2023 ᠣᠨ ᠤ 1 — 12 ᠳ᠋ᠤᠭᠠᠷ ᠰᠠᠷ᠎ᠠ ᠶᠢᠨ ᠲᠦᠩᠯᠢᠶᠣᠣ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/3/26
      1 — 12 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.5% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠰᠠᠷ᠎ᠠ ᠶᠢᠨ ᠬᠢ ᠠᠴᠠ 0.4 ᠬᠤᠪᠢ ᠨᠡᠮᠡᠭᠳᠡᠪᠡ᠃      ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠨᠡᠮᠡᠭᠳᠡᠵᠦ᠂ ᠦᠢᠯᠡᠳᠬᠦ ᠦᠢᠯᠡᠰ 2.2% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 3.6% ᠨᠡᠮᠡᠭᠳᠡᠪᠡ᠃      ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.7% ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 0.4% ᠨᠡᠮᠡᠭᠳᠡᠪᠡ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 4.3% ᠪᠠᠭᠤᠷᠠᠪᠠ︔ ᠬᠤᠪᠢ ᠶᠢᠨ ᠡᠵᠡᠩᠨᠡᠭᠰᠡᠨ ᠠᠵᠤ ᠠᠬᠤᠶᠢᠯᠠᠯ 21.1% ᠪᠠᠭᠤᠷᠠᠪᠠ᠃      ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 25 ᠶᠡᠭᠡ ᠠᠵᠢᠯ ᠲᠥᠷᠥᠯ ᠤᠨ ᠳᠣᠲᠣᠷᠠᠬᠢ 13 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠲᠠᠷᠢᠶᠠᠯᠠᠩ ᠤᠨ ᠬᠤᠯᠢᠰᠢᠨ ᠢᠳᠡᠭᠡᠨ ᠢ ᠪᠣᠯᠪᠠᠰᠤᠷᠠᠭᠤᠯᠬᠤ ᠠᠵᠤ ᠦᠢᠯᠡᠰ 17.2% ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ 3.2% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 3.8% ᠨᠡᠮᠡᠭᠳᠡᠵᠦ᠂ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 5.1% ᠪᠠᠭᠤᠷᠠᠵᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 1.7% ᠪᠠᠭᠤᠷᠠᠪᠠ᠃      ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 48 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 31 ᠵᠦᠢᠯ ᠤᠨ ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 267.3 ᠲᠦᠮᠡᠨ ᠲᠣᠨ ᠬᠦᠷᠴᠦ᠂ 1.5% ᠨᠡᠮᠡᠭᠳᠡᠪᠡ︔ ᠠᠮᠲᠠᠨ ᠤᠭᠢ ᠶᠢᠨ ᠭᠠᠷᠤᠯᠲᠠ 55.3 ᠲᠦᠮᠡᠨ ᠲᠣᠨ ᠬᠦᠷᠴᠦ᠂ 1.2% ᠨᠡᠮᠡᠭᠳᠡᠪᠡ︔ ᠰᠦ ᠶᠢᠨ ᠭᠠᠷᠤᠯᠲᠠ 18.7 ᠲᠦᠮᠡᠨ ᠲᠣᠨ ᠬᠦᠷᠴᠦ᠂ 47.6% ᠨᠡᠮᠡᠭᠳᠡᠪᠡ︔ ᠬᠢᠲᠠᠳ ᠪᠡᠯᠡᠨ ᠡᠮ ᠤᠨ ᠭᠠᠷᠤᠯᠲᠠ 850.6 ᠲᠣᠨ ᠬᠦᠷᠴᠦ᠂ 37.3% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 632.0 ᠲᠦᠮᠡᠨ ᠬᠦᠨᠳᠦ ᠬᠠᠶᠢᠷᠴᠠᠭ ᠬᠦᠷᠴᠦ᠂ 0.4% ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠭᠠᠷᠤᠯᠲᠠ 23.0 ᠲᠦᠮᠡᠨ ᠲᠣᠨ ᠬᠦᠷᠴᠦ᠂ 28.5% ᠪᠠᠭᠤᠷᠠᠪᠠ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ