ᠰᠤᠷᠭᠠᠭᠤᠯᠢ ᠡᠬᠢᠯᠡᠬᠦ ᠪᠣᠯᠤᠯ᠎ᠠ᠂ ᠰᠤᠷᠤᠭᠴᠢᠳ ᠵᠠᠯᠭᠠᠭ᠎ᠠ ᠪᠠᠷ ᠰᠤᠷᠭᠠᠭᠤᠯᠢ ᠳᠤ ᠪᠠᠨ ᠪᠤᠴᠠᠵᠠᠭᠠᠨ᠎ᠠ᠃ ᠪᠠᠶᠢᠷᠢ ᠶᠢᠨ ᠭᠡᠷ ᠤᠨ ᠴᠠᠬᠢᠯᠭᠠᠨ ᠬᠡᠷᠡᠭᠯᠡᠬᠦ ᠠᠮᠤᠷ | ᠲᠦᠪᠰᠢᠨ ᠢ ᠴᠢᠩᠭᠠᠳᠬᠠᠵᠤ᠂ ᠬᠤᠯᠪᠣᠭᠳᠠᠯ ᠪᠦᠬᠦᠢ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ ᠨᠢ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠢ | ᠰᠡᠷᠭᠡᠶᠢᠯᠡᠬᠦ᠂ ᠰᠤᠷᠤᠭᠴᠢᠳ ᠤᠨ ᠪᠡᠶ᠎ᠡ ᠶᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ | ᠬᠠᠮᠲᠤ ᠳᠤ ᠪᠠᠨ ᠪᠠᠶᠢᠷᠢ ᠶᠢᠨ ᠠᠮᠤᠷ ᠲᠦᠪᠰᠢᠨ ᠳᠤ ᠬᠤᠯᠪᠤᠭᠳᠠᠬᠤ ᠠᠩᠬᠠᠷᠬᠤ ᠵᠦᠢᠯ ᠢ ᠰᠤᠷᠤᠯᠴᠠᠵᠠᠭᠠᠶᠠ᠃ | ᠨᠢᠭᠡ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ | 1. ᠲᠣᠭᠲᠠᠭᠠᠯ ᠠᠴᠠ ᠵᠥᠷᠢᠴᠡᠭᠰᠡᠨ ᠴᠠᠬᠢᠯᠭᠠᠨ ᠬᠡᠷᠡᠭᠰᠡᠯ ᠢ ᠬᠡᠷᠡᠭᠯᠡᠬᠦ ᠦᠭᠡᠢ᠃ ᠲᠣᠭᠲᠠᠭᠠᠯ ᠠᠴᠠ ᠵᠥᠷᠢᠴᠡᠭᠰᠡᠨ ᠴᠠᠬᠢᠯᠭᠠᠨ ᠬᠡᠷᠡᠭᠰᠡᠯ ᠪᠣᠯ | ᠰᠤᠷᠤᠭᠴᠢ ᠶᠢᠨ ᠪᠠᠶᠢᠷᠢ ᠳᠤ ᠭᠠᠯ ᠤᠨ ᠠᠶᠤᠯ ᠡᠭᠦᠰᠭᠡᠬᠦ ᠲᠡᠷᠢᠭᠦᠨ ᠴᠢᠬᠤᠯᠠ ᠳᠠᠯᠳᠠ ᠭᠡᠮ ᠪᠣᠯᠤᠨ᠎ᠠ᠃ ᠲᠣᠭᠲᠠᠭᠠᠯ ᠠᠴᠠ ᠵᠥᠷᠢᠴᠡᠭᠰᠡᠨ ᠴᠠᠬᠢᠯᠭᠠᠨ ᠬᠡᠷᠡᠭᠰᠡᠯ | ᠭᠡᠳᠡᠭ ᠨᠢ ᠶᠡᠭᠡ ᠴᠢᠳᠠᠮᠵᠢᠲᠤ ᠪᠤᠶᠤ ᠠᠮᠤᠷ ᠲᠦᠪᠰᠢᠨ ᠤ ᠪᠠᠲᠤᠯᠠᠭ᠎ᠠ ᠦᠭᠡᠢ ᠴᠠᠬᠢᠯᠭᠠᠨ ᠬᠡᠷᠡᠭᠰᠡᠯ ᠢ ᠵᠢᠭᠠᠵᠤ ᠪᠤᠢ᠂ ᠵᠢᠱᠢᠶᠡᠯᠡᠪᠡᠯ ᠴᠠᠬᠢᠯᠭᠠᠨ ᠬᠠᠯᠠᠭᠠᠭᠤᠷ᠂ | ᠴᠠᠬᠢᠯᠭᠠᠨ ᠲᠣᠭᠤᠭ᠎ᠠ᠂ ᠴᠠᠬᠢᠯᠭᠠᠨ ᠳᠡᠪᠦᠷ᠎ᠡ᠂ ᠦᠯᠢᠶᠡᠭᠦᠷ᠂ ᠴᠠᠬᠢᠯᠭᠠᠨ ᠳᠠᠩᠰᠠ ᠵᠡᠷᠭᠡ ᠪᠣᠢ᠂ ᠪᠠᠶᠢᠷᠢ ᠳᠤ ᠶᠡᠭᠡ ᠴᠢᠳᠠᠮᠵᠢᠲᠤ ᠴᠠᠬᠢᠯᠭᠠᠨ ᠬᠡᠷᠡᠭᠰᠡᠯ ᠢ ᠬᠡᠷᠡᠭᠯᠡᠪᠡᠯ | ᠴᠠᠬᠢᠯᠭᠠᠨ ᠤᠲᠠᠰᠤᠨ ᠤ ᠳᠠᠭᠠᠭᠠᠴᠠ ᠬᠡᠲᠦᠷᠡᠬᠦ ᠪᠤᠶᠤ ᠴᠠᠬᠢᠯᠭᠠᠨ ᠬᠡᠯᠬᠢᠶᠡᠨ ᠤ ᠲᠦᠳᠡᠯᠡᠯ ᠠᠴᠠ ᠪᠣᠯᠵᠤ ᠭᠠᠯ ᠤᠨ ᠠᠶᠤᠯ ᠡᠭᠦᠰᠦᠨ᠎ᠡ᠃ | 2. ᠥᠪᠡᠰᠦᠪᠡᠨ ᠴᠠᠬᠢᠯᠭᠠᠨ ᠤᠲᠠᠰᠤ ᠵᠠᠯᠭᠠᠬᠤ ᠪᠤᠶᠤ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠨ ᠬᠡᠷᠡᠭᠯᠡᠵᠦ ᠪᠣᠯᠬᠤ ᠦᠭᠡᠢ᠃ ᠴᠠᠬᠢᠯᠭᠠᠨ | ᠤᠲᠠᠰᠤᠨ ᠤ ᠱᠤᠭᠤᠮ ᠢ ᠵᠢᠷᠤᠮᠵᠢᠭᠤᠯᠬᠤ ᠳᠤ᠂ ᠴᠠᠬᠢᠯᠭᠠᠨ ᠤᠲᠠᠰᠤ ᠶᠢ ᠰᠢᠲᠠᠮᠠᠬᠠᠢ ᠪᠣᠳᠠᠰ ᠤᠨ ᠳᠤᠮᠳᠠᠭᠤᠷ ᠨᠡᠪᠲᠡᠷᠡᠭᠦᠯᠬᠦ ᠠᠴᠠ ᠵᠠᠶᠢᠯᠠᠰᠬᠢᠬᠤ ᠬᠡᠷᠡᠭᠲᠡᠢ︔ | ᠤᠯᠤᠰ ᠤᠨ ᠠᠮᠤᠷ ᠲᠦᠪᠰᠢᠨ ᠤ ᠴᠢᠨᠠᠷ ᠴᠢᠨᠰᠠᠭᠠᠨ ᠤ ᠪᠠᠷᠢᠮᠵᠢᠶ᠎ᠠ ᠳᠤ ᠨᠡᠶᠢᠴᠡᠭᠰᠡᠨ ᠤᠭᠯᠠᠭᠤᠷᠭ᠎ᠠ᠂ ᠵᠢᠭᠢᠷᠢᠭ ᠤᠭᠯᠠᠭᠤᠷᠭ᠎ᠠ ᠶᠢ ᠬᠡᠷᠡᠭᠯᠡᠵᠦ᠂ ᠤᠭᠯᠠᠭᠤᠷᠭ᠎ᠠ | ᠳᠡᠭᠡᠷᠡᠬᠢ ᠡᠯ᠎ᠡ ᠲᠥᠷᠥᠯ ᠤᠨ ᠴᠠᠬᠢᠯᠭᠠᠨ ᠤᠭᠯᠠᠭᠤᠷ ᠢ ᠰᠠᠶᠢᠲᠤᠷ ᠠᠩᠬᠠᠷᠴᠤ᠂ ᠡᠪᠳᠡᠷᠡᠭᠰᠡᠨ ᠪᠣᠯ ᠴᠠᠭ ᠲᠤᠬᠠᠢ ᠳᠤ ᠨᠢ ᠰᠣᠯᠢᠵᠤ᠂ ᠴᠠᠬᠢᠯᠭᠠᠨ ᠬᠡᠯᠬᠢᠶᠡᠨ ᠤ | ᠳᠥᠲᠡᠯᠡᠯ ᠪᠤᠶᠤ ᠵᠥᠪ ᠪᠣᠰᠤ ᠵᠠᠯᠭᠠᠯᠲᠠ ᠠᠴᠠ ᠪᠣᠯᠵᠤ ᠭᠠᠯ ᠤᠨ ᠠᠶᠤᠯ ᠡᠭᠦᠰᠬᠦ ᠠᠴᠠ ᠵᠠᠶᠢᠯᠠᠰᠬᠢᠬᠤ ᠬᠡᠷᠡᠭᠲᠡᠢ᠃ | 3. ᠢᠯᠡ ᠭᠠᠯ ᠢ ᠬᠡᠷᠡᠭᠯᠡᠬᠦ ᠦᠭᠡᠢ᠃ ᠪᠠᠶᠢᠷᠢ ᠳᠤ ᠯᠠ᠂ ᠰᠢᠮᠠᠭᠤᠯ ᠤᠲᠤᠬᠤ ᠬᠦᠵᠢ ᠠᠰᠠᠭᠠᠬᠤ᠂ ᠶᠠᠭᠤᠮ᠎ᠠ ᠰᠢᠲᠠᠭᠠᠬᠤ᠂ ᠬᠤᠸᠠᠷ ᠫᠤᠤᠵᠢᠩ ᠲᠠᠯᠪᠢᠬᠤ ᠶᠢ | ᠴᠢᠩᠭ᠎ᠠ ᠬᠤᠷᠢᠭᠯᠠᠨ᠎ᠠ᠃ | 4. ᠭᠠᠳᠠᠭᠰᠢ ᠭᠠᠷᠬᠤ ᠳᠤ ᠪᠠᠨ ᠴᠠᠬᠢᠯᠭᠠᠨ ᠡᠭᠦᠰᠭᠡᠭᠴᠢ ᠶᠢ ᠬᠠᠭᠠᠨ᠎ᠠ᠃ ᠪᠠᠶᠢᠷᠢ ᠠᠴᠠ ᠰᠠᠯᠬᠤ ᠠᠴᠠ ᠡᠮᠦᠨ᠎ᠡ ᠡᠷᠬᠡᠪᠰᠢ ᠴᠠᠬᠢᠯᠭᠠᠨ ᠳ᠋ᠧᠩ᠂ ᠴᠠᠬᠢᠯᠭᠠᠨ | ᠴᠡᠨᠡᠭᠯᠡᠭᠦᠷ ᠵᠡᠷᠭᠡ ᠴᠠᠬᠢᠯᠭᠠᠨ ᠲᠥᠬᠦᠭᠡᠷᠦᠮᠵᠢ ᠶᠢᠨ ᠴᠠᠬᠢᠯᠭᠠᠨ ᠡᠭᠦᠰᠭᠡᠭᠴᠢ ᠶᠢ ᠪᠠᠶᠢᠴᠠᠭᠠᠬᠤ ᠶᠢᠨ ᠬᠠᠮᠲᠤ ᠬᠠᠭᠠᠵᠤ᠂ ᠴᠠᠬᠢᠯᠭᠠᠨ ᠬᠡᠷᠡᠭᠰᠡᠯ ᠢ ᠪᠠᠶᠢᠩᠭᠤ ᠴᠠᠬᠢᠯᠭᠠᠨ | ᠨᠡᠪᠲᠡᠷᠡᠭᠰᠡᠨ ᠪᠠᠶᠢᠳᠠᠯ ᠳᠤ ᠲᠠᠯᠪᠢᠬᠤ ᠠᠴᠠ ᠪᠣᠯᠤᠭᠰᠠᠨ ᠭᠠᠯ ᠤᠨ ᠠᠶᠤᠯ ᠡᠭᠦᠰᠬᠦ ᠠᠴᠠ ᠰᠡᠷᠭᠡᠶᠢᠯᠡᠨ᠎ᠡ᠃ | 5. ᠭᠠᠯ ᠰᠡᠷᠭᠡᠶᠢᠯᠡᠵᠦ ᠭᠠᠯ ᠤᠨᠲᠠᠷᠠᠭᠠᠬᠤ ᠲᠠᠷᠬᠠᠭᠠᠨ ᠵᠠᠶᠢᠯᠠᠭᠤᠯᠬᠤ ᠭᠤᠳᠤᠮ ᠢ ᠡᠵᠡᠯᠡᠨ ᠬᠡᠷᠡᠭᠯᠡᠬᠦ ᠦᠭᠡᠢ᠂ ᠪᠥᠭᠯᠡᠬᠦ ᠦᠭᠡᠢ᠃ ᠠᠮᠤᠷ ᠲᠦᠪᠰᠢᠨ ᠤ | ᠭᠠᠷᠴᠠ ᠪᠣᠯᠤᠨ ᠲᠠᠷᠬᠠᠭᠠᠨ ᠵᠠᠶᠢᠯᠠᠭᠤᠯᠬᠤ ᠭᠤᠳᠤᠮ ᠪᠣᠯ ︽ᠠᠮᠢ ᠨᠠᠰᠤᠨ ᠤ ᠨᠡᠪᠲᠡᠷᠡᠬᠦ ᠵᠠᠮ︾ ᠪᠣᠯᠤᠨ᠎ᠠ᠃ ᠪᠠᠶᠢᠷᠢ ᠶᠢᠨ ᠭᠡᠷ ᠲᠤ ᠶᠠᠭᠤᠮ᠎ᠠ ᠲᠠᠯᠪᠢᠬᠤ ᠳᠤ ᠪᠠᠨ | ᠡᠭᠦᠳᠡ ᠶᠢ ᠪᠥᠭᠯᠡᠬᠦ ᠦᠭᠡᠢ᠂ ᠴᠣᠩᠬᠤ ᠶᠢ ᠪᠥᠭᠯᠡᠬᠦ ᠦᠭᠡᠢ᠂ ᠬᠤᠩᠭᠢᠯ᠂ ᠬᠤᠩᠬᠢᠯ ᠵᠠᠮ ᠳᠡᠭᠡᠷ᠎ᠡ ᠡᠯᠳᠡᠪ ᠶᠠᠭᠤᠮ᠎ᠠ ᠣᠪᠣᠭᠠᠯᠠᠬᠤ ᠦᠭᠡᠢ ᠪᠠᠶᠢᠵᠤ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠲᠠᠷᠬᠠᠭᠠᠨ ᠵᠠᠶᠢᠯᠠᠭᠤᠯᠬᠤ ᠭᠤᠳᠤᠮ ᠤᠨ ᠰᠠᠭᠠᠳ ᠦᠭᠡᠢ ᠨᠡᠪᠲᠡᠷᠡᠬᠦ ᠶᠢ ᠡᠷᠬᠡᠪᠰᠢ ᠪᠠᠲᠤᠯᠠᠬᠤ ᠬᠡᠷᠡᠭᠲᠡᠢ᠃ | ᠬᠤᠶᠠᠷ᠂ ᠬᠤᠯᠠᠭᠠᠢ ᠶᠢ ᠰᠡᠷᠭᠡᠶᠢᠯᠡᠬᠦ ᠠᠮᠤᠷ ᠲᠦᠪᠰᠢᠨ ᠪᠠᠶᠢᠷᠢ ᠶᠢᠨ ᠠᠰᠠᠷ ᠪᠣᠯ ᠰᠤᠷᠤᠭᠴᠢᠳ ᠤᠨ ᠬᠠᠮᠲᠤ ᠶᠢᠨ ᠠᠮᠢᠳᠤᠷᠠᠯ ᠤᠨ ᠭᠤᠣᠯ ᠲᠠᠯᠠᠪᠤᠷ | ᠪᠣᠯᠤᠭᠰᠠᠨ ᠤ ᠬᠤᠪᠢ ᠳᠤ᠂ ᠣᠷᠣᠵᠤ ᠭᠠᠷᠬᠤ ᠬᠥᠮᠦᠨ ᠣᠯᠠᠨ ᠮᠥᠷᠲᠡᠭᠡᠨ ᠡᠮᠬᠢ ᠵᠠᠮᠪᠠᠷᠠᠭ᠎ᠠ ᠦᠭᠡᠢ ᠪᠠᠶᠢᠵᠤ᠂ ᠰᠤᠷᠤᠭᠴᠢᠳ ᠪᠠᠶᠢᠷᠢ ᠶᠢᠨ ᠠᠮᠤᠷ ᠲᠦᠪᠰᠢᠨ ᠢ | ᠤᠬᠠᠮᠰᠠᠷ ᠠᠴᠠ ᠪᠠᠨ ᠬᠠᠮᠠᠭᠠᠯᠠᠵᠤ᠂ ᠠᠮᠤᠷ ᠲᠦᠪᠰᠢᠨ ᠤ ᠤᠬᠠᠮᠰᠠᠷ ᠪᠠ ᠬᠠᠤᠯᠢ ᠳᠦᠷᠢᠮ ᠤᠨ ᠦᠵᠡᠯᠲᠡ ᠪᠠᠨ ᠴᠢᠩᠭᠠᠳᠬᠠᠨ᠂ ᠰᠡᠷᠭᠡᠶᠢᠯᠡᠬᠦ ᠵᠢᠴᠢ ᠥᠪᠡᠷ ᠢ ᠪᠠᠨ | ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠢᠷᠢ ᠶᠢᠨ ᠠᠮᠤᠷ ᠲᠦᠪᠰᠢᠨ ᠢ ᠬᠤᠬᠢᠷᠠᠭᠤᠯᠬᠤ ᠮᠠᠭᠤ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠢᠳᠬᠠᠨ | ᠬᠤᠷᠢᠭᠯᠠᠵᠤ᠂ ᠬᠤᠷᠢᠭᠯᠠᠨ ᠵᠣᠭᠰᠣᠭᠠᠵᠤ᠂ ᠪᠠᠶᠢᠷᠢ ᠶᠢᠨ ᠭᠡᠷ ᠲᠤ ᠣᠷᠣᠵᠤ ᠭᠠᠷᠬᠤ ᠭᠠᠳᠠᠨ᠎ᠠ ᠠᠴᠠ ᠢᠷᠡᠭᠰᠡᠨ ᠬᠥᠮᠦᠰ ᠢ ᠠᠩᠬᠠᠷᠤᠨ᠂ ᠰᠡᠵᠢᠭᠯᠡᠯᠲᠡᠢ ᠪᠠᠶᠢᠳᠠᠯ | ᠲᠣᠬᠢᠶᠠᠯᠳᠤᠪᠠᠯ᠂ ᠰᠤᠷᠤᠭᠴᠢᠳ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠠᠰᠠᠭᠤᠬᠤ ᠶᠢᠨ ᠬᠠᠮᠲᠤ ᠵᠢᠵᠢᠭᠦᠷᠯᠡᠭᠴᠢ᠂ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠲᠤ | ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | 1. ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠣᠢ ᠪᠣᠯᠭᠠᠨ᠎ᠠ᠃ ᠰᠡᠷᠭᠡᠶᠢᠯᠡᠬᠦ ᠤᠬᠠᠮᠰᠠᠷ ᠢ ᠰᠠᠨᠠᠭᠠᠴᠢᠯᠠᠭ᠎ᠠ ᠠᠴᠠ ᠪᠠᠨ ᠪᠣᠢ ᠪᠣᠯᠭᠠᠵᠤ᠂ | ᠬᠤᠯᠠᠭᠠᠢ ᠶᠢ ᠰᠡᠷᠭᠡᠶᠢᠯᠡᠬᠦ ᠠᠮᠤᠷ ᠲᠦᠪᠰᠢᠨ ᠢ ᠠᠩᠬᠠᠷᠴᠤ᠂ ᠡᠭᠦᠳᠡ ᠪᠠᠨ ᠣᠨᠢᠰᠤᠯᠠᠬᠤ᠂ ᠴᠣᠩᠬᠤ ᠪᠠᠨ ᠬᠠᠭᠠᠬᠤ ᠰᠠᠶᠢᠨ ᠰᠠᠶᠢᠬᠠᠨ ᠳᠠᠳᠬᠠᠯ ᠢ ᠪᠣᠢ ᠪᠣᠯᠭᠠᠨ᠂ | ᠬᠥᠮᠦᠨ ᠦᠭᠡᠢ ᠦᠶ᠎ᠡ ᠳᠤ ᠡᠭᠦᠳᠡ ᠪᠠᠨ ᠬᠠᠭᠠᠵᠤ᠂ ᠭᠠᠳᠠᠭᠰᠢ ᠭᠠᠷᠬᠤ᠂ ᠤᠨᠲᠠᠬᠤ ᠠᠴᠠ ᠪᠠᠨ ᠡᠮᠦᠨ᠎ᠡ ᠡᠭᠦᠳᠡ ᠴᠣᠩᠬᠤ ᠪᠠᠨ ᠰᠠᠶᠢᠲᠤᠷ ᠬᠠᠭᠠᠨ᠂ ᠨᠢᠭᠡᠳᠦᠭᠡᠷ | ᠳᠡᠭᠳᠡᠷ ᠲᠤ ᠰᠠᠭᠤᠵᠤ ᠪᠠᠶᠢᠭ᠎ᠠ ᠰᠤᠷᠤᠭᠴᠢᠳ ᠬᠤᠪᠴᠠᠰᠤ ᠬᠤᠨᠠᠷ᠂ ᠪᠢᠴᠢᠭ ᠤᠨ ᠪᠣᠭᠴᠣ ᠵᠢᠴᠢ ᠪᠤᠰᠤᠳ ᠶᠠᠭᠤᠮ᠎ᠠ ᠪᠠᠨ ᠴᠣᠩᠬᠤᠨ ᠳᠡᠭᠡᠷ᠎ᠡ ᠲᠠᠯᠪᠢᠵᠤ ᠪᠣᠯᠬᠤ | ᠦᠭᠡᠢ᠂ ᠪᠠᠶᠢᠷᠢ ᠳᠤ ᠪᠠᠨ ᠣᠷᠣᠢ ᠬᠠᠷᠢᠬᠤ ᠰᠤᠷᠤᠭᠴᠢ ᠬᠥᠮᠦᠨ ᠳᠠᠭᠠᠵᠤ ᠪᠠᠶᠢᠬᠤ ᠡᠰᠡᠬᠦ ᠶᠢ ᠠᠩᠬᠠᠷᠬᠤ ᠬᠡᠷᠡᠭᠲᠡᠢ᠃ | 2. ᠥᠪᠡᠷ ᠤᠨ ᠶᠠᠭᠤᠮ᠎ᠠ ᠪᠠᠨ ᠵᠦᠢ ᠵᠣᠬᠢᠰᠲᠠᠢ ᠬᠠᠳᠠᠭᠠᠯᠠᠨ᠎ᠠ᠃ ᠰᠠᠨᠠᠭᠠᠨ ᠳᠤ ᠦᠭᠡᠢ ᠤᠴᠢᠷ ᠭᠠᠷᠬᠤ ᠠᠴᠠ ᠰᠡᠷᠭᠡᠶᠢᠯᠡᠬᠦ ᠶᠢᠨ ᠲᠥᠯᠥᠭᠡ᠂ ᠰᠤᠷᠤᠭᠴᠢᠳ | ᠥᠪᠡᠷ ᠤᠨ ᠶᠠᠭᠤᠮ᠎ᠠ ᠪᠠᠨ ᠵᠦᠢ ᠵᠣᠬᠢᠰᠲᠠᠢ ᠬᠠᠳᠠᠭᠠᠯᠠᠵᠤ ᠬᠠᠮᠢᠶᠠᠷᠤᠭᠠᠷᠠᠢ︔ ᠪᠠᠶᠢᠷᠢ ᠳᠤ ᠪᠠᠨ ᠠᠷᠪᠢᠨ ᠪᠡᠯᠡᠨ ᠵᠣᠭᠤᠰ ᠲᠠᠯᠪᠢᠬᠤ ᠦᠭᠡᠢ︔ ᠪᠠᠩᠬᠢ ᠶᠢᠨ | ᠬᠠᠳᠠᠭᠠᠯᠠᠮᠵᠢ ᠳᠤ ᠡᠷᠬᠡᠪᠰᠢ ᠬᠤᠪᠢ ᠬᠥᠮᠦᠨ ᠤ ᠨᠢᠭᠤᠴᠠ ᠨᠣᠮᠧᠷ ᠢ ᠬᠡᠷᠡᠭᠯᠡᠵᠦ᠂ ᠮᠥᠩᠭᠦᠨ ᠭᠦᠢᠯᠭᠡᠭᠡᠨ ᠤ ᠺᠠᠷᠲ ᠪᠠ ᠪᠡᠶ᠎ᠡ ᠶᠢᠨ ᠦᠨᠡᠮᠯᠡᠯ ᠢ ᠰᠠᠯᠭᠠᠨ | ᠬᠠᠳᠠᠭᠠᠯᠠᠵᠤ᠂ ᠬᠠᠭᠤᠷᠮᠠᠭᠯᠠᠨ ᠠᠪᠬᠤ ᠠᠴᠠ ᠰᠡᠷᠭᠡᠶᠢᠯᠡᠬᠦ ᠬᠡᠷᠡᠭᠲᠡᠢ᠃ | 3. ᠪᠠᠶᠢᠷᠢ ᠶᠢᠨ ᠲᠦᠯᠬᠢᠭᠦᠷ ᠢ ᠠᠮᠤᠷ ᠲᠦᠪᠰᠢᠨ ᠬᠡᠷᠡᠭᠯᠡᠨ᠎ᠡ᠃ ᠡᠭᠦᠳᠡ ᠪᠣᠯ ᠪᠠᠶᠢᠷᠢ ᠶᠢᠨ ᠠᠰᠠᠷ ᠤᠨ ᠠᠮᠤᠷ ᠲᠦᠪᠰᠢᠨ ᠢ ᠬᠠᠮᠠᠭᠠᠯᠠᠬᠤ ᠬᠠᠯᠬᠠᠪᠴᠢ ᠮᠥᠨ | ᠂ ᠰᠤᠷᠤᠭᠴᠢᠳ ᠥᠪᠡᠷ ᠤᠨ ᠪᠠᠶᠢᠷᠢ ᠶᠢᠨ ᠲᠦᠯᠬᠢᠭᠦᠷ ᠢᠶᠠᠨ ᠰᠠᠶᠢᠲᠤᠷ ᠬᠠᠳᠠᠭᠠᠯᠠᠵᠤ᠂ ᠲᠦᠯᠬᠢᠭᠦᠷ ᠪᠤᠶᠤ ᠰᠤᠷᠭᠠᠭᠤᠯᠢ ᠶᠢᠨ ᠬᠦᠷᠢᠶᠡᠨ ᠤ ᠺᠠᠷᠲ ᠢ ᠳᠤᠷ᠎ᠠ ᠪᠠᠷ | ᠢᠶᠠᠨ ᠥᠭᠡᠷ᠎ᠡ ᠬᠥᠮᠦᠨ ᠳᠤ ᠵᠢᠭᠡᠯᠡᠭᠦᠯᠬᠦ ᠪᠤᠶᠤ ᠪᠤᠰᠤᠳ ᠬᠥᠮᠦᠨ ᠢᠶᠠᠷ ᠬᠠᠮᠢᠶᠠᠷᠤᠭᠤᠯᠬᠤ ᠦᠭᠡᠢ᠃ ᠵᠠᠪᠠᠯ ᠰᠤᠷᠭᠠᠭᠤᠯᠢ ᠶᠢᠨ ᠨᠢᠭᠡᠳᠦᠯᠲᠡᠢ ᠲᠣᠬᠢᠷᠠᠭᠤᠯᠤᠭᠰᠠᠨ | ᠬᠤᠯᠠᠭᠠᠢ ᠶᠢ ᠰᠡᠷᠭᠡᠶᠢᠯᠡᠬᠦ ᠣᠨᠢᠰᠤ ᠶᠢ ᠬᠡᠷᠡᠭᠯᠡᠵᠦ᠂ ᠡᠭᠦᠳᠡᠨ ᠤ ᠣᠨᠢᠰᠤ ᠪᠤᠶᠤ ᠣᠨᠳᠣᠤ ᠡᠭᠦᠳᠡᠨ ᠤ ᠣᠨᠢᠰᠤ ᠨᠡᠮᠡᠬᠦ ᠶᠢ ᠴᠢᠩᠭ᠎ᠠ ᠬᠤᠷᠢᠭᠯᠠᠨ᠎ᠠ᠃ | 4. ᠵᠢᠵᠢᠭ ᠬᠤᠳᠠᠯᠳᠤᠭᠠᠴᠢᠨ ᠢ ᠴᠢᠩᠭ᠎ᠠ ᠰᠡᠷᠭᠡᠶᠢᠯᠡᠨ᠎ᠡ᠃ ᠰᠤᠷᠤᠭᠴᠢ ᠶᠠᠭᠤᠮ᠎ᠠ ᠪᠠᠨ ᠭᠡᠭᠡᠬᠦ ᠪᠤᠶᠤ ᠮᠡᠬᠡᠯᠡᠭᠳᠡᠬᠦ ᠵᠡᠷᠭᠡ ᠦᠵᠡᠭᠳᠡᠯ ᠭᠠᠷᠬᠤ ᠠᠴᠠ | ᠰᠡᠷᠭᠡᠶᠢᠯᠡᠬᠦ ᠶᠢᠨ ᠲᠥᠯᠥᠭᠡ᠂ ᠪᠠᠶᠢᠷᠢ ᠶᠢᠨ ᠠᠰᠠᠷ ᠲᠤ ᠡᠯ᠎ᠡ ᠲᠥᠷᠥᠯ ᠤᠨ ᠵᠢᠵᠢᠭ ᠬᠤᠳᠠᠯᠳᠤᠭᠠᠴᠢᠨ ᠶᠠᠭᠤᠮ᠎ᠠ ︵ᠣᠨᠴᠠᠭᠠᠶᠢᠯᠠᠨ ᠬᠠᠭᠤᠷᠮᠠᠭ ᠮᠠᠭᠤ ᠪᠠᠷᠠᠭ᠎ᠠ︶ | ᠪᠣᠷᠣᠯᠠᠭᠤᠯᠬᠤ ᠶᠢ ᠴᠢᠩᠭ᠎ᠠ ᠬᠤᠷᠢᠭᠯᠠᠨ᠎ᠠ᠂ ᠵᠢᠱᠢᠶᠡᠯᠡᠪᠡᠯ ᠪᠠᠶᠢᠷᠢ ᠶᠢᠨ ᠠᠰᠠᠷ ᠲᠤ ᠵᠢᠵᠢᠭ ᠬᠤᠳᠠᠯᠳᠤᠭᠠᠴᠢᠨ ᠪᠤᠶᠤ ᠳᠠᠮᠵᠢᠭᠤᠯᠤᠨ ᠪᠣᠷᠣᠯᠠᠭᠤᠯᠤᠭᠴᠢ ᠶᠠᠭᠤᠮ᠎ᠠ | ᠬᠤᠳᠠᠯᠳᠤᠵᠤ ᠪᠠᠶᠢᠭ᠎ᠠ ᠶᠢ ᠣᠯᠵᠤ ᠮᠡᠳᠡᠪᠡᠯ᠂ ᠲᠡᠳᠡᠨ ᠤ ᠪᠠᠶᠢᠷᠢ ᠳᠤ ᠣᠷᠣᠬᠤ ᠶᠢ ᠵᠥᠪᠰᠢᠶᠡᠷᠡᠬᠦ ᠦᠭᠡᠢ ᠪᠥᠭᠡᠳ ᠪᠠᠶᠢᠷᠢ ᠶᠢᠨ ᠠᠰᠠᠷ ᠤᠨ ᠵᠢᠵᠢᠭᠦᠷᠯᠡᠭᠴᠢ ᠳᠤ ᠴᠠᠭ | ᠲᠤᠬᠠᠢ ᠳᠤ ᠨᠢ ᠮᠡᠳᠡᠭᠦᠯᠬᠦ ᠪᠤᠶᠤ ᠰᠤᠷᠭᠠᠭᠤᠯᠢ ᠶᠢᠨ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠨ᠎ᠡ᠃ | 5. ᠭᠠᠳᠠᠨ᠎ᠠ ᠶᠢᠨ ᠬᠥᠮᠦᠨ ᠢ ᠪᠠᠶᠢᠷᠢ ᠳᠤ ᠬᠤᠨᠣᠭᠤᠯᠬᠤ ᠦᠭᠡᠢ᠃ ᠡᠯ᠎ᠡ ᠰᠤᠷᠭᠠᠭᠤᠯᠢ ᠥᠪᠡᠷ ᠤᠨ ᠣᠷᠣ ᠪᠠᠨ ᠪᠤᠰᠤᠳ ᠲᠤ ᠳᠤᠷ᠎ᠠ ᠪᠠᠷ ᠢᠶᠠᠨ | ᠵᠢᠭᠡᠯᠡᠭᠦᠯᠦᠨ ᠬᠡᠷᠡᠭᠯᠡᠭᠦᠯᠬᠦ ᠶᠢ ᠴᠢᠩᠭ᠎ᠠ ᠬᠤᠷᠢᠭᠯᠠᠵᠤ᠂ ᠲᠤᠰ ᠪᠠᠶᠢᠷᠢ ᠶᠢᠨ ᠪᠤᠰᠤ ᠬᠥᠮᠦᠨ ᠢ ᠳᠤᠷ᠎ᠠ ᠪᠠᠷ ᠢᠶᠠᠨ ᠪᠠᠶᠢᠷᠢ ᠳᠤ ᠦᠯᠡᠳᠡᠭᠡᠨ ᠬᠤᠨᠣᠭᠤᠯᠵᠤ ᠪᠣᠯᠬᠤ | ᠦᠭᠡᠢ᠂ ᠪᠥᠭᠦᠳᠡᠭᠡᠷ ᠢᠶᠠᠨ ᠡᠭᠦᠨ ᠳᠤ ᠬᠠᠷᠢᠯᠴᠠᠨ ᠬᠢᠨᠠᠯᠲᠠ ᠲᠠᠯᠪᠢᠵᠤ ᠪᠣᠯᠤᠨ᠎ᠠ᠃ | ᠭᠤᠷᠪᠠ᠂ ᠲᠥᠬᠦᠭᠡᠷᠦᠮᠵᠢ ᠶᠢᠨ ᠠᠮᠤᠷ ᠲᠦᠪᠰᠢᠨ | 1. ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠦᠶ᠎ᠡ ᠠᠯᠢᠶᠠᠯᠠᠵᠤ ᠨᠠᠭᠠᠳᠬᠤ ᠦᠭᠡᠢ᠃ ᠣᠷᠣᠨ ᠳᠡᠭᠡᠷ᠎ᠡ ᠪᠠᠨ ᠭᠠᠷᠬᠤ ᠪᠤᠶᠤ | ᠣᠷᠣᠨ ᠠᠴᠠ ᠪᠠᠭᠤᠬᠤ ᠦᠶ᠎ᠡ ᠳᠤ᠂ ᠭᠤᠯᠭᠤᠷᠢᠬᠤ᠂ ᠯᠠᠪᠳᠠᠭᠤᠨ ᠪᠠᠷᠢᠭᠰᠠᠨ ᠦᠭᠡᠢ ᠵᠡᠷᠭᠡ ᠰᠢᠯᠲᠠᠭᠠᠨ ᠠᠴᠠ ᠪᠣᠯᠵᠤ ᠣᠶᠢᠴᠢᠵᠤ ᠮᠡᠳᠡᠨ᠎ᠡ ︵ᠣᠷᠣᠨ ᠳᠡᠭᠡᠷ᠎ᠡ ᠪᠠᠨ | ᠭᠠᠷᠬᠤ ᠪᠤᠶᠤ ᠣᠷᠣᠨ ᠠᠴᠠ ᠪᠠᠭᠤᠬᠤ ᠦᠶ᠎ᠡ ᠳᠤ ᠯᠠᠪᠳᠠᠭᠤᠨ ᠪᠠᠷᠢᠵᠤ᠂ ᠬᠥᠨᠵᠢᠯᠡ ᠳᠡᠪᠢᠰᠬᠡᠷ ᠵᠡᠷᠭᠡ ᠲᠣᠭᠲᠠᠮᠠᠯ ᠪᠤᠰᠤ ᠡᠳ᠋ ᠪᠣᠳᠠᠰ ᠠᠴᠠ ᠪᠢᠲᠡᠭᠡᠢ ᠪᠡᠷᠢ︶᠂ ᠣᠷᠣᠨ | ᠳᠡᠭᠡᠷ᠎ᠡ ᠪᠠᠨ ᠭᠠᠷᠬᠤ ᠪᠤᠶᠤ ᠣᠷᠣᠨ ᠪᠠᠭᠤᠬᠤ ᠦᠶ᠎ᠡ ᠳᠤ ᠬᠠᠮᠲᠤ ᠰᠤᠷᠤᠭᠴᠢ ᠲᠠᠢ ᠪᠠᠨ ᠠᠯᠢᠶᠠᠯᠠᠵᠤ ᠨᠠᠭᠠᠳᠬᠤ ᠦᠭᠡᠢ ᠪᠠᠶᠢᠵᠤ᠂ ᠣᠷᠣᠨ ᠠᠴᠠ ᠪᠠᠨ ᠣᠶᠢᠴᠢᠵᠤ | ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠢ᠃ | 2. ᠬᠠᠯᠲᠤᠷᠢᠭ᠎ᠠ ᠦᠭᠡᠢ ᠣᠯᠪᠣᠭ ᠢ ᠰᠠᠶᠢᠲᠤᠷ ᠬᠡᠷᠡᠭᠯᠡᠨ᠎ᠡ᠃ ᠣᠷᠣ ᠶᠢᠨ ᠲᠦᠰᠢᠯᠭᠡ᠂ ᠠᠰᠠᠷ ᠤᠨ ᠱᠠᠲᠤᠨ ᠳᠤ ᠬᠠᠯᠲᠤᠷᠢᠬᠤ ᠠᠴᠠ ᠰᠡᠷᠭᠡᠶᠢᠯᠡᠵᠦ᠂ | ᠣᠷᠣ ᠶᠢᠨ ᠲᠦᠰᠢᠯᠭᠡ ᠪᠠ ᠠᠰᠠᠷ ᠤᠨ ᠱᠠᠲᠤᠨ ᠤ ᠬᠠᠯᠲᠤᠷᠢᠭ᠎ᠠ ᠦᠭᠡᠢ ᠣᠯᠪᠣᠭ ᠢ ᠨᠡᠮᠡᠭᠳᠡᠭᠦᠯᠵᠦ᠂ ᠭᠠᠷ ᠬᠥᠯ ᠪᠠ ᠪᠠᠷᠢᠭᠤᠯ᠂ ᠠᠰᠠᠷ ᠤᠨ ᠱᠠᠲᠤᠨ ᠤ | ᠦᠷᠦᠯᠳᠦᠬᠦ ᠬᠦᠴᠦ ᠶᠢ ᠨᠡᠮᠡᠭᠳᠡᠭᠦᠯᠵᠦ ᠬᠠᠯᠲᠤᠷᠢᠬᠤ ᠠᠴᠠ ᠵᠠᠶᠢᠯᠠᠭᠤᠯᠤᠨ᠎ᠠ᠃ | 3. ᠰᠥᠨᠢ ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠳᠤ ᠭᠡᠷᠡᠯᠲᠦᠭᠦᠯᠭᠡ ᠬᠡᠷᠡᠭᠯᠡᠨ᠎ᠡ᠃ ᠰᠥᠨᠢ ᠪᠠᠶᠢᠷᠢ ᠶᠢᠨ ᠳ᠋ᠧᠩ ᠢ ᠤᠨᠲᠠᠷᠠᠭᠠᠨ᠎ᠠ᠂ | ᠬᠡᠷᠪᠡ ᠰᠥᠨᠢ ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠴᠢᠬᠤᠯᠠ ᠲᠠᠢ ᠪᠣᠯ᠂ ᠭᠠᠷ ᠤᠲᠠᠰᠤ ᠪᠤᠶᠤ ᠭᠠᠷ ᠳ᠋ᠧᠩ ᠵᠡᠷᠭᠡ ᠭᠡᠷᠡᠯᠲᠦᠭᠦᠯᠭᠡ ᠪᠠᠨ | ᠨᠡᠭᠡᠭᠡᠵᠦ᠂ ᠬᠠᠷᠠᠩᠭᠤᠢ ᠠᠴᠠ ᠪᠣᠯᠵᠤ ᠬᠤᠭᠤᠰᠣᠨ ᠭᠢᠰᠬᠢᠬᠦ ᠠᠴᠠ ᠵᠠᠶᠢᠯᠠᠰᠬᠢᠨ᠎ᠠ᠃ | 4. ᠬᠡᠲᠦ ᠵᠤᠵᠠᠭᠠᠨ ᠣᠷᠣ ᠳᠡᠪᠢᠰᠬᠡᠷ ᠢ ᠬᠡᠷᠡᠭᠯᠡᠬᠦ ᠦᠭᠡᠢ᠃ ᠪᠠᠶᠢᠷᠢ ᠶᠢᠨ ᠣᠷᠣᠨ ᠳᠤ ᠪᠠᠨ ᠬᠡᠲᠦ ᠵᠤᠵᠠᠭᠠᠨ ᠣᠷᠣ ᠳᠡᠪᠢᠰᠴᠦ ᠪᠣᠯᠬᠤ ᠦᠭᠡᠢ᠂ ᠬᠡᠳᠦ | ᠵᠤᠵᠠᠭᠠᠨ ᠣᠷᠣ ᠨᠢ ᠣᠷᠣ ᠳᠡᠪᠢᠰᠭᠡᠷ ᠤᠨ ᠬᠠᠮᠠᠭᠠᠯᠠᠯᠲᠠ ᠶᠢᠨ ᠬᠠᠰᠢᠯᠭ᠎ᠠ ᠶᠢᠨ ᠦᠢᠯᠡᠳᠦᠯ ᠢ ᠪᠠᠭᠤᠷᠠᠭᠤᠯᠵᠤ᠂ ᠠᠮᠤᠷ ᠲᠦᠪᠰᠢᠨ ᠤ ᠳᠠᠯᠳᠠ ᠭᠡᠮ ᠢ ᠪᠣᠢ ᠪᠣᠯᠭᠠᠨ᠎ᠠ᠃ | | 5. ᠣᠷᠣᠨ ᠳᠡᠭᠡᠷ᠎ᠡ ᠠᠴᠠ ᠰᠢᠭᠤᠳ ᠣᠷᠣᠨ ᠤ ᠳᠣᠣᠷᠠᠬᠢ ᠪᠣᠳᠠᠰ ᠢ ᠠᠪᠬᠤ ᠦᠭᠡᠢ᠃ ᠣᠷᠣᠨ ᠳᠡᠭᠡᠷ᠎ᠡ ᠠᠮᠠᠷᠠᠬᠤ ᠦᠶ᠎ᠡ ᠳᠤ᠂ ᠬᠡᠷᠪᠡ ᠣᠷᠣᠨ ᠳᠣᠣᠷᠠᠬᠢ | ᠶᠠᠭᠤᠮ᠎ᠠ ᠶᠢ ᠠᠪᠬᠤ ᠴᠢᠬᠤᠯᠠᠲᠠᠢ ᠪᠣᠯ᠂ ᠣᠷᠣᠨ ᠠᠴᠠ ᠪᠠᠨ ᠪᠠᠭᠤᠭᠠᠳ ᠠᠪᠤᠭᠠᠷᠠᠢ᠂ ᠪᠢᠲᠡᠭᠡᠢ ᠶᠠᠷᠰᠢᠭ ᠲᠠᠢ ᠭᠡᠵᠦ ᠳᠥᠭᠦᠮ ᠢ ᠪᠣᠳᠣᠨ ᠣᠷᠣᠨ ᠳᠡᠭᠡᠷ᠎ᠡ ᠪᠠᠨ | ᠪᠠᠶᠢᠵᠤ ᠪᠠᠶᠢᠭᠠᠳ ᠶᠠᠭᠤᠮ᠎ᠠ ᠪᠠᠨ ᠠᠪ᠂ ᠣᠶᠢᠴᠢᠬᠤ ᠠᠶᠤᠯ ᠲᠠᠢ᠃ ᠣᠨᠴᠠᠭᠠᠶᠢᠯᠠᠨ ᠰᠠᠨᠠᠭᠤᠯᠬᠤ ᠨᠢ᠄ ᠪᠠᠶᠢᠷᠢ ᠶᠢᠨ ᠭᠡᠷ ᠤᠨ ᠶᠠᠮᠠᠷ ᠨᠢᠭᠡᠨ ᠲᠥᠬᠦᠭᠡᠷᠦᠮᠵᠢ | ᠡᠪᠳᠡᠷᠡᠬᠦ ᠳᠤ ᠬᠦᠷᠪᠡᠯ᠂ ᠰᠤᠷᠤᠭᠴᠢᠳ ᠴᠠᠭ ᠲᠤᠬᠠᠢ ᠳᠤ ᠨᠢ ᠪᠠᠶᠢᠷᠢ ᠬᠠᠮᠢᠶᠠᠷᠤᠭᠴᠢ ᠶᠢᠨ ᠲᠡᠨᠳᠡ ᠬᠦᠷᠴᠦ ᠵᠠᠰᠠᠭᠤᠯᠬᠤ ᠪᠠᠷ ᠮᠡᠳᠡᠭᠦᠯᠵᠦ᠂ ᠬᠡᠪ ᠤᠨ ᠠᠮᠢᠳᠤᠷᠠᠯ ᠢ | ᠪᠠᠲᠤᠯᠠᠬᠤ ᠬᠡᠷᠡᠭᠲᠡᠢ᠃ |