2023 ᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ
ᠨᠡᠶᠢᠲᠡᠯᠡᠭᠰᠡᠨ ᠴᠠᠭ᠄
2024/4/2
      ᠰᠤᠷᠪᠤᠯᠵᠢᠯᠠᠭᠰᠠᠨ ᠴᠠᠭ᠄ 2024 ︱ 01 ︱ 23      ᠰᠤᠷᠪᠤᠯᠵᠢᠯᠠᠭ᠎ᠠ ᠬᠦᠯᠢᠶᠡᠭᠴᠢ᠄ ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠪᠴᠢᠶᠠᠨ ᠤ ᠳᠡᠳ᠋ ᠳᠠᠷᠤᠭ᠎ᠠ ᠬᠤᠩ ᠫᠧᠩ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠦᠩᠯᠢᠶᠣᠣ ᠶᠢᠨ ᠪᠠᠶᠢᠴᠠᠭᠠᠯᠲᠠ ᠶᠢᠨ ᠠᠩᠭᠢ ᠶᠢᠨ ᠳᠡᠳ᠋ ᠳᠠᠷᠤᠭ᠎ᠠ ᠯᠢᠶᠠᠩ ᠳ᠋ᠦᠩ ᠹᠠᠩ      ᠲᠣᠪᠴᠢᠯᠠᠯ᠄ 1 ᠳ᠋ᠦ᠋ᠭᠡᠷ ᠰᠠᠷ᠎ᠠ ᠶᠢᠨ 23 ᠳᠤ᠂ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ 2023 ᠣᠨ ᠤ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠲᠦᠩᠯᠢᠶᠣᠣ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠪᠴᠢᠶᠠᠨ ᠤ ᠳᠡᠳ᠋ ᠳᠠᠷᠤᠭ᠎ᠠ ᠬᠤᠩ ᠫᠧᠩ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠦᠩᠯᠢᠶᠣᠣ ᠶᠢᠨ ᠪᠠᠶᠢᠴᠠᠭᠠᠯᠲᠠ ᠶᠢᠨ ᠠᠩᠭᠢ ᠶᠢᠨ ᠳᠡᠳ᠋ ᠳᠠᠷᠤᠭ᠎ᠠ ᠯᠢᠶᠠᠩ ᠳ᠋ᠦᠩ ᠹᠠᠩ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠰᠤᠷᠪᠤᠯᠵᠢᠯᠠᠭᠴᠢ᠄ ᠲᠠ ᠰᠠᠶᠢᠨ ᠦᠦ᠂ ᠰᠠᠶ᠋ᠢᠬᠠᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠲᠦᠩᠯᠢᠶᠣᠣ ᠬᠤᠲᠠ ᠶᠢᠨ 2023 ᠣᠨ ᠳᠤ ᠠᠵᠤ ᠠᠬᠤᠢ ᠦᠷᠭᠦᠯᠵᠢᠯᠡᠨ ᠰᠡᠷᠭᠦᠵᠦ᠂ ᠲᠣᠭᠲᠠᠭᠤᠨ ᠤ ᠳᠤᠮᠳᠠ ᠰᠠᠶᠢᠵᠢᠷᠠᠪᠠ᠃ ᠲᠠ ᠡᠨᠡ ᠵᠢᠯ ᠤᠨ ᠮᠠᠨ ᠤ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠡᠷᠬᠢᠨ ᠦᠨᠡᠯᠡᠬᠦ ᠪᠤᠢ︖ ᠶᠠᠮᠠᠷ ᠶᠠᠮᠠᠷ ᠬᠢᠯᠠᠰ ᠴᠡᠭ ᠪᠠ ᠢᠳᠡᠪᠬᠢᠲᠡᠢ ᠬᠤᠪᠢᠷᠠᠯᠲᠠ ᠪᠠᠶᠢᠬᠤ ᠪᠣᠶ︖ ᠪᠠᠶᠠᠷᠯᠠᠯ᠎ᠠ᠃      ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠪᠴᠢᠶᠠᠨ ᠤ ᠳᠡᠳ᠋ ᠳᠠᠷᠤᠭ᠎ᠠ ᠬᠤᠩ ᠫᠧᠩ᠄ ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠡᠨᠡ ᠵᠢᠯ ᠠᠴᠠ ᠨᠠᠰᠢ᠂ ᠪᠦᠬᠦ ᠬᠤᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠢᠶᠠᠷ ᠠᠬᠢᠭᠤᠯᠬᠤ᠂ ᠤᠷᠤᠭᠰᠢᠯᠠᠯᠲᠠ ᠪᠠᠷ ᠲᠣᠭᠲᠠᠭᠤᠨ ᠢ ᠲᠣᠭᠲᠠᠪᠤᠷᠢᠵᠢᠭᠤᠯᠬᠤ ᠶᠢ ᠪᠠᠷᠢᠮᠲᠠᠯᠠᠵᠤ᠂ 2023 ᠣᠨ ᠳᠤ᠂ ᠲᠦᠩᠯᠢᠶᠣᠣ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 5.2% ᠨᠡᠮᠡᠭᠳᠡᠵᠦ᠂ ᠨᠢᠳᠤᠨᠤᠨ ᠤ 3.0%  ᠤᠨ ᠨᠡᠮᠡᠭᠳᠡᠯ ᠤᠨ ᠬᠤᠷᠳᠤᠴᠠ ᠠᠴᠠ ᠢᠯᠡᠳᠲᠡ ᠲᠦᠷᠭᠡᠨ ᠪᠣᠯᠵᠤ᠂ ᠤᠯᠤᠰ ᠤᠨ ᠨᠡᠮᠡᠭᠳᠡᠯ ᠤᠨ ᠬᠤᠷᠳᠤᠴᠠ ᠲᠠᠢ ᠠᠳᠠᠯᠢᠳᠬᠠᠵᠤ᠂ ᠠᠵᠤ ᠠᠬᠤᠢ ᠶᠢᠨ ᠠᠵᠢᠯᠯᠠᠭᠠᠨ ᠵᠣᠬᠢᠰᠲᠠᠢ ᠣᠷᠣᠨ ᠵᠠᠢ ᠳᠤ ᠪᠤᠴᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠲᠦᠷᠦᠭᠦᠦ ᠵᠢᠯ ᠤᠨ ᠬᠢ ᠠᠴᠠ ᠰᠠᠶᠢᠨ ᠪᠣᠯᠵᠤ᠂ ᠴᠥᠮ ᠲᠣᠭᠲᠠᠭᠤᠨ ᠨᠡᠮᠡᠭᠳᠡᠬᠦ ᠶᠢ ᠪᠡᠶᠡᠯᠡᠭᠦᠯᠪᠡ᠃ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ︽ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠭᠤᠯᠬᠤ ᠂ ᠤᠷᠤᠭᠰᠢᠯᠠᠬᠤ ᠶᠢᠨ ᠵᠡᠷᠭᠡ ᠳᠤ ᠰᠠᠶᠢᠵᠢᠷᠠᠬᠤ︾ ᠬᠥᠭᠵᠢᠯᠲᠡ ᠶᠢᠨ ᠪᠠᠶᠢᠳᠠᠯ ᠢᠯᠡᠷᠡᠵᠦ᠂ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄      ᠨᠢᠭᠡ ᠳᠤ ︽ᠲᠣᠭᠲᠠᠭᠤᠨ︾ ᠨᠢ ᠦᠨᠳᠦᠰᠦ ᠰᠠᠭᠤᠷᠢ ᠲᠠᠢ ᠶᠤᠮ᠃ ᠬᠡᠷᠡᠭᠯᠡᠭᠡ ᠨᠢ ︽ᠲᠣᠭᠲᠠᠪᠤᠷᠢᠵᠢᠭᠤᠯᠤᠷ︾ ᠤᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠪᠠ᠃ 2023 ᠣᠨ ᠳᠤ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 20.4% ᠨᠡᠮᠡᠭᠳᠡᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠨᠡᠮᠡᠭᠳᠡᠵᠦ᠂ ᠬᠡᠷᠡᠭᠯᠡᠭᠡᠨ ᠤ ᠵᠢᠱᠢᠯᠲᠡ ᠰᠠᠶᠢᠵᠢᠷᠠᠪᠠ᠃ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 344.4 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ  ᠬᠢ ᠠᠴᠠ 4.5% ᠨᠡᠮᠡᠭᠳᠡᠨ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.5 ᠬᠤᠪᠢ ᠲᠦᠷᠭᠡᠨ ᠪᠣᠯᠵᠤ᠂ ᠲᠠᠸᠠᠷ ᠤᠨ ᠪᠣᠷᠤᠯᠠᠭᠤᠯᠭ᠎ᠠ᠂ ᠢᠳᠡᠭᠡᠨ ᠤᠮᠳᠠᠭᠠᠨ ᠵᠡᠷᠭᠡ ᠬᠦᠷᠦᠯᠴᠡᠬᠦ ᠮᠠᠶ᠋ᠢᠭ ᠤᠨ ᠬᠡᠷᠡᠭᠯᠡᠭᠡ ᠢᠯᠡᠳᠲᠡ ᠰᠠᠶᠢᠵᠢᠷᠠᠨ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠦᠢᠯᠡᠰ᠂ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5.0% ᠪᠠ 15.7% ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠪᠤᠳᠠᠭ᠎ᠠ ᠲᠣᠰᠣ ᠢᠳᠡᠭᠡᠨ ᠤ ᠲᠥᠷᠥᠯ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠨᠡᠮᠡᠭᠳᠡᠯ ᠤᠨ ᠬᠠᠨᠳᠤᠰᠢ ᠴᠢᠩᠭ᠎ᠠ ᠪᠠᠶᠢᠨ᠎ᠠ᠃ ᠬᠡᠷᠡᠭᠯᠡᠭᠡ ᠶᠢᠨ ᠪᠥᠬᠦ ᠬᠤᠲᠠ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ︽ᠰᠠᠭᠤᠷᠢ︾ ᠶᠢᠨ ᠦᠢᠯᠡᠳᠦᠯ ᠡᠳᠦᠷ ᠢᠷᠡᠬᠦᠶ᠎ᠡ ᠢᠯᠡᠷᠬᠡᠢ ᠪᠣᠯᠵᠤ ᠪᠠᠶᠢᠨ᠎ᠠ᠃      ᠠᠵᠤ ᠦᠢᠯᠡᠳᠪᠦᠷᠢ ᠶᠢᠨ ︽ᠭᠤᠣᠯᠯᠠᠭᠴᠢ︾ ᠦᠢᠯᠡᠳᠦᠯ ᠦᠷᠭᠦᠯᠵᠢᠯᠡᠨ ᠲᠣᠭᠲᠠᠪᠤᠷᠢᠵᠢᠪᠠ᠃ 2023 ᠣᠨ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.5% ᠨᠡᠮᠡᠭᠳᠡᠵᠦ᠂ ᠲᠦᠷᠦᠭᠦᠸ ᠰᠠᠷ᠎ᠠ ᠶᠢᠨ  ᠬᠢ ᠠᠴᠠ 0.4 ᠬᠤᠪᠢ ᠲᠦᠷᠭᠡᠳᠴᠡᠢ᠃ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 573.9 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠨᠡᠮᠡᠭᠳᠡᠪᠡ᠃ ᠡᠭᠦᠨ ᠳᠤ᠂ ᠠᠵᠤ ᠦᠢᠯᠡᠳᠪᠦᠷᠢ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 507.4 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 1.4% ᠨᠡᠮᠡᠭᠳᠡᠵᠡᠢ᠃ ᠡᠨᠧᠷᠭᠢ ᠶᠢᠨ ᠦᠢᠯᠡᠳᠬᠦᠨ ᠤ ᠬᠠᠩᠭᠠᠯᠭ᠎ᠠ ᠬᠦᠴᠦᠲᠡᠢ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠭᠦᠷᠡᠰᠦᠨ ᠤ ᠭᠠᠷᠤᠯᠲᠠ ᠪᠠ ᠴᠠᠬᠢᠯᠭᠠᠨ ᠭᠠᠷᠭᠠᠭᠰᠠᠨ ᠬᠡᠮᠵᠢᠶ᠎ᠡ ᠲᠤᠰ ᠲᠤᠰ 1.8%᠂ 2.8% ᠨᠡᠮᠡᠭᠳᠡᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠷ᠎ᠡ ᠠᠰᠢᠭ ᠦᠷᠭᠦᠯᠵᠢᠯᠡᠨ ᠰᠠᠶᠢᠵᠢᠷᠠᠪᠠ᠃ 1—11 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 122.8 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 15.1% ᠨᠡᠮᠡᠭᠳᠡᠨ᠂ 2 ᠰᠠᠷ᠎ᠠ ᠳᠠᠷᠠᠭᠠᠯᠠᠨ ᠳᠡᠭᠡᠭᠰᠢᠯᠡᠵᠡᠢ᠃      ᠬᠤᠶᠠᠷ ᠲᠤ ︽ᠰᠠᠶᠢᠵᠢᠷᠠᠭᠰᠠᠨ︾ ᠨᠢ ᠢᠳᠡ ᠬᠦᠴᠦᠨ ᠲᠠᠢ᠃ ᠮᠠᠯ ᠲᠠᠷᠢᠶᠠᠯᠠᠩ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠲᠠᠰᠤᠷᠠᠯᠲᠠ ᠦᠭᠡᠢ ᠲᠦᠷᠭᠡᠳᠴᠦ᠂ 2023 ᠣᠨ ᠳᠤ ᠪᠥᠬᠦ ᠬᠤᠲᠠ ᠶᠢᠨ ᠮᠠᠯ ᠲᠠᠷᠢᠶᠠᠯᠠᠩ ᠣᠶ ᠰᠢᠭᠤᠢ ᠵᠢᠭᠠᠰᠤᠨ ᠤ ᠠᠵᠤ ᠠᠬᠤᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠪᠡ᠃ ᠮᠠᠯ ᠤᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠮᠠᠯ ᠤᠨ ᠠᠵᠤ ᠠᠬᠤᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 6.9% ᠨᠡᠮᠡᠭᠳᠡᠪᠡ᠃ ᠠᠮᠤ ᠪᠤᠳᠠᠭᠠᠨ ᠤ ᠥᠨᠳᠥᠷ ᠤᠨᠠᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠪᠠ᠃ ᠪᠦᠬᠦ ᠵᠢᠯ ᠤᠨ ᠠᠮᠤ ᠪᠤᠳᠠᠭᠠᠨ ᠤ ᠤᠨᠠᠯᠲᠠ 189.0 ᠳ᠋ᠦᠩᠰᠢᠭᠤᠷ ᠵᠢᠩ ᠬᠦᠷᠴᠦ᠂ ᠲᠦᠷᠦᠭᠦᠦ ᠵᠢᠯ ᠤᠨ ᠬᠢ ᠠᠴᠠ 1.2% ᠨᠡᠮᠡᠭᠳᠡᠵᠦ᠂ 2.3 ᠳ᠋ᠦᠩᠰᠢᠭᠤᠷ ᠵᠢᠩ ᠨᠡᠮᠡᠭᠳᠡᠵᠡᠢ᠃ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠮᠦ ᠪᠦᠷᠢ ᠳᠡᠭᠡᠨ 499.2 ᠺᠢᠯᠣᠭ᠍ᠷᠠᠮ ᠳᠤ ᠬᠦᠷᠴᠦ᠂ ᠲᠦᠷᠦᠭᠦᠦ ᠵᠢᠯ ᠤᠨ ᠮᠦ ᠪᠦᠷᠢ ᠶᠢᠨ ᠤᠨᠠᠯᠲᠠ ᠠᠴᠠ 4.8 ᠺᠢᠯᠣᠭ᠍ᠷᠠᠮ ᠨᠡᠮᠡᠭᠳᠡᠵᠡᠢ᠃ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ ᠪᠣᠢ᠃      ᠡᠯ᠎ᠡ ᠵᠦᠢᠯ ᠤᠨ ᠣᠷᠣᠯᠭ᠎ᠠ ᠳᠠᠬᠢᠨ ᠲᠣᠭᠲᠠᠪᠤᠷᠢᠵᠢᠭᠰᠠᠨ ᠨᠢ ᠠᠵᠤ ᠠᠬᠤᠢ ᠶᠢᠨ ᠰᠠᠶᠢᠵᠢᠷᠠᠯᠲᠠ ᠶᠢ ᠬᠠᠷᠠᠭᠤᠯᠵᠤ ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠠᠩᠬ᠎ᠠ ᠤᠳᠠᠭ᠎ᠠ ᠵᠠᠭᠤᠨ ᠳ᠋ᠦᠩᠰᠢᠭᠤᠷ ᠢ ᠳᠠᠪᠠᠪᠠ᠃ ᠪᠥᠬᠦ ᠵᠢᠯ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 100.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.1% ᠨᠡᠮᠡᠭᠳᠡᠪᠡ᠂ ᠡᠭᠦᠨ ᠳᠤ ᠭᠠᠶᠢᠯᠢ ᠶᠢᠨ ᠣᠷᠣᠯᠭ᠎ᠠ ᠶᠢᠨ ᠡᠵᠡᠯᠡᠬᠦ ᠬᠡᠮᠵᠢᠶ᠎ᠡ ᠨᠢᠳᠤᠨᠤᠨ ᠤ ᠬᠢ ᠠᠴᠠ 2 ᠬᠤᠪᠢ ᠳᠡᠭᠡᠭᠰᠢᠯᠡᠵᠦ᠂ ᠡᠳ᠋ ᠤᠨ ᠵᠠᠰᠠᠭ ᠤᠨ ᠣᠷᠣᠯᠭ᠎ᠠ ᠶᠢᠨ ᠲᠣᠭᠲᠠᠭᠤᠨ ᠴᠢᠨᠠᠷ ᠪᠠ ᠦᠷᠭᠦᠯᠵᠢᠯᠡᠬᠦᠶᠢᠴᠡ ᠴᠢᠨᠠᠷ ᠨᠡᠮᠡᠭᠳᠡᠪᠡ᠃ ᠰᠠᠭᠤᠭᠠᠯᠢ ᠠᠷᠠᠳ ᠤᠨ ᠣᠷᠣᠯᠭ᠎ᠠ ᠬᠢᠭᠡᠳ ᠠᠵᠤ ᠠᠬᠤᠢ ᠶᠢᠨ ᠨᠡᠮᠡᠭᠳᠡᠯ ᠵᠡᠷᠭᠡ ᠪᠠᠷ ᠨᠡᠮᠡᠭᠳᠡᠪᠡ᠃ ᠪᠥᠬᠦ ᠬᠤᠲᠠ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 30504 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠨ᠂ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ 0.1 ᠬᠤᠪᠢ ᠥᠨᠳᠥᠷ ᠪᠣᠯᠵᠤ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠲᠠᠰᠤᠷᠠᠯᠲᠠ ᠦᠭᠡᠢ ᠥᠷᠭᠡᠳᠴᠦ᠂ ᠠᠵᠤ ᠠᠬᠤᠢ ᠶᠢᠨ ᠲᠣᠭᠲᠠᠭᠤᠨ ᠨᠡᠮᠡᠭᠳᠡᠬᠦ ᠳᠤ ᠡᠬᠢ ᠰᠤᠷᠪᠤᠯᠵᠢ ᠬᠠᠩᠭᠠᠵᠤ ᠥᠭᠭᠦᠭᠰᠡᠨ ᠪᠠᠶᠢᠨ᠎ᠠ᠃      ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠭᠦᠯᠵᠦ ᠪᠣᠢ᠃ ᠳ᠋ᠦᠩᠰᠢᠭᠤᠷ ᠲᠥᠭᠦᠷᠢᠭ ᠢ ᠳᠠᠪᠠᠭᠰᠠᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠲᠥᠷᠥᠯ ᠵᠦᠢᠯ᠂ ᠬᠤᠷᠴᠢᠨ ᠤ ᠨᠤᠲᠤᠭ ᠤᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ᠂ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ ᠲᠠᠪᠤᠨ ᠶᠡᠭᠡ ᠡᠭᠦᠷᠭᠡ ᠶᠢ ᠦᠨᠡᠨ ᠪᠣᠳᠠᠲᠠᠢ ᠪᠡᠶᠡᠯᠡᠭᠦᠯᠬᠦ ᠶᠢ ᠦᠨᠡᠨᠬᠦ ᠪᠠᠲᠤᠯᠠᠪᠠ᠃      ᠭᠤᠷᠪᠠ ᠳᠤ ︽ᠤᠷᠤᠭᠰᠢᠯᠠᠯᠲᠠ︾ ᠨᠢ ᠳᠠᠯᠳᠠ ᠬᠦᠴᠦᠨ ᠲᠠᠢ᠃ ᠤᠯᠠᠨ ᠤ ᠮᠡᠳᠡᠭᠡᠵᠢ ᠪᠠᠷ᠂ ᠪᠡᠯᠡ ᠣᠷᠣᠭᠤᠯᠤᠯᠲᠠ ᠨᠢ ᠠᠵᠤ ᠠᠬᠤᠢ ᠶᠢᠨ ᠠᠵᠢᠯᠯᠠᠭᠠᠨ ᠤ ᠵᠠᠩᠭᠢᠯᠠᠭ᠎ᠠ ᠶᠢᠨ ᠭᠦᠢᠴᠡᠳᠬᠡᠬᠦ ᠲᠤᠭ᠎ᠠ ᠪᠣᠯᠤᠭᠰᠠᠨ ᠤ ᠬᠤᠪᠢ ᠳᠤ᠂ ᠢᠷᠡᠭᠡᠳᠦᠢ ᠶᠢᠨ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠠᠵᠢᠯᠯᠠᠬᠤ ᠶᠢ ᠲᠤᠯᠭᠠᠭᠤᠷᠢᠯᠠᠬᠤ ᠴᠢᠬᠤᠯᠠ ᠬᠦᠴᠦᠨ ᠵᠦᠢᠯ ᠪᠣᠯᠣᠨ᠎ᠠ᠃ ᠡᠨᠡ ᠵᠢᠯ ᠠᠴᠠ ᠨᠠᠰᠢ᠂ ᠲᠦᠩᠯᠢᠶᠣᠣ ᠬᠤᠲᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠲᠠᠢ ᠡᠭᠦᠷᠭᠡ ᠪᠣᠯᠭᠠᠬᠤ ᠶᠢ ᠪᠠᠷᠢᠮᠲᠠᠯᠠᠵᠤ᠂ ︽ᠲᠥᠷᠥᠯ ᠵᠦᠢᠯ ᠢᠶᠠᠷ ᠭᠤᠣᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠭᠤᠣᠯᠳᠠᠯᠭ᠎ᠠ ᠪᠣᠯᠭᠠᠬᠤ︾ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠬᠤᠶᠠᠷ ᠵᠢᠯ ᠳᠠᠷᠠᠭᠠᠯᠠᠨ ᠥᠨᠳᠥᠷ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠢᠮᠠᠭᠲᠠ ᠪᠥᠬᠦ ᠣᠷᠣᠨ ᠤ ᠨᠢᠭᠡᠳᠦᠭᠡᠷ ᠡᠩᠨᠡᠭᠡᠨ ᠳᠤ ᠣᠷᠣᠵᠤ᠂ ᠢᠷᠡᠭᠡᠳᠦᠢ ᠳᠤ ᠪᠣᠳᠠᠲᠤ ᠴᠣᠭᠴᠠ ᠶᠢᠨ ᠠᠵᠤ ᠠᠬᠤᠢ ᠶᠢᠨ ᠬᠠᠩᠭᠠᠯᠭ᠎ᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ ᠢᠯᠠᠩᠭᠤᠶ᠎ᠠ ᠣᠶᠢᠷ᠎ᠠ ᠶᠢᠨ ᠬᠤᠶᠠᠷ ᠵᠢᠯ ᠤᠨ ᠲᠤᠷᠰᠢ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠢᠮᠠᠭᠲᠠ ᠥᠨᠳᠥᠷ ᠨᠡᠮᠡᠭᠳᠡᠯ ᠤᠨ ᠪᠠᠶᠢᠳᠠᠯ ᠢᠶᠠᠨ ᠪᠠᠲᠤᠯᠠᠭᠰᠠᠭᠠᠷ ᠢᠷᠡᠪᠡ᠃ 2023 ᠣᠨ ᠳᠤ ᠪᠦᠬᠦ ᠬᠤᠳᠠ ᠶᠢᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 35.4% ᠨᠡᠮᠡᠭᠳᠡᠪᠡ᠂ ᠡᠭᠦᠨ ᠳᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ 44.9% ᠨᠡᠮᠡᠭᠳᠡᠵᠦ᠂ ᠠᠵᠤ ᠦᠢᠯᠡᠳᠪᠦᠷᠢ ᠶᠢᠨ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ ᠲᠦᠷᠦᠯ ᠵᠦᠢᠯ 169 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 24 ᠨᠡᠮᠡᠭᠳᠡᠵᠦ᠂ ᠪᠦᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 38 ᠰᠢᠨ᠎ᠡ ᠪᠠᠷ ᠨᠡᠮᠡᠭᠳᠡᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠲᠥᠪᠯᠡᠷᠡᠪᠡ᠃      ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠰᠢᠨ᠎ᠡ ᠡᠨᠧᠷᠭᠢ ᠶᠢᠨ ᠲᠣᠨᠣᠭᠯᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ ᠠᠵᠤ ᠦᠢᠯᠡᠰ ᠤᠨ ᠪᠥᠭᠡᠮᠨᠡᠷᠡᠯ ᠤᠨ ᠰᠢᠨ᠎ᠡ ᠶᠢ ᠡᠭᠦᠳᠬᠦ ᠭᠤᠣᠯᠯᠠᠭᠴᠢ ᠬᠦᠴᠦᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ ᠃ 2023 ᠣᠨ ᠳᠤ᠂ ᠰᠠᠯᠬᠢᠨ ᠡᠨᠧᠷᠭᠢ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ 1.7 ᠳᠠᠬᠢᠨ ᠨᠡᠮᠡᠭᠳᠡᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 13.0% ᠨᠡᠮᠡᠭᠳᠡᠵᠦ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 23.3% ᠨᠡᠮᠡᠭᠳᠡᠵᠦ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 26.6% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.9 ᠬᠤᠪᠢ ᠳᠡᠭᠡᠭᠰᠢᠯᠡᠵᠡᠢ᠃      ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠣᠷᠣᠨ ᠵᠠᠢ ᠥᠷᠭᠡᠨ ᠠᠭᠤᠳᠠᠮ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠵᠡᠷᠭᠡ ᠳᠡᠮᠵᠢᠯᠭᠡ ᠶᠢᠨ ᠰᠠᠨᠠᠯ ᠢ ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠮᠠᠨ ᠤ ᠬᠤᠳᠠ ᠶᠢᠨ ᠨᠡᠶᠢᠲᠡᠯᠡᠭᠰᠡᠨ ᠡᠯ᠎ᠡ ᠵᠦᠢᠯ ᠤᠨ ᠰᠢᠨ᠎ᠡ ᠨᠡᠮᠡᠭᠳᠡᠯ ᠤᠨ ᠠᠷᠭ᠎ᠠ ᠬᠡᠮᠵᠢᠶ᠎ᠡ ᠶᠢ ᠳᠠᠪᠬᠤᠴᠠᠭᠤᠯᠤᠭᠰᠠᠨ ᠠᠴᠠ ᠪᠦᠬᠦ ᠬᠤᠳᠠ ᠶᠢᠨ ᠠᠵᠤ ᠠᠬᠤᠢ ᠶᠢᠨ ᠬᠥᠭᠵᠢᠯᠲᠡ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠰᠢᠪᠲᠤᠯᠤᠯᠲᠠ ᠶᠢ ᠲᠦᠷᠭᠡᠳᠬᠡᠨ ᠪᠤᠢ ᠪᠣᠯᠭᠠᠬᠤ ᠶᠢ ᠠᠬᠢᠭᠤᠯᠬᠤ ᠪᠣᠯᠣᠨ᠎ᠠ᠃      ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠭᠵᠢᠯᠲᠡ ᠶᠢᠨ ︽ᠪᠠᠶᠢᠳᠠᠯ︾ ᠢ ᠡᠵᠡᠮᠳᠡᠨ᠂ ᠬᠥᠭᠵᠢᠯᠲᠡ ᠶᠢᠨ ︽ᠲᠣᠬᠢᠶᠠᠯ︾ ᠢ ᠠᠮᠵᠢᠵᠤ᠂ ᠬᠥᠭᠵᠢᠯᠲᠡ ᠶᠢᠨ ︽ᠤᠷᠤᠭᠰᠢᠯᠠᠯᠲᠠ︾ ᠶᠢ ᠠᠬᠢᠭᠤᠯᠵᠤ᠂ ᠠᠯᠬᠤᠴᠠ ᠪᠠᠨ ᠲᠦᠷᠭᠡᠳᠬᠡᠨ ᠦᠷᠭᠦᠯᠵᠢᠯᠡᠨ ᠳᠠᠪᠠᠯᠲᠠ ᠲᠠᠢ ᠨᠡᠬᠡᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠᠳᠤ ᠲᠦᠪᠰᠢᠨ ᠳᠤ ᠣᠷᠣᠬᠤ︾ ᠬᠠᠷᠠᠯᠲᠠ ᠳᠤ ᠲᠦᠩᠯᠢᠶᠣᠣ ᠶᠢᠨ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠨ᠎ᠠ᠃ ᠪᠠᠶᠠᠷᠯᠠᠯ᠎ᠠ᠃      ᠰᠤᠷᠪᠤᠯᠵᠢᠯᠠᠭᠴᠢ᠄ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠡᠷᠭᠢᠯᠲᠡ ᠶᠢᠨ ᠪᠠᠶᠢᠷᠢᠰᠢᠯ ᠳᠣᠣᠷ᠎ᠠ᠂ 2023 ᠣᠨ ᠤ ᠪᠥᠬᠦ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠢᠯᠡᠷᠡᠯ ᠢ ᠬᠡᠷᠬᠢᠨ ᠦᠵᠡᠬᠦ ᠪᠣᠶ︖ 2024 ᠣᠨ ᠤ ᠲᠤᠬᠠᠢ ᠶᠠᠮᠠᠷ ᠮᠠᠭᠠᠳᠯᠠᠯᠲᠠ ᠬᠢᠭᠰᠡᠨ ᠪᠣᠶ︖      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠦᠩᠯᠢᠶᠣᠣ ᠶᠢᠨ ᠪᠠᠶᠢᠴᠠᠭᠠᠯᠲᠠ ᠶᠢᠨ ᠠᠩᠭᠢ ᠶᠢᠨ ᠳᠡᠳ᠋ ᠳᠠᠷᠤᠭ᠎ᠠ ᠯᠢᠶᠠᠩ ᠳ᠋ᠦᠩ ᠹᠠᠩ᠄ ᠶᠡᠷᠦᠩᠬᠡᠢ ᠳᠤᠨᠢ ᠠᠪᠴᠤ ᠬᠡᠯᠡᠪᠡᠯ᠂ 2023 ᠣᠨ ᠳᠤ ᠰᠠᠭᠤᠭᠠᠯᠢ ᠠᠷᠠᠳ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠰᠠᠶᠢᠵᠢᠷᠠᠪᠠ᠃ ᠬᠢᠵᠢᠭ ᠲᠠᠢ ᠭᠤᠷᠪᠠᠨ ᠵᠢᠯ ᠳᠤ ᠬᠡᠷᠡᠭᠯᠡᠭᠡᠨ ᠤ ᠵᠠᠬ᠎ᠠ ᠳᠡᠯᠭᠡᠭᠦᠷ ᠨᠡᠯᠢᠶᠡᠳ ᠶᠡᠭᠡ ᠳᠠᠭᠠᠷᠢᠯᠲᠠ ᠳᠤ ᠤᠴᠠᠷᠠᠵᠤ᠂ ᠴᠥᠭᠡᠨ ᠪᠤᠰᠤ ᠬᠦᠷᠦᠯᠴᠡᠬᠦ ᠬᠡᠯᠪᠡᠷᠢ ᠶᠢᠨ᠂ ᠲᠥᠪᠯᠡᠷᠡᠭᠰᠡᠨ ᠬᠡᠯᠪᠡᠷᠢ ᠶᠢᠨ ᠬᠡᠷᠡᠭᠯᠡᠭᠡ ᠴᠥᠮ ᠬᠤᠷᠢᠭᠯᠠᠭᠳᠠᠵᠤ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠪᠠᠷ ᠰᠡᠷᠭᠦᠵᠦ ᠪᠠᠶᠢᠩᠭᠤᠵᠢᠭᠰᠠᠨ ᠠᠵᠢᠯᠯᠠᠭ᠎ᠠ ᠶᠢ ᠳᠠᠭᠠᠯᠳᠤᠨ᠂ ᠬᠡᠷᠡᠭᠯᠡᠭᠡ ᠰᠠᠶᠢᠨ ᠰᠡᠷᠭᠦᠯᠲᠡ ᠶᠢᠨ ᠪᠠᠶᠢᠳᠠᠯ ᠲᠠᠢ ᠪᠣᠯᠵᠤ᠂ 2023 ᠣᠨ ᠤ ᠠᠵᠤ ᠠᠬᠤᠢ ᠶᠢᠨ ᠰᠡᠷᠭᠦᠯᠲᠡ ᠶᠢ ᠳᠠᠶᠢᠴᠢᠯᠠᠬᠤ ᠴᠢᠬᠤᠯᠠ ᠬᠦᠴᠦᠨ ᠪᠣᠯᠵᠠᠢ᠃ 2023 ᠣᠨ ᠳᠤ᠂ ᠪᠥᠬᠦ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡ ᠳᠤ ᠡᠶᠢᠮᠦ ᠬᠡᠳᠦᠨ ᠣᠨᠴᠠᠯᠢᠭ ᠪᠣᠶ᠄ ᠨᠢᠭᠡ ᠳᠤ ᠰᠠᠭᠤᠭᠠᠯᠢ ᠠᠷᠠᠳ ᠤᠨ ᠬᠡᠷᠡᠭᠯᠡᠭᠡ ᠶᠢᠨ ᠬᠡᠪᠴᠢᠶ᠎ᠡ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃ 2023 ᠣᠨ ᠳᠤ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡ ᠠᠩᠬ᠎ᠠ ᠤᠳᠠᠭ᠎ᠠ ᠬᠤᠶᠠᠷ ᠲᠦᠮᠡᠨ ᠲᠥᠭᠦᠷᠢᠭ ᠢ ᠳᠠᠪᠠᠵᠤ᠂ 21268 ᠲᠥᠭᠦᠷᠢᠭ ᠬᠦᠷᠴᠡᠢ᠃ ᠬᠤᠶᠠᠷ ᠲᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠨᠡᠮᠡᠭᠳᠡᠯ ᠤᠨ ᠬᠡᠮᠵᠢᠶ᠎ᠡ ᠲᠤᠰ ᠲᠤᠰ 26.2% ᠪᠠ 14.7% ᠪᠠᠶᠢᠵᠤ᠂ ᠴᠥᠮ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠭᠤᠷᠪᠠ ᠳᠤ ᠰᠠᠭᠤᠭᠠᠯᠢ ᠠᠷᠠᠳ ᠤᠨ ᠦᠢᠯᠡᠴᠢᠯᠡᠭᠡᠨ ᠤ ᠬᠡᠷᠡᠭᠯᠡᠭᠡ ᠨᠡᠯᠢᠶᠡᠳ ᠲᠦᠷᠭᠡᠨ ᠰᠠᠶᠢᠵᠢᠷᠠᠪᠠ᠂ ᠡᠨᠡ ᠨᠢ ᠮᠥᠨ ᠴᠦ 2023 ᠣᠨ ᠤ ᠬᠡᠷᠡᠭᠯᠡᠭᠡ ᠶᠢᠨ ᠰᠡᠷᠭᠦᠯᠲᠡ ᠶᠢᠨ ᠨᠢᠭᠡ ᠶᠡᠭᠡ ᠬᠢᠯᠠᠰ ᠴᠡᠭ ᠪᠣᠯᠣᠨ᠎ᠠ᠂ ᠵᠢᠱᠢᠶᠡᠯᠡᠪᠡᠯ ᠰᠤᠷᠭᠠᠨ ᠬᠥᠮᠦᠵᠢᠯ ᠰᠣᠶᠣᠯ ᠴᠡᠩᠭᠡᠯ ᠪᠠ ᠡᠮ ᠡᠮᠨᠡᠯᠭᠡ ᠡᠷᠡᠭᠦᠯᠵᠢᠯ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 25.5% ᠪᠠ 26.4% ᠨᠡᠮᠡᠭᠳᠡᠪᠡ᠃      ᠲᠠᠷᠠᠭᠠᠴᠢ ᠶᠢᠨ ᠱᠠᠲᠤᠨ ᠳᠤ ᠬᠡᠷᠡᠭᠯᠡᠭᠡ ᠶᠢᠨ ᠦᠷᠭᠦᠯᠵᠢᠯᠡᠨ ᠳᠡᠭᠡᠭᠰᠢᠯᠡᠬᠦ ᠶᠢ ᠲᠤᠯᠭᠠᠭᠤᠷᠢᠯᠠᠬᠤ ᠠᠰᠢᠭᠲᠠᠢ ᠨᠥᠬᠦᠴᠡᠯ ᠨᠡᠯᠢᠶᠡᠳ ᠤᠯᠠᠨ ᠪᠠᠶᠢᠵᠤ᠂ ᠬᠡᠷᠡᠭᠯᠡᠭᠡ ᠮᠥᠨ ᠯᠡ ᠨᠡᠯᠢᠶᠡᠳ ᠰᠠᠶᠢᠨ ᠨᠡᠮᠡᠭᠳᠡᠯ ᠢᠶᠠᠨ ᠪᠠᠲᠤᠯᠠᠬᠤ ᠪᠣᠯᠣᠨ᠎ᠠ ᠭᠡᠵᠦ ᠪᠢᠳᠡ ᠮᠠᠭᠠᠳᠯᠠᠵᠤ ᠪᠠᠶᠢᠨ᠎ᠠ᠃ ᠲᠤᠯᠭᠠᠭᠤᠷᠢᠯᠠᠬᠤ ᠬᠦᠴᠦᠨ ᠵᠦᠢᠯ᠄ ᠨᠢᠭᠡ ᠳᠤ ᠬᠡᠷᠡᠭᠯᠡᠭᠡᠨ ᠤ ᠳᠠᠯᠳᠠ ᠬᠦᠴᠦᠨ ᠮᠥᠨ ᠬᠦ ᠯᠤᠲᠤ ᠶᠡᠭᠡ ᠪᠠᠶᠢᠨ᠎ᠠ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠬᠤᠳᠠ ᠪᠠᠯᠭᠠᠰᠤᠴᠢᠯᠠᠬᠤ ᠠᠬᠢᠴᠠ ᠶᠢ ᠠᠬᠢᠭᠤᠯᠵᠤ᠂ ᠬᠡᠷᠡᠭᠯᠡᠭᠡᠨ ᠤ ᠪᠦᠲᠦᠴᠡ ᠶᠢ ᠦᠷᠭᠦᠯᠵᠢᠯᠡᠨ ᠲᠡᠰ ᠳᠡᠪᠰᠢᠭᠦᠯᠪᠡ᠂ ᠡᠳᠡᠭᠡᠷ ᠨᠢ ᠴᠥᠮ ᠬᠡᠷᠡᠭᠯᠡᠭᠡᠨ ᠤ ᠨᠡᠮᠡᠭᠳᠡᠯ ᠳᠤ ᠥᠷᠭᠡᠨ ᠠᠭᠤᠳᠠᠮ ᠣᠷᠣᠨ ᠵᠠᠢ ᠬᠠᠩᠭᠠᠵᠠᠢ᠃ ᠬᠤᠶᠠᠷ ᠲᠤ ᠬᠡᠷᠡᠭᠯᠡᠭᠡᠨ ᠤ ᠰᠠᠭᠤᠷᠢ ᠲᠠᠰᠤᠷᠠᠯᠳᠡ ᠦᠭᠡᠢ ᠪᠠᠬᠢᠵᠢᠪᠡ᠃ ᠣᠷᠣᠯᠭ᠎ᠠ ᠪᠣᠯ ᠬᠡᠷᠡᠭᠯᠡᠭᠡ ᠶᠢᠨ ᠤᠷᠢᠲᠠᠯ ᠪᠠ ᠰᠠᠭᠤᠷᠢ ᠮᠥᠨ᠂ ᠠᠵᠤ ᠠᠬᠤᠢ ᠶᠢᠨ ᠦᠷᠭᠦᠯᠵᠢᠯᠡᠨ ᠰᠡᠷᠭᠦᠬᠦ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠰᠠᠶᠢᠵᠢᠷᠠᠬᠤ ᠶᠢ ᠳᠠᠭᠠᠯᠳᠤᠨ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠨᠡᠮᠡᠭᠳᠡᠬᠦ ᠪᠣᠯᠣᠮᠵᠢ ᠲᠠᠢ ᠪᠠᠶᠢᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠬᠦᠴᠦᠲᠡᠢ ᠲᠤᠯᠭᠠᠭᠤᠷᠢᠯᠠᠬᠤ ᠪᠣᠯᠣᠨ᠎ᠠ᠃ ᠭᠤᠷᠪᠠ ᠳᠤ ᠬᠡᠷᠡᠭᠯᠡᠭᠡᠨ ᠤ ᠭᠢᠯᠠᠰ ᠴᠡᠭ ᠲᠠᠰᠤᠷᠠᠯᠲᠠ ᠦᠭᠡᠢ ᠢᠯᠡᠷᠡᠵᠦ ᠪᠣᠢ᠃ ᠲᠣᠭᠠᠵᠢᠯᠠᠭᠰᠠᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ᠂ ᠡᠷᠡᠭᠦᠯᠵᠢᠯ ᠤᠨ ᠬᠡᠷᠡᠭᠯᠡᠭᠡ᠂ ᠰᠣᠶᠣᠯ ᠵᠤᠭᠠᠴᠠᠯ ᠤᠨ ᠬᠡᠷᠡᠭᠯᠡᠭᠡ ᠵᠡᠷᠭᠡ ᠴᠥᠮ ᠲᠦᠷᠭᠡᠨ ᠬᠥᠭᠵᠢᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠳᠤ ᠲᠠᠰᠤᠷᠠᠯᠲᠠ ᠦᠭᠡᠢ ᠬᠥᠳᠡᠯᠭᠡᠭᠴᠢ ᠬᠦᠴᠦᠨ ᠨᠡᠮᠡᠷᠢᠯᠡᠵᠦ ᠪᠣᠢ᠃ ᠳᠥᠷᠪᠡ ᠳᠤ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠦᠷᠭᠦᠯᠵᠢᠯᠡᠨ ᠬᠦᠴᠦᠯᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠷᠡᠭᠯᠡᠭᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠵᠠᠯᠭᠠᠪᠠᠷ ᠨᠡᠶᠢᠲᠡᠯᠡᠨ ᠬᠡᠷᠡᠭᠵᠢᠭᠦᠯᠦᠭᠰᠡᠨ ᠨᠢ ᠬᠡᠷᠡᠭᠯᠡᠭᠡᠨ ᠤ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠬᠡᠷᠡᠭᠯᠡᠭᠡ ᠶᠢᠨ ᠰᠡᠷᠭᠦᠯᠲᠡ ᠶᠢ ᠠᠬᠢᠭᠤᠯᠬᠤ ᠳᠤ ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃ ᠡᠶᠢᠮᠦ ᠠᠴᠠ ᠪᠢᠳᠡ 2024 ᠣᠨ ᠤ ᠬᠡᠷᠡᠭᠯᠡᠭᠡᠨ ᠤ ᠬᠠᠨᠳᠤᠰᠢ ᠳᠤ ᠢᠲᠡᠭᠡᠯ ᠲᠠᠢ ᠪᠠᠶᠢᠨ᠎ᠠ᠃ ᠪᠠᠶᠠᠷᠯᠠᠯ᠎ᠠ᠃      ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠦᠦ︕ ᠮᠠᠨ ᠤ ᠠᠩᠬᠠᠷᠤᠭᠰᠠᠨ ᠢᠶᠠᠷ᠂ ᠣᠶᠢᠷ᠎ᠠ ᠳᠤ ᠮᠠᠨ ᠤ ᠬᠤᠲᠠ ︽ᠲᠦᠩᠯᠢᠶᠣᠣ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ 2024 ᠣᠨ ᠳᠤ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠠᠬᠢᠭᠤᠯᠵᠤ ᠰᠢᠪᠲᠤᠯᠤᠯᠲᠠ ᠭᠠᠷᠭᠠᠬᠤ ᠴᠢᠬᠤᠯᠠ ᠳᠣᠬᠢᠶ᠎ᠠ ᠶᠢ ᠳᠠᠮᠵᠢᠭᠤᠯᠵᠠᠢ᠃ 2023 ᠣᠨ ᠳᠤ ᠮᠠᠨ ᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠶᠠᠮᠠᠷ ᠶᠠᠮᠠᠷ ᠣᠨᠴᠠᠯᠢᠭ ᠪᠠ ᠭᠢᠯᠠᠰ ᠴᠡᠭ ᠪᠠᠶᠢᠬᠤ ᠵᠢᠴᠢ ᠬᠤᠶᠢᠰᠢᠳᠠ ᠶᠢᠨ ᠲᠤᠭ᠎ᠠ ᠪᠦᠷᠢᠳᠬᠡᠯ ᠤᠨ ᠠᠵᠢᠯ ᠤᠨ ᠳᠤᠮᠳᠠ ᠲᠤᠰ ︽ᠰᠠᠨᠠᠯ︾ ᠢ ᠬᠡᠷᠬᠢᠨ ᠲᠤᠭᠤᠰᠢᠯᠠᠭᠤᠯᠤᠨ ᠬᠡᠷᠡᠭᠵᠢᠭᠦᠯᠬᠦ ᠶᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠲᠠᠶᠢᠯᠪᠤᠷᠢᠯᠠᠵᠤ ᠪᠣᠯᠬᠤ ᠦᠦ︖      ᠲᠦᠩᠯᠢᠶᠣᠣ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠪᠴᠢᠶᠠᠨ ᠤ ᠳᠡᠳ᠋ ᠳᠠᠷᠤᠭ᠎ᠠ ᠬᠤᠩ ᠫᠧᠩ᠄ ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ︕ ᠦᠢᠯᠡᠴᠢᠯᠡᠭᠡᠨ ᠤ ᠦᠢᠯᠡᠰ ᠨᠢ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠢ ᠬᠡᠮᠵᠢᠬᠦ ᠴᠢᠬᠤᠯᠠ ᠪᠡᠯᠭᠡ ᠲᠡᠮᠳᠡᠭ ᠮᠥᠨ᠂ ᠪᠠᠰᠠ ᠴᠤ ᠮᠠᠨ ᠤ ᠬᠤᠲᠠ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢᠨ ᠴᠢᠬᠤᠯᠠ ᠲᠤᠯᠭᠠᠭᠤᠷᠢᠯᠠᠯ ᠮᠥᠨ᠃ 2023 ᠣᠨ ᠳᠤ᠂ ᠮᠠᠨ ᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 708.8 ᠳ᠋ᠦᠩᠰᠢᠭᠤᠷ ᠲᠥᠭᠦᠷᠢᠭ ᠬᠦᠷᠴᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ ᠨᠢ 44.1% ᠪᠠᠶᠢᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 54.1% ᠪᠠᠶᠢᠵᠤ᠂ ᠠᠵᠤ ᠠᠬᠤᠢ ᠶᠢᠨ ᠨᠡᠮᠡᠭᠳᠡᠯ ᠢ 2.8 ᠬᠤᠪᠢ ᠳᠠᠶᠢᠴᠢᠯᠠᠪᠠ᠃ ᠭᠤᠣᠯᠳᠠᠯᠭ᠎ᠠ ᠲᠠᠢ ᠠᠵᠢᠯ ᠲᠦᠷᠦᠯ ᠤᠨ ᠲᠤᠯᠭᠠᠭᠤᠷᠢᠯᠠᠯ ᠪᠠᠲᠤ ᠪᠠᠬᠢ ᠪᠠᠶᠢᠨ᠎ᠠ ᠃ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ ᠲᠦᠷᠦᠭᠦᠸ ᠵᠢᠯ ᠤᠨ ᠬᠢ ᠠᠴᠠ 9.0% ᠨᠡᠮᠡᠭᠳᠡᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ 2.7% ᠨᠡᠮᠡᠭᠳᠡᠵᠦ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ 16.8% ᠨᠡᠮᠡᠭᠳᠡᠨ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠢ ᠨᠡᠶᠢᠲᠡ 2.8 ᠬᠤᠪᠢ ᠨᠡᠮᠡᠭᠳᠡᠭᠦᠯᠵᠦ᠂ ᠲᠦᠷᠦᠭᠦᠸ ᠵᠢᠯ ᠤᠨ ᠬᠢ ᠠᠴᠠ 2.6 ᠬᠤᠪᠢ ᠳᠡᠭᠡᠭᠰᠢᠯᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃ ᠮᠥᠩᠭᠦᠨ ᠭᠦᠢᠯᠭᠡᠭᠡᠨ ᠤ ᠦᠢᠯᠡᠰ 9.0% ᠨᠡᠮᠡᠭᠳᠡᠵᠦ᠂ ᠴᠢᠮᠡᠭᠡ ᠵᠠᠩᠭᠢ ᠳᠠᠮᠵᠢᠭᠤᠯᠬᠤ᠂ ᠵᠥᠭᠡᠯᠡᠨ ᠲᠤᠨᠤᠭ ᠪᠠ ᠴᠢᠮᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ 20.7% ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ 15.7% ᠨᠡᠮᠡᠭᠳᠡᠵᠦ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠢ ᠨᠡᠶᠢᠳᠡ 1.8 ᠬᠤᠪᠢ ᠲᠠᠶᠢᠴᠢᠯᠠᠵᠤ᠂ ᠲᠦᠷᠦᠭᠦᠦ ᠵᠢᠯ ᠤᠨ ᠬᠢ ᠠᠴᠠ 1.0 ᠬᠤᠪᠢ ᠳᠡᠭᠡᠭᠰᠢᠯᠡᠪᠡ᠃ ᠠᠵᠤ ᠠᠬᠤᠶᠢᠯᠠᠯ ᠤᠨ ᠦᠷ᠎ᠡ ᠠᠰᠢᠭ ᠠᠯᠬᠤᠮ ᠠᠯᠬᠤᠮ ᠢᠶᠠᠷ ᠰᠠᠶᠢᠵᠢᠷᠠᠪᠠ᠃ 1—11 ᠳ᠋ᠦ᠋ᠭᠡᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 1.6% ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 1.8 ᠬᠤᠪᠢ ᠲᠦᠷᠭᠡᠨ ᠪᠣᠯᠵᠤ᠂ ᠰᠥᠭᠡᠷᠭᠦ ᠪᠠᠶᠢᠭᠰᠠᠨ ᠠᠴᠠ ᠪᠠᠨ ᠨᠡᠮᠡᠭᠳᠡᠯ ᠢ ᠪᠡᠶᠡᠯᠡᠭᠦᠯᠪᠡ᠃ ᠡᠭᠦᠨ ᠳᠤ᠂ ᠴᠢᠮᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠴᠢᠮᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠲᠣᠰ ᠲᠣᠰ 5.2%᠂ 21.0% ᠨᠡᠮᠡᠭᠳᠡᠪᠡ᠃      ᠶᠡᠷᠦᠩᠬᠡᠢ ᠳᠤᠨᠢ ᠠᠪᠴᠤ ᠦᠵᠡᠪᠡᠯ᠂ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠬᠦ ᠪᠣᠯ ᠪᠥᠬᠦ ᠬᠤᠲᠠ ᠶᠢᠨ ᠠᠵᠤ ᠠᠬᠤᠢ ᠶᠢᠨ ᠨᠡᠮᠡᠭᠳᠡᠯ ᠢ ᠲᠤᠯᠭᠠᠭᠤᠷᠢᠯᠠᠬᠤ ᠴᠢᠬᠤᠯᠠ ᠬᠥᠳᠡᠯᠭᠡᠭᠦᠷ ᠮᠥᠨ᠂ ᠭᠡᠪᠡᠴᠦ ᠣᠳᠣᠬᠠᠨ ᠳᠤ ᠮᠠᠨ ᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠬᠡᠮᠵᠢᠶ᠎ᠡ ᠪᠠᠭ᠎ᠠ᠂ ᠲᠠᠰ ᠳᠠᠪᠬᠤᠷᠭ᠎ᠠ ᠳᠣᠣᠷ᠎ᠠ᠂ ᠶᠡᠷᠦᠩᠬᠡᠢ ᠳᠡᠭᠡᠨ ᠬᠠᠷᠢᠴᠠᠩᠭᠤᠢ ᠬᠤᠴᠤᠷᠤᠩᠭᠤᠢ ᠪᠠᠶᠢᠬᠤ ᠠᠰᠠᠭᠤᠳᠠᠯ ᠮᠥᠨ ᠬᠦ ᠪᠤᠰᠤᠳᠴᠢ ᠪᠠᠷ ᠣᠷᠣᠰᠢᠵᠤ ᠪᠠᠶᠢᠨ᠎ᠠ᠂ ︽ᠰᠠᠨᠠᠯ︾ ᠢ ᠨᠡᠶᠢᠲᠡᠯᠡᠭᠰᠡᠨ ᠨᠢ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ︽ᠨᠢᠭᠡ ᠵᠢᠯ ᠳᠤ ᠶᠡᠭᠡ ᠬᠤᠪᠢᠷᠠᠯᠲᠠ ᠭᠠᠷᠭᠠᠵᠤ᠂ ᠭᠤᠷᠪᠠᠨ ᠵᠢᠯ ᠳᠤ ᠶᠡᠭᠡ ᠰᠢᠪᠲᠤᠯᠤᠯᠲᠠ ᠭᠠᠷᠭᠠᠬᠤ︾ ᠶᠢ ᠠᠬᠢᠭᠤᠯᠬᠤ ᠳᠤ ᠵᠢᠷᠤᠮᠯᠠᠯ ᠬᠠᠩᠭᠠᠵᠤ᠂ ᠴᠢᠭᠯᠡᠯ ᠢ ᠲᠣᠳᠣᠷᠬᠠᠶᠢᠯᠠᠭᠰᠠᠨ ᠪᠠᠶᠢᠨ᠎ᠠ᠃ ︽ᠰᠠᠨᠠᠯ︾ ᠢ ᠨᠡᠩ ᠰᠠᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ︾ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ ᠦᠷᠭᠦᠯᠵᠢᠯᠡᠨ ᠥᠷᠨᠢᠭᠦᠯᠵᠦ᠂ ᠦᠢᠯᠡᠴᠢᠯᠡᠭᠡᠨ ᠤ ᠦᠢᠯᠡᠰ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠵᠤ᠂ ᠮᠠᠨ ᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠲᠤᠰᠬᠠᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠨᠡᠶᠢᠭᠡᠮ ᠨᠡᠶᠢᠲᠡ ᠶᠢᠨ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ︾ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠳᠤ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠ ᠴᠢᠮᠡᠭᠡ ᠵᠠᠩᠭᠢ ᠶᠢᠨ ᠲᠤᠯᠭᠠᠭᠤᠷᠢᠯᠠᠯ ᠬᠠᠩᠭᠠᠵᠤ᠂ ᠮᠠᠨ ᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠲᠤᠰᠬᠠᠨ᠎ᠠ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ