ᠹᠦ᠋ ᠯᠢ ᠴᠦᠨ ᠴᠧᠩ ᠨᠡᠶᠢᠭᠡᠮ ᠲᠣᠭᠤᠷᠢᠭ ᠬᠠᠳᠬᠤᠮᠠᠯᠴᠢᠨ ᠪᠦᠰᠡᠭᠦᠢ ᠠᠵᠢᠯᠯᠠᠬᠤ ᠳᠠᠰᠤᠭ ᠤᠨ ᠤᠷᠠᠨ ᠪᠦᠲᠦᠭᠡᠯ ᠤᠨ ᠦᠵᠡᠭᠦᠯᠭᠡ ᠵᠢᠴᠢ ᠰᠢᠨ᠎ᠡ ᠭᠡᠰᠢᠭᠦᠨ ᠡᠯᠰᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/3
   ︽ᠵᠠᠷᠤᠳ ᠬᠠᠳᠬᠤᠮᠠᠯ︾ ᠢ ᠣᠷᠣᠨ ᠨᠤᠲᠤᠭ ᠤᠨ ᠢᠶᠠᠨ ᠰᠣᠶᠣᠯ ᠤᠨ ᠨᠡᠷ᠎ᠡ ᠶᠢᠨ ᠬᠠᠭᠤᠳᠠᠰᠤ ᠪᠣᠯᠭᠠᠨ᠂ ᠨᠡᠩ ᠤᠯᠠᠨ ᠰᠠᠭᠤᠭᠠᠯᠢ ᠠᠷᠠᠳ ᠢ ︽ᠵᠠᠷᠤᠳ ᠬᠠᠳᠬᠤᠮᠠᠯ︾ ᠢ ᠥᠪᠯᠡᠨ ᠤᠯᠠᠮᠵᠢᠯᠠᠬᠤ ᠳᠤ ᠣᠷᠣᠯᠴᠠᠭᠤᠯᠵᠤ᠂ ᠬᠠᠳᠬᠤᠮᠠᠯᠴᠢᠨ ᠪᠦᠰᠡᠭᠦᠢ ᠠᠵᠢᠯᠯᠠᠬᠤ ᠳᠠᠰᠤᠭ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠳᠤᠰ ᠠᠵᠢᠯᠯᠠᠬᠤ ᠳᠠᠰᠤᠭ ᠤᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠬᠤ ᠶᠢᠨ ᠲᠥᠯᠥᠭᠡ᠂ ᠲᠦᠷᠦᠭᠦᠬᠡᠨ ᠵᠠᠷᠤᠳ ᠬᠤᠰᠢᠭᠤᠨ ᠤ ᠹᠦ᠋ ᠯᠢ ᠴᠦᠨ ᠴᠧᠩ ᠨᠡᠶᠢᠭᠡᠮ ᠲᠣᠭᠤᠷᠢᠭ ᠤᠨ ᠬᠢᠨ ᠬᠠᠳᠬᠤᠮᠠᠯᠴᠢᠨ ᠪᠦᠰᠡᠭᠦᠢ ᠠᠵᠢᠯᠯᠠᠬᠤ ᠳᠠᠰᠤᠭ ᠤᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠤᠷᠠᠨ ᠪᠦᠲᠦᠭᠡᠯ ᠤᠨ ᠦᠵᠡᠭᠦᠯᠭᠡ ᠵᠢᠴᠢ ᠠᠵᠢᠯᠯᠠᠬᠤ ᠳᠠᠰᠤᠭ ᠤᠨ ᠰᠢᠨ᠎ᠡ ᠭᠡᠰᠢᠭᠦᠨ ᠡᠯᠰᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠠᠬᠤᠢ ᠳᠠᠯᠠᠪᠠᠢ ᠳᠤ᠂ ᠹᠦ᠋ ᠯᠢ ᠴᠦᠨ ᠴᠧᠩ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠠᠴᠠ ᠰᠢᠨ᠎ᠡ ᠭᠡᠰᠢᠭᠦᠳ ᠢᠶᠠᠨ ᠪᠠᠶᠠᠷᠯᠠᠨ ᠤᠭᠲᠤᠬᠤ ᠶᠢᠨ ᠬᠠᠮᠲᠤ᠂ ︽ᠵᠠᠷᠤᠳ ᠬᠠᠳᠬᠤᠮᠠᠯ︾ ᠤᠨ ᠬᠤᠰᠢᠭᠤᠨ ᠳᠡᠰ ᠤᠨ ᠥᠪᠯᠡᠨ ᠤᠯᠠᠮᠵᠢᠯᠠᠭᠴᠢ ᠰᠠᠶᠢᠬᠠᠨᠴᠡᠴᠡᠭ ᠨᠠᠰᠤᠲᠠᠨ ᠤ ᠱᠠᠪᠢ ᠲᠠᠢ ᠪᠠᠨ ᠭᠤᠷᠪᠠᠨ ᠵᠢᠯ ᠤᠨ ᠬᠤᠭᠤᠴᠠᠭ᠎ᠠ ᠬᠡᠷᠡᠭᠰᠡᠨ ᠬᠥᠬᠡ ᠲᠣᠷᠭᠠᠨ ᠳᠡᠭᠡᠷ᠎ᠡ ᠬᠠᠳᠬᠤᠨ ᠤᠷᠠᠯᠠᠭᠰᠠᠨ ︽56 ᠦᠨᠳᠦᠰᠦᠲᠡᠨ︾ ᠬᠡᠮᠡᠬᠦ ᠬᠠᠳᠬᠤᠮᠠᠯ ᠤᠷᠠᠯᠠᠯ ᠤᠨ ᠪᠦᠲᠦᠭᠡᠯ ᠤᠨ ᠠᠮᠵᠢᠯᠲᠠ ᠲᠠᠢ ᠳᠡᠯᠭᠡᠭᠳᠡᠭᠰᠡᠨ ᠳᠤ ᠪᠠᠶᠠᠷ ᠬᠦᠷᠭᠡᠪᠡ᠃ ᠳᠤᠰ ᠪᠦᠲᠦᠭᠡᠯ ᠨᠢ ᠳᠡᠭᠡᠷ᠎ᠡ ᠳᠣᠣᠷ᠎ᠠ ᠬᠤᠶᠠᠷ ᠬᠡᠰᠡᠭ ᠲᠤ ᠬᠤᠪᠢᠶᠠᠭᠳᠠᠵᠤ᠂ 5.66 ᠮᠧᠲᠷ ᠤᠷᠳᠤ᠂ 0.66 ᠮᠧᠲᠷ ᠥᠷᠭᠡᠨ ᠪᠠᠶᠢᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪ ᠢᠶᠠᠷ᠂ ︽56 ᠦᠨᠳᠦᠰᠦᠲᠡᠨ︾ ᠤ ᠬᠥᠪᠡᠭᠦᠳ ᠥᠬᠢᠳ ᠥᠪᠡᠷ ᠥᠪᠡᠷ ᠤᠨ ᠡᠮᠦᠰᠬᠡᠯ ᠵᠠᠰᠠᠯ ᠢᠶᠠᠷ ᠢᠶᠠᠨ ᠣᠨᠴᠠᠯᠢᠭᠳᠠᠨ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠠᠭᠤᠤ ᠶᠡᠭᠡ ᠡᠬᠡ ᠤᠯᠤᠰ ᠤᠨ ᠢᠶᠠᠨ ᠬᠥᠭᠵᠢᠯ ᠮᠠᠨᠳᠤᠯ ᠳᠤ ᠬᠦᠴᠦᠨ ᠵᠢᠳᠬᠦᠯ ᠢᠶᠠᠨ ᠨᠡᠮᠡᠷᠢᠯᠡᠵᠦ ᠪᠠᠶᠢᠭ᠎ᠠ ᠰᠠᠨᠠᠭ᠎ᠠ ᠠᠬᠤᠢ ᠶᠢ ᠬᠠᠷᠠᠭᠤᠯᠤᠭᠰᠠᠨ ᠪᠠᠶᠢᠨ᠎ᠠ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ