳᠠᠴᠢᠨᠲᠠᠯ᠎ᠠ ᠪᠠᠯᠭᠠᠰᠤ ᠶᠢᠨ ᠠᠩᠨᠠᠢ ᠲᠣᠰᠬᠤᠨ ᠵᠢᠯ ᠳᠤ ᠨᠢᠭᠡ ᠤᠳᠠᠭ᠎ᠠ ᠠᠰᠢᠭ ᠬᠤᠪᠢᠶᠠᠬᠤ ᠪᠠᠶᠠᠰᠤᠯᠲᠠᠢ ᠴᠠᠭ ᠮᠥᠴᠡ  ᠪᠠᠨ ᠤᠭᠲᠤᠨ ᠠᠪᠴᠢᠷᠠᠯ᠎ᠠ᠃ ᠳᠤᠰ ᠬᠤᠰᠢᠭᠤᠨ ᠤ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠳᠤ ᠥᠪᠥᠷ ᠮᠣᠩᠭᠤᠯ ᠤᠨ ᠬᠠᠳᠠᠭ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠨ ᠠᠩᠨᠠᠢ ᠲᠣᠰᠬᠤᠨ ᠲᠠᠢ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠵᠡᠷᠭᠡ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠪᠠ᠃ ᠣᠳᠣᠬᠠᠨ ᠳᠤ᠂ ᠠᠩᠨᠠᠢ ᠲᠣᠰᠬᠤᠨ ᠳᠤᠰ ᠠᠵᠤ ᠠᠬᠤᠶᠢᠯᠠᠯ ᠤᠨ ᠳᠠᠭᠠᠭᠤᠯᠭ᠎ᠠ ᠳᠣᠣᠷ᠎ᠠ 28 ᠲᠦᠮᠡᠨ ᠲᠥᠭᠦᠷᠢᠭ ᠤᠨ ᠥᠷᠢ ᠲᠠᠢ ᠪᠠᠶᠢᠭᠰᠠᠨ ᠠᠴᠠ ᠪᠠᠨ ᠵᠢᠯ ᠳᠤ 120 ᠲᠦᠮᠡᠨ ᠲᠥᠭᠦᠷᠢᠭ ᠤᠨ ᠨᠡᠶᠢᠳᠡ ᠶᠢᠨ ᠠᠵᠤ ᠠᠬᠤᠢ ᠶᠢᠨ ᠤᠷᠤᠯᠭ᠎ᠠ ᠲᠠᠢ ᠪᠣᠯᠤᠭᠰᠠᠨ ᠪᠠᠶᠢᠨ᠎ᠠ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ