ᠰᠤᠷᠪᠤᠯᠵᠢᠯᠠᠭᠰᠠᠨ ᠴᠠᠭ᠄ 2024-09-12 | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠬᠥᠲᠥᠯᠥᠭᠴᠢ᠄ ᠰᠢᠶᠤᠤ ᠰᠢᠤᠢ | ᠪᠢᠳᠡᠨ ᠤ ᠠᠵᠢᠯ ᠠᠮᠢᠳᠤᠷᠠᠯ ᠳᠤᠮᠳᠠ ᠦᠷᠬᠦᠯᠵᠢ ︽ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ︾ ᠭᠡᠬᠦ ᠦᠭᠡ ᠶᠢ ᠰᠣᠨᠣᠰᠳᠠᠭ᠃ ᠠᠵᠢᠯᠲᠠᠨ ᠤ | ᠶᠠᠪᠤᠳᠠᠯ ᠤᠨ ᠲᠠᠩᠰᠠ ᠡᠪᠬᠡᠮᠡᠯ ᠪᠣᠯ ᠮᠠᠨ ᠤ ᠠᠵᠢᠯ ᠠᠮᠢᠳᠤᠷᠠᠯ ᠢ ᠲᠡᠮᠳᠡᠭᠯᠡᠭᠰᠡᠨ ᠬᠤᠪᠣᠷ ᠨᠠᠨᠳᠢᠨ ᠨᠣᠮ ᠪᠢᠴᠢᠭ ᠰᠢᠭ᠋᠂ ᠳᠡᠭᠡᠷ᠎ᠡ ᠨᠢ ᠪᠢᠳᠡᠨ ᠤ ᠬᠤᠪᠢ ᠬᠥᠮᠦᠨ ᠤ | ᠮᠡᠳᠡᠭᠡ ᠵᠠᠩᠭᠢ᠂ ᠠᠵᠢᠯ ᠤᠨ ᠥᠩᠭᠡᠷᠡᠯᠲᠡ᠂ ᠰᠤᠷᠭᠠᠨ ᠬᠥᠮᠦᠵᠢᠯ ᠤᠨ ᠠᠬᠤᠶ ᠪᠠᠶᠢᠳᠠᠯ᠂ ᠱᠠᠩᠨᠠᠵᠤ ᠲᠤᠷᠭᠠᠭᠰᠠᠨ ᠪᠠᠶᠢᠳᠠᠯ ᠵᠡᠷᠭᠡ ᠴᠢᠬᠤᠯᠠ ᠠᠭᠤᠯᠭ᠎ᠠ ᠶᠢ ᠨᠠᠷᠢᠨ | ᠲᠡᠮᠳᠡᠭᠯᠡᠵᠦ ᠪᠠᠶᠢᠨ᠎ᠠ᠃ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠪᠣᠯ ᠬᠥᠮᠦᠨ ᠤ ᠠᠮᠢᠳᠤᠷᠠᠯ ᠤᠨ ᠥᠩᠭᠡᠷᠡᠯᠲᠡ ᠶᠢᠨ ᠨᠢᠭᠡᠨ ᠴᠢᠬᠤᠯᠠ ᠭᠡᠷᠡᠴᠢ᠂ ᠲᠡᠷᠡ ᠨᠢ | ᠮᠠᠨ ᠤ ᠠᠵᠢᠯ ᠮᠡᠷᠭᠡᠵᠢᠯ ᠤᠨ ᠬᠥᠭᠵᠢᠯᠲᠡ ᠪᠠ ᠬᠤᠪᠢ ᠬᠥᠮᠦᠨ ᠤ ᠦᠰᠦᠨ ᠪᠤᠶᠢᠵᠢᠯᠲᠠ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠭᠡᠵᠦ ᠬᠡᠯᠡᠵᠦ | ᠪᠣᠯᠤᠨ᠎ᠠ᠃ ᠲᠡᠭᠡᠪᠡᠯ ᠴᠣᠬᠤᠮ ᠶᠠᠭᠤ ᠶᠢ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠭᠡᠬᠦ ᠪᠣᠢ︖ ᠪᠢᠳᠡ ᠨᠠᠢᠮᠠᠨ ᠬᠤᠰᠢᠭᠤᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠠᠩᠰᠠ ᠡᠪᠬᠡᠮᠡᠯ ᠤᠨ ᠲᠠᠰᠤᠭ ᠤᠨ ᠠᠵᠢᠯᠲᠠᠨ ᠰᠢᠶᠧ ᠢᠦᠢ ᠶᠢ ᠤᠷᠢᠵᠤ ᠤᠯᠠᠨ ᠳᠤ | ᠲᠠᠶᠢᠯᠤᠮᠵᠢ ᠬᠢᠯᠭᠡᠶ᠎ᠡ᠃ | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠪᠣᠯ ᠳᠤᠮᠳᠠᠳᠤ ᠤᠯᠤᠰ ᠤᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠤᠨ ᠨᠢᠭᠡᠨ ᠴᠢᠬᠤᠯᠠ | ᠣᠨᠴᠠᠯᠢᠭ ᠪᠣᠯᠤᠨ᠎ᠠ᠂ ᠲᠡᠷᠡ ᠪᠣᠯ ᠬᠤᠪᠢ ᠬᠥᠮᠦᠨ ᠤ ᠪᠡᠶ᠎ᠡ ᠶᠢᠨ ᠭᠠᠷᠤᠯ᠂ ᠰᠤᠷᠤᠯᠴᠠᠭᠰᠠᠨ ᠨᠠᠮᠲᠠᠷ᠂ ᠬᠢᠷᠢ ᠭᠡᠮ ᠤᠨ ᠲᠡᠮᠳᠡᠭᠯᠡᠯ ᠵᠡᠷᠭᠡ ᠲᠠᠯ᠎ᠠ ᠶᠢᠨ ᠭᠡᠷᠡᠴᠢ | ᠪᠠᠷᠢᠮᠲᠠ ᠪᠠᠶᠢᠵᠤ᠂ ᠬᠤᠪᠢ ᠬᠥᠮᠦᠨ ᠤ ᠴᠠᠯᠢᠩ ᠣᠯᠭᠤᠮᠵᠢ᠂ ᠨᠡᠶᠢᠭᠡᠮ ᠤᠨ ᠬᠥᠳᠡᠯᠮᠦᠷᠢ ᠶᠢᠨ ᠪᠠᠲᠤᠯᠠᠭ᠎ᠠ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠲᠠᠢ | ᠨᠢᠭᠲᠠ ᠬᠤᠯᠪᠣᠭᠳᠠᠵᠤ᠂ ᠬᠠᠤᠯᠢ ᠴᠠᠭᠠᠵᠠ ᠶᠢᠨ ᠦᠢᠯᠡᠳᠦᠯ ᠲᠠᠢ ᠪᠠᠶᠢᠵᠤ᠂ ᠬᠥᠮᠦᠨ ᠤ ᠠᠮᠢᠳᠤᠷᠠᠯ ᠤᠨ ᠵᠠᠮ ᠮᠥᠷ ᠢ ᠲᠡᠮᠳᠡᠭᠯᠡᠬᠦ ᠴᠢᠬᠤᠯᠠ ᠦᠨᠳᠦᠰᠦᠯᠡᠯ ᠪᠣᠯᠤᠨ᠎ᠠ | ᠃ ᠲᠡᠷᠡ ᠪᠣᠯ ᠨᠢᠭᠡᠨ ᠬᠥᠮᠦᠨ ᠤ ᠭᠤᠤᠯ ᠥᠩᠭᠡᠷᠡᠯᠲᠡ᠂ ᠤᠯᠤᠰ ᠲᠥᠷᠥ ᠶᠢᠨ ᠪᠠᠶᠢᠳᠠᠯ᠂ ᠵᠠᠩ ᠮᠣᠷᠠᠯ ᠣᠪᠣᠷ ᠰᠤᠷᠲᠠᠯ ᠵᠡᠷᠭᠡ ᠬᠤᠪᠢ ᠬᠥᠮᠦᠨ ᠤ ᠪᠠᠶᠢᠳᠠᠯ ᠢ | ᠲᠡᠮᠳᠡᠭᠯᠡᠬᠦ ᠪᠢᠴᠢᠭ ᠮᠠᠲ᠋ᠧᠷᠢᠶᠠᠯ ᠮᠥᠨ᠂ ᠭᠡᠷᠡᠴᠢ ᠪᠠᠷᠢᠮᠲᠠ᠂ ᠦᠨᠳᠦᠰᠦᠯᠡᠯ ᠪᠠ ᠯᠠᠪᠯᠠᠯᠲᠠ ᠶᠢᠨ ᠦᠢᠯᠡᠳᠦᠯ ᠲᠠᠢ᠂ ᠬᠤᠪᠢ ᠬᠥᠮᠦᠨ ᠤ ᠵᠢᠩᠬᠢᠯᠡᠵᠦ ᠳᠡᠰ | ᠲᠣᠭᠲᠠᠭᠠᠬᠤ᠂ ᠮᠡᠷᠭᠡᠵᠢᠯ ᠤᠨ ᠴᠣᠯᠠ ᠮᠡᠳᠡᠭᠦᠯᠬᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠭᠦᠢᠴᠡᠳᠬᠡᠬᠦ ᠵᠡᠷᠭᠡ ᠦᠶ᠎ᠡ ᠳᠤ ᠴᠥᠮ ᠲᠠᠩᠰᠠ ᠡᠪᠬᠡᠮᠡᠯ ᠢ | ᠬᠡᠷᠡᠭᠯᠡᠬᠦ ᠴᠢᠬᠤᠯᠠᠲᠠᠶ ᠪᠠᠶᠢᠳᠠᠭ᠃ | ᠬᠥᠲᠥᠯᠥᠭᠴᠢ᠄ ᠰᠢᠶᠤᠤ ᠰᠢᠤᠢ | ᠰᠢᠶᠧ ᠢᠦᠢ ᠨᠥᠬᠦᠷ ᠤᠨ ᠬᠡᠯᠡᠭᠰᠡᠨ ᠰᠢᠭ᠂ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠪᠣᠯ ᠮᠠᠨ ᠤ ᠬᠥᠮᠦᠨ ᠤ ᠠᠮᠢᠳᠤᠷᠠᠯ ᠤᠨ ᠨᠢᠭᠡ ᠲᠡᠦᠬᠡᠨ | ᠬᠠᠭᠤᠳᠠᠰᠤ ᠲᠠᠢ ᠠᠳᠠᠯᠢ᠂ ᠪᠢᠳᠡᠨ ᠤ ᠠᠵᠢᠯ ᠤᠨ ᠥᠩᠭᠡᠷᠡᠯᠲᠡ᠂ ᠴᠢᠳᠠᠪᠤᠷᠢ ᠶᠢᠨ ᠢᠯᠡᠷᠡᠯ ᠵᠡᠷᠭᠡ ᠴᠢᠬᠤᠯᠠ ᠮᠡᠳᠡᠭᠡ ᠵᠠᠩᠭᠢ ᠶᠢ ᠨᠠᠷᠢᠨ ᠲᠣᠳᠣᠷᠬᠠᠢ ᠲᠡᠮᠳᠡᠭᠯᠡᠵᠦ | ᠪᠠᠢᠳᠠᠭ᠃ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠬᠡᠯᠡᠵᠦ ᠪᠠᠷᠠᠭᠰᠠᠨ ᠤ ᠳᠠᠷᠠᠭ᠎ᠠ᠂ ᠪᠢᠳᠡ ᠳᠠᠬᠢᠨ ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ | ᠣᠶᠢᠯᠠᠭᠠᠶ᠎ᠠ ᠭᠡᠪᠡᠯ᠂ ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠨᠢ ᠺᠠᠳ᠋ᠷ ᠤᠨ ᠦᠰᠦᠨ ᠪᠤᠶᠢᠵᠢᠭᠰᠠᠨ ᠥᠩᠭᠡᠷᠡᠯᠲᠡ ᠶᠢ ᠵᠢᠷᠤᠭᠯᠠᠭᠰᠠᠨ ᠵᠢᠷᠤᠭ ᠰᠢᠭ᠋ | ᠪᠠᠶᠢᠳᠠᠭ᠃ ᠲᠡᠷᠡ ᠪᠣᠯ ᠺᠠᠳ᠋ᠷ ᠤᠨ ᠬᠤᠪᠢ ᠬᠥᠮᠦᠨ ᠤ ᠥᠩᠭᠡᠷᠡᠯᠲᠡ᠂ ᠶᠤᠰᠤ ᠮᠣᠷᠠᠯ ᠴᠢᠳᠠᠪᠤᠷᠢ ᠶᠢᠨ ᠢᠯᠡᠷᠡᠯ᠂ ᠠᠵᠢᠯ ᠤᠨ ᠪᠣᠳᠠᠲᠤ ᠠᠮᠵᠢᠯᠲᠠ ᠪᠦᠲᠦᠮᠵᠢ | ᠵᠡᠷᠭᠡ ᠶᠢᠨ ᠦᠨᠡᠨ ᠪᠣᠳᠠᠲᠠᠶ ᠲᠡᠮᠳᠡᠭᠯᠡᠯ ᠮᠥᠨ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠬᠠᠮᠢᠶᠠᠷᠴᠤ ᠬᠢᠨᠠᠯᠲᠠ ᠲᠠᠯᠪᠢᠬᠤ ᠵᠡᠷᠭᠡ ᠠᠵᠢᠯ ᠤᠨ ᠴᠢᠬᠤᠯᠠ | ᠦᠨᠳᠦᠰᠦᠯᠡᠯ ᠮᠥᠨ᠂ ᠪᠠᠰᠠ ᠴᠤ ᠪᠢᠳᠡᠨ ᠤ ᠺᠠᠳ᠋ᠷ ᠢ ᠣᠶᠢᠯᠠᠭᠠᠬᠤ᠂ ᠺᠠᠳ᠋ᠷ ᠢ ᠦᠨᠡᠯᠡᠬᠦ᠂ ᠺᠠᠳ᠋ᠷ ᠢ ᠬᠡᠷᠡᠭᠯᠡᠬᠦ ᠴᠢᠬᠤᠯᠠ ᠮᠡᠳᠡᠭᠡ ᠵᠠᠩᠭᠢ ᠶᠢᠨ ᠡᠬᠢ ᠰᠤᠷᠪᠤᠯᠵᠢ ᠮᠥᠨ | ᠃ ᠰᠢᠶᠧ ᠢᠤᠢ ᠳᠠᠬᠢᠨ ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠨᠢ ᠶᠠᠭᠤ ᠪᠤᠯᠬᠤ ᠶᠢ ᠲᠠᠨᠢᠯᠴᠠᠭᠤᠯᠵᠤ ᠦᠭᠭᠦᠨ᠎ᠡ ᠤᠤ︖ | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠺᠠᠳ᠋ᠷ ᠠᠵᠢᠯᠳᠠᠨ ᠤ ᠶᠠᠪᠤᠳᠠᠯ ᠤᠨ ᠳᠠᠩᠰᠠ ᠡᠪᠬᠡᠮᠡᠯ ᠪᠣᠯ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠤᠨ ᠵᠣᠬᠢᠶᠠᠨ | ᠪᠠᠶᠢᠭᠤᠯᠬᠤ᠂ ᠠᠵᠢᠯᠳᠠᠨ ᠤ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ᠂ ᠺᠠᠳ᠋ᠷ ᠠᠵᠢᠯᠳᠠᠨ ᠤ ᠶᠠᠪᠤᠳᠠᠯ ᠤᠨ | ᠬᠠᠮᠢᠶᠠᠷᠤᠯᠲᠠ᠂ ᠴᠢᠳᠠᠪᠤᠷᠢᠲᠠᠨ ᠤ ᠦᠢᠯᠡᠴᠢᠯᠡᠭᠡ ᠵᠡᠷᠭᠡ ᠠᠵᠢᠯ ᠤᠨ ᠳᠤᠮᠳᠠ ᠪᠤᠢ ᠪᠤᠯᠵᠤ᠂ ᠺᠠᠳ᠋ᠷ ᠤᠨ ᠬᠤᠪᠢ ᠬᠥᠮᠦᠨ ᠤ ᠤᠯᠤᠰ ᠲᠦᠷᠦ ᠶᠢᠨ ᠬᠡᠪ ᠴᠢᠨᠠᠷ᠂ | ᠶᠣᠰᠣ ᠮᠣᠷᠠᠯ ᠵᠠᠩ ᠰᠤᠷᠲᠠᠯ᠂ ᠦᠵᠡᠯ ᠰᠠᠨᠠᠭ᠎ᠠ ᠲᠠᠨᠢᠯᠲᠠ᠂ ᠰᠤᠷᠤᠯᠴᠠᠯᠭ᠎ᠠ ᠠᠵᠢᠯ ᠤᠨ ᠥᠩᠭᠡᠷᠡᠯᠲᠡ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ᠂ ᠠᠵᠢᠯ ᠤᠨ | ᠰᠤᠷᠲᠠᠯ᠂ ᠠᠵᠢᠯ ᠤᠨ ᠪᠦᠲᠦᠮᠵᠢ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠵᠢᠴᠢ ᠭᠡᠷ ᠪᠦᠯᠢ ᠶᠢᠨ | ᠪᠠᠶᠢᠳᠠᠯ᠂ ᠨᠡᠶᠢᠭᠡᠮ ᠤᠨ ᠬᠠᠷᠢᠴᠠᠭ᠎ᠠ ᠵᠡᠷᠭᠡ ᠪᠠᠶᠢᠳᠠᠯ ᠢ ᠳᠤᠰᠬᠠᠵᠤ ᠲᠡᠮᠳᠡᠭᠯᠡᠭᠰᠡᠨ ᠮᠠᠲ᠋ᠧᠷᠢᠶᠠᠯ ᠪᠤᠯᠤᠨ᠎ᠠ᠃ | ᠬᠥᠲᠥᠯᠥᠭᠴᠢ᠄ ᠰᠢᠶᠤᠤ ᠰᠢᠤᠢ | ᠪᠢᠳᠡ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠳᠤᠷᠠᠳᠬᠤ ᠦᠶ᠎ᠡ ᠳᠤ᠂ ᠲᠡᠭᠦᠨ ᠢ ᠶᠡᠷᠦᠳᠡᠭᠡᠨ ᠬᠠᠮᠢᠭ᠎ᠠ ᠬᠠᠳᠠᠭᠠᠯᠠᠬᠤ ᠶᠢ ᠪᠣᠳᠣᠵᠤ ᠥᠩᠭᠡᠷᠡᠭᠰᠡᠨ ᠦᠦ︖ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠶᠡᠷᠦᠳᠡᠭᠡᠨ ᠬᠠᠮᠢᠭ᠎ᠠ ᠬᠠᠳᠠᠭᠠᠯᠠᠳᠠᠭ ᠪᠤᠢ︖ | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠶᠡᠷᠦᠳᠡᠭᠡᠨ ᠳᠣᠣᠷᠠᠬᠢ ᠬᠡᠳᠦᠨ ᠭᠠᠵᠠᠷ ᠬᠠᠳᠠᠭᠠᠯᠠᠵᠤ ᠪᠠᠶᠢᠳᠠᠭ᠄ | ︵1︶ ᠠᠵᠢᠯᠯᠠᠵᠤ ᠪᠠᠶᠢᠭ᠎ᠠ ᠨᠢᠭᠡᠴᠡ᠄ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠲᠠᠢ ᠨᠢᠭᠡᠴᠡ᠂ ᠲᠣᠰ ᠨᠢᠭᠡᠴᠡ ᠶᠢᠨ ᠢᠶᠠᠨ ᠠᠵᠢᠯᠲᠠᠨ ᠤ | ᠶᠠᠪᠤᠳᠠᠯ ᠤᠨ ᠲᠠᠩᠰᠠ ᠡᠪᠬᠡᠮᠡᠯ ᠢ ᠥᠪᠡᠰᠦᠪᠡᠨ ᠬᠠᠳᠠᠭᠠᠯᠠᠨ᠎ᠠ᠃ | ︵2︶ ᠴᠢᠳᠠᠪᠤᠷᠢᠲᠠᠨ ᠤ ᠵᠠᠬ᠎ᠠ ᠳᠡᠯᠭᠡᠭᠦᠷ᠄ ᠣᠯᠠᠩᠬᠢ ᠲᠣᠭᠠᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠤ ᠶᠠᠪᠤᠳᠠᠯ ᠤᠨ ᠳᠠᠩᠰᠠ | ᠡᠪᠬᠡᠮᠡᠯ ᠢ ᠠᠵᠢᠯᠯᠠᠵᠤ ᠪᠠᠶᠢᠭ᠎ᠠ ᠭᠠᠵᠠᠷ ᠪᠤᠶᠤ ᠡᠷᠦᠬᠡ ᠠᠮᠠ ᠶᠢᠨ ᠬᠠᠷᠢᠶ᠎ᠠ ᠪᠠᠶᠢᠭ᠎ᠠ ᠭᠠᠵᠠᠷ ᠤᠨ ᠴᠢᠳᠠᠪᠤᠷᠢᠲᠠᠨ ᠤ ᠵᠠᠬ᠎ᠠ ᠳᠡᠯᠭᠡᠭᠦᠷ ᠲᠤ ᠬᠠᠳᠠᠭᠠᠯᠠᠵᠤ ᠪᠠᠶᠢᠨ᠎ᠠ᠃ | ᠵᠠᠷᠢᠮ ᠠᠵᠢᠯ ᠣᠯᠤᠭᠠᠳᠤᠶ ᠪᠤᠶᠤ ᠠᠮᠢᠳᠤᠯᠢᠭ ᠢᠶᠠᠷ ᠠᠵᠢᠯ ᠣᠯᠤᠭᠰᠠᠳ ᠤᠨ ᠳᠠᠩᠰᠠ ᠡᠪᠬᠡᠮᠡᠯ ᠢ ᠪᠠᠰᠠ ᠠᠳᠡ ᠬᠠᠳᠠᠭᠠᠯᠠᠵᠤ ᠮᠡᠳᠡᠨ᠎ᠡ᠃ | ︵3︶ ᠲᠡᠭᠦᠰᠦᠭᠰᠡᠨ ᠰᠤᠷᠭᠠᠭᠤᠯᠢ᠄ ᠲᠡᠭᠦᠰᠦᠭᠰᠡᠨ ᠤ ᠳᠠᠷᠠᠭ᠎ᠠ ᠲᠦᠷ ᠠᠵᠢᠯ ᠣᠯᠤᠭᠠᠳᠤᠶ ᠮᠥᠷᠲᠡᠭᠡᠨ ᠠᠵᠢᠯ ᠡᠷᠢᠵᠦ ᠪᠠᠶᠢᠭ᠎ᠠ ᠬᠤᠭᠤᠴᠠᠭᠠᠨ ᠳᠠᠭᠠᠨ | ᠪᠠᠶᠢᠭ᠎ᠠ ᠲᠡᠭᠦᠰᠦᠭᠰᠡᠳ ᠤᠨ ᠳᠠᠩᠰᠠ ᠡᠪᠬᠡᠮᠡᠯ ᠢ ᠨᠢ ᠪᠠᠰᠠ ᠲᠡᠭᠦᠰᠦᠭᠰᠡᠨ ᠰᠤᠷᠭᠠᠭᠤᠯᠢ ᠳᠤ ᠬᠠᠳᠠᠭᠠᠯᠠᠵᠤ ᠪᠠᠶᠢᠬᠤ ᠪᠣᠯᠤᠯᠴᠠᠭ᠎ᠠ ᠲᠠᠢ ᠪᠠᠶᠢᠨ᠎ᠠ᠃ | ᠬᠥᠲᠥᠯᠥᠭᠴᠢ᠄ ᠰᠢᠶᠤᠤ ᠰᠢᠤᠢ | ᠮᠠᠨ ᠤ ᠪᠠᠶᠢᠭᠤᠯᠭ᠎ᠠ ᠶᠢᠨ ᠬᠠᠳᠠᠭᠠᠯᠠᠵᠤ ᠪᠠᠶᠢᠭ᠎ᠠ ᠠᠵᠢᠯᠲᠠᠨ ᠤ ᠳᠠᠩᠰᠠ ᠡᠪᠬᠡᠮᠡᠯ ᠳᠤ ᠶᠠᠭᠤ ᠶᠠᠭᠤ ᠪᠠᠶᠢᠬᠤ ᠪᠤᠢ︖ | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠮᠠᠨ ᠤ ᠪᠠᠶᠢᠭᠤᠯᠭ᠎ᠠ ᠭᠤᠣᠯᠳᠠᠭᠤ ᠡᠯ᠎ᠡ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ᠂ ᠠᠵᠢᠯ ᠠᠴᠠ | ᠪᠠᠨ ᠠᠮᠠᠷᠠᠭᠰᠠᠨ ᠬᠦᠮᠦᠰ ᠵᠢᠴᠢ ᠠᠵᠢᠯ ᠠᠴᠠ ᠪᠠᠨ ᠠᠮᠠᠷᠠᠭᠰᠠᠨ ᠠᠯᠪᠠᠲᠠᠨ ᠵᠡᠷᠭᠡ ᠶᠢᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠬᠠᠳᠠᠭᠠᠯᠠᠵᠤ ᠪᠠᠶᠢᠨ᠎ᠠ᠃ | ᠬᠥᠲᠥᠯᠥᠭᠴᠢ᠄ ᠰᠢᠶᠤᠤ ᠰᠢᠤᠢ | ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠡᠳᠦᠷ ᠲᠤᠲᠤᠮ ᠤᠨ ᠬᠠᠮᠢᠶᠠᠷᠤᠯᠲᠠ ᠳᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖ | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠡᠳᠦᠷ ᠲᠤᠲᠤᠮ ᠤᠨ ᠬᠠᠮᠢᠶᠠᠷᠤᠯᠲᠠ ᠪᠣᠯ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠴᠤᠭᠯᠠᠭᠤᠯᠬᠤ᠂ | ᠬᠠᠳᠠᠭᠠᠯᠠᠬᠤ᠂ ᠬᠢᠨᠠᠨ ᠲᠣᠭᠲᠠᠭᠠᠬᠤ᠂ ᠪᠦᠷᠢᠳᠬᠡᠬᠦ᠂ ᠵᠢᠭᠡᠯᠡᠨ ᠦᠵᠡᠬᠦ᠂ ᠳᠠᠮᠵᠢᠭᠤᠯᠤᠨ ᠬᠦᠷᠭᠡᠬᠦ ᠪᠤᠯᠤᠨ᠎ᠠ᠃ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ | ᠶᠠᠰᠤ ᠴᠢᠨᠠᠷ ᠢ ᠪᠠᠲᠤᠯᠠᠬᠤ ᠶᠢᠨ ᠵᠠᠩᠭᠢᠯᠠᠭ᠎ᠠ ᠪᠣᠯᠤᠨ᠎ᠠ᠃ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠡᠳᠦᠷ ᠲᠤᠲᠤᠮ ᠤᠨ ᠬᠠᠮᠢᠶᠠᠷᠤᠯᠲᠠ ᠳᠤ ᠡᠩ ᠤᠨ | ᠪᠠᠶᠢᠳᠠᠯ ᠳᠤ ᠳᠣᠤᠷᠠᠬᠢ ᠮᠡᠲᠦ ᠶᠢᠨ ᠠᠭᠤᠯᠭ᠎ᠠ ᠪᠠᠭᠲᠠᠨ᠎ᠠ᠄ | ︵1︶ ᠲᠠᠩᠰᠠ ᠡᠪᠬᠡᠮᠡᠯ ᠢ ᠴᠤᠭᠯᠠᠭᠤᠯᠬᠤ᠄ ᠠᠵᠢᠯ ᠤᠨ ᠳᠤᠮᠳᠠ ᠪᠣᠶ ᠪᠣᠯᠤᠭᠰᠠᠨ ᠡᠯ᠎ᠡ ᠲᠥᠷᠥᠯ ᠤᠨ ᠮᠠᠲ᠋ᠧᠷᠢᠶᠠᠯ ᠢ ᠴᠠᠭ ᠲᠤᠬᠠᠶ ᠳᠤᠨᠢ ᠴᠤᠭᠯᠠᠭᠤᠯᠤᠨ᠎ᠠ᠂ | ᠳᠠᠷᠤᠢ ᠨᠠᠮᠲᠠᠷ᠂ ᠬᠢᠨᠠᠨ ᠰᠢᠯᠭᠠᠯᠲᠠ᠂ ᠱᠠᠩᠨᠠᠵᠤ ᠲᠤᠷᠠᠭᠠᠭᠰᠠᠨ ᠮᠠᠲ᠋ᠧᠷᠢᠶᠠᠯ᠂ ᠰᠤᠷᠤᠯᠭ᠎ᠠ ᠶᠢᠨ ᠨᠠᠮᠲᠠᠷ ᠵᠡᠷᠭᠡ᠃ | ︵2︶ ᠳᠠᠩᠰᠠ ᠡᠪᠬᠡᠮᠡᠯ ᠢ ᠡᠮᠬᠢᠯᠡᠬᠦ᠄ ᠴᠤᠭᠯᠠᠭᠤᠯᠤᠭᠰᠠᠨ ᠮᠠᠲ᠋ᠧᠷᠢᠶᠠᠯ ᠢ ᠢᠯᠭᠠᠨ ᠲᠠᠨᠢᠬᠤ᠂ ᠲᠥᠷᠥᠯ ᠬᠤᠪᠢᠶᠠᠬᠤ᠂ ᠳ᠋ᠤᠭᠠᠷᠯᠠᠬᠤ ᠪᠠ ᠳᠡᠪᠲᠡᠷᠯᠡᠵᠦ᠂ | ᠲᠡᠭᠦᠨ ᠢ ᠡᠮᠬᠢ ᠵᠢᠷᠤᠮ ᠲᠠᠢ ᠬᠠᠳᠠᠭᠠᠯᠠᠨ᠎ᠠ᠃ | ︵3︶ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ᠄ ᠲᠠᠩᠰᠠ ᠡᠪᠬᠡᠮᠡᠯ ᠤᠨ ᠬᠠᠳᠠᠭᠠᠯᠠᠬᠤ ᠣᠷᠴᠢᠨ ᠲᠣᠭᠤᠷᠢᠨ ᠢ ᠠᠮᠤᠷ ᠲᠦᠪᠰᠢᠨ᠂ ᠬᠠᠭᠤᠷᠠᠶ᠂ ᠰᠠᠯᠬᠢ | ᠵᠢᠪᠠᠷ ᠨᠡᠪᠲᠡᠷᠡᠬᠦ ᠶᠢ ᠦᠨᠡᠨ ᠬᠦ ᠪᠠᠲᠤᠯᠠᠵᠤ᠂ ᠭᠠᠯ᠂ ᠴᠢᠭᠢᠭ᠂ ᠬᠤᠷᠣᠬᠠᠶ᠂ ᠬᠤᠯᠠᠭᠠᠶᠢᠯᠠᠬᠤ ᠶᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠤᠨ᠎ᠠ᠃ | ︵4︶ ᠲᠠᠩᠰᠠ ᠡᠪᠬᠡᠮᠡᠯ ᠢ ᠪᠠᠶᠢᠴᠠᠭᠠᠨ ᠦᠵᠡᠬᠦ ᠪᠠ ᠵᠢᠭᠡᠯᠡᠨ ᠤᠩᠰᠢᠬᠤ ᠬᠠᠮᠢᠶᠠᠷᠤᠯᠲᠠ᠄ ᠲᠣᠭᠲᠠᠭᠠᠯ ᠢ ᠴᠢᠩᠭ᠎ᠠ ᠵᠢᠷᠤᠮᠯᠠᠨ ᠪᠠᠶᠢᠴᠠᠭᠠᠨ ᠦᠵᠡᠬᠦ ᠪᠠ | ᠵᠢᠭᠡᠯᠡᠨ ᠤᠩᠰᠢᠬᠤ ᠭᠠᠷ ᠭᠦᠢᠴᠡᠳᠬᠡᠯ ᠬᠢᠵᠦ᠂ ᠪᠠᠶᠢᠴᠠᠭᠠᠨ ᠦᠵᠡᠬᠦ ᠪᠠ ᠵᠢᠭᠡᠯᠡᠨ ᠤᠩᠰᠢᠬᠤ ᠶᠠᠪᠤᠴᠠ ᠳᠤ ᠬᠢᠨᠠᠯᠲᠠ ᠲᠠᠯᠪᠢᠵᠤ᠂ ᠲᠠᠩᠰᠠ ᠡᠪᠬᠡᠮᠡᠯ ᠤᠨ ᠠᠮᠤᠷ | ᠲᠦᠪᠰᠢᠨ ᠪᠠ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠨ᠎ᠠ᠃ | ︵5︶ ᠳᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ᠄ ᠠᠵᠢᠯ ᠤᠨ ᠬᠤᠪᠢᠷᠠᠯᠲᠠ᠂ ᠰᠤᠷᠭᠠᠭᠤᠯᠢ ᠳᠡᠪᠰᠢᠬᠦ ᠵᠡᠷᠭᠡ ᠪᠠᠶᠢᠳᠠᠯ ᠢ ᠦᠨᠳᠦᠰᠦᠯᠡᠨ᠂ ᠳᠠᠩᠰᠠ | ᠡᠪᠬᠡᠮᠡᠯ ᠢ ᠣᠨᠣᠪᠴᠢᠲᠠᠶ᠂ ᠴᠠᠭ ᠲᠤᠬᠠᠶ ᠳᠤᠨᠢ ᠳᠠᠮᠵᠢᠭᠤᠯᠤᠨ ᠬᠦᠷᠭᠡᠬᠦ ᠶᠢᠨ ᠬᠠᠮᠲᠤ ᠬᠠᠮᠢᠶ᠎ᠠ ᠪᠦᠬᠦᠢ ᠲᠡᠮᠳᠡᠭᠯᠡᠯ ᠢ ᠰᠠᠶᠢᠲᠤᠷ ᠬᠢᠨ᠎ᠡ᠃ | ︵6︶ ᠳᠠᠩᠰᠠ ᠡᠪᠬᠡᠮᠡᠯ ᠤᠨ ᠮᠡᠳᠡᠭᠡ ᠵᠠᠩᠬᠢᠴᠢᠯᠠᠭᠰᠠᠨ ᠬᠠᠮᠢᠶᠠᠷᠤᠯᠲᠠ᠄ ᠡᠯᠧᠺᠲᠷᠤᠨ ᠳᠠᠩᠰᠠ ᠡᠪᠬᠡᠮᠡᠯ ᠤᠨ ᠰᠢᠰᠲ᠋ᠧᠮ ᠢ ᠪᠠᠶᠢᠭᠤᠯᠵᠤ᠂ ᠳᠠᠩᠰᠠ ᠡᠪᠬᠡᠮᠡᠯ ᠢ | ᠲᠣᠭᠠᠴᠢᠯᠠᠨ ᠰᠢᠢᠳᠪᠦᠷᠢᠯᠡᠵᠦ᠂ ᠬᠠᠮᠢᠶᠠᠷᠤᠯᠲᠠ ᠶᠢᠨ ᠦᠷ᠎ᠡ ᠪᠦᠲᠦᠮᠵᠢ ᠪᠠ ᠠᠰᠢᠭᠯᠠᠬᠤ ᠳᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ | ︵7︶ ᠳᠠᠩᠰᠠ ᠡᠪᠬᠡᠮᠡᠯ ᠢ ᠬᠢᠨᠠᠨ ᠬᠠᠷᠭᠤᠭᠤᠯᠬᠤ᠄ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠ ᠡᠪᠬᠡᠮᠡᠯ ᠤᠨ ᠠᠭᠤᠯᠭ᠎ᠠ ᠶᠢ ᠬᠢᠨᠠᠨ ᠬᠠᠷᠭᠤᠭᠤᠯᠵᠤ᠂ | ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠣᠨᠣᠪᠴᠢᠲᠤ ᠴᠢᠨᠠᠷ ᠢ ᠦᠨᠡᠨᠬᠦ ᠪᠠᠲᠤᠯᠠᠨ᠎ᠠ᠃ | ᠬᠥᠲᠥᠯᠥᠭᠴᠢ᠄ ᠰᠢᠶᠤᠤ ᠰᠢᠤᠢ | ᠦᠵᠡᠬᠦᠯᠡᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠡᠳᠦᠷ ᠲᠤᠲᠤᠮ ᠤᠨ ᠬᠠᠮᠢᠶᠠᠷᠤᠯᠲᠠ ᠨᠢ ᠵᠥᠪᠬᠡᠨ ᠲᠥᠬᠦᠮ ᠬᠠᠳᠠᠭᠠᠯᠠᠯᠲᠠ ᠪᠢᠰᠢ᠂ ᠪᠠᠰᠠ | ᠲᠠᠩᠰᠠ ᠡᠪᠬᠡᠮᠡᠯ ᠤᠨ ᠮᠡᠳᠡᠭᠡ ᠵᠠᠩᠭᠢ ᠶᠢ ᠡᠮᠬᠢᠯᠡᠬᠦ᠂ ᠰᠢᠨᠡᠳᠬᠡᠬᠦ᠂ ᠬᠠᠮᠠᠭᠠᠯᠠᠬᠤ ᠵᠡᠷᠭᠡ ᠠᠯᠢ ᠣᠯᠠᠨ ᠴᠢᠬᠤᠯᠠ ᠠᠵᠢᠯ ᠲᠠᠢ ᠬᠤᠯᠪᠣᠭᠳᠠᠵᠤ ᠪᠠᠶᠢᠳᠠᠭ᠃ ᠡᠳᠡᠭᠡᠷ | ᠬᠠᠮᠢᠶᠠᠷᠤᠯᠲᠠ ᠶᠢᠨ ᠠᠭᠤᠯᠭ᠎ᠠ ᠨᠢ ᠶᠠᠭ ᠳᠠᠩᠰᠠ ᠡᠪᠬᠡᠮᠡᠯ ᠢ ᠰᠠᠬᠢᠨ ᠬᠠᠮᠠᠭᠠᠯᠠᠵᠤ ᠪᠠᠶᠢᠭ᠎ᠠ ᠬᠠᠮᠠᠭᠠᠯᠠᠭᠴᠢ ᠰᠢᠭ᠂ ᠳᠠᠩᠰᠠ ᠡᠪᠬᠡᠮᠡᠯ ᠨᠢᠭᠡᠪᠦᠷᠢ ᠳᠤ ᠴᠥᠮ ᠲᠣᠬᠢᠲᠠᠶ | ᠬᠠᠨᠳᠤᠬᠤ ᠪᠠ ᠬᠠᠮᠢᠶᠠᠷᠬᠤ ᠶᠢ ᠦᠨᠡᠨ ᠬᠦ ᠪᠠᠲᠤᠯᠠᠨ᠎ᠠ᠃ | ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠠᠰᠢᠭᠯᠠᠯᠲᠠ ᠭᠡᠵᠦ ᠶᠠᠭᠤ ᠪᠤᠢ︖ ᠪᠢ ᠣᠶᠢᠯᠠᠭᠠᠶ᠎ᠠ ᠭᠡᠵᠦ ᠪᠣᠳᠣᠵᠤ ᠪᠠᠶᠢᠨ᠎ᠠ᠃ | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠠᠰᠢᠭᠯᠠᠯᠲᠠ ᠭᠡᠳᠡᠭ ᠪᠣᠯ ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠬᠠᠮᠢᠶᠠᠷᠬᠤ ᠰᠠᠯᠠᠭ᠎ᠠ | ᠮᠥᠴᠢᠷ᠂ ᠳᠠᠩᠰᠠ ᠡᠪᠬᠡᠮᠡᠯ ᠢ ᠡᠷᠢᠵᠦ ᠦᠵᠡᠬᠦ᠂ ᠵᠢᠭᠡᠯᠡᠨ ᠦᠵᠡᠬᠦ ᠲᠣᠭᠲᠠᠭᠠᠯ ᠪᠠ ᠠᠰᠢᠭᠯᠠᠬᠤ ᠨᠢᠭᠡᠴᠡ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠷᠢᠬᠦ | ᠂ ᠵᠢᠭᠡᠯᠡᠨ ᠦᠵᠡᠬᠦ᠂ ᠡᠰᠡᠬᠦᠯ᠎ᠡ ᠺᠠᠳ᠋ᠷ ᠤᠨ ᠬᠠᠮᠢᠶ᠎ᠠ ᠪᠦᠬᠦᠢ ᠪᠠᠶᠢᠳᠠᠯ ᠢ ᠬᠠᠩᠭᠠᠬᠤ ᠪᠠ ᠭᠡᠷᠡᠴᠢ ᠮᠠᠲ᠋ᠧᠷᠢᠶᠠᠯ ᠭᠠᠷᠭᠠᠨ ᠥᠭᠬᠦ ᠠᠵᠢᠯ ᠢ ᠵᠢᠭᠠᠵᠤ ᠪᠤᠶ᠃ | ᠬᠥᠲᠥᠯᠥᠭᠴᠢ᠄ ᠰᠢᠶᠤᠤ ᠰᠢᠤᠢ | ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠠᠰᠢᠭᠯᠠᠯᠲᠠ ᠪᠣᠯ ᠲᠡᠭᠦᠨ ᠤ ᠥᠷᠲᠡᠭ ᠢ ᠭᠦᠢᠴᠡᠳ ᠪᠠᠳᠠᠷᠠᠭᠤᠯᠬᠤ ᠴᠢᠬᠤᠯᠠ ᠠᠷᠭ᠎ᠠ ᠵᠠᠮ ᠮᠥᠨ | ᠭᠡᠵᠦ ᠬᠡᠯᠡᠵᠦ ᠪᠣᠯᠤᠨ᠎ᠠ᠃ ᠺᠠᠳ᠋ᠷ ᠠᠵᠢᠯᠳᠠᠨ ᠤ ᠶᠠᠪᠤᠳᠠᠯ ᠤᠨ ᠲᠠᠩᠰᠠ ᠡᠪᠬᠡᠮᠡᠯ ᠢ ᠶᠠᠮᠠᠷ ᠶᠠᠮᠠᠷ ᠤᠨᠴᠠᠭᠠᠢ ᠪᠠᠶᠢᠳᠠᠯ ᠲᠤᠤᠷ᠎ᠠ ᠦᠵᠡᠵᠦ ᠪᠤᠯᠬᠤ ᠪᠤᠢ︖ ᠡᠨᠡ ᠪᠣᠯ | ᠺᠠᠲᠠᠷ ᠤᠨ ᠬᠠᠮᠢᠶᠠᠷᠤᠯᠲᠠ ᠪᠠ ᠺᠠᠲᠠᠷ ᠤᠨ ᠪᠠᠶᠢᠳᠠᠯ ᠢ ᠣᠶᠢᠯᠭᠠᠬᠤ ᠴᠢᠬᠤᠯᠠ ᠭᠤᠭᠴᠤᠭ᠎ᠠ ᠪᠣᠯᠣᠨ᠎ᠠ᠃ | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠪᠠᠶᠢᠭᠤᠯᠭ᠎ᠠ᠂ ᠨᠢᠭᠡᠴᠡ ᠶᠢᠨ ᠨᠠᠮ ᠤᠨ ᠬᠤᠷᠢᠶ᠎ᠠ ᠵᠢᠴᠢ ᠡᠯ᠎ᠡ ᠱᠠᠲᠤᠨ ᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠨᠢ ᠠᠵᠢᠯᠲᠠᠨ ᠤ ᠶᠠᠪᠤᠳᠠᠯ ᠤᠨ | ᠳᠠᠩᠰᠠ ᠡᠪᠬᠡᠮᠡᠯ ᠢ ᠪᠠᠶᠢᠴᠠᠭᠠᠨ ᠦᠵᠡᠬᠦ ᠡᠷᠬᠡ ᠲᠠᠢ᠃ ᠡᠩ ᠤᠨ ᠪᠤᠰᠤᠳ ᠨᠢᠭᠡᠴᠡ ᠪᠣᠯᠤᠨ ᠬᠤᠪᠢ ᠬᠥᠮᠦᠨ ᠨᠢ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ | ᠪᠠᠶᠢᠴᠠᠭᠠᠨ ᠵᠢᠭᠡᠯᠡᠵᠦ ᠪᠣᠯᠬᠤ ᠦᠭᠡᠶ᠂ ᠦᠨᠡᠨᠬᠦ ᠠᠵᠢᠯ ᠤᠨ ᠰᠢᠯᠲᠠᠭᠠᠨ ᠠᠴᠠ ᠪᠣᠯᠵᠤ ᠪᠠᠶᠢᠴᠠᠭᠠᠨ ᠦᠵᠡᠬᠦ ᠴᠢᠬᠤᠯᠠᠲᠠᠶ ᠪᠣᠯ᠂ ᠬᠠᠷᠢᠶᠠᠯᠠᠭᠳᠠᠬᠤ ᠬᠠᠷᠢᠴᠠᠭ᠎ᠠ ᠪᠤᠶᠤ | ᠠᠵᠢᠯᠲᠠᠨ ᠤ ᠶᠠᠪᠤᠳᠠᠯ ᠤᠨ ᠬᠠᠷᠢᠴᠠᠭ᠎ᠠ ᠪᠠᠷ ᠳᠡᠭᠡᠷ᠎ᠡ ᠳᠤᠷᠠᠳᠤᠭᠰᠠᠨ ᠨᠢᠭᠡᠴᠡ ᠪᠤᠶᠤ ᠬᠤᠪᠢ ᠬᠥᠮᠦᠨ ᠣᠷᠣᠯᠠᠨ ᠪᠠᠶᠢᠴᠠᠭᠠᠵᠤ ᠵᠢᠭᠡᠯᠡᠬᠦ ᠬᠡᠷᠡᠭᠲᠡᠶ᠃ ᠳᠣᠤᠷᠠᠬᠢ | ᠬᠡᠷᠡᠭᠯᠡᠯᠲᠡ ᠶᠢᠨ ᠨᠢᠭᠡ ᠨᠢ ᠪᠠᠶᠢᠪᠠᠯ᠂ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠬᠠᠳᠠᠭᠠᠯᠠᠵᠤ ᠪᠠᠶᠢᠭ᠎ᠠ ᠨᠢᠭᠡᠴᠡ ᠶᠢᠨ ᠠᠵᠢᠯᠲᠠᠨ ᠤ ᠶᠠᠪᠤᠳᠠᠯ ᠤᠨ ᠵᠣᠬᠢᠶᠠᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠲᠤᠰ ᠨᠢᠭᠡᠴᠡ ᠶᠢᠨ ᠬᠠᠮᠢᠶᠠᠷᠴᠤ ᠪᠦᠬᠦᠢ ᠠᠵᠢᠯᠲᠠᠨ ᠤ ᠶᠠᠪᠤᠳᠠᠯ ᠤᠨ ᠳᠠᠩᠰᠠ | ᠡᠪᠬᠡᠮᠡᠯ ᠢ ᠵᠢᠭᠡᠯᠡᠵᠦ ᠤᠩᠰᠢᠵᠤ ᠪᠣᠯᠤᠨ᠎ᠠ᠄ | ︵1︶ ᠰᠢᠯᠭᠠᠨ ᠪᠠᠶᠢᠴᠠᠭᠠᠬᠤ᠂ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ᠂ ᠤᠷᠢᠨ ᠲᠣᠮᠢᠯᠠᠬᠤ᠂ ᠰᠢᠯᠵᠢᠭᠦᠯᠬᠦ᠂ ᠵᠣᠬᠢᠶᠠᠨ | ᠪᠠᠶᠢᠭᠤᠯᠤᠯᠲᠠ ᠠᠴᠠ ᠰᠢᠢᠳᠪᠦᠷᠢᠯᠡᠬᠦ᠂ ᠺᠠᠳ᠋ᠷ ᠢ ᠬᠢᠨᠠᠨ ᠪᠠᠶᠢᠴᠠᠭᠠᠬᠤ᠂ ᠨᠠᠮ ᠳᠤ ᠣᠷᠣᠬᠤ ᠪᠦᠯᠬᠦᠮ ᠳᠤ ᠤᠷᠤᠬᠤ᠂ ᠴᠡᠷᠢᠭ ᠲᠤ ᠣᠷᠣᠬᠤ᠂ ᠭᠠᠳᠠᠭᠠᠳᠤ ᠳᠤ | ᠭᠠᠷᠬᠤ᠂ ᠲᠤᠰᠢᠶᠠᠯ ᠤᠨ ᠳᠡᠰ ᠤᠨ ᠬᠠᠷᠠᠭᠠᠯᠵᠠᠯ᠂ ᠪᠡᠯᠪᠡᠰᠦᠷᠡᠯ ᠵᠡᠷᠭᠡ ᠰᠢᠯᠲᠠᠭᠠᠨ ᠠᠴᠠ ᠪᠤᠯᠵᠤ ᠳᠠᠩᠰᠠ ᠡᠪᠬᠡᠮᠡᠯ ᠢ ᠪᠠᠶᠢᠴᠠᠭᠠᠨ ᠦᠵᠡᠬᠦ ᠴᠢᠬᠤᠯᠠᠲᠠᠢ ᠪᠠᠶᠢᠪᠠᠯ | ᠵᠢᠭᠡᠯᠡᠵᠦ ᠤᠩᠰᠢᠵᠤ ᠪᠣᠯᠤᠨ᠎ᠠ︔ | ︵2︶ ᠪᠤᠰᠤᠳ ᠬᠥᠮᠦᠨ ᠤ ᠬᠡᠷᠡᠭ ᠲᠠᠢ ᠨᠢᠭᠲᠠ ᠬᠠᠷᠢᠴᠠᠭ᠎ᠠ ᠲᠠᠢ᠂ ᠬᠠᠷᠢᠨ ᠲᠤᠰ ᠬᠥᠮᠦᠨ ᠨᠢ ᠨᠢᠭᠡᠨᠲᠡ ᠦᠬᠦᠭᠰᠡᠨ ᠪᠤᠶᠤ ᠬᠦᠨᠳᠦ ᠡᠪᠡᠳᠴᠢᠨ ᠠᠴᠠ | ᠪᠤᠯᠵᠤ ᠶᠠᠷᠢᠵᠤ ᠦᠭᠴᠦ ᠳᠡᠶᠢᠯᠬᠦ ᠦᠭᠡᠶ ᠪᠠᠶᠢᠳᠠᠯ ᠵᠢᠴᠢ ᠪᠤᠰᠤᠳ ᠤᠨᠴᠠᠭᠠᠢ ᠰᠢᠯᠲᠠᠭᠠᠨ ᠠᠴᠠ ᠪᠣᠯᠵᠤ᠂ ᠡᠷᠬᠡᠪᠰᠢ ᠲᠡᠭᠦᠨ ᠤ ᠳᠠᠩᠰᠠ ᠡᠪᠬᠡᠮᠡᠯ ᠤᠨ | ᠳᠣᠲᠣᠷ᠎ᠠ ᠠᠴᠠ ᠬᠠᠵᠠᠭᠤ ᠶᠢᠨ ᠭᠡᠷᠡᠴᠢ ᠮᠠᠲ᠋ᠧᠷᠢᠶᠠᠯ ᠣᠯᠬᠤ ᠬᠡᠷᠡᠭᠲᠡᠶ ᠪᠠᠶᠢᠪᠠᠯ᠂ ᠳᠠᠩᠰᠠ ᠡᠪᠬᠡᠮᠡᠯ ᠤᠨ ᠳᠣᠲᠣᠷᠠᠬᠢ ᠬᠤᠯᠪᠣᠭᠳᠠᠯ ᠪᠦᠬᠦᠢ ᠮᠠᠲ᠋ᠧᠷᠢᠶᠠᠯ ᠢ | ᠪᠠᠶᠢᠴᠠᠭᠠᠨ ᠦᠵᠡᠵᠦ ᠪᠣᠯᠤᠨ᠎ᠠ︔ | ︵3︶ ᠨᠠᠮ ᠤᠨ ᠲᠡᠦᠬᠡ᠂ ᠴᠡᠷᠢᠭ ᠤᠨ ᠲᠡᠦᠬᠡ᠂ ᠬᠤᠪᠢᠰᠬᠠᠯ ᠤᠨ ᠲᠡᠮᠡᠴᠡᠯ ᠤᠨ ᠲᠡᠦᠬᠡ᠂ ᠣᠷᠣᠨ ᠨᠤᠲᠤᠭ ᠤᠨ ᠣᠶᠢᠯᠠᠯᠭ᠎ᠠ ᠵᠡᠷᠭᠡ ᠡᠯ᠎ᠡ ᠵᠦᠢᠯ ᠤᠨ | ᠲᠡᠦᠬᠡ ᠣᠶᠢᠯᠠᠯᠭ᠎ᠠ ᠪᠢᠴᠢᠬᠦ ᠪᠤᠶᠤ ᠬᠥᠮᠦᠰ ᠤᠨ ᠨᠠᠮᠲᠠᠷ ᠢ ᠪᠢᠴᠢᠬᠦ ᠵᠡᠷᠭᠡ ᠠᠴᠠ ᠪᠣᠯᠵᠤ᠂ ᠡᠩ ᠤᠨ ᠪᠠᠶᠢᠳᠠᠯ ᠳᠤ ᠺᠠᠳ᠋ᠷ ᠠᠵᠢᠯᠳᠠᠨ ᠤ ᠶᠠᠪᠤᠳᠠᠯ ᠤᠨ ᠳᠠᠩᠰᠠ | ᠡᠪᠬᠡᠮᠡᠯ ᠢ ᠪᠠᠶᠢᠴᠠᠭᠠᠨ ᠦᠵᠡᠵᠦ ᠪᠣᠯᠬᠤ ᠦᠭᠡᠢ ᠪᠠᠶᠢᠪᠠᠯ᠂ ᠰᠢᠭᠤᠳ ᠲᠤᠰ ᠬᠥᠮᠦᠨ ᠠᠴᠠ ᠰᠤᠷᠪᠤᠯᠵᠢᠯᠠᠵᠤ ᠪᠣᠯᠤᠨ᠎ᠠ᠂ ᠬᠡᠷᠪᠡ ᠲᠤᠰ ᠺᠠᠳ᠋ᠷ ᠨᠢᠭᠡᠨᠲᠡ ᠦᠬᠦᠭᠰᠡᠨ | ᠪᠤᠶᠤ ᠨᠠᠰᠤ ᠠᠬᠢᠭᠰᠠᠨᠡᠴᠠ ᠪᠤᠯᠵᠤ ᠴᠡᠭᠡᠵᠢᠯᠡᠬᠦ ᠴᠢᠳᠠᠪᠤᠷᠢ ᠪᠠᠨ ᠠᠯᠳᠠᠵᠤ᠂ ᠡᠪᠡᠳᠴᠢᠨ ᠠᠴᠠ ᠪᠤᠯᠵᠤ ᠬᠡᠯᠡᠵᠦ ᠪᠢᠴᠢᠵᠦ ᠳᠡᠶᠢᠯᠬᠦ ᠦᠭᠡᠢ᠂ ᠲᠡᠳᠡᠨ ᠤ ᠨᠠᠮᠲᠠᠷ ᠢ | ᠪᠠᠶᠢᠴᠠᠭᠠᠨ ᠦᠵᠡᠵᠦ ᠪᠣᠯᠤᠨ᠎ᠠ︔ | ︵4︶ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠵᠡᠷᠭᠡ ᠨᠢᠭᠡᠴᠡ ᠲᠤᠷᠰᠢᠨ ᠪᠠᠶᠢᠴᠠᠭᠠᠬᠤ᠂ ᠰᠢᠭᠦᠬᠦ ᠠᠯᠪᠠᠨ ᠭᠡᠷᠡᠴᠢᠯᠡᠭᠡ ᠬᠢᠭᠰᠡᠨ ᠠᠴᠠ | ᠪᠣᠯᠵᠤ ᠡᠷᠬᠡᠪᠰᠢ ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢᠶᠠᠷ ᠳᠠᠮᠵᠢᠨ ᠰᠤᠯᠠ ᠭᠡᠷᠡᠴᠢ ᠤᠯᠬᠤ ᠴᠢᠬᠤᠯᠠᠲᠠᠢ ᠪᠣᠯ ᠬᠤᠯᠪᠣᠭᠳᠠᠯ ᠪᠦᠬᠦᠢ ᠮᠠᠲ᠋ᠧᠷᠢᠶᠠᠯ ᠢ | ᠪᠠᠶᠢᠴᠠᠭᠠᠨ ᠦᠵᠡᠵᠦ ᠪᠣᠯᠤᠨ᠎ᠠ᠃ | ᠬᠥᠲᠥᠯᠥᠭᠴᠢ᠄ ᠰᠢᠶᠤᠤ ᠰᠢᠤᠢ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠪᠣᠯ ᠬᠥᠮᠦᠨ ᠨᠢᠭᠡᠪᠦᠷᠢ ᠶᠢᠨ ᠠᠵᠢᠯ ᠮᠡᠷᠭᠡᠵᠢᠯ ᠤᠨ ᠭᠡᠷᠡᠴᠢ ᠮᠥᠨ᠂ ᠪᠢᠳᠡᠨ ᠤ ᠦᠰᠦᠨ ᠪᠤᠶᠢᠵᠢᠯᠲᠠ ᠪᠠ | ᠥᠩᠭᠡᠷᠡᠯᠲᠡ ᠶᠢ ᠲᠡᠮᠳᠡᠭᠯᠡᠵᠦ ᠪᠠᠶᠢᠳᠠᠭ᠃ ᠲᠡᠷᠡ ᠨᠢ ᠮᠡᠳᠡᠭᠡ ᠵᠠᠩᠭᠢ ᠶᠢᠨ ᠠᠴᠢᠶᠠᠯᠠᠭᠴᠢ ᠪᠣᠯᠬᠤ ᠪᠠᠷ ᠪᠠᠷᠠᠬᠤ ᠦᠭᠡᠢ᠂ ᠨᠡᠩ ᠴᠤ ᠲᠡᠦᠬᠡ ᠶᠢᠨ ᠲᠤᠨᠳᠠᠰᠤ | ᠪᠣᠯᠣᠨ᠎ᠠ᠃ ᠪᠢᠳᠡ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠡᠷᠢᠵᠦ ᠦᠵᠡᠬᠦ ᠬᠡᠷᠡᠭᠴᠡᠭᠡ ᠪᠠᠶᠢᠬᠤ ᠦᠶ᠎ᠡ ᠳᠤ᠂ ᠡᠶᠢᠮᠦ ᠨᠢᠭᠡ ᠰᠡᠵᠢᠭ ᠲᠠᠢ ᠮᠠᠭᠠᠳ᠄ ᠬᠡᠷᠪᠡ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠪᠠᠶᠢᠴᠠᠭᠠᠨ ᠦᠵᠡᠬᠦ ᠳᠤ ᠬᠦᠷᠪᠡᠯ᠂ ᠲᠤᠰ ᠬᠥᠮᠥᠨ ᠰᠢᠭᠤᠳ ᠪᠠᠶᠢᠴᠠᠭᠠᠨ ᠯᠠᠪᠯᠠᠵᠤ ᠪᠣᠯᠣᠨ᠎ᠠ ᠤᠤ︖ ᠰᠢᠶᠧ | ᠢᠦᠢ ᠪᠢᠳᠡᠨ ᠳᠤ ᠲᠠᠢᠯᠪᠤᠷᠢᠯᠠᠵᠤ ᠥᠭᠭᠦᠨ᠎ᠡ ᠤᠤ᠃ | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠪᠤᠯᠬᠤ ᠦᠭᠡᠢ᠂ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠵᠢᠭᠡᠯᠡᠵᠦ ᠦᠵᠡᠬᠦ ᠠᠵᠢᠯ ᠪᠣᠯ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠣᠭᠲᠠᠭᠰᠠᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠵᠢᠷᠤᠮᠯᠠᠵᠤ᠂ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠦᠵᠡᠬᠦ᠂ ᠵᠢᠭᠡᠯᠡᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠬᠥᠮᠦᠰ ᠤᠨ ᠪᠠᠶᠢᠳᠠᠯ ᠪᠠ ᠭᠡᠷᠡᠴᠢ ᠪᠠᠷᠢᠮᠲᠠ ᠶᠢ | ᠬᠠᠩᠭᠠᠬᠤ ᠠᠵᠢᠯ ᠪᠣᠯᠤᠨ᠎ᠠ᠃ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠵᠢᠭᠡᠯᠡᠵᠦ ᠦᠵᠡᠬᠦ ᠠᠵᠢᠯ ᠳᠤ ᠡᠷᠬᠡᠪᠰᠢ ᠠᠮᠤᠷ ᠲᠦᠪᠰᠢᠨ᠂ ᠨᠢᠭᠤᠴᠠ ᠶᠢ | ᠬᠠᠮᠠᠭᠠᠯᠠᠬᠤ᠂ ᠠᠰᠢᠭᠯᠠᠬᠤ ᠳᠤ ᠳᠥᠭᠦᠮ ᠪᠠᠶᠢᠯᠭᠠᠬᠤ ᠵᠠᠷᠴᠢᠮ ᠢ ᠵᠢᠷᠤᠮᠯᠠᠵᠤ᠂ ᠠᠵᠢᠯᠲᠠᠨ ᠤ ᠶᠠᠪᠤᠳᠠᠯ ᠤᠨ ᠠᠵᠢᠯ ᠪᠣᠯᠤᠨ ᠬᠤᠯᠪᠣᠭᠳᠠᠯ ᠪᠦᠬᠦᠢ ᠠᠵᠢᠯ ᠳᠤ | ᠢᠳᠡᠪᠬᠢᠲᠡᠶ ᠪᠥᠭᠡᠳ ᠯᠠᠪᠳᠠᠭᠤᠨ ᠢᠶᠠᠷ ᠰᠢᠯᠢᠳᠡᠭ ᠦᠢᠯᠡᠴᠢᠯᠡᠭᠡᠨ ᠬᠠᠩᠭᠠᠨ᠎ᠠ᠃ | ᠬᠥᠲᠥᠯᠥᠭᠴᠢ᠄ ᠰᠢᠶᠤᠤ ᠰᠢᠤᠢ | ᠡᠨᠡ ᠨᠢ ᠬᠤᠪᠢ ᠬᠥᠮᠦᠨ ᠤ ᠨᠢᠭᠤᠴᠠ ᠶᠢ ᠬᠠᠮᠠᠭᠠᠯᠠᠬᠤ ᠪᠠᠷ ᠪᠠᠷᠠᠬᠤ ᠦᠭᠡᠢ᠂ ᠮᠥᠨ ᠴᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠵᠢᠷᠤᠮᠵᠢᠯ ᠪᠠ ᠡᠮᠬᠢ | ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ ᠶᠤᠮ᠃ ᠲᠡᠭᠡᠪᠡᠯ ᠶᠠᠭᠠᠬᠢᠪᠠᠯ ᠰᠠᠶ᠋ᠢ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠦᠵᠡᠵᠦ ᠪᠣᠢ︖ | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠪᠠᠶᠢᠴᠠᠭᠠᠨ ᠦᠵᠡᠬᠦ ᠳᠤ ᠴᠢᠩᠭ᠎ᠠ ᠬᠢᠨᠠᠨ ᠵᠥᠪᠰᠢᠶᠡᠷᠡᠬᠦ ᠶᠠᠪᠤᠴᠠ ᠶᠢ ᠥᠩᠭᠡᠷᠡᠭᠡᠬᠦ ᠬᠡᠷᠡᠭᠲᠡᠶ᠃ | ︵1︶ ᠺᠠᠳ᠋ᠷ ᠠᠵᠢᠯᠲᠠᠨ ᠤ ᠳᠠᠩᠰᠠ ᠡᠪᠬᠡᠮᠡᠯ ᠢ ᠵᠢᠭᠡᠯᠡᠨ ᠦᠵᠡᠬᠦ ᠬᠢᠨᠠᠨ ᠵᠥᠪᠰᠢᠶᠡᠷᠡᠬᠦ ᠬᠦᠰᠦᠨᠦᠭᠲᠦ ᠶᠢ ᠲᠠᠭᠯᠠᠵᠤ᠂ ᠬᠢᠨᠠᠨ ᠵᠥᠪᠰᠢᠶᠡᠷᠡᠬᠦ ᠭᠠᠷ | ᠭᠦᠢᠴᠡᠳᠬᠡᠯ ᠢ ᠭᠦᠢᠴᠡᠳᠬᠡᠨ᠎ᠡ᠃ | ︵2 ︶ ᠬᠡᠷᠪᠡ ᠵᠢᠭᠡᠯᠡᠨ ᠦᠵᠡᠬᠦ ᠱᠠᠭᠠᠷᠳᠠᠯᠭ᠎ᠠ ᠳᠤ ᠨᠡᠶᠢᠴᠡᠪᠡᠯ᠂ ᠵᠥᠪᠰᠢᠶᠡᠷᠡᠭᠦᠯᠬᠦ ᠪᠠᠷ ᠳᠡᠮᠵᠢᠨ᠂ ᠨᠢᠭᠡᠴᠡ ᠠᠴᠠ ᠲᠤᠰᠬᠠᠢ ᠬᠥᠮᠥᠨ ᠲᠣᠮᠢᠯᠠᠨ ᠠᠵᠢᠯᠲᠠᠨ ᠤ | ᠶᠠᠪᠤᠳᠠᠯ ᠤᠨ ᠳᠠᠩᠰᠠ ᠡᠪᠬᠡᠮᠡᠯ ᠢ ᠵᠢᠭᠡᠯᠡᠨ ᠦᠵᠡᠬᠦ ᠬᠡᠷᠡᠭᠲᠡᠢ᠃ ᠦᠭᠡᠢ ᠪᠣᠯ ᠵᠢᠭᠡᠯᠡᠨ ᠦᠵᠡᠬᠦ ᠶᠢ ᠵᠥᠪᠰᠢᠶᠡᠷᠡᠬᠦ ᠦᠭᠡᠢ᠃᠃ | ︵3︶ ᠵᠢᠭᠡᠯᠡᠨ ᠦᠵᠡᠬᠦ ᠠᠵᠢᠯᠲᠠᠨ ᠤ ᠬᠢᠷᠢ ᠬᠡᠮ ᠨᠢ ᠬᠡᠷᠪᠡ ᠨᠥᠬᠦᠴᠡᠯ ᠳᠤ ᠨᠡᠶᠢᠴᠡᠪᠡᠯ ᠵᠢᠭᠡᠯᠡᠨ ᠦᠵᠡᠬᠦ ᠬᠦᠮᠦᠰ ᠲᠤ ᠠᠩᠬᠠᠷᠬᠤ ᠵᠦᠢᠯ ᠢ ᠬᠡᠯᠡᠵᠦ | ᠥᠭᠭᠦᠨ᠎ᠡ᠃ ᠬᠡᠷᠪᠡ ᠨᠥᠬᠦᠴᠡᠯ ᠳᠤ ᠨᠡᠶᠢᠴᠡᠬᠦ ᠦᠭᠡᠢ ᠪᠣᠯ ᠪᠠᠢᠭᠤᠯᠤᠯᠭ᠎ᠠ ᠳᠠᠬᠢᠨ ᠬᠥᠮᠦᠨ ᠲᠣᠮᠢᠯᠠᠬᠤ ᠶᠢ ᠮᠡᠳᠡᠭᠳᠡᠨ᠎ᠡ᠃ | ︵4︶ ᠵᠢᠭᠡᠯᠡᠨ ᠤᠩᠰᠢᠭᠴᠢ ᠨᠢᠭᠤᠴᠠ ᠶᠢ ᠬᠠᠮᠠᠭᠠᠯᠠᠬᠤ ᠲᠣᠭᠲᠠᠭᠠᠯ ᠪᠣᠯᠤᠨ ᠳᠠᠩᠰᠠ ᠡᠪᠬᠡᠮᠡᠯ ᠦᠵᠡᠬᠦ ᠲᠣᠭᠲᠠᠭᠠᠯ ᠢ ᠴᠢᠩᠭ᠎ᠠ ᠵᠢᠷᠤᠮᠯᠠᠵᠤ᠂ ᠪᠠᠯᠠᠯᠤᠨ | ᠵᠠᠰᠠᠬᠤ᠂ ᠴᠠᠭᠠᠷᠢᠭ ᠵᠢᠷᠤᠬᠤ᠂ ᠰᠤᠭᠤᠯᠤᠨ ᠠᠪᠬᠤ᠂ ᠰᠤᠯᠢᠬᠤ ᠶᠢ ᠴᠢᠩᠭ᠎ᠠ ᠴᠠᠭᠠᠵᠠᠯᠠᠵᠤ᠂ ᠳᠠᠩᠰᠠ ᠡᠪᠬᠡᠮᠡᠯ ᠤᠨ ᠠᠭᠤᠯᠭ᠎ᠠ ᠶᠢ ᠵᠠᠳᠠᠷᠠᠭᠤᠯᠬᠤ ᠪᠤᠶᠤ | ᠳᠤᠷ᠎ᠠ ᠪᠠᠷ ᠢᠶᠠᠨ ᠭᠠᠳᠠᠭᠰᠢ ᠲᠠᠷᠬᠠᠭᠠᠵᠤ ᠪᠣᠯᠬᠤ ᠦᠭᠡᠢ᠂ ᠳᠤᠷ᠎ᠠ ᠪᠠᠷ ᠢᠶᠠᠨ ᠳᠠᠩᠰᠠ ᠡᠪᠬᠡᠮᠡᠯ ᠤᠨ ᠠᠭᠤᠯᠭ᠎ᠠ ᠶᠢ ᠰᠡᠭᠦᠳᠡᠷᠯᠡᠬᠦ ᠪᠠ ᠪᠠᠭᠤᠯᠭᠠᠵᠤ ᠪᠣᠯᠬᠤ ᠦᠭᠡᠢ᠃ | ︵5︶ ᠬᠡᠷᠪᠡ ᠬᠡᠷᠡᠭᠴᠡᠭᠡ ᠪᠠᠶᠢᠪᠠᠯ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠢ ᠬᠠᠭᠤᠯᠵᠤ ᠪᠣᠯᠤᠨ᠎ᠠ᠃ ᠠᠵᠢᠯᠲᠠᠨ ᠤ ᠶᠠᠪᠤᠳᠠᠯ ᠤᠨ ᠳᠠᠩᠰᠠ | ᠡᠪᠬᠡᠮᠡᠯ ᠤᠨ ᠬᠡᠰᠡᠭ ᠮᠠᠲ᠋ᠧᠷᠢᠶᠠᠯ ᠢ ᠦᠨᠡᠨᠬᠦ ᠳᠠᠷᠤᠮᠠᠯᠯᠠᠬᠤ ᠴᠢᠬᠤᠯᠠ ᠲᠠᠢ ᠪᠣᠯ ᠡᠷᠬᠡᠪᠰᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠢᠶᠠᠷ | ᠳᠠᠷᠤᠮᠠᠯᠯᠠᠭᠤᠯᠬᠤ ᠶᠢᠨ ᠬᠠᠮᠲᠤ ᠰᠠᠨᠠᠯ ᠲᠠᠭᠯᠠᠵᠤ᠂ ᠲᠠᠮᠠᠭ᠎ᠠ ᠳᠠᠷᠤᠬᠤ ᠬᠡᠷᠡᠭᠲᠡᠶ᠃ | ︵6︶ ᠶᠠᠮᠠᠷᠪᠠ ᠬᠤᠪᠢ ᠬᠥᠮᠦᠨ ᠭᠡᠳ ᠲᠤᠰ ᠬᠥᠮᠦᠨ ᠵᠢᠴᠢ ᠲᠡᠭᠦᠨ ᠤ ᠲᠥᠷᠥᠯ ᠰᠠᠳᠤᠨ ᠤ ᠳᠠᠩᠰᠠ ᠡᠪᠬᠡᠮᠡᠯ ᠢ ᠪᠠᠶᠢᠴᠠᠭᠠᠨ ᠦᠵᠡᠬᠦ ᠪᠤᠶᠤ ᠵᠢᠭᠡᠯᠡᠨ | ᠬᠡᠷᠡᠭᠯᠡᠵᠦ ᠪᠣᠯᠬᠤ ᠦᠭᠡᠶ᠃ | ᠬᠥᠲᠥᠯᠥᠭᠴᠢ᠄ ᠰᠢᠶᠤᠤ ᠰᠢᠤᠢ | ᠬᠤᠪᠢ ᠬᠥᠮᠦᠨ ᠤ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠪᠠᠶᠢᠴᠠᠭᠠᠨ ᠦᠵᠡᠬᠦ ᠳᠤ ᠶᠠᠮᠠᠷ ᠶᠠᠮᠠᠷ ᠬᠤᠯᠪᠣᠭᠳᠠᠯ ᠪᠥᠬᠦᠶ ᠲᠣᠭᠲᠠᠭᠠᠯ ᠪᠠᠶᠢᠬᠤ ᠪᠣᠶ︖ | ᠰᠤᠷᠪᠤᠯᠵᠢᠯᠠᠭ᠎ᠠ ᠬᠦᠯᠢᠶᠡᠭᠴᠢ᠄ ᠰᠢᠶᠧ ᠢᠤᠢ | ᠵᠢᠭᠡᠯᠡᠨ ᠦᠵᠡᠬᠦ ᠳᠤ ᠵᠠᠪᠠᠯ ᠱᠠᠭᠠᠷᠳᠠᠯᠭ᠎ᠠ ᠪᠠ ᠲᠤᠭᠲᠠᠭᠠᠯ ᠢ ᠴᠢᠩᠭ᠎ᠠ ᠵᠢᠷᠤᠮᠯᠠᠨ᠎ᠠ᠂ ᠵᠥᠷᠢᠴᠡᠭᠰᠡᠳ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠬᠦᠨᠳᠦ | ᠬᠥᠩᠭᠡᠨ ᠤ ᠪᠠᠶᠢᠳᠠᠯ ᠢ ᠦᠨᠳᠦᠰᠦᠯᠡᠨ ᠰᠢᠢᠳᠬᠡᠨ᠎ᠡ᠃ | ︵1︶ ᠵᠢᠭᠡᠯᠡᠨ ᠦᠵᠡᠭᠴᠢ ᠡᠷᠬᠡᠪᠰᠢ ᠤᠯᠤᠰ ᠲᠥᠷᠥ ᠪᠠ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠷ ᠴᠢᠩᠭ᠎ᠠ᠂ ᠺᠠᠳ᠋ᠷ ᠤᠨ ᠲᠠᠩᠰᠠ ᠡᠪᠬᠡᠮᠡᠯ ᠢ ᠪᠠᠶᠢᠴᠠᠭᠠᠨ | ᠦᠵᠡᠬᠦ ᠲᠦᠷᠢᠮ ᠢ ᠣᠶᠢᠯᠠᠭᠠᠬᠤ ᠬᠡᠷᠡᠭᠲᠡᠶ᠃ | ︵2︶ ᠺᠠᠳ᠋ᠷ ᠤᠨ ᠲᠠᠩᠰᠠ ᠡᠪᠬᠡᠮᠡᠯ ᠢ ᠵᠢᠭᠡᠯᠡᠨ ᠦᠵᠡᠬᠦ ᠳᠤ ᠡᠷᠬᠡᠪᠰᠢ ᠬᠤᠶᠠᠷ ᠪᠤᠶᠤ ᠬᠤᠶᠠᠷ ᠠᠴᠠ ᠳᠡᠭᠡᠭᠰᠢ ᠬᠥᠮᠥᠨ ᠪᠠᠶᠢᠬᠤ ᠬᠡᠷᠡᠭᠲᠡᠶ ᠪᠥᠭᠡᠳ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ ᠪᠠ ᠵᠢᠭᠡᠯᠡᠨ ᠤᠩᠰᠢᠬᠤ ᠨᠢᠭᠡᠴᠡ ᠶᠢᠨ ᠵᠢᠩᠬᠢᠨᠢ ᠠᠵᠢᠯᠲᠠᠨ ᠠᠵᠢᠯᠴᠢᠨ ᠪᠠᠶᠢᠬᠤ ᠬᠡᠷᠡᠭᠲᠡᠢ᠃ ᠵᠢᠭᠡᠯᠡᠨ ᠦᠵᠡᠬᠦ | ᠲᠠᠰᠤᠭ ᠲᠤ ᠦᠵᠡᠬᠦ ᠬᠡᠷᠡᠭᠲᠡᠶ᠂ ᠵᠢᠭᠡᠯᠡᠨ ᠦᠵᠡᠭᠴᠢ ᠳᠠᠩᠰᠠ ᠡᠪᠬᠡᠮᠡᠯ ᠤᠨ ᠠᠭᠤᠯᠭ᠎ᠠ ᠶᠢ ᠵᠠᠳᠠᠷᠠᠭᠤᠯᠬᠤ ᠪᠤᠶᠤ ᠳᠤᠷ᠎ᠠ ᠪᠠᠷ ᠢᠶᠠᠨ ᠨᠡᠶᠢᠲᠡᠯᠡᠵᠦ ᠪᠣᠯᠬᠤ ᠦᠭᠡᠶ᠃ | ︵3︶ ᠬᠡᠷᠡᠭ ᠰᠢᠢᠳᠪᠦᠷᠢᠯᠡᠬᠦ ᠠᠴᠠ ᠪᠤᠯᠵᠤ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠵᠢᠭᠡᠯᠡᠨ ᠦᠵᠡᠬᠦ ᠳᠤ ᠬᠦᠷᠪᠡᠯ᠂ ᠵᠢᠭᠡᠯᠡᠨ ᠦᠵᠡᠬᠦ | ᠠᠵᠢᠯᠲᠠᠨ ᠨᠢ ᠡᠷᠬᠡᠪᠰᠢ ᠬᠡᠷᠡᠭ ᠢ ᠭᠤᠣᠯᠯᠠᠨ ᠡᠷᠬᠢᠯᠡᠭᠰᠡᠨ ᠨᠢᠭᠡᠴᠡ ᠶᠢᠨ ᠺᠠᠳ᠋ᠷ ᠪᠠᠶᠢᠬᠤ ᠬᠡᠷᠡᠭᠲᠡᠶ᠃ ᠵᠢᠭᠡᠯᠡᠨ ᠦᠵᠡᠬᠦ ᠠᠵᠢᠯᠲᠠᠨ ᠡᠷᠬᠡᠪᠰᠢ ᠨᠢᠭᠤᠴᠠ ᠶᠢ | ᠬᠠᠮᠠᠭᠠᠯᠠᠬᠤ ᠳᠦᠷᠢᠮ ᠢ ᠴᠢᠩᠭ᠎ᠠ ᠵᠢᠷᠤᠮᠯᠠᠵᠤ᠂ ᠺᠠᠳ᠋ᠷ ᠤᠨ ᠳᠠᠩᠰᠠ ᠡᠪᠬᠡᠮᠡᠯ ᠤᠨ ᠠᠭᠤᠯᠭ᠎ᠠ ᠶᠢ ᠵᠠᠳᠠᠷᠠᠭᠤᠯᠬᠤ ᠪᠤᠶᠤ ᠳᠤᠷ᠎ᠠ ᠪᠠᠷ ᠢᠶᠠᠨ ᠨᠡᠶᠢᠲᠡᠯᠡᠵᠦ ᠪᠣᠯᠬᠤ ᠦᠭᠡᠶ᠃ | | ︵4︶ ᠶᠠᠮᠠᠷᠪᠠ ᠲᠤᠰ ᠬᠦᠮᠦᠨ ᠪᠣᠯᠤᠨ ᠲᠡᠭᠦᠨ ᠲᠠᠢ ᠡᠷ᠎ᠡ ᠡᠮ᠎ᠡ ᠶᠢᠨ ᠬᠠᠷᠢᠴᠠᠭ᠎ᠠ᠂ ᠰᠢᠭᠤᠳ ᠴᠢᠰᠤᠨ ᠲᠥᠷᠥᠯ ᠤᠨ ᠬᠠᠷᠢᠴᠠᠭ᠎ᠠ᠂ ᠭᠤᠷᠪᠠᠨ ᠦᠶ᠎ᠡ ᠶᠢᠨ | ᠳᠣᠲᠣᠷᠠᠬᠢ ᠦᠶᠡᠯᠢᠳ ᠴᠢᠰᠤᠨ ᠲᠥᠷᠥᠯ ᠤᠨ ᠬᠠᠷᠢᠴᠠᠭ᠎ᠠ ᠪᠣᠯᠤᠨ ᠤᠷᠤᠭ ᠰᠠᠳᠤᠨ ᠤ ᠬᠠᠷᠢᠴᠠᠭ᠎ᠠ ᠪᠦᠬᠦᠢ ᠬᠦᠮᠦᠨ ᠤ ᠠᠵᠢᠯᠲᠠᠨ ᠤ ᠶᠠᠪᠤᠳᠠᠯ ᠤᠨ ᠳᠠᠩᠰᠠ | ᠡᠪᠬᠡᠮᠡᠯ ᠢ ᠵᠢᠭᠡᠯᠡᠨ ᠦᠵᠡᠵᠦ ᠪᠣᠯᠬᠤ ᠦᠭᠡᠢ᠃ ᠵᠢᠭᠡᠯᠡᠨ ᠦᠵᠡᠭᠰᠡᠨ ᠬᠦᠮᠦᠰ ᠲᠤᠰ ᠬᠦᠮᠦᠨ ᠪᠤᠶᠤ ᠲᠥᠷᠥᠯ ᠰᠠᠳᠤᠨ ᠤ ᠳᠠᠩᠰᠠ ᠡᠪᠬᠡᠮᠡᠯ ᠢ ᠨᠢ ᠪᠠᠶᠢᠴᠠᠭᠠᠨ | ᠦᠵᠡᠵᠦ ᠪᠣᠯᠬᠤ ᠦᠭᠡᠢ᠃ | ︵5︶ ᠨᠢᠭᠡᠴᠡ ᠶᠢᠨ ᠤᠳᠤᠷᠢᠳᠤᠯᠭ᠎ᠠ ᠪᠠᠷ ᠵᠥᠪᠰᠢᠶᠡᠷᠡᠭᠦᠯᠵᠦ ᠬᠢᠭᠰᠡᠨ ᠲᠡᠦᠬᠡ ᠣᠶᠢᠯᠠᠯᠭ᠎ᠠ ᠨᠠᠶᠢᠷᠠᠭᠤᠯᠬᠤ᠂ ᠲᠣᠮᠣ ᠬᠡᠷᠡᠭ ᠶᠠᠪᠤᠳᠠᠯ ᠤᠨ ᠲᠡᠮᠳᠡᠭᠯᠡᠯ ᠪᠤᠶᠤ | ᠲᠤᠰᠬᠠᠢ ᠬᠥᠮᠦᠨ ᠤ ᠨᠠᠮᠲᠠᠷ ᠢ ᠪᠢᠴᠢᠬᠦ᠂ ᠳᠡᠯᠭᠡᠨ ᠦᠵᠡᠭᠦᠯᠬᠦ ᠪᠤᠶᠤ ᠳᠤᠷᠠᠰᠬᠠᠬᠤ ᠠᠵᠢᠯᠯᠠᠭ᠎ᠠ ᠡᠷᠬᠢᠯᠡᠬᠦ ᠳᠤ᠂ ᠡᠩ ᠤᠨ ᠪᠠᠶᠢᠳᠠᠯ ᠳᠤ ᠵᠥᠪᠬᠡᠨ ᠲᠡᠦᠬᠡ ᠪᠠ | ᠥᠪᠡᠷ ᠤᠨ ᠨᠠᠮᠲᠠᠷ ᠢ ᠡᠷᠢᠵᠦ ᠤᠩᠰᠢᠵᠤ ᠪᠤᠯᠤᠨ᠎ᠠ᠃ | ︵6︶ ᠳᠠᠩᠰᠠ ᠡᠪᠬᠡᠮᠡᠯ ᠢ ᠪᠠᠯᠠᠯᠤᠨ ᠵᠠᠰᠠᠬᠤ᠂ ᠴᠠᠭᠠᠷᠢᠭ ᠵᠢᠷᠤᠬᠤ᠂ ᠰᠤᠭᠤᠯᠤᠨ ᠠᠪᠬᠤ᠂ ᠰᠣᠯᠢᠬᠤ᠂ ᠭᠬᠢᠷᠲᠦᠬᠦ ᠭᠬᠢᠷᠲᠦᠭᠦᠯᠬᠦ᠂ ᠠᠭᠤᠯᠭ᠎ᠠ ᠨᠡᠮᠡᠬᠦ ᠶᠢ | ᠴᠢᠩᠭ᠎ᠠ ᠴᠠᠭᠠᠵᠠᠯᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠳᠠᠩᠰᠠ ᠡᠪᠬᠡᠮᠡᠯ ᠤᠨ ᠮᠠᠲ᠋ᠧᠷᠢᠶᠠᠯ ᠢ | ᠪᠠᠭᠤᠯᠭᠠᠨ ᠠᠪᠴᠤ ᠪᠣᠯᠬᠤ ᠦᠭᠡᠢ᠃ | ︵7︶ ᠺᠠᠳ᠋ᠷ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠡᠩ ᠤᠨ ᠪᠠᠶᠢᠳᠠᠯ ᠳᠤ ᠵᠥᠪᠬᠡᠨ ᠰᠣᠩᠭᠤᠨ ᠬᠠᠭᠤᠯᠵᠤ ᠪᠣᠯᠣᠨ᠎ᠠ᠃ ᠤᠨᠴᠠᠭᠠᠢ ᠪᠠᠶᠢᠳᠠᠯ ᠢ | ᠪᠠᠭᠤᠯᠭᠠᠬᠤ ᠴᠢᠬᠤᠯᠠᠲᠠᠢ ᠪᠠᠶᠢᠪᠠᠯ᠂ ᠤᠷᠢᠳᠠᠪᠡᠷ ︽ᠺᠠᠳ᠋ᠷ ᠤᠨ ᠳᠠᠩᠰᠠ ᠡᠪᠬᠡᠮᠡᠯ ᠢ ᠵᠢᠭᠡᠯᠡᠨ ᠦᠵᠡᠬᠦ ᠵᠦᠪᠰᠢᠶᠡᠷᠡᠯ ᠤᠨ ᠬᠦᠰᠦᠨᠦᠭᠲᠦ︾ ᠳᠤ ᠪᠠᠭᠤᠯᠭᠠᠬᠤ | ᠴᠢᠬᠤᠯᠠᠲᠠᠶ ᠮᠠᠲ᠋ᠧᠷᠢᠶᠠᠯ ᠤᠨ ᠨᠠᠷᠢᠨ ᠵᠦᠢᠯᠡᠰ ᠢ ᠵᠢᠭᠰᠠᠭᠠᠬᠤ ᠶᠢᠨ ᠬᠠᠮᠲᠤ᠂ ᠵᠣᠬᠢᠶᠠᠨ ᠪᠠᠶᠢᠭᠤᠯᠬᠤ ᠬᠥᠮᠥᠨ ᠤ ᠬᠥᠴᠦᠨ ᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠬᠡᠷᠡᠭᠲᠡᠶ᠃ ᠰᠣᠩᠭᠤᠨ ᠬᠠᠭᠤᠯᠤᠭᠰᠠᠨ ᠪᠠ ᠪᠠᠭᠤᠯᠭᠠᠨ ᠠᠪᠤᠭᠰᠠᠨ ᠳᠠᠩᠰᠠ ᠡᠪᠬᠡᠮᠡᠯ ᠢ ᠡᠷᠬᠡᠪᠰᠢ ᠵᠣᠬᠢᠶᠠᠨ ᠪᠠᠶᠢᠭᠤᠯᠬᠤ ᠬᠥᠮᠥᠨ ᠤ ᠬᠦᠴᠦᠨ ᠤ | ᠰᠠᠯᠠᠭ᠎ᠠ ᠮᠥᠴᠢᠷ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠭᠤᠤᠯᠴᠢᠯᠠᠨ ᠬᠠᠮᠢᠶᠠᠷᠬᠤ ᠭᠠᠵᠠᠷ ᠲᠠᠰᠤᠭ ᠢᠶᠠᠷ ᠬᠢᠨᠠᠭᠤᠯᠬᠤ ᠶᠢᠨ ᠬᠠᠮᠲᠤ | ᠳᠠᠩᠰᠠᠯᠠᠭᠤᠯᠬᠤ ᠭᠠᠷᠳᠠᠮ ᠭᠦᠢᠴᠡᠳᠬᠡᠵᠦ᠂ ᠬᠡᠷᠡᠭᠯᠡᠭᠰᠡᠨ ᠤ ᠳᠠᠷᠠᠭ᠎ᠠ ᠵᠢᠭᠡᠯᠡᠨ ᠦᠵᠡᠭᠰᠡᠨ ᠨᠢᠭᠡᠴᠡ ᠨᠢ ᠳᠠᠩᠰᠠ ᠡᠪᠬᠡᠮᠡᠯ ᠢ ᠬᠠᠳᠠᠭᠠᠯᠠᠬᠤ ᠪᠤᠶᠤ ᠪᠦᠷᠢᠳᠬᠡᠨ | ᠳᠠᠩᠰᠠᠯᠠᠵᠤ ᠤᠰᠠᠳᠬᠠᠬᠤ ᠬᠡᠷᠡᠭᠲᠡᠶ᠃ | ︵8︶ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠡᠩ ᠤᠨ ᠪᠠᠶᠢᠳᠠᠯ ᠳᠤ ᠭᠠᠳᠠᠭᠰᠢ ᠵᠢᠭᠡᠯᠡᠭᠦᠯᠬᠦ ᠦᠭᠡᠶ᠂ ᠤᠨᠴᠠᠭᠠᠢ ᠪᠠᠶᠢᠳᠠᠯ ᠠᠴᠠ ᠪᠤᠯᠵᠤ ᠭᠠᠳᠠᠭᠰᠢ | ᠵᠢᠭᠡᠯᠡᠬᠦ ᠴᠢᠬᠤᠯᠠᠲᠠᠶ ᠪᠣᠯ ᠡᠷᠬᠡᠪᠰᠢ ᠴᠢᠩᠭ᠎ᠠ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠢᠴᠡᠳᠬᠡᠵᠦ᠂ ᠲᠤᠰ ᠭᠠᠵᠠᠷ ᠤᠨ ᠨᠢᠭᠡᠴᠡ ᠡᠷᠬᠡᠪᠰᠢ ᠵᠢᠭᠡᠯᠡᠵᠦ | ᠭᠠᠷᠭᠠᠭᠰᠠᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠪᠤᠴᠠᠭᠠᠬᠤ ᠬᠡᠷᠡᠭᠲᠡᠶ᠂ ᠭᠠᠳᠠᠷ ᠭᠠᠵᠠᠷ ᠤᠨ ᠨᠢᠭᠡᠴᠡ ᠡᠷᠬᠡᠪᠰᠢ ᠵᠢᠭᠡᠯᠡᠵᠦ | ᠭᠠᠷᠭᠠᠭᠰᠠᠨ ᠡᠳᠦᠷ ᠠᠴᠠ ᠡᠬᠢᠯᠡᠨ ᠠᠷᠪᠠᠨ ᠠᠵᠢᠯᠯᠠᠬᠤ ᠡᠳᠦᠷ ᠤᠨ ᠳᠣᠲᠣᠷ᠎ᠠ ᠪᠤᠴᠠᠭᠠᠬᠤ ᠬᠡᠷᠡᠭᠲᠡᠶ᠃ | ︵9︶ ᠳᠠᠩᠰᠠ ᠡᠪᠬᠡᠮᠡᠯ ᠦᠵᠡᠬᠦ ᠳᠡᠭᠡᠨ ᠳᠠᠮᠠᠬᠢ ᠲᠠᠲᠠᠬᠤ ᠶᠢ ᠡᠷᠡᠰ ᠬᠤᠷᠢᠭᠯᠠᠨ᠎ᠠ᠃ | | | |