ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽2024 ᠣᠨ ᠤ ᠲᠦᠩᠯᠢᠶᠣᠣ ᠬᠤᠳᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠲᠦᠩᠯᠢᠶᠣᠣ | ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ ᠨᠢᠭᠡᠨᠲᠡ ᠬᠢᠨᠠᠨ | ᠶᠠᠷᠢᠯᠴᠠᠨ ᠪᠠᠲᠤᠯᠠᠵᠤ ᠲᠠᠷᠬᠠᠭᠠᠪᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | 2024 ᠣᠨ ᠤ 3 ᠳ᠋ᠤᠭᠠᠷ ᠰᠠᠷ᠎ᠠ ᠶᠢᠨ 6 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | 2024 ᠣᠨ ᠤ ᠲᠦᠩᠯᠢᠶᠣᠣ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ | | | | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ ᠶᠢ ᠠᠬᠢᠭᠤᠯᠬᠤ ᠴᠢᠬᠤᠯᠠ ᠨᠢᠭᠡ ᠵᠢᠯ ᠮᠥᠨ᠂ ᠮᠠᠨ ᠤ ᠬᠤᠲᠠ ᠲᠡᠦᠬᠡᠨ ᠠᠴᠠ ᠨᠠᠰᠢᠬᠢ ᠬᠠᠮᠤᠭ ᠤᠨ ᠰᠠᠶᠢᠨ ᠲᠥᠷᠥ ᠶᠢᠨ ᠪᠣᠳᠣᠯᠭ᠎ᠠ ᠶᠢᠨ ᠠᠵᠠ | ᠲᠣᠬᠢᠶᠠᠯᠳᠤ ᠬᠤᠭᠤᠴᠠᠭ᠎ᠠ ᠶᠢ ᠤᠭᠲᠤᠨ ᠠᠪᠴᠢᠷᠠᠬᠤ ᠪᠣᠯᠣᠨ᠎ᠠ᠃ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ᠰᠢᠨ᠎ᠡ ᠴᠠᠭ | ᠦᠶ᠎ᠡ ᠶᠢᠨ ᠵᠡᠭᠦᠨ ᠬᠤᠶᠢᠲᠤ ᠣᠷᠣᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠵᠡᠷᠭᠡ ᠲᠥᠷᠥ ᠶᠢᠨ ᠶᠠᠪᠤᠳᠠᠯ ᠤᠨ ᠬᠤᠷᠢᠶᠠᠨ ᠤ ᠳᠡᠮᠵᠢᠬᠦ ᠰᠠᠨᠠᠯ︾ ᠢ | ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠠᠯᠢ ᠣᠯᠠᠨ ᠠᠰᠢᠭᠲᠠᠢ᠂ ᠵᠢᠯᠤᠭᠤᠳᠬᠤ ᠴᠢᠨᠠᠷ ᠢᠶᠠᠷ ᠴᠢᠩᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ | ᠴᠢᠬᠤᠯᠠ ᠶᠡᠭᠡ ᠠᠵᠠ ᠲᠣᠬᠢᠶᠠᠯ ᠢ ᠠᠪᠴᠢᠷᠠᠬᠤ ᠪᠣᠯᠣᠨ᠎ᠠ᠃ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠪᠦᠬᠦ ᠲᠠᠯ᠎ᠠ ᠪᠠᠷ ᠲᠤᠤᠱᠯᠠᠭᠤᠯᠬᠤ ᠪᠠᠷ ᠭᠤᠣᠯ | ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠪᠠ ᠲᠤᠯᠤᠭᠠᠨ | ᠵᠦᠢᠯ ᠤᠨ ᠭᠤᠣᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠣᠯᠳᠠᠯᠭ᠎ᠠ ᠶᠢ ᠲᠣᠪᠤᠶᠢᠯᠭᠠᠨ᠂ ᠵᠠᠩᠭᠢᠯᠠᠭ᠎ᠠ ᠶᠢ ᠡᠵᠡᠮᠳᠡᠵᠦ᠂ ᠲᠠᠪᠠᠯᠳᠠᠳᠦ | ᠬᠠᠷᠠᠯᠲᠠ ᠪᠠᠨ ᠲᠣᠭᠲᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠬᠡᠪᠰᠢᠮᠡᠯ ᠠᠷᠭ᠎ᠠ | ᠪᠠᠷᠢᠯ ᠢ ᠰᠢᠨᠡᠳᠬᠡᠬᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠲᠥᠷᠥ ᠶᠢᠨ | ᠪᠣᠳᠣᠯᠭ᠎ᠠ ᠶᠢᠨ ︽ᠳᠡᠮᠵᠢᠯᠭᠡ︾ ᠶᠢ ᠦᠨᠡᠨᠬᠦ ︽ᠪᠣᠳᠠᠲᠠᠶᠢᠵᠢᠭᠤᠯᠵᠤ︾᠂ ᠤᠳᠤᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃ | 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ 7% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 25% ᠠᠴᠠ ᠳᠡᠭᠡᠭᠰᠢ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠢ 6% ᠣᠷᠴᠢᠮ ᠢᠶᠠᠷ ᠨᠡᠮᠡᠭᠳᠡᠭᠦᠯᠵᠦ᠂ ᠡ᠊ᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 7% ᠣᠷᠴᠢᠮ ᠢᠶᠠᠷ | ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ 8% ᠪᠠᠷ | ᠨᠡᠮᠡᠭᠳᠡᠭᠦᠯᠵᠦ᠂ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠬᠦ ᠲᠤᠭ᠎ᠠ ᠶᠢᠨ ᠡᠭᠦᠷᠭᠡ ᠶᠢ ᠪᠡᠶᠡᠯᠡᠭᠦᠯᠦᠨ᠎ᠡ᠃ | ᠨᠢᠭᠡ᠂ ᠲᠠᠪᠤᠨ ᠶᠡᠭᠡ ᠡᠭᠦᠷᠭᠡ ᠶᠢᠨ ᠨᠠᠷᠢᠯᠢᠭ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠱᠤᠭᠤᠮ ᠢ ᠪᠣᠳᠠᠲᠠᠢ | ᠠᠳᠬᠤᠨ᠎ᠠ | ︵ᠨᠢᠭᠡ︶ ᠣᠲᠣ ᠦᠶ᠎ᠡ ᠶᠢᠨ ᠮᠠᠯ ᠲᠠᠷᠢᠶᠠᠯᠠᠩ ᠤᠨ ᠠᠵᠤ ᠠᠬᠤᠢ ᠶᠢᠨ ᠬᠦᠴᠦᠷᠬᠡᠭ ᠬᠤᠲᠠ ᠶᠢ ᠲᠦᠷᠭᠡᠳᠬᠡᠨ ᠪᠠᠶᠢᠭᠤᠯᠤᠨ᠎ᠠ᠃ ᠮᠢᠩᠭᠠᠨ ᠲᠦᠮᠡᠨ ᠮᠦ | ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠥᠨᠳᠥᠷ ᠪᠦᠲᠦᠮᠵᠢᠲᠡᠶ | ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 400 ᠲᠦᠮᠡᠨ ᠮᠦ ᠪᠦᠲᠦᠭᠡᠨ ᠪᠠᠶᠢᠭᠤᠯᠵᠤ᠂ ᠨᠢᠭᠲᠠ ᠳᠠᠷᠢᠵᠤ ᠥᠨᠳᠥᠷ ᠤᠨᠠᠯᠲᠠ ᠲᠠᠢ ᠨᠠᠷᠢᠯᠢᠭ | ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠵᠠᠭᠪᠤᠷ ᠢ 600 ᠲᠦᠮᠡᠨ ᠮᠦ ᠳᠡᠯᠭᠡᠷᠡᠭᠦᠯᠦᠨ᠂ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠦᠢᠯᠡᠴᠢᠯᠡᠭᠡ ᠶᠢ 800 ᠲᠦᠮᠡᠨ ᠮᠦ ᠳᠡᠯᠭᠡᠷᠡᠭᠦᠯᠵᠦ᠂ ᠪᠥᠬᠦ ᠣᠷᠣᠨ ᠪᠦᠰᠡ ᠪᠠᠷ ᠢᠶᠠᠨ ᠡᠷᠳᠡᠨᠢ ᠰᠢᠰᠢ ᠳᠠᠷᠢᠬᠤ ᠬᠢᠷᠢ ᠲᠦᠪᠰᠢᠨ ᠪᠠ ᠪᠦᠲᠦᠭᠡᠭᠳᠡᠬᠦᠨ ᠤ ᠶᠠᠰᠤ | ᠴᠢᠨᠠᠷ ᠢ ᠳᠡᠭᠡᠭᠰᠢᠯᠡᠭᠦᠯᠦᠨ᠂ ᠠᠮᠤ ᠪᠤᠳᠠᠭᠠᠨ ᠤ ᠤᠨᠠᠯᠲᠠ ᠶᠢ 6 ᠳ᠋ᠦᠩᠰᠢᠭᠤᠷ ᠵᠢᠩ ᠠᠴᠠ ᠳᠡᠭᠡᠭᠰᠢ ᠨᠡᠮᠡᠭᠳᠡᠭᠦᠯᠬᠦ ᠶᠢ ᠴᠢᠷᠮᠠᠶᠢᠨ᠎ᠠ᠃ ︽ᠪᠥᠬᠦ ᠤᠯᠤᠰ ᠤᠨ | ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠤᠷᠤᠨ︾ ᠤ ᠬᠠᠷᠠᠯᠲᠠ ᠶᠢ ᠲᠤᠭᠲᠠᠭᠠᠵᠤ᠂ ︽ᠨᠢᠭᠡ ᠲᠥᠪ᠂ ᠭᠤᠷᠪᠠᠨ ᠬᠦᠷᠢᠶᠡᠯᠡᠩ ᠲᠣᠭᠤᠷᠢᠭ | ᠂ ᠲᠠᠪᠤᠨ ᠰᠠᠭᠤᠷᠢᠨ ᠭᠠᠵᠠᠷ︾ ᠤᠨ ᠴᠢᠳᠠᠮᠵᠢ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠪᠥᠬᠦ ᠠᠵᠤ ᠦᠢᠯᠡᠰ ᠤᠨ ᠬᠡᠯᠬᠢᠶ᠎ᠡ᠂ ᠪᠥᠬᠦ ᠬᠠᠩᠭᠠᠯᠭ᠎ᠠ ᠶᠢᠨ | ᠬᠡᠯᠬᠢᠶ᠎ᠡ ᠶᠢᠨ ᠲᠣᠭᠤᠷᠢᠨ ᠳᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠯᠠᠵᠤ ᠡᠳ᠋ᠰᠢᠭᠦᠯᠬᠦ ᠨᠠᠷᠢᠯᠢᠭ | ᠡᠳ᠋ᠰᠢᠭᠦᠯᠬᠦ ᠭᠤᠭᠴᠤᠭ᠎ᠠ ᠶᠢ ᠲᠣᠪᠣᠶᠢᠮ᠎ᠠ ᠰᠠᠶᠢᠲᠤᠷ ᠠᠳᠬᠤᠵᠤ᠂ ᠴᠢᠨᠠᠷ ᠰᠠᠶᠢᠲᠠᠢ ᠠᠯᠠᠰᠢᠨ ᠦᠬᠡᠷ ᠢ 390 ᠲᠦᠮᠡ᠂ 50 ᠲᠦᠮᠡ ᠪᠣᠷᠳᠣᠵᠤ | ᠲᠠᠷᠭᠤᠯᠠᠭᠤᠯᠬᠤ ᠪᠠᠷ ᠴᠢᠷᠮᠠᠶᠢᠵᠤ᠂ 15 ᠲᠦᠮᠡ ᠠᠯᠠᠵᠤ ᠡᠳ᠋ᠰᠢᠭᠦᠯᠬᠦ ᠪᠠᠷ ᠴᠢᠷᠮᠠᠶᠢᠨ᠎ᠠ᠃ ᠪᠣᠬᠢᠷᠲᠤᠯ ᠦᠭᠡᠢ᠂ ᠣᠷᠭᠠᠨᠢᠭ᠂ ᠭᠠᠵᠠᠷ ᠵᠦᠢ ᠶᠢᠨ ᠪᠡᠯᠭᠡ ᠲᠡᠮᠳᠡᠭᠲᠦ | ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ︽ᠲᠦᠩᠯᠢᠶᠣᠣ ᠶᠢᠨ ᠲᠠᠷᠢᠶᠠᠯᠠᠩ ᠤᠨ ᠪᠦᠲᠦᠭᠡᠭᠳᠡᠬᠦᠨ︾ ᠤ ᠨᠠᠷᠠᠲᠤ | ᠱᠤᠰᠢᠭ᠎ᠠ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠲᠤᠯ ᠦᠭᠡᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ︵ᠬᠤᠶᠠᠷ︶ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠢᠯ ᠢ ᠰᠠᠶᠢᠲᠤᠷ ᠬᠢᠨ᠎ᠡ᠃ ᠰᠢᠨ᠎ᠡ ᠡᠨᠧᠷᠭᠢ ᠶᠢᠨ | ᠰᠤᠷᠪᠤᠯᠵᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠲᠤᠬᠠᠢ ᠶᠢᠨ ᠭᠠᠵᠠᠷ | ᠲᠤᠨᠢ ᠰᠢᠩᠭᠡᠭᠡᠬᠦ ᠶᠢ ᠲᠦᠷᠭᠡᠳᠬᠡᠵᠦ᠂ ᠬᠤᠶᠠᠳᠤᠭᠠᠷ ᠪᠦᠯᠦᠭ ᠰᠠᠯᠬᠢᠨ ᠬᠦᠴᠦᠨ ᠤ ᠴᠠᠬᠢᠯᠭᠠᠨ ᠤ ᠲᠣᠮᠣ ᠰᠠᠭᠤᠷᠢᠨ ᠭᠠᠵᠠᠷ ᠵᠡᠷᠭᠡ ᠭᠤᠣᠯᠳᠠᠯᠭ᠎ᠠ ᠲᠠᠢ ᠲᠦᠷᠦᠯ | ᠵᠦᠢᠯ ᠢ ᠵᠢᠯ ᠤᠨ ᠡᠴᠦᠰ ᠲᠤ ᠪᠠᠶᠢᠭᠤᠯᠤᠨ ᠳᠠᠭᠤᠰᠬᠠᠵᠤ ᠲᠣᠣᠷ ᠲᠤ ᠨᠡᠶᠢᠯᠡᠭᠦᠯᠬᠦ ᠶᠢ ᠦᠨᠡᠨ ᠬᠦ ᠪᠠᠲᠤᠯᠠᠵᠤ᠂ ᠭᠤᠷᠪᠠᠳᠤᠭᠠᠷ ᠪᠦᠯᠦᠭ 120 ᠲᠦᠮᠡᠨ | ᠺᠢᠯᠣᠸᠠᠲ ᠤᠨ ᠰᠠᠯᠬᠢᠨ ᠬᠦᠴᠦᠨ ᠤ ᠲᠣᠮᠣ ᠰᠠᠭᠤᠷᠢᠨ ᠭᠠᠵᠠᠷ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠦᠬᠦ ᠵᠢᠯ ᠳᠤ ᠰᠢᠨ᠎ᠡ ᠡᠨᠧᠷᠭᠢ ᠶᠢᠨ | ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢ 356 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ᠂ ᠴᠠᠬᠢᠯᠭᠠᠨ ᠬᠦᠴᠦᠨ ᠤ ᠠᠵᠢᠯᠯᠠᠭᠠᠨ ᠤ ᠮᠠᠰᠢᠨ | ᠴᠣᠭᠴᠠᠯᠠᠪᠤᠷᠢ ᠶᠢ 2330 ᠲᠦᠮᠡᠨ ᠺᠢᠯᠣᠸᠠᠲ ᠬᠦᠷᠭᠡᠨ᠎ᠡ᠃ ᠪᠦᠦ ᠹᠠ ᠨᠡᠭᠦᠷᠡᠰᠦᠨ ᠠᠭᠤᠷᠬᠠᠢ ᠶᠢ ᠰᠡᠷᠭᠦᠭᠡᠵᠦ ᠠᠮᠢᠳᠤᠯᠢᠭ ᠪᠣᠯᠭᠠᠵᠤ᠂ ᠪᠥᠬᠦ ᠬᠤᠲᠠ ᠶᠢᠨ | ᠨᠡᠭᠦᠷᠡᠰᠦᠨ ᠤ ᠭᠠᠷᠤᠯᠲᠠ ᠶᠢ 5100 ᠲᠦᠮᠡᠨ ᠲᠣᠨ ᠠᠴᠠ ᠳᠡᠭᠡᠭᠰᠢ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠨᠡᠮᠡᠭᠳᠡᠯ ᠴᠠᠬᠢᠯᠭᠠᠨ ᠲᠦᠭᠡᠭᠡᠬᠦ ᠲᠤᠬᠠᠶᠢᠯᠠᠭᠰᠠᠨ | ᠠᠵᠢᠯ ᠤᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠨᠠᠢᠮᠠᠨ᠂ ᠬᠤᠤᠯᠢᠩᠭᠤᠤᠯ᠂ ᠨᠡᠭᠡᠭᠡᠯᠲᠡ ᠶᠢᠨ ᠲᠣᠭᠤᠷᠢᠭ᠂ ᠬᠤᠷᠴᠢᠨ ᠵᠡᠭᠦᠨ | ᠭᠠᠷᠤᠨ ᠬᠤᠶᠢᠲᠤ ᠬᠤᠰᠢᠭᠤ ᠶᠢᠨ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠤᠨ᠎ᠠ᠃ | ᠡᠮᠦᠨᠡᠲᠦ ᠭᠤᠷᠪᠠᠨ ᠬᠤᠰᠢᠭᠤᠨ ᠤ ᠪᠠᠶᠢᠭᠠᠯᠢ ᠶᠢᠨ ᠰᠢᠲᠠᠮᠠᠬᠠᠢ ᠬᠡᠢ ᠶᠢ ᠬᠤᠯᠠ ᠳᠠᠮᠵᠢᠭᠤᠯᠬᠤ ᠬᠤᠭᠤᠯᠠᠢ ᠶᠢᠨ ᠪᠠᠷᠢᠯᠭ᠎ᠠ ᠶᠢᠨ ᠠᠵᠢᠯ ᠢ ᠴᠢᠷᠮᠠᠶᠢᠨ ᠳᠠᠭᠤᠰᠬᠠᠵᠤ | ᠬᠡᠢ ᠬᠠᠩᠭᠠᠨ᠎ᠠ᠃ | ︵ᠭᠤᠷᠪᠠ︶ ︽ᠨᠣᠭᠤᠭᠠᠨ ᠰᠠᠭᠤᠷᠢ︾ ᠶᠢ ᠤᠯᠠᠮ ᠨᠢᠭᠡ ᠠᠯᠬᠤᠮ ᠵᠤᠵᠠᠭᠠᠳᠬᠠᠨ᠎ᠠ᠃ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠢ | ᠪᠥᠬᠦ ᠲᠠᠯ᠎ᠠ ᠪᠠᠷ ᠡᠬᠢᠯᠡᠭᠦᠯᠵᠦ᠂ ︽ᠲᠠᠪᠤᠨ ᠮᠢᠩᠭᠠᠨ ᠲᠦᠮᠡᠨ ᠤ ᠢᠨᠵᠧᠨᠧᠷᠢᠩ︾ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠢᠳᠠᠪᠠᠷ ᠪᠠᠶᠢᠭᠤᠯᠵᠤ ᠲᠠᠷᠠᠭ᠎ᠠ ᠨᠢ | ᠨᠥᠬᠦᠪᠦᠷᠢᠯᠡᠬᠦ᠂ ᠱᠠᠩᠨᠠᠬᠤ ᠪᠠᠷ ᠪᠡᠯᠡ ᠣᠷᠣᠭᠤᠯᠬᠤ ᠶᠢ ᠣᠷᠣᠯᠠᠭᠤᠯᠬᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠲᠣᠭᠲᠠᠴᠠ ᠶᠢ ᠠᠰᠢᠭᠯᠠᠨ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠷᠣᠯᠴᠠᠬᠤ ᠢᠳᠡᠪᠬᠢᠵᠢᠯ ᠢ ᠭᠦᠢᠴᠡᠳ ᠲᠠᠶᠢᠴᠢᠯᠠᠨ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠦᠴᠦᠷᠬᠡᠭ | ᠶᠡᠭᠡ ᠨᠡᠶᠢᠯᠡᠯ ᠬᠦᠴᠦᠨ ᠢ ᠪᠤᠢ ᠪᠣᠯᠭᠠᠨ᠎ᠠ᠃ ᠣᠯᠠᠨ ᠡᠰᠢᠲᠦ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠵᠠᠭᠪᠤᠷ ᠢ ᠬᠠᠶᠢᠨ ᠰᠦᠪᠡᠭᠴᠢᠯᠡᠵᠦ᠂ ᠰᠢᠨ᠎ᠡ ᠡᠨᠧᠷᠭᠢ ᠶᠢᠨ | ᠨᠡᠭᠡᠭᠡᠨ ᠬᠥᠭᠵᠢᠭᠦᠯᠦᠯᠲᠡ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠭᠤᠯᠠ ᠤᠰᠤ ᠣᠶ ᠰᠢᠭᠤᠢ ᠲᠠᠷᠢᠶᠠᠨ | ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ᠂ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ | ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ ᠲᠥᠷᠥᠯ ᠵᠦᠢᠯ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠵᠡᠷᠭᠡ ᠴᠢᠬᠤᠯᠠ ᠶᠡᠭᠡ ᠠᠮᠢ ᠠᠬᠤᠢ ᠶᠢᠨ | ᠬᠠᠮᠠᠭᠠᠯᠠᠯᠲᠠ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ 400 ᠲᠦᠮᠡᠨ ᠮᠦ ᠰᠥᠨᠥᠭᠡᠬᠦ ᠡᠭᠦᠷᠭᠡ ᠶᠢ | ᠪᠡᠶᠡᠯᠡᠭᠦᠯᠦᠨ᠎ᠡ᠂ ᠡᠭᠦᠨ ᠳᠤ ᠡᠯᠡᠰᠦ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ 100 ᠲᠦᠮᠡᠨ ᠮᠦ᠂ ᠣᠶ ᠰᠢᠭᠤᠢ ᠶᠢᠨ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ 150 ᠲᠦᠮᠡᠨ ᠮᠦ᠂ ᠨᠤᠲᠤᠭ ᠪᠡᠯᠴᠢᠭᠡᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ 150 ᠲᠦᠮᠡᠨ ᠮᠦ ᠪᠠᠭᠲᠠᠨ᠎ᠠ᠃ ᠰᠢᠨᠵᠢᠯᠡᠬᠦ ᠤᠬᠠᠭᠠᠨᠴᠢ | ᠪᠥᠭᠡᠳ ᠵᠦᠢ ᠵᠣᠬᠢᠰᠲᠠᠢ᠂ ᠥᠨᠳᠥᠷ ᠪᠦᠲᠦᠮᠵᠢᠲᠡᠶ ᠪᠥᠭᠡᠳ ᠬᠡᠷᠡᠭᠴᠡᠭᠡ ᠲᠠᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ | ᠪᠠ ᠬᠦᠴᠦᠯᠡᠴᠡ ᠶᠢ ︽ᠬᠢᠵᠠᠭᠠᠷᠯᠠᠬᠤ︾ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠬᠥᠬᠡ ᠣᠭᠲᠠᠷᠭᠤᠢ᠂ | ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠭᠤᠣᠯ ᠬᠤᠳᠠ ᠶᠢᠨ ᠲᠣᠭᠤᠷᠢᠭ ᠤᠨ ᠭᠤᠣᠯᠳᠠᠯᠭ᠎ᠠ ᠲᠠᠢ ᠬᠡᠰᠡᠭ | ᠲᠣᠭᠤᠷᠢᠭ ᠤᠨ ᠠᠷᠢᠭᠤᠨ ᠴᠡᠪᠡᠷ ᠳᠤᠯᠠᠭᠠᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ᠂ ᠪᠦᠬᠦ ᠬᠤᠳᠠ ᠶᠢᠨ ᠠᠭᠠᠷ ᠤᠨ ᠰᠢᠯᠢᠳᠡᠭ | ᠡᠳᠦᠷ ᠤᠨ ᠲᠤᠭ᠎ᠠ ᠶᠢ 330 ᠡᠳᠦᠷ ᠠᠴᠠ ᠳᠡᠭᠡᠭᠰᠢ ᠳᠤ ᠬᠦᠷᠭᠡᠨ᠎ᠡ᠃ ᠪᠠᠷᠠᠭᠤᠨ ᠯᠤᠤᠬ᠎ᠠ ᠶᠢᠨ ᠭᠤᠣᠯ ᠤᠨ ᠰᠠᠪᠠ ᠭᠠᠵᠠᠷ ᠤᠨ ᠤᠰᠤᠨ ᠤ ᠴᠢᠨᠠᠷ ᠢ | ᠳᠡᠭᠡᠭᠰᠢᠯᠡᠭᠦᠯᠬᠦ ᠲᠤᠰᠬᠠᠢ ᠵᠦᠢᠯ ᠤᠨ ᠪᠡᠷᠬᠡ ᠰᠡᠳᠦᠪ ᠢ ᠰᠢᠢᠳᠪᠦᠷᠢᠯᠡᠬᠦ ᠣᠨ ᠤ ᠠᠵᠢᠯᠯᠠᠭ᠎ᠠ ᠶᠢ ᠬᠡᠷᠡᠭᠵᠢᠭᠦᠯᠵᠦ᠂ ᠤᠰᠤᠨ ᠤ ᠣᠷᠴᠢᠨ ᠲᠤᠭᠤᠷᠢᠨ ᠤ ᠶᠠᠰᠤ | ᠴᠢᠨᠠᠷ ᠢ ᠨᠥᠯᠥᠭᠡᠯᠡᠬᠦ ᠲᠣᠪᠣᠶᠢᠮ᠎ᠠ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠨ᠎ᠡ᠃ ᠵᠢᠵᠢᠭ ᠪᠢᠴᠢᠯ ᠠᠵᠤ ᠠᠬᠤᠶᠢᠯᠠᠯ ᠤᠨ ᠠᠶᠤᠯᠲᠠᠢ ᠬᠠᠶᠠᠭᠳᠠᠮᠠᠯ ᠪᠣᠳᠠᠰ ᠢ | ᠬᠤᠷᠢᠶᠠᠨ ᠴᠤᠭᠯᠠᠭᠤᠯᠬᠤ ᠲᠤᠷᠰᠢᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠠᠶᠤᠯᠲᠠᠢ ᠬᠠᠶᠠᠭᠳᠠᠮᠠᠯ ᠪᠣᠳᠠᠰ ᠢ ︽ᠴᠡᠭ ᠠᠴᠠ ᠴᠡᠭ ᠲᠤ︾ | ᠬᠠᠨᠳᠤᠯᠭ᠎ᠠ ᠲᠠᠢ ᠪᠠᠷ ᠠᠰᠢᠭᠯᠠᠬᠤ ᠬᠠᠮᠢᠶᠠᠷᠤᠯᠲᠠ᠂ ᠬᠠᠶᠠᠭᠳᠠᠮᠠᠯ ᠬᠠᠷ᠎ᠠ ᠲᠤᠭᠤᠯᠭ᠎ᠠ ᠶᠢᠨ ᠬᠡᠯᠬᠢᠶ᠎ᠡ ᠳ᠋ᠢᠶᠠᠨ ᡂᠢ ᠶᠢ ᠲᠥᠪᠯᠡᠷᠡᠭᠦᠯᠦᠨ ᠬᠤᠷᠢᠶᠠᠨ ᠴᠤᠭᠯᠠᠭᠤᠯᠬᠤ ᠪᠠ | ᠣᠷᠣᠨ ᠪᠦᠰᠡ ᠠᠯᠤᠰᠯᠠᠨ ᠳᠠᠮᠵᠢᠭᠤᠯᠤᠨ ᠲᠡᠭᠡᠭᠡᠪᠦᠷᠢᠯᠡᠬᠦ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠤᠤᠯᠢᠩᠭᠤᠤᠯ᠂ ᠨᠠᠢᠮᠠᠨ᠂ ᠺᠠᠶᠢᠯᠤ ᠶᠢᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠪᠠ ᠲᠡᠭ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠪᠥᠬᠦ ᠬᠦᠴᠦᠨ ᠢᠶᠠᠷ ᠢᠶᠠᠨ | ᠴᠣᠭᠴᠠᠯᠠᠨ ᠪᠠᠶᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠬᠤᠷᠴᠢᠨ ᠲᠣᠭᠤᠷᠢᠭ ᠤᠨ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠡᠭᠦᠷᠭᠡ ᠶᠢ 90% ᠠᠴᠠ ᠳᠡᠭᠡᠭᠰᠢ ᠪᠡᠶᠡᠯᠡᠭᠦᠯᠦᠨ᠎ᠡ᠃ | ︵ᠳᠥᠷᠪᠡ︶ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠪᠤᠯᠭᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠠᠮᠤ ᠪᠤᠳᠠᠭ᠎ᠠ | ᠨᠥᠭᠡᠴᠡᠯᠡᠬᠦ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠥᠭᠴᠡᠭᠡᠨ ᠤ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠵᠦ᠂ ᠰᠢᠰᠲ᠋ᠧᠮ ᠤᠨ ᠴᠢᠨᠠᠷᠲᠠᠢ | ᠠᠶᠤᠯ ᠲᠦᠭᠰᠢᠭᠦᠷᠢ ᠦᠯᠦ ᠭᠠᠷᠭᠠᠬᠤ ᠨᠠᠭᠠᠲᠤ ᠵᠠᠬ᠎ᠠ ᠶᠢᠨ ᠬᠤᠷᠢᠭ᠎ᠠ ᠶᠢ ᠪᠠᠲᠤ ᠰᠠᠬᠢᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ ᠠᠰᠠᠭᠤᠳᠠᠯ ᠲᠠᠢ ᠡᠳ᠋ ᠬᠥᠷᠥᠩᠭᠡ ᠶᠢ ᠴᠡᠪᠡᠷᠯᠡᠨ ᠬᠤᠷᠢᠶᠠᠵᠤ ᠰᠢᠢᠳᠪᠦᠷᠢᠯᠡᠬᠦ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠣᠯᠬᠤ ᠶᠢ ᠠᠬᠢᠭᠤᠯᠤᠨ᠎ᠠ᠃ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ | ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠴᠢᠩᠭᠠᠷᠠᠭᠤᠯᠤᠨ᠂ ᠠᠶᠤᠯᠭᠦᠢ | ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ︽ᠠᠮᠤᠷ ᠲᠦᠪᠰᠢᠨ ᠢᠨᠵᠧᠨᠧᠷᠢᠩ︾ ᠤᠨ ᠳᠡᠰ ᠳᠡᠪᠰᠢᠭᠦᠯᠬᠦ ᠶᠢ | ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ | ᠪᠠᠬᠢ ᠴᠤᠭᠴᠠᠯᠠᠨ᠎ᠠ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠭᠠᠯᠢ ᠶᠢᠨ ᠭᠠᠮᠰᠢᠭ ᠢ | ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠴᠢᠩᠭᠠᠷᠠᠭᠤᠯᠵᠤ᠂ ᠬᠤᠲᠠ ᠬᠤᠰᠢᠭᠤᠨ ᠤ ᠬᠤᠶᠠᠷ ᠱᠠᠲᠤᠨ ᠤ ᠬᠤᠲᠠ ᠲᠣᠭᠤᠷᠢᠭ ᠤᠨ ᠰᠡᠷᠡᠮᠵᠢ ᠶᠢᠨ | ᠳᠣᠬᠢᠶᠠᠨ ᠤ ᠰᠢᠰᠲ᠋ᠧᠮ ᠤᠨ ᠪᠦᠷᠬᠦᠴᠡ ᠶᠢ 98% ᠪᠣᠯᠭᠠᠬᠤ ᠶᠢ ᠪᠤᠲᠠᠲᠠᠶᠢᠵᠢᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠪᠠ ᠤᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠨᠡᠮᠡᠭᠳᠡᠯ ᠢ ᠬᠤᠷᠢᠭᠯᠠᠬᠤ᠂ ᠬᠤᠪᠢᠷᠠᠯᠲᠠ ᠶᠢ ᠰᠡᠷᠭᠡᠶᠢᠯᠡᠬᠦ᠂ ᠬᠠᠳᠠᠭᠠᠯᠠᠯᠲᠠ ᠶᠢᠨ | ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ | ︵ᠲᠠᠪᠤ︶ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠪᠠᠬᠢᠯᠡᠯᠲᠡ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠪᠦᠬᠦ ᠲᠠᠯ᠎ᠠ | ᠪᠠᠷ ᠣᠷᠣᠯᠴᠠᠵᠤ᠂ ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠲᠤ ᠲᠡᠷᠭᠡ ᠶᠢᠨ ᠠᠵᠢᠯᠯᠠᠭᠠᠨ ᠢ ᠰᠡᠷᠭᠦᠭᠡᠬᠦ ᠶᠢ ᠴᠢᠷᠮᠠᠶᠢᠨ ᠠᠬᠢᠭᠤᠯᠵᠤ᠂ ᠲᠦᠩᠯᠢᠶᠣᠣ ᠶᠢᠨ | ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ︵B ᠬᠡᠯᠪᠡᠷᠢ︶ ᠤᠨ ᠬᠢᠨᠠᠨ ᠵᠥᠪᠰᠢᠶᠡᠷᠡᠯ ᠢ ᠠᠬᠢᠭᠤᠯᠤᠨ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠭᠠᠶᠢᠯᠢ ᠪᠠᠲᠤᠯᠠᠬᠤ ᠪᠠᠷᠠᠭᠠᠨ ᠤ | ᠭᠦᠢᠯᠭᠡᠭᠡᠨ ᠤ ᠲᠥᠪ ᠯᠦᠭᠡ ᠢᠵᠢ ᠪᠦᠷᠢᠳᠦᠭᠦᠯᠦᠨ ᠠᠵᠢᠯᠯᠠᠭᠤᠯᠬᠤ ᠶᠢ ᠠᠬᠢᠭᠤᠯᠵᠤ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠪᠤᠶᠤ ᠬᠤᠲᠠ ᠶᠢᠨ | ᠳᠣᠲᠣᠷᠠᠬᠢ ᠬᠤᠪᠢ ᠶᠢᠨ ᠡᠵᠡᠩᠨᠡᠯᠲᠡ ᠶᠢᠨ ᠳᠡᠯᠭᠡᠭᠦᠷ ᠵᠡᠷᠭᠡ ᠡᠵᠡᠩᠨᠡᠯᠲᠡ ᠶᠢᠨ ᠲᠠᠯᠠᠪᠤᠷ ᠲᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ O2O | ᠪᠡᠶᠡᠴᠢᠯᠡᠨ ᠣᠶᠢᠯᠠᠭᠠᠬᠤ ᠳᠡᠯᠭᠡᠭᠦᠷ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ︔ ᠠᠯᠠᠰᠢᠨ ᠦᠬᠡᠷ᠂ ᠬᠥᠩᠭᠡᠨᠴᠠᠭᠠᠨ ᠨᠢᠺᠧᠯ ᠴᠠᠬᠢᠭᠤᠷ ᠤᠨ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠶᠢᠨ ᠬᠦᠷᠢᠶᠡᠨ ᠳᠠᠬᠢ | ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢ ᠢᠳᠡᠪᠬᠢᠲᠡᠢ ᠪᠠᠷ ᠨᠡᠭᠡᠭᠡᠨ ᠥᠷᠭᠡᠳᠬᠡᠵᠦ᠂ ᠭᠠᠳᠠᠭᠠᠳᠤ ᠠᠷᠠᠯᠵᠢᠶ᠎ᠠ ᠶᠢᠨ | ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ᠎ᠠ᠃ | ᠬᠤᠶᠠᠷ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠦᠨᠳᠦᠰᠦ ᠰᠠᠭᠤᠷᠢ ᠶᠢ ᠪᠠᠲᠤᠳᠬᠠᠨ ᠠᠵᠤ ᠠᠬᠤᠢ ᠶᠢᠨ | ᠰᠠᠭᠤᠷᠢ ᠶᠢ ᠪᠤᠵᠠᠭᠠᠶᠢᠷᠠᠭᠤᠯᠤᠨ᠎ᠠ | ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠭᠦᠷ ᠢ ᠬᠥᠳᠡᠯᠭᠡᠵᠦ ᠠᠵᠤ ᠦᠢᠯᠡᠰ ᠲᠤ ᠬᠦᠴᠦᠨ ᠴᠢᠳᠠᠯ ᠬᠤᠷᠠᠮᠳᠤᠭᠤᠯᠵᠤ | ᠥᠭᠭᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ︽ᠬᠤᠶᠠᠷ ᠳᠠᠬᠢᠨ ᠨᠡᠮᠡᠭᠳᠡᠭᠦᠯᠬᠦ︾ ᠲᠥᠯᠥᠪᠯᠡᠭᠡ᠂ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠭᠤᠷᠪᠠ ᠶᠢ ᠪᠦᠷᠬᠦᠭᠦᠯᠬᠦ︾ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ 2 ᠪᠣᠶᠢᠵᠢᠭᠤᠯᠵᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 150 ᠠᠴᠠ ᠳᠡᠭᠡᠭᠰᠢ ᠵᠦᠪᠰᠢᠶᠡᠷᠡᠯ ᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠰᠢᠯᠵᠢᠭᠦᠯᠦᠨ ᠤᠯᠠᠷᠢᠭᠤᠯᠬᠤ ᠶᠢ ᠠᠬᠢᠭᠤᠯᠵᠤ᠂ ︽4+8+N︾ ᠤᠨ ᠭᠤᠣᠯ ᠴᠣᠭᠴᠠ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠡᠷᠳᠡᠨᠢ ᠰᠢᠰᠢ᠂ ᠠᠯᠠᠰᠢᠨ ᠦᠬᠡᠷ ᠤᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠴᠢᠨᠠᠷ | ᠰᠠᠶᠢᠲᠠᠢ ᠠᠬᠢᠭᠤᠯᠤᠨ᠎ᠠ᠃ ︽ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠴᠤᠭᠯᠠᠷᠠᠯ︾ ᠤᠨ ᠲᠠᠪᠴᠠᠩ ᠳᠤ ᠲᠦᠰᠢᠭᠯᠡᠨ᠂ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠦᠢᠯᠡᠴᠢᠯᠡᠭᠡᠨ ᠤ ᠬᠤᠪᠢᠶᠠᠷᠢ ᠴᠣᠩᠬᠤᠪᠴᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ | ᠬᠤᠰᠢᠭᠤ ᠰᠢᠶᠠᠨ ᠤ ᠠᠭᠤᠰᠤᠯᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠨᠢᠭᠡ ᠲᠣᠣᠷ︾ ᠢ ᠪᠣᠶ ᠪᠣᠯᠭᠠᠨ᠎ᠠ᠃ ︽ᠡᠭᠦᠷᠭᠡ ᠬᠦᠯᠢᠶᠡᠨ | ᠰᠢᠪᠲᠤᠯᠤᠯᠲᠠ ᠭᠠᠷᠭᠠᠬᠤ︾ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ | ᠂ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠦᠢᠯᠡᠳᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠶᠡᠭᠡᠰᠭᠡᠵᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠪᠠᠭᠲᠠᠭᠠᠮᠵᠢ ᠶᠢ ᠦᠷᠭᠦᠯᠵᠢᠯᠡᠨ ᠪᠤᠵᠠᠭᠠᠶᠢᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠢ 30 ᠡᠷᠦᠬᠡ ᠰᠢᠨ᠎ᠡ ᠪᠠᠷ ᠨᠡᠮᠡᠭᠳᠡᠭᠦᠯᠦᠨ᠎ᠡ᠃ ᠯᠦᠩ ᠮᠠ ᠶᠢᠨ 30 ᠲᠦᠮᠡᠨ ᠲᠣᠨ ᠤ ᠰᠠᠯᠬᠢᠨ ᠬᠦᠴᠦᠨ ᠤ | ᠴᠠᠬᠢᠯᠭᠠᠨ ᠤ ᠨᠡᠮᠡᠭᠳᠡᠯ ᠤᠨ ᠬᠤᠷᠳᠤᠴᠠ ᠶᠢᠨ ᠮᠠᠰᠢᠨ ᠤ ᠤᠭᠰᠠᠷᠠᠭ᠎ᠠ ᠲᠣᠨᠤᠭ᠂ ᠵᠠᠬᠠᠨᠠᠭᠤᠷ ᠤᠨ ᠬᠦᠩᠭᠡᠨᠴᠠᠭᠠᠨ ᠤ ᠬᠤᠶᠠᠳᠤᠭᠠᠷ ᠬᠤᠭᠤᠴᠠᠭ᠎ᠠ᠂ ᠵᠥᠩ | ᠪᠥᠸᠧ ᠶᠢᠨ ᠬᠡᠷᠡᠯ ᠸᠣᠯᠲ ᠤᠨ ᠰᠢᠯ ᠵᠡᠷᠭᠡ ᠭᠤᠣᠯᠳᠠᠯᠭ᠎ᠠ ᠲᠠᠢ ᠦᠢᠯᠡᠳᠬᠦ ᠦᠢᠯᠡᠰ ᠤᠨ ᠲᠥᠷᠥᠯ ᠵᠦᠢᠯ ᠢ 140 ᠠᠴᠠ ᠳᠡᠭᠡᠭᠰᠢ ᠬᠡᠷᠡᠭᠵᠢᠭᠦᠯᠵᠦ᠂ ᠴᠤᠸᠠᠩ | ᠰᠢᠨ ᠮᠠᠰᠢᠨ ᠲᠡᠷᠭᠡ ᠶᠢᠨ ᠬᠦᠨᠳᠦᠴᠡ ᠶᠢ ᠬᠥᠩᠭᠡᠷᠡᠭᠦᠯᠬᠦ᠂ ᠵᠢᠩ ᠠᠨ ᠤ ᠵᠢᠪᠡᠷᠡᠬᠦ ᠦᠭᠡᠢ ᠪᠣᠯᠣᠳ ᠬᠦᠴᠢᠯ ᠢᠶᠠᠷ ᠤᠬᠢᠶᠠᠬᠤ ᠵᠡᠷᠭᠡ 45 ᠲᠥᠷᠥᠯ ᠵᠦᠢᠯ ᠤᠨ | ᠪᠠᠷᠢᠯᠭ᠎ᠠ ᠳᠠᠭᠤᠰᠬᠠᠬᠤ ᠶᠢ ᠠᠬᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ | ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 20 ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ ᠪᠣᠬᠢᠷᠲᠤᠯ ᠦᠭᠡᠢ ᠦᠢᠯᠡᠳᠬᠦ | ᠵᠢᠱᠢᠶ᠎ᠡ ᠦᠵᠡᠭᠦᠯᠬᠦ 2 ᠨᠢᠭᠡᠴᠡ ᠶᠢ ᠡᠭᠦᠳᠦᠨ ᠪᠠᠶᠢᠭᠤᠯᠤᠨ᠎ᠠ᠃ 5G ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠠᠰᠢᠭᠯᠠᠨ᠂ ᠠᠵᠤ ᠦᠢᠯᠡᠰ ᠤᠨ ᠲᠣᠭᠠᠴᠢᠯᠠᠯᠲᠠ᠂ ᠣᠶᠤᠨᠴᠢᠯᠠᠯᠲᠠ ᠶᠢᠨ ᠲᠠᠰ ᠳᠠᠪᠰᠢᠯᠲᠠ ᠶᠢ ᠶᠡᠬᠡᠪᠡᠷ ᠠᠬᠢᠭᠤᠯᠤᠨ᠎ᠠ᠃ ᠠᠵᠤ | ᠠᠬᠤᠶᠢᠯᠠᠯ ᠤᠨ ᠲᠣᠨᠤᠭ ᠲᠥᠬᠦᠭᠡᠷᠦᠮᠵᠢ ᠶᠢ ᠰᠢᠨᠡᠳᠬᠡᠬᠦ᠂ ᠮᠡᠷᠭᠡᠵᠢᠯ ᠢ ᠲᠠᠰ ᠳᠡᠪᠰᠢᠭᠦᠯᠬᠦ ᠶᠢ ᠠᠬᠢᠭᠤᠯᠵᠤ᠂ ᠵᠢᠯ ᠤᠨ ᠳᠣᠲᠣᠷ᠎ᠠ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠢ 20 ᠠᠴᠠ ᠳᠡᠭᠡᠭᠰᠢ ᠬᠡᠷᠡᠭᠵᠢᠭᠦᠯᠦᠨ᠎ᠡ︔ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠢ ᠨᠠᠷᠢᠯᠢᠭ ᠣᠨᠴᠠ ᠰᠢᠨ᠎ᠡ | ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠢ 20 ᠠᠴᠠ ᠳᠡᠭᠡᠭᠰᠢ ᠪᠣᠶᠢᠵᠢᠭᠤᠯᠤᠨ᠎ᠠ᠃ ᠬᠦᠷᠢᠶᠡᠯᠡᠩ ᠲᠣᠭᠤᠷᠢᠭ ᠤᠨ | ᠰᠠᠭᠤᠷᠢ ᠪᠡᠯᠡᠳᠬᠡᠮᠵᠢ ᠶᠢᠨ ᠳᠠᠭᠠᠭᠠᠴᠠ ᠶᠢ ᠳᠡᠭᠡᠭᠰᠢᠯᠡᠭᠦᠯᠵᠦ᠂ ᠵᠢᠯ ᠤᠨ ᠳᠣᠲᠣᠷ᠎ᠠ 25 ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ᠂ 4 ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠮᠠᠭᠠᠳᠯᠠᠨ ᠲᠣᠭᠲᠠᠭᠠᠬᠤ ᠠᠵᠢᠯ ᠢ ᠠᠬᠢᠭᠤᠯᠤᠨ᠎ᠠ᠃ | ︵ᠭᠤᠷᠪᠠ︶ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ ᠶᠡᠷᠦᠩᠬᠡᠶᠢᠯᠡᠭᠰᠡᠨ | ᠪᠣᠳᠠᠲᠤ ᠬᠦᠴᠦᠨ ᠤ ᠴᠢᠩᠭᠠᠷᠠᠯᠲᠠ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ | ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ︽1+2+N︾ ᠠᠵᠢᠯ ᠢ ᠲᠦᠯᠬᠢᠨ ᠠᠬᠢᠭᠤᠯᠬᠤ ᠰᠢᠰᠲ᠋ᠧᠮ ᠪᠠᠶᠢᠭᠤᠯᠵᠤ᠂ ᠦᠢᠯᠡᠴᠢᠯᠡᠭᠡᠨ ᠤ | ᠦᠢᠯᠡᠰ ᠤᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠡᠶᠢᠲᠡᠯᠡᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠠᠷᠠᠯᠵᠢᠶ᠎ᠠ ᠬᠤᠳᠠᠯᠳᠤᠭᠠᠨ ᠤ ᠲᠥᠪ ᠬᠤᠲᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ | ᠬᠡᠪᠴᠢᠶᠡᠵᠢᠯ ᠠᠴᠠ ᠳᠡᠭᠡᠭᠰᠢᠬᠢ ︵ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ︶ ᠦᠢᠯᠡᠴᠢᠯᠡᠭᠡᠨ ᠤ ᠠᠵᠤ ᠠᠬᠤᠶᠢᠯᠠᠯ ᠢ 128 ᠰᠢᠨ᠎ᠡ ᠪᠠᠷ ᠨᠡᠮᠡᠭᠳᠡᠭᠦᠯᠦᠨ᠎ᠡ᠃ | ᠶᠡᠷᠦᠩᠬᠡᠶᠢᠯᠡᠭᠰᠡᠨ ᠪᠡᠶᠡᠴᠢ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠪᠠ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠳᠠᠭᠠᠭᠠᠴᠠ ᠬᠤᠲᠠ ᠶᠢ ᠪᠦᠲᠦᠭᠡᠨ ᠪᠠᠶᠢᠭᠤᠯᠤᠨ᠎ᠠ᠃ ᠲᠠᠸᠠᠷ ᠤᠨ ᠭᠡᠷ ᠪᠠᠶᠢᠰᠢᠩ ᠤᠨ | ᠪᠡᠯᠡᠨ ᠭᠡᠷ ᠪᠠᠶᠢᠰᠢᠩ ᠢ ᠪᠣᠷᠣᠯᠠᠭᠤᠯᠬᠤ ᠲᠤᠷᠰᠢᠯᠲᠠ ᠶᠢ ᠥᠷᠨᠢᠭᠦᠯᠵᠦ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ︽ᠭᠡᠷ ᠪᠠᠶᠢᠰᠢᠩ | ᠲᠤᠰᠢᠶᠠᠮᠠᠭᠴᠠ ᠦᠨᠡᠮᠯᠡᠯ ᠭᠠᠷᠳᠠᠭᠤᠯᠬᠤ︾ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠢ ᠶᠡᠬᠡᠪᠡᠷ | ᠪᠣᠶᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ ᠵᠠᠰᠠᠭ ᠮᠦᠩᠭᠦᠨ | ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠪᠠᠩᠬᠢ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ | ᠭᠤᠣᠯᠳᠠᠯᠭ᠎ᠠ ᠲᠠᠢ ᠬᠦᠷᠢᠶᠡᠨ ᠳᠠᠬᠢ ᠢᠲᠡᠭᠡᠮᠵᠢᠲᠦ ᠵᠢᠭᠡᠯᠡᠯᠭᠡ ᠶᠢᠨ ᠲᠠᠷᠬᠠᠭᠠᠯᠲᠠ ᠶᠢ ᠨᠡᠮᠡᠭᠳᠡᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠳᠤ ᠨᠡᠩ ᠰᠠᠶᠢᠲᠤᠷ | ᠦᠢᠯᠡᠴᠢᠯᠡᠭᠦᠯᠦᠨ᠎ᠡ᠃ ᠠᠵᠤ ᠦᠢᠯᠡᠳᠪᠦᠷᠢ ᠶᠢᠨ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠦᠢᠯᠡᠰ ᠤᠨ ᠬᠡᠯᠪᠡᠷᠢ | ᠪᠠᠶᠢᠳᠠᠯ ᠢ ᠰᠢᠨ᠎ᠡ ᠪᠠᠷ ᠡᠭᠦᠳᠦᠨ ᠬᠥᠭᠵᠢᠭᠦᠯᠵᠦ᠂ ᠦᠢᠯᠡᠳᠬᠦ ᠦᠢᠯᠡᠰ ᠢ ᠦᠢᠯᠡᠳᠬᠦᠨ ᠦᠢᠯᠡᠳᠴᠦ ᠪᠠᠶᠢᠭᠰᠠᠨ ᠠᠴᠠ ᠨᠢ ᠠᠯᠬᠤᠮ ᠠᠯᠬᠤᠮ ᠢᠶᠠᠷ ︽ᠦᠢᠯᠡᠳᠬᠦᠨ | + ᠦᠢᠯᠡᠴᠢᠯᠡᠭᠡ︾᠂ ᠦᠢᠯᠡᠴᠢᠯᠡᠭᠡᠨ ᠤ ᠬᠡᠯᠪᠡᠷᠢ ᠶᠢᠨ ᠦᠢᠯᠡᠳᠬᠦ ᠪᠠ ᠦᠢᠯᠡᠳᠬᠦ ᠦᠢᠯᠡᠰ ᠤᠨ ᠦᠢᠯᠡᠴᠢᠯᠡᠭᠡᠵᠢᠯᠲᠡ ᠲᠡᠶᠢᠰᠢ ᠬᠤᠪᠢᠷᠠᠭᠤᠯᠬᠤ ᠶᠢ ᠲᠦᠯᠬᠢᠨ | ᠠᠬᠢᠭᠤᠯᠤᠨ᠎ᠠ᠃ ︽ᠵᠣᠴᠢᠨᠰᠠᠭ ᠲᠦᠩᠯᠢᠶᠣᠣ︾ ᠶᠢᠨ ᠰᠣᠶᠣᠯ ᠵᠢᠭᠤᠯᠴᠢᠯᠠᠯ ᠤᠨ ᠨᠠᠷᠠᠲᠤ ᠱᠤᠰᠢᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠴᠤᠩᠬᠢᠶᠠᠯ ᠤᠨ ᠭᠤᠤ ᠶᠢᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠵᠡᠷᠭᠡ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠬᠤᠷᠴᠢᠨ ᠤ 500 ᠺᠢᠯᠣᠮᠧᠲᠷ ᠤᠨ | ᠦᠵᠡᠮᠵᠢ ᠶᠢᠨ ᠳᠠᠷᠳᠠᠩ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠪᠠᠷᠠᠭᠤᠨ ᠯᠤᠤᠬ᠎ᠠ ᠶᠢᠨ ᠭᠤᠣᠯ ᠤᠨ ᠰᠣᠶᠣᠯ ᠤᠨ ᠨᠠᠶᠢᠷ᠂ 8 · | 18 ᠵᠢᠷᠢᠮ ᠤᠨ ᠮᠤᠷᠢᠨ ᠤᠷᠤᠯᠳᠤᠭᠠᠨ ᠤ ᠪᠠᠶᠠᠷ ᠵᠡᠷᠭᠡ ᠰᠢᠷᠢᠰ ᠪᠠᠶᠠᠷ ᠳᠤᠷᠠᠰᠬᠠᠯ ᠤᠨ ᠠᠵᠢᠯᠯᠠᠭ᠎ᠠ ᠶᠢ ᠦᠷᠭᠦᠯᠵᠢᠯᠡᠨ ᠡᠷᠭᠢᠯᠡᠵᠦ᠂ 2024 ᠣᠨ ᠳᠤ ᠪᠥᠬᠦ | ᠬᠤᠲᠠ ᠶᠢᠨ ᠵᠢᠭᠤᠯᠴᠢᠯᠠᠯ ᠤᠨ ᠬᠥᠮᠥᠨ ᠤ ᠲᠤᠭ᠎ᠠ ᠶᠢ 2000 ᠲᠦᠮᠡᠨ ᠬᠥᠮᠥᠨ ᠤᠳᠠᠭ᠎ᠠ ᠳᠤ ᠬᠦᠷᠭᠡᠵᠦ᠂ ᠵᠢᠭᠤᠯᠴᠢᠯᠠᠯ ᠤᠨ ᠣᠷᠣᠯᠭ᠎ᠠ ᠶᠢ 240 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠭᠤᠷᠪᠠ᠂ ᠠᠷᠭ᠎ᠠ ᠪᠦᠬᠦᠨ ᠢ ᠰᠦᠪᠡᠭᠴᠢᠯᠡᠨ ᠬᠡᠷᠡᠭᠴᠡᠭᠡ ᠶᠢᠨ ᠨᠡᠮᠡᠭᠳᠡᠯ ᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠤᠷᠠᠮᠳᠤᠭᠤᠯᠤᠨ᠎ᠠ | ︵ᠨᠢᠭᠡ︶ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢ ᠪᠠᠳᠠᠷᠠᠭᠤᠯᠤᠨ᠎ᠠ᠃ ᠪᠦᠬᠦ ᠵᠢᠯ ᠳᠤ ᠭᠤᠣᠯᠳᠠᠯᠭ᠎ᠠ ᠲᠠᠢ ᠲᠦᠷᠦᠯ ᠵᠦᠢᠯ ︵ | ᠶᠡᠷᠦᠩᠬᠡᠢ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠠᠴᠠ ᠳᠡᠭᠡᠭᠰᠢ︶ ᠢ 510 ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ᠂ 550 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ ᠪᠠᠶᠢᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠨᠡᠮᠡᠭᠳᠡᠯ ᠤᠨ ᠬᠤᠷᠳᠤᠴᠠ ᠶᠢ ᠨᠡᠮᠡᠭᠳᠡᠭᠦᠯᠬᠦ ︽345︾ ᠠᠵᠢᠯ ᠤᠨ ᠠᠷᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠴᠤᠸᠠᠩ ᠰᠢᠨ ᠮᠠᠰᠢᠨ ᠲᠡᠷᠭᠡ ᠶᠢᠨ ᠬᠦᠨᠳᠦᠴᠡ ᠶᠢ ᠬᠥᠩᠭᠡᠷᠡᠭᠦᠯᠬᠦ ᠵᠡᠷᠭᠡ ᠪᠠᠷ ᠲᠥᠯᠥᠭᠡᠯᠡᠭᠦᠯᠦᠭᠰᠡᠨ ᠬᠥᠩᠭᠡᠨᠴᠠᠭᠠᠨ ᠤ ᠨᠠᠷᠢᠯᠢᠭ ᠡᠳ᠋ᠰᠢᠭᠦᠯᠬᠦ | ᠠᠵᠤ ᠦᠢᠯᠡᠰ ᠤᠨ ᠪᠦᠯᠦᠭᠵᠢᠯ᠂ ᠵᠢᠩ ᠠᠨ ᠨᠢᠺᠧᠯ ᠲᠡᠮᠦᠷ ᠤᠨ ᠬᠠᠶᠢᠯᠤᠰᠢ ᠵᠡᠷᠭᠡ ᠪᠠᠷ ᠲᠥᠯᠥᠭᠡᠯᠡᠭᠦᠯᠦᠭᠰᠡᠨ ᠨᠢᠺᠧᠯ ᠢᠶᠠᠷ ᠰᠠᠭᠤᠷᠢᠯᠠᠭᠰᠠᠨ ᠣᠷᠴᠢᠯ ᠠᠵᠤ | ᠦᠢᠯᠡᠰ ᠤᠨ ᠪᠦᠯᠦᠭᠯᠡᠯ᠂ ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠪᠠᠷ ᠲᠥᠯᠥᠭᠡᠯᠡᠭᠦᠯᠦᠭᠰᠡᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠪᠦᠯᠦᠭᠯᠡᠯ᠂ ᠱᠢ ᠶᠠᠩ ᠵᠢᠯ ᠳᠤ 2100 ᠲᠣᠨ ᠲᠦᠭᠦᠬᠡᠢ ᠮᠠᠲ᠋ᠧᠷᠢᠶᠠᠯ ᠤᠨ ᠡᠮ ᠦᠢᠯᠡᠳᠪᠦᠷᠢᠯᠡᠬᠦ ᠵᠡᠷᠭᠡ ᠪᠠᠷ | ᠲᠥᠯᠥᠭᠡᠯᠡᠭᠦᠯᠦᠭᠰᠡᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠯᠡᠯ᠂ ᠵᠠᠷᠤᠳ ᠬᠤᠰᠢᠭᠤᠨ ᠤ ᠬᠤᠪᠣᠷ ᠴᠤᠬᠠᠭ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠡᠬᠢ ᠰᠤᠷᠪᠤᠯᠵᠢ ᠶᠢᠨ ᠲᠣᠣᠷ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠵᠡᠷᠭᠡ ᠪᠠᠷ | ᠲᠥᠯᠥᠭᠡᠯᠡᠭᠦᠯᠦᠭᠰᠡᠨ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠵᠤ᠂ ᠬᠡᠯᠬᠢᠶᠡᠵᠢᠭᠰᠡᠨ ᠬᠥᠭᠵᠢᠯᠲᠡ ᠪᠠᠷ ᠪᠡᠯᠡ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠨ᠎ᠠ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠤᠨ ᠰᠢᠨ᠎ᠡ ᠶᠢ ᠡᠭᠦᠳᠬᠦ ᠣᠨ ᠤ ᠠᠵᠢᠯᠯᠠᠭ᠎ᠠ ᠪᠠ ︽ᠡᠪᠦᠯ ᠤᠨ ᠤᠯᠠᠷᠢᠯ ᠤᠨ ᠬᠠᠮᠲᠤᠷᠠᠭᠰᠠᠨ ᠪᠠᠶᠢᠯᠳᠤᠭᠠᠨ︾ ᠤ ᠡᠯ᠎ᠡ ᠵᠦᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠲᠥᠪᠯᠡᠷᠡᠭᠰᠡᠨ ᠣᠷᠣᠨ ᠳᠤ ᠴᠢᠭᠯᠡᠭᠦᠯᠦᠨ᠂ | ᠪᠣᠬᠢᠷᠲᠤᠯ ᠦᠭᠡᠢ ᠴᠠᠬᠢᠯᠭᠠᠨ ᠤ ᠳᠠᠪᠠᠭᠤᠯᠢᠭ ᠢ ᠪᠠᠳᠠᠷᠠᠭᠤᠯᠵᠤ᠂ ᠴᠠᠬᠢᠯᠭᠠᠨ ᠤ ᠦᠨ᠎ᠡ ᠶᠢᠨ ᠰᠡᠷᠭᠡᠭ ᠬᠡᠯᠪᠡᠷᠢ ᠶᠢᠨ᠂ ᠪᠣᠬᠢᠷᠲᠤᠯ ᠦᠭᠡᠢ ᠴᠠᠬᠢᠯᠭᠠᠨ ᠤ ᠣᠨᠴᠠ | ᠰᠠᠶᠢᠨ ᠬᠡᠯᠪᠡᠷᠢ ᠶᠢᠨ ᠲᠥᠷᠥᠯ ᠵᠦᠢᠯ ᠢ ᠶᠡᠬᠡᠪᠡᠷ ᠲᠠᠲᠠᠨ ᠤᠷᠤᠭᠤᠯᠵᠤ᠂ ᠮᠢᠩᠭᠠᠨ ᠲᠦᠮᠡᠨ ᠲᠥᠭᠦᠷᠢᠭ ᠢ ᠳᠠᠪᠠᠭᠰᠠᠨ ᠲᠥᠷᠥᠯ ᠵᠦᠢᠯ ᠢ 600 ᠠᠴᠠ ᠳᠡᠭᠡᠭᠰᠢ | ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ 50% ᠠᠴᠠ ᠳᠡᠭᠡᠭᠰᠢ | ᠬᠦᠷᠦᠭᠦᠯᠦᠨ᠎ᠡ᠃ ᠡᠭᠦᠨ ᠤ ᠬᠠᠮᠲᠤ᠂ ᠴᠢᠬᠤᠯᠠ ᠶᠡᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ ᠪᠠᠶᠢᠭ᠎ᠠ ᠴᠣᠩᠬᠤᠪᠴᠢ | ᠬᠤᠭᠤᠴᠠᠭ᠎ᠠ ᠶᠢ ᠡᠵᠡᠮᠳᠡᠵᠦ᠂ ᠠᠵᠤ ᠦᠢᠯᠡᠰ ᠤᠨ ᠲᠠᠰ ᠳᠡᠪᠰᠢᠬᠦ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ᠂ | ᠬᠤᠲᠠ ᠶᠢᠨ ᠰᠢᠨᠡᠴᠢᠯᠡᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠳᠤ ᠨᠢᠭᠡ ᠪᠦᠯᠦᠭ ᠪᠣᠯᠪᠠᠰᠤᠷᠠᠩᠭᠤᠢ ᠪᠣᠯᠤᠭᠰᠠᠨ ᠪᠠ ᠵᠣᠬᠢᠴᠠᠬᠤ | ᠬᠡᠮᠵᠢᠶ᠎ᠡ ᠪᠠᠷ ᠥᠨᠳᠥᠷ ᠲᠥᠷᠥᠯ ᠵᠦᠢᠯ ᠢ ᠭᠦᠨᠵᠡᠭᠡᠢ ᠲᠥᠯᠥᠪᠵᠢᠭᠦᠯᠦᠨ ᠪᠡᠯᠡᠳᠭᠡᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠪᠣᠳᠠᠲᠠᠶᠢᠵᠢᠭᠤᠯᠤᠭᠰᠠᠨ | ᠲᠥᠷᠥᠯ ᠵᠦᠢᠯ ᠪᠣᠯᠭᠠᠨ ᠬᠤᠪᠢᠷᠠᠭᠤᠯᠤᠨ᠎ᠠ᠃ | ︵ᠬᠤᠶᠠᠷ︶ ᠬᠡᠷᠡᠭᠯᠡᠭᠡ ᠶᠢᠨ ᠥᠷᠨᠢᠩᠭᠦᠢ ᠬᠥᠭᠵᠢᠯᠲᠡ ᠶᠢ ᠠᠬᠢᠭᠤᠯᠤᠨ᠎ᠠ᠃ ᠴᠠᠭᠠᠨ ᠰᠠᠷ᠎ᠠ᠂ ᠲᠠᠪᠤᠨ ᠰᠠᠷ᠎ᠠ ᠶᠢᠨ ᠨᠢᠭᠡᠨ᠂ ᠠᠷᠪᠠᠨ ᠰᠠᠷ᠎ᠠ ᠶᠢᠨ ᠨᠢᠭᠡᠨ | ᠵᠡᠷᠭᠡ ᠴᠢᠬᠤᠯᠠ ᠪᠠᠶᠠᠷ ᠤᠨ ᠡᠳᠦᠷ ᠤᠨ ᠬᠡᠷᠡᠭᠯᠡᠭᠡᠨ ᠤ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ᠢᠳᠡᠭᠡᠨ ᠤᠮᠳᠠᠭᠠᠨ᠂ ᠬᠤᠳᠠᠯᠳᠤᠭ᠎ᠠ ᠳᠡᠯᠭᠡᠭᠦᠷ᠂ ᠭᠡᠷ ᠤᠨ | ᠬᠡᠷᠡᠭᠰᠡᠯ᠂ ᠮᠠᠰᠢᠨ ᠲᠡᠷᠭᠡ ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠪᠠᠩᠬᠢ ᠠᠵᠤ ᠠᠬᠤᠶᠢᠯᠠᠯ ᠬᠠᠮᠵᠢᠯᠴᠠᠨ ᠡᠯ᠎ᠡ ᠲᠥᠷᠥᠯ ᠤᠨ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 300 ᠲᠠᠯᠠᠪᠤᠷ ︵ᠤᠳᠠᠭ᠎ᠠ︶ ᠠᠴᠠ ᠳᠡᠭᠡᠭᠰᠢ ᠥᠷᠨᠢᠭᠦᠯᠵᠦ᠂ ᠬᠤᠲᠠ᠂ ᠬᠤᠰᠢᠭᠤ ᠰᠢᠶᠠᠨ ︵ᠲᠣᠭᠤᠷᠢᠭ︶ ᠬᠤᠶᠠᠷ | ᠱᠠᠲᠤ ᠬᠤᠯᠪᠤᠭᠠᠯᠠᠨ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ᠪᠠ ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ ᠶᠢ ᠲᠠᠷᠬᠠᠭᠠᠵᠤ᠂ ︽ᠲᠦᠩᠯᠢᠶᠣᠣ | ᠲᠠᠬᠢ ᠲᠠᠭᠠᠯᠠᠮᠵᠢᠲᠠᠢ ᠬᠡᠷᠡᠭᠯᠡᠭᠡ︾ ᠠᠵᠢᠯᠯᠠᠭ᠎ᠠ ᠶᠢᠨ ᠨᠠᠷᠠᠲᠤ ᠱᠣᠰᠢᠭ᠎ᠠ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠡᠷᠡᠭᠯᠡᠭᠡ ᠶᠢ ᠬᠢᠵᠢᠭ ᠤᠨ ᠳᠠᠷᠠᠭᠠᠬᠢ | ᠰᠡᠷᠭᠦᠭᠡᠯᠲᠡ ᠠᠴᠠ ᠦᠷᠭᠦᠯᠵᠢᠯᠡᠨ ᠥᠷᠭᠡᠳᠬᠡᠬᠦ ᠳᠠᠰᠢ ᠬᠦᠴᠦᠯᠡᠨ ᠠᠬᠢᠭᠤᠯᠤᠨ᠎ᠠ᠃ ᠡᠯ᠎ᠡ ᠲᠥᠷᠥᠯ ᠤᠨ ᠡᠯᠧᠺᠲᠷᠣᠨ ᠬᠤᠳᠠᠯᠳᠤᠭᠠᠨ ᠤ ᠲᠠᠪᠴᠠᠩ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠡᠯᠧᠺᠲᠷᠣᠨ ᠬᠤᠳᠠᠯᠳᠤᠭ᠎ᠠ ᠪᠠᠷ ᠲᠣᠰ ᠭᠠᠵᠠᠷ ᠤᠨ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠶᠢ | ᠠᠬᠢᠭᠤᠯᠤᠨ᠎ᠠ᠃ ᠲᠦᠩᠯᠢᠶᠣᠣ ᠶᠢᠨ ᠦᠬᠡᠷ ᠤᠨ ᠮᠢᠬ᠎ᠠ᠂ ᠰᠠᠭᠠᠭ᠂ ᠬᠠᠲᠠᠭᠠᠭᠰᠠᠨ ᠤᠯᠠᠭᠠᠨ ᠯᠠᠵᠤᠤ ᠵᠡᠷᠭᠡ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠤᠯᠠᠮᠵᠢᠯᠠᠯᠲᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠬᠦᠨ ᠢ ᠡᠯᠧᠺᠲᠷᠤᠨᠴᠢᠯᠠᠬᠤ ᠥᠭᠡᠷᠡᠴᠢᠯᠡᠯᠲᠡ ᠶᠢ ᠥᠷᠨᠢᠭᠦᠯᠬᠦ ᠶᠢ | ᠵᠣᠷᠢᠭᠵᠢᠭᠤᠯᠤᠨ ᠵᠢᠯᠤᠭᠤᠳᠴᠤ᠂ ᠣᠷᠣᠨ ᠨᠤᠲᠤᠭ ᠤᠨ ᠣᠨᠴᠠᠯᠢᠭᠲᠤ ᠨᠡᠷᠡᠳᠦ ᠡᠯᠧᠺᠲᠷᠤᠨ ᠬᠤᠳᠠᠯᠳᠤᠭᠠᠨ ᠤ ᠲᠠᠸᠠᠷ ᠤᠨ ᠲᠡᠮᠳᠡᠭᠲᠦ ᠦᠢᠯᠡᠳᠬᠦᠨ ᠢ | ᠪᠣᠶᠢᠵᠢᠭᠤᠯᠵᠤ᠂ 2024 ᠣᠨ ᠳᠤ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠬᠦ ᠠᠵᠤ ᠠᠬᠤᠶᠢᠯᠠᠯ ᠢ 40 ᠰᠢᠨ᠎ᠡ ᠪᠠᠷ ᠨᠡᠮᠡᠭᠳᠡᠭᠦᠯᠪᠡ᠃ | ︵ᠭᠤᠷᠪᠠ︶ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠷᠭᠡᠨ ᠲᠡᠮᠦᠷ ᠵᠠᠮ ᠤᠨ ᠦᠷᠲᠡᠭᠡ ᠶᠢᠨ ᠲᠦᠷᠭᠡᠨ | ᠵᠠᠮ ᠪᠣᠯᠣᠨ ᠳ᠋ᠠᠴᠢᠩ ᠠᠴᠠ ᠭᠤᠸᠠᠩᠵᠧᠦ ᠬᠦᠷᠬᠦ ᠲᠦᠷᠭᠡᠨ ᠵᠠᠮ ᠤᠨ ᠬᠠᠷᠢᠯᠴᠠᠨ ᠨᠡᠪᠲᠡᠷᠡᠯᠴᠡᠭᠰᠡᠨ ᠵᠥᠷᠢᠯᠢᠭ ᠪᠠᠷᠢᠯᠭ᠎ᠠ᠂ ᠴᠠᠪᠢᠨᠲᠠᠯ᠎ᠠ ᠠᠴᠠ ᠰᠤᠭᠤᠲᠤ ᠬᠦᠷᠬᠦ | ᠬᠡᠰᠡᠭ ᠤᠨ ᠲᠦᠷᠭᠡᠨ ᠵᠠᠮ ᠵᠡᠷᠭᠡ ᠶᠢ ᠦᠷᠭᠦᠯᠵᠢᠯᠡᠨ ᠪᠠᠶᠢᠭᠤᠯᠵᠤ᠂ ᠤᠯᠤᠰ ᠤᠨ ᠵᠠᠮ ᠤᠨ 334 ᠱᠤᠭᠤᠮ ᠤᠨ ᠪᠦᠦ ᠺᠠᠩ ᠠᠴᠠ ᠳᠤᠯᠤᠭᠠᠨᠮᠤᠳᠤ ᠬᠦᠷᠬᠦ | ᠬᠤᠶᠠᠳᠤᠭᠠᠷ ᠳᠡᠰ ᠤᠨ ᠵᠠᠰᠠᠮᠠᠯ ᠵᠠᠮ᠂ ᠮᠤᠵᠢ ᠶᠢᠨ ᠵᠠᠮ ᠤᠨ 310 ᠱᠤᠭᠤᠮ ᠤᠨ ᠤᠷᠪᠤᠭ ᠲᠠᠬᠢ ᠵᠠᠰᠠᠮᠠᠯ ᠵᠠᠮ ᠪᠠ ᠲᠡᠮᠦᠷ ᠵᠠᠮ ᠤᠨ ᠠᠭᠤᠯᠵᠠᠷ ᠬᠡᠰᠡᠭ ᠢ ︽ | ᠵᠦᠷᠢᠯᠢᠭ ᠬᠦᠭᠦᠷᠭᠡ ᠪᠠᠷ ᠦᠭᠡᠷᠡᠴᠢᠯᠡᠬᠦ︾ ᠢᠨᠵᠧᠨᠧᠷᠢᠩ ᠢ ᠰᠢᠨ᠎ᠡ ᠪᠠᠷ ᠠᠵᠢᠯ ᠡᠬᠢᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 200 ᠺᠢᠯᠣᠮᠧᠲᠷ ᠵᠠᠰᠠᠨ᠎ᠠ᠃ | ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠵᠦ᠂ ᠲᠦᠩᠯᠢᠶᠣᠣ ᠠᠴᠠ | ᠴᠢᠴᠢᠬᠠᠷ ᠬᠦᠷᠬᠦ ᠲᠦᠷᠭᠡᠨ ᠲᠡᠮᠦᠷ ᠵᠠᠮ ᠤᠨ ᠲᠥᠷᠥᠯ ᠵᠦᠢᠯ ᠢ ᠤᠯᠤᠰ ᠤᠨ ᠣᠶᠢᠷ᠎ᠠ ᠶᠢᠨ ᠬᠤᠭᠤᠴᠠᠭᠠᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠳᠤ ᠣᠷᠣᠭᠤᠯᠬᠤ ᠶᠢ ᠠᠬᠢᠭᠤᠯᠵᠤ᠂ ᠪᠡᠭᠡᠵᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠲᠦᠩᠯᠢᠶᠣᠣ ᠠᠴᠠ ᠤᠯᠠᠭᠠᠨᠬᠠᠳᠠ ᠬᠦᠷᠬᠦ ᠬᠡᠰᠡᠭ ᠤᠨ | ᠬᠤᠷᠳᠤᠴᠠ ᠶᠢ ᠳᠡᠭᠡᠭᠰᠢᠯᠡᠭᠦᠯᠦᠨ ᠬᠦᠳᠡᠯᠭᠡᠭᠦᠷ ᠲᠡᠷᠭᠡ ᠶᠢᠨ ᠵᠦᠢᠯᠡᠰ ᠢ ᠰᠦᠪᠡᠭᠴᠢᠯᠡᠨ᠎ᠡ᠃ ᠬᠦᠷᠢᠶᠡᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ | ᠪᠠᠶᠢᠭᠤᠯᠵᠤ ᠳᠠᠭᠤᠰᠬᠠᠨ᠂ ᠲᠦᠩᠯᠢᠶᠣᠣ ᠨᠢᠰᠬᠡᠯ ᠤᠨ ᠪᠠᠭᠤᠳᠠᠯ ᠤᠨ ᠨᠢᠰᠦᠯᠲᠡ ᠶᠢᠨ ᠲᠣᠭᠤᠷᠢᠭ ᠤᠨ ᠵᠠᠮ ᠤᠨ ᠨᠢᠭᠤᠷ ᠢ ᠦᠭᠡᠷᠡᠴᠢᠯᠡᠨ ᠰᠠᠶᠢᠵᠢᠷᠠᠭᠤᠯᠬᠤ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠵᠦ᠂ ᠲᠦᠩᠯᠢᠶᠣᠣ ᠨᠢᠰᠬᠡᠯ ᠤᠨ ᠪᠠᠭᠤᠳᠠᠯ ᠤᠨ ᠠᠶᠠᠯᠠᠯ ᠤᠨ ᠱᠤᠭᠤᠮ ᠢ ᠲᠤᠭᠲᠠᠭᠤᠨ ᠠᠵᠢᠯᠯᠠᠭᠤᠯᠵᠤ᠂ | ᠥᠪᠥᠷ ᠮᠣᠩᠭᠤᠯ ᠤᠨ ᠤᠰᠤ ᠬᠠᠩᠭᠠᠬᠤ ᠲᠦᠩᠯᠢᠶᠣᠣ ᠰᠠᠯᠪᠤᠷᠢ ᠱᠤᠭᠤᠮ ᠪᠣᠯᠣᠨ ᠴᠤᠤᠯ ᠭᠤᠣᠯ ᠢ ᠲᠠᠲᠠᠵᠤ ᠯᠤᠤᠬ᠎ᠠ ᠶᠢᠨ ᠭᠤᠣᠯ ᠳᠤ ᠲᠤᠰᠠᠯᠠᠬᠤ ᠬᠤᠶᠠᠳᠤᠭᠠᠷ | ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠠᠭᠠᠨᠬᠠᠳᠠ ᠶᠢᠨ ᠤᠰᠤ ᠲᠠᠲᠠᠬᠤ ᠢᠨᠵᠧᠨᠧᠷᠢᠩ ᠤᠨ ᠲᠥᠷᠥᠯ ᠵᠦᠢᠯ ᠢ | ᠪᠠᠶᠢᠭᠤᠯᠤᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ | ᠳᠥᠷᠪᠡ᠂ ᠣᠷᠴᠢᠨ ᠲᠣᠭᠤᠷᠢᠨ ᠪᠠ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ | ᠠᠰᠢᠭ ᠬᠦᠷᠲᠡᠭᠡᠬᠦ ᠦᠢᠯᠡᠴᠢᠯᠡᠭᠡᠨ ᠢ ᠳᠡᠭᠡᠭᠰᠢᠯᠡᠭᠦᠯᠦᠨ᠎ᠡ | ︵ᠨᠢᠭᠡ︶ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠶᠢ ᠰᠢᠨᠲᠠᠷᠠᠰᠢ ᠦᠭᠡᠢ ᠪᠠᠷᠢᠮᠲᠠᠯᠠᠨ᠎ᠠ᠃ ︽ᠲᠣᠭᠲᠠᠪᠤᠷᠢᠵᠢᠭᠤᠯᠤᠨ | ᠰᠢᠯᠢᠳᠡᠭᠵᠢᠭᠦᠯᠵᠦ ᠰᠢᠨ᠎ᠡ ᠶᠢ ᠡᠭᠦᠳᠬᠦ᠂ ᠳᠤᠲᠠᠭᠤᠳᠠᠯ ᠢᠶᠠᠨ ᠨᠥᠬᠦᠪᠦᠷᠢᠯᠡᠵᠦ ᠬᠥᠭᠵᠢᠯᠲᠡ ᠶᠢ ᠠᠬᠢᠭᠤᠯᠬᠤ︾ ᠠᠵᠢᠯ ᠤᠨ ᠰᠡᠳᠬᠢᠴᠡ ᠶᠢ ᠪᠠᠷᠢᠮᠲᠠᠯᠠᠵᠤ᠂ 2024 | ᠣᠨ ᠤ ᠲᠦᠩᠯᠢᠶᠣᠣ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠣᠨ ᠤ ᠠᠵᠢᠯ ᠤᠨ ᠲᠥᠰᠥᠯ ᠢ | ᠲᠣᠭᠲᠠᠭᠠᠨ ᠬᠡᠷᠡᠭᠵᠢᠭᠦᠯᠵᠦ᠂ ᠦᠨᠡᠨᠴᠢ ᠢᠲᠡᠭᠡᠮᠵᠢᠲᠡᠢ ᠨᠡᠶᠢᠭᠡᠮ ᠤᠨ ᠪᠠᠶᠢᠭᠤᠯᠤᠯᠲᠠ᠂ ᠲᠤᠭᠠᠵᠢᠯᠠᠭᠰᠠᠨ ᠤᠶᠤᠨ ᠢᠶᠠᠷ ᠴᠢᠳᠠᠪᠤᠷᠢ ᠣᠯᠭᠤᠬᠤ ᠪᠠ ᠠᠵᠢᠯ ᠤᠨ | ᠰᠢᠨ᠎ᠡ ᠶᠢ ᠡᠭᠦᠳᠬᠦ ᠪᠠᠷ ᠵᠢᠯᠣᠭᠤᠳᠤᠯᠭ᠎ᠠ ᠪᠣᠯᠭᠠᠵᠤ᠂ ︽ᠭᠤᠷᠪᠠᠨ ᠳᠠᠩᠰᠠ ᠨᠢᠭᠡ ᠵᠠᠬᠢᠳᠠᠯ︾ ︽ᠢᠯᠡ ᠨᠡᠶᠢᠲᠡᠯᠡᠵᠦ ᠠᠳᠠᠯᠢᠳᠬᠠᠨ ᠦᠨᠡᠯᠡᠬᠦ︾ ᠵᠡᠷᠭᠡ ᠠᠵᠢᠯ ᠤᠨ | ᠲᠣᠭᠲᠠᠴᠠ ᠶᠢ ᠴᠢᠩᠭᠠᠷᠠᠭᠤᠯᠤᠨ᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ + ᠵᠠᠭᠤᠴᠢᠯᠠᠭᠤᠷ︾ ᠪᠠ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ | + ᠬᠢᠨᠠᠯᠲᠠ ᠲᠠᠯᠪᠢᠬᠤ︾ ᠠᠵᠢᠯ ᠤᠨ ᠵᠠᠭᠪᠤᠷ ᠢ ᠬᠡᠷᠡᠭᠵᠢᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠪᠥᠬᠦ ᠣᠷᠣᠨ ᠤ ︽ᠲᠦᠷᠦᠭᠦᠦ ᠡᠩᠨᠡᠭᠡ︾ ᠳᠤ ᠣᠷᠣᠭᠤᠯᠬᠤ ᠪᠠᠷ ᠴᠢᠷᠮᠠᠶᠢᠨ᠎ᠠ᠃ | ︵ᠬᠤᠶᠠᠷ︶ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ︽ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾ ᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠢᠲᠡᠭᠡᠮᠵᠢ ᠶᠢᠨ ᠴᠤᠭᠯᠠᠭᠤᠯᠤᠯᠲᠠ ᠶᠢ ᠦᠷᠭᠦᠯᠵᠢᠯᠡᠨ | ᠥᠷᠭᠡᠳᠬᠡᠵᠦ᠂ ᠬᠡᠷᠡᠭᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠭᠡᠷ᠎ᠡ ᠭᠦᠢᠴᠡᠳᠬᠡᠬᠦ ᠲᠣᠭᠲᠠᠴᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ | ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠨ᠎ᠡ ᠨᠢᠭᠡ | ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ | ᠬᠤᠰᠢᠭᠤ ᠬᠤᠶᠠᠷ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ᠂ | ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠥᠬᠦ ᠲᠠᠯ᠎ᠠ ᠪᠠᠷ ᠰᠢᠪᠲᠤᠯᠤᠯᠲᠠ ᠲᠠᠢ ᠪᠣᠯᠭᠠᠨ ᠪᠤᠶᠢᠵᠢᠭᠤᠯᠤᠨ᠎ᠠ᠃ | ᠬᠦᠭᠵᠢᠯᠲᠡ ᠶᠢᠨ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠬᠥᠭᠵᠢᠭᠦᠯᠵᠦ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠲᠦᠷᠭᠡᠳᠬᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠳᠦᠷᠢᠮ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠵᠡᠷᠭᠡ ᠡᠭᠦᠷᠭᠡ ᠶᠢ ᠯᠠᠪᠳᠠᠭᠤᠨ ᠢᠶᠠᠷ ᠠᠬᠢᠭᠤᠯᠤᠨ ᠭᠦᠨᠵᠡᠭᠡᠶᠢᠷᠡᠭᠦᠯᠵᠦ᠂ ᠣᠷᠣᠨ ᠰᠠᠭᠤᠴᠠ ᠶᠢᠨ ᠰᠠᠭᠤᠷᠢ ᠭᠠᠵᠠᠷ ᠢ | ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠨ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠤᠯᠠ ᠪᠠᠶᠢᠭ᠎ᠠ ᠣᠷᠣᠨ ᠰᠠᠭᠤᠴᠠ ᠶᠢᠨ | ᠰᠠᠭᠤᠷᠢ ᠭᠠᠵᠠᠷ ᠢ ᠡᠮᠬᠢ ᠵᠢᠷᠤᠮ ᠲᠠᠢ ᠪᠠᠷ ᠠᠮᠢᠳᠤᠯᠢᠭᠵᠢᠭᠤᠯᠤᠨ ᠠᠰᠢᠭᠯᠠᠭᠤᠯᠤᠨ᠎ᠠ᠃ ᠨᠡᠭᠦᠷᠡᠰᠦ ᠴᠠᠬᠢᠯᠭᠠᠨ ᠤ ᠪᠠᠭᠲᠠᠭᠠᠮᠵᠢ ᠶᠢᠨ ᠴᠠᠬᠢᠯᠭᠠᠨ ᠤ ᠦᠨ᠎ᠡ ᠶᠢᠨ | ᠲᠣᠭᠲᠠᠴᠠ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠦᠨ᠎ᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ ᠠᠮᠢ ᠠᠬᠤᠢ ᠶᠢᠨ ᠬᠦᠷᠢᠶᠡᠨ ᠤ | ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠮᠢ ᠠᠬᠤᠢ ᠶᠢᠨ ᠪᠦᠲᠦᠭᠡᠭᠳᠡᠬᠦᠨ ᠤ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠠᠮᠢ | ᠠᠬᠤᠢ ᠶᠢᠨ ᠪᠦᠲᠦᠭᠡᠭᠳᠡᠬᠦᠨ ᠤ ᠭᠠᠷᠴᠠᠭ ᠢ ᠪᠤᠢ ᠪᠣᠯᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠰᠠᠶᠢᠲᠤᠷ ᠬᠢᠨ᠎ᠡ᠃ | ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ | ᠰᠢᠷᠣᠢ ᠶᠢ ︽ᠪᠠᠷᠢᠮᠵᠢᠶᠠᠲᠤ ᠭᠠᠵᠠᠷ︾ ᠢᠶᠠᠷ ᠰᠢᠯᠵᠢᠭᠦᠯᠦᠨ ᠬᠤᠳᠠᠯᠳᠤᠬᠤ ᠶᠢ ᠪᠦᠬᠦᠨ ᠢ ᠪᠡᠶᠡᠯᠡᠭᠦᠯᠵᠦ᠂ ᠵᠦᠪᠰᠢᠶᠡᠷᠡᠭᠡᠳ ᠬᠠᠩᠭᠠᠭᠰᠠᠨ ᠦᠭᠡᠢ 1.5 ᠲᠦᠮᠡᠨ ᠮᠦ | ᠭᠠᠵᠠᠷ ᠰᠢᠷᠣᠢ ᠶᠢ ᠰᠢᠢᠳᠪᠦᠷᠢᠯᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ︽ᠳᠥᠷᠪᠡᠨ ᠶᠡᠭᠡ ᠰᠢᠪᠲᠤᠯᠤᠯᠲᠠ ᠶᠢᠨ | ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ︽ᠭᠤᠷᠪᠠᠨ ᠡᠮᠴᠢᠯᠡᠭᠡ︾ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢ ᠭᠦᠨᠵᠡᠭᠡᠶᠢᠷᠡᠭᠦᠯᠦᠨ᠂ ᠨᠢᠭᠲᠠ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠪᠠ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ᠲᠠᠪᠤ᠂ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠳᠣᠬᠢᠴᠢᠯᠠᠯᠲᠠ ᠶᠢᠨ ᠲᠦᠩᠯᠢᠶᠣᠣ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ︵ᠨᠢᠭᠡ︶ ᠣᠷᠣᠨ ᠪᠦᠰᠡ ᠶᠢᠨ ᠲᠥᠪ ᠬᠤᠲᠠ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠎ᠡ᠃ ᠤᠯᠤᠰ ᠤᠨ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠭᠢᠷᠢᠨ ᠤ ᠡᠮᠦᠨᠡᠲᠦ ᠬᠡᠰᠡᠭ ᠯᠢᠶᠣᠤᠨᠢᠩ ᠤᠨ ᠬᠤᠶᠢᠲᠤ ᠬᠡᠰᠡᠭ ᠥᠪᠥᠷ | ᠮᠣᠩᠭᠤᠯ ᠤᠨ ᠵᠡᠭᠦᠨ ᠬᠡᠰᠡᠭ ᠤᠨ ︽ᠵᠢᠷᠭᠤᠭᠠᠨ ᠬᠤᠲᠠ ᠶᠢ ᠨᠢᠭᠡ ᠴᠣᠭᠴᠠᠵᠢᠭᠤᠯᠬᠤ︾ ᠴᠢᠨᠠᠷ ᠰᠠᠶᠢᠲᠠᠢ ᠬᠠᠮᠵᠢᠯᠴᠠᠨ ᠬᠥᠭᠵᠢᠭᠦᠯᠬᠦ ᠲᠥᠯᠦᠪᠵᠢᠭᠦᠯᠭᠡ ᠶᠢ | ᠬᠠᠮᠲᠤᠪᠠᠷ ᠰᠠᠶᠢᠲᠤᠷ ᠨᠠᠶᠢᠷᠠᠭᠤᠯᠤᠨ ᠵᠣᠬᠢᠶᠠᠵᠤ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠤᠰᠢᠭᠤᠴᠢ ᠣᠷᠣᠨ ᠢ ᠬᠦᠴᠦ ᠪᠠᠨ | ᠬᠠᠮᠲᠤᠳᠬᠠᠨ ᠪᠠᠶᠢᠭᠤᠯᠤᠨ᠎ᠠ︔ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠵᠣᠯᠭᠠᠭᠤᠯᠬᠤ ᠵᠢᠱᠢᠶ᠎ᠡ ᠦᠵᠡᠭᠦᠯᠬᠦ | ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠦᠩᠯᠢᠶᠣᠣ ᠤᠯᠠᠭᠠᠨᠬᠠᠳᠠ ᠬᠤᠶᠠᠷ ᠬᠤᠲᠠ ᠶᠢᠨ ᠬᠠᠮᠲᠤᠷᠠᠯᠴᠠᠭᠠᠨ ᠤ ᠰᠠᠨᠠᠭᠤᠯᠤᠮᠵᠢ ᠶᠢᠨ ᠪᠢᠴᠢᠭ ᠲᠠᠬᠢ | ᠪᠣᠶ ᠪᠦᠬᠦᠢ ᠵᠦᠢᠯᠡᠰ ᠢ ᠴᠢᠷᠮᠠᠶᠢᠨ ᠪᠡᠶᠡᠯᠡᠭᠦᠯᠦᠨ᠎ᠡ᠃ ᠲᠥᠪ ᠬᠤᠳᠠ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠵᠢᠴᠢ ᠢᠵᠢ | ᠪᠦᠷᠢᠳᠦᠭᠰᠡᠨ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ᠂ ᠠᠵᠤ ᠦᠢᠯᠡᠰ ᠤᠨ ᠰᠠᠭᠤᠷᠢᠨ | ᠭᠠᠵᠠᠷ᠂ ᠣᠷᠣᠨ ᠪᠦᠰᠡ ᠶᠢᠨ ᠠᠵᠤ ᠠᠬᠤᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠵᠦ᠂ | ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠣᠷᠣᠨ ᠪᠦᠰᠡ ᠶᠢᠨ ᠲᠥᠪ ᠬᠤᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ | ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ ᠶᠢ ᠲᠦᠷᠭᠡᠳᠬᠡᠨ ᠠᠬᠢᠭᠤᠯᠤᠨ᠎ᠠ᠃ ᠭᠤᠤᠯ ᠬᠤᠲᠠ ᠲᠣᠭᠤᠷᠢᠭ ᠤᠨ ᠲᠦᠩ ᠴᠢᠶᠠᠨ ᠭᠤᠣᠯ ᠰᠤᠪᠠᠭ ᠵᠢᠴᠢ ᠢᠵᠢ | ᠪᠦᠷᠢᠳᠦᠭᠦᠯᠦᠭᠰᠡᠨ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠬᠤᠲᠠ ᠲᠣᠭᠤᠷᠢᠭ ᠤᠨ ᠯᠢᠶᠣᠤ ᠾᠧ | ᠵᠡᠭᠡᠯᠢ ᠶᠢᠨ ᠪᠣᠷᠣᠭᠠᠨ ᠤ ᠤᠰᠤ ᠶᠢᠨ ᠳᠦᠷᠪᠡᠯᠵᠢᠨ ᠭᠤᠯᠳᠣᠩ᠂ ᠰᠢᠨ ᠬᠥᠩ ᠬᠤᠶᠠᠳᠤᠭᠠᠷ ᠵᠠᠮ ᠠᠴᠠ ᠬᠠᠷᠢᠶᠠᠲᠤ ᠡᠮᠨᠡᠯᠭᠡ ᠶᠢᠨ ᠬᠤᠷᠢᠶ᠎ᠠ ᠬᠦᠷᠬᠦ ᠴᠠᠬᠢᠯᠭᠠᠨ | ᠬᠠᠩᠭᠠᠬᠤ ᠬᠤᠭᠤᠯᠠᠢ᠂ ᠬᠤᠲᠠ ᠶᠢᠨ ᠤᠰᠤ ᠵᠠᠯᠠᠵᠤ ᠤᠰᠤᠲᠤᠯ ᠢ ᠰᠡᠷᠭᠡᠶᠢᠯᠡᠬᠦ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠤᠲᠠ ᠶᠢᠨ ᠴᠢᠳᠠᠮᠵᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ | ᠴᠢᠩᠭᠠᠳᠬᠠᠵᠤ᠂ ᠤᠯᠤᠰ ᠤᠨ ᠴᠡᠴᠡᠷᠯᠢᠭᠵᠢᠭᠦᠯᠦᠭᠰᠡᠨ ᠬᠤᠳᠠ ᠶᠢᠨ ᠳᠠᠬᠢᠨ ᠰᠢᠯᠭᠠᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠨ᠎ᠡ᠃ | ︵ᠬᠤᠶᠠᠷ︶ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠤᠲᠠᠲᠠᠢ ᠠᠬᠢᠭᠤᠯᠤᠨ᠎ᠠ᠃ ᠰᠢᠨ᠎ᠡ ᠮᠠᠶ᠋ᠢᠭ ᠤᠨ | ᠬᠤᠲᠠ ᠪᠠᠯᠭᠠᠰᠤᠵᠢᠯᠲᠠ ᠶᠢᠨ ᠲᠥᠯᠦᠪᠵᠢᠭᠦᠯᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠶᠠᠨ ᠢᠶᠠᠷ ᠠᠴᠢᠶᠠᠯᠠᠪᠤᠷᠢ | ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠰᠢᠶᠠᠨ ᠤ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠤᠤᠯᠢᠩᠭᠤᠤᠯ ᠬᠤᠲᠠ ᠶᠢᠨ ᠴᠤᠸᠠᠩ ᠶᠧ ᠵᠠᠮ ᠤᠨ ᠪᠣᠷᠣᠭᠠᠨ ᠤ | ᠤᠰᠤ ᠵᠠᠯᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠤᠯᠤᠩ ᠤᠨ ᠵᠤ ᠪᠠᠯᠭᠠᠰᠤ ᠶᠢᠨ ᠤᠰᠤ ᠵᠠᠯᠠᠵᠤ | ᠤᠰᠤᠲᠤᠯ ᠢ ᠰᠡᠷᠭᠡᠶᠢᠯᠡᠬᠦ ᠵᠡᠷᠭᠡ ᠨᠢᠭᠡ ᠪᠦᠯᠦᠭ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠶᠠᠨ ᠤ | ᠳᠤᠲᠠᠭᠤᠳᠠᠯ ᠢᠶᠠᠨ ᠨᠥᠬᠦᠪᠦᠷᠢᠯᠡᠬᠦ᠂ ᠪᠠᠭᠤᠷᠠᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠰᠢᠶᠠᠨ ᠤ ᠳᠠᠭᠠᠭᠠᠴᠠ ᠶᠢ ᠳᠡᠭᠡᠭᠰᠢᠯᠡᠭᠦᠯᠦᠨ᠎ᠡ᠃ ︽ᠨᠢᠭᠡ ᠰᠢᠶᠠᠨ ᠳᠤ | ᠨᠢᠭᠡ ᠪᠣᠳᠣᠯᠭ᠎ᠠ ᠬᠡᠷᠡᠭᠵᠢᠭᠦᠯᠬᠦ︾ ᠰᠢᠶᠠᠨ ᠤ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠡᠮᠬᠢ ᠵᠢᠷᠤᠮ ᠲᠠᠢ ᠬᠡᠷᠡᠭᠵᠢᠭᠦᠯᠵᠦ᠂ | ᠬᠤᠲᠠ ᠬᠥᠳᠡᠭᠡ ᠶᠢᠨ ᠬᠦᠴᠦᠨ ᠵᠦᠢᠯ ᠤᠨ ᠵᠠᠭᠠᠭ ᠠᠯᠤᠰᠯᠠᠨ ᠲᠣᠬᠢᠷᠠᠭᠤᠯᠬᠤ ᠪᠠ ᠠᠵᠤ ᠦᠢᠯᠡᠰ ᠤᠨ ᠣᠷᠭᠠᠨᠢᠭ ᠢᠶᠠᠷ ᠠᠭᠤᠰᠤᠯᠴᠠᠬᠤ ᠶᠢ ᠠᠬᠢᠭᠤᠯᠤᠨ᠂ ᠵᠢᠵᠢᠭ | ᠬᠤᠲᠠ ᠪᠠᠯᠭᠠᠰᠤ ᠶᠢᠨ ᠠᠵᠢᠯ ᠣᠯᠭᠤᠯᠲᠠ ᠶᠢ ᠰᠢᠩᠭᠡᠬᠡᠨ ᠠᠪᠬᠤ ᠶᠢᠨ ᠲᠥᠪᠯᠡᠷᠡᠯ ᠤᠨ ᠦᠢᠯᠡᠳᠦᠯ ᠢ ᠳᠡᠭᠡᠭᠰᠢᠯᠡᠭᠦᠯᠵᠦ᠂ ᠮᠠᠯ ᠲᠠᠷᠢᠶᠠᠯᠠᠩ ᠤᠨ ᠠᠵᠤ ᠠᠬᠤᠢ ᠠᠴᠠ | ᠰᠢᠯᠵᠢᠭᠰᠡᠨ ᠬᠥᠮᠥᠨ ᠠᠮᠠ ᠶᠢᠨ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠠᠭᠠᠨ ᠬᠤᠲᠠ ᠪᠠᠯᠭᠠᠰᠤᠵᠢᠬᠤ ᠶᠢ ᠬᠥᠲᠥᠯᠥᠨ ᠵᠢᠯᠣᠭᠤᠳᠤᠨ᠎ᠠ᠃ ᠬᠥᠮᠥᠨ ᠢᠶᠠᠷ | ᠭᠤᠣᠯ ᠪᠣᠯᠭᠠᠵᠤ᠂ ᠵᠠᠯᠠᠭᠤᠴᠤᠳ ᠤᠨ ᠬᠥᠭᠵᠢᠯᠲᠡ ᠶᠢᠨ ᠮᠠᠶ᠋ᠢᠭ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠥᠨᠳᠥᠷ ᠪᠦᠲᠦᠮᠵᠢᠲᠡᠢ ᠬᠡᠷᠡᠭᠵᠢᠭᠦᠯᠦᠨ᠎ᠡ᠃ ︽ᠬᠤᠶᠠᠷ | ᠳᠡᠭᠡᠭᠦᠷ᠂ ᠬᠤᠶᠠᠷ ᠪᠠᠭᠠᠰᠬᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠦᠷᠭᠡᠨ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠲᠤᠭᠲᠠᠭᠤᠨ ᠨᠡᠮᠡᠭᠳᠡᠭᠦᠯᠦᠨ᠎ᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠪᠠ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ | ᠣᠷᠣᠨ ᠢᠶᠠᠷ ᠭᠤᠣᠯᠳᠠᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ ᠥᠷᠭᠡᠳᠬᠡᠵᠦ᠂ | ᠬᠡᠪᠴᠢᠶᠡᠵᠢᠭᠰᠡᠨ ᠴᠢᠨᠠᠷᠲᠠᠢ ᠪᠠᠷ ᠳᠠᠬᠢᠨ ᠶᠠᠳᠠᠭᠤᠷᠠᠬᠤ ᠶᠢ ᠥᠯᠥ ᠡᠭᠦᠰᠬᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠵᠢᠴᠢ ᠠᠵᠤ ᠦᠢᠯᠡᠰ ᠢᠶᠠᠷ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠶᠢ ᠴᠢᠩᠭᠠᠷᠠᠭᠤᠯᠵᠤ᠂ ᠡᠳ᠋ ᠤᠨ ᠵᠠᠰᠠᠭ ᠤᠨ ᠵᠣᠯᠭᠠᠭᠤᠯᠬᠤ ᠪᠡᠯᠡ | ᠮᠥᠩᠭᠦ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ ᠰᠦᠪᠡᠭᠴᠢᠯᠡᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ︵ | ᠬᠢᠨᠠᠨ ᠬᠡᠮᠵᠢᠭᠳᠡᠬᠦ ᠡᠲᠡᠭᠡᠳ︶ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠣᠭᠰᠠᠨ ᠬᠥᠮᠥᠨ ᠤ ᠲᠤᠭ᠎ᠠ ᠶᠢ 3 ᠲᠦᠮᠡ ᠠᠴᠠ ᠳᠡᠭᠡᠭᠰᠢ | ᠪᠠᠶᠢᠯᠭᠠᠬᠤ ᠶᠢ ᠪᠠᠲᠤᠯᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 25 ᠦᠯᠢᠭᠡᠷ ᠳᠠᠭᠤᠷᠢᠶᠠᠯ ᠲᠣᠰᠬᠤᠨ ᠢ ᠦᠷᠭᠦᠯᠵᠢᠯᠡᠨ ᠪᠠᠶᠢᠭᠤᠯᠵᠤ᠂ ︽ | ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠪᠠᠶᠢᠭᠤᠯᠤᠮᠵᠢᠳᠤ ᠪᠠᠯᠭᠠᠰᠤ ᠶᠢᠨ | ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠷᠥᠯ ᠵᠦᠢᠯ ᠢ ᠪᠥᠬᠦ ᠲᠠᠯ᠎ᠠ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ 65% ᠠᠴᠠ ᠳᠡᠭᠡᠭᠰᠢ ᠬᠦᠷᠦᠭᠦᠯᠵᠦ᠂ 1 ᠲᠦᠮᠡᠨ ᠡᠷᠦᠬᠡ ᠠᠴᠠ | ᠳᠡᠭᠡᠭᠰᠢ ᠡᠷᠦᠬᠡ ᠶᠢᠨ ᠵᠣᠷᠯᠣᠩ ᠢ ᠥᠭᠡᠷᠡᠴᠢᠯᠡᠨ᠂ ᠨᠢᠭᠡ ᠪᠦᠯᠦᠭ ᠪᠣᠬᠢᠷᠲᠤᠯ ᠦᠭᠡᠢ ᠬᠥᠳᠡᠭᠡ ᠲᠣᠰᠬᠤᠨ ᠤ ᠭᠡᠷ ᠪᠠᠶᠢᠰᠢᠩ ᠤᠨ ᠵᠢᠱᠢᠶ᠎ᠡ ᠦᠵᠡᠭᠦᠯᠬᠦ | ᠲᠤᠷᠰᠢᠯᠲᠠ ᠶᠢᠨ ᠴᠡᠭ ᠤᠨ ᠲᠥᠷᠥᠯ ᠵᠦᠢᠯ ᠢ ᠪᠠᠶᠢᠭᠤᠯᠤᠨ᠎ᠠ᠃ | ᠵᠢᠷᠭᠤᠭ᠎ᠠ᠂ ᠠᠷᠠᠳ ᠤᠨ ᠠᠮᠢᠳᠤᠷᠠᠯ ᠢ ᠬᠦᠴᠦ ᠲᠠᠯᠪᠢᠨ ᠪᠠᠲᠤᠯᠠᠨ ᠰᠠᠶᠢᠵᠢᠷᠠᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠶᠢ ᠠᠬᠢᠭᠤᠯᠤᠨ᠎ᠠ | ︵ᠨᠢᠭᠡ︶ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ᠥᠪᠡᠷᠮᠢᠴᠡ | ᠣᠨᠴᠠᠯᠢᠭ ᠪᠦᠬᠦᠢ ᠬᠥᠳᠡᠯᠮᠦᠷᠢ ᠦᠢᠯᠡᠴᠢᠯᠡᠭᠡᠨ ᠤ ᠨᠡᠷᠡᠲᠦ ᠲᠡᠮᠳᠡᠭ ᠢ ᠦᠷᠭᠦᠯᠵᠢᠯᠡᠨ ᠪᠤᠶ ᠪᠣᠯᠭᠠᠵᠤ᠂ ᠡᠯ᠎ᠡ ᠲᠥᠷᠥᠯ ᠤᠨ ᠤᠷᠢᠨ ᠬᠡᠷᠡᠭᠯᠡᠬᠦ ᠠᠵᠢᠯᠯᠠᠭ᠎ᠠ ᠶᠢ | ᠪᠠᠶᠢᠩᠭᠤᠵᠢᠭᠤᠯᠤᠨ ᠡᠷᠭᠢᠯᠡᠵᠦ᠂ ᠪᠥᠬᠦ ᠵᠢᠯ ᠳᠤ ᠬᠤᠲᠠ ᠪᠠᠯᠭᠠᠰᠤ ᠶᠢᠨ 1.2 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠵᠦ᠂ ᠬᠤᠲᠠ | ᠪᠠᠯᠭᠠᠰᠤ ᠶᠢᠨ 3600 ᠠᠵᠢᠯ ᠠᠯᠳᠠᠭᠰᠠᠳ ᠲᠤ ᠳᠠᠬᠢᠨ ᠠᠵᠢᠯ ᠣᠯᠭᠤᠬᠤ ᠶᠢ ᠪᠡᠶᠡᠯᠡᠭᠦᠯᠵᠦ᠂ ᠠᠵᠢᠯ ᠣᠯᠬᠤ ᠳᠤ ᠬᠦᠴᠢᠷᠲᠡᠢ 3700 ᠬᠥᠮᠥᠨ ᠳᠤ ᠠᠵᠢᠯ | ᠣᠯᠭᠤᠬᠤ ᠶᠢ ᠪᠡᠶᠡᠯᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠵᠤ᠂ ᠵᠢᠯ ᠤᠨ | ᠳᠣᠲᠣᠷ᠎ᠠ 40 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠳᠡᠭᠡᠳᠦ ᠰᠤᠷᠭᠠᠭᠤᠯᠢ ᠲᠡᠭᠦᠰᠦᠭᠰᠡᠨ 1 ᠲᠦᠮᠡᠨ ᠬᠥᠮᠥᠨ ᠳᠤ ᠠᠵᠢᠯ | ᠣᠯᠭᠤᠵᠤ᠂ ᠠᠵᠢᠯ ᠣᠯᠬᠤ ᠬᠦᠰᠡᠯ ᠲᠠᠢ ᠴᠡᠷᠢᠭ ᠠᠴᠠ ᠬᠠᠯᠠᠭᠳᠠᠭᠰᠠᠳ ᠤᠨ 95% ᠠᠴᠠ ᠳᠡᠭᠡᠭᠰᠢᠬᠢ ᠳᠤ ᠠᠵᠢᠯ ᠤᠯᠭᠤᠨ᠎ᠠ᠃ ᠵᠠᠰᠠᠭ ᠰᠤᠷᠭᠠᠭᠤᠯᠢ ᠠᠵᠤ | ᠠᠬᠤᠶᠢᠯᠠᠯ ᠤᠨ ᠪᠣᠯᠪᠠᠰᠤᠷᠠᠭᠤᠯᠤᠯ ᠤᠨ ᠬᠤᠯᠪᠣᠭ᠎ᠠ ᠶᠢᠨ ᠦᠢᠯᠡᠳᠦᠯ ᠢ ᠪᠠᠳᠠᠷᠠᠭᠤᠯᠵᠤ᠂ ᠪᠥᠬᠦ ᠵᠢᠯ ᠳᠤ ᠨᠥᠬᠦᠪᠦᠷᠢ ᠶᠢᠨ ᠴᠢᠨᠠᠷᠲᠠᠢ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ 1.2 ᠲᠦᠮᠡᠨ ᠬᠥᠮᠥᠨ ᠤᠳᠠᠭ᠎ᠠ ᠥᠷᠨᠢᠭᠦᠯᠬᠦ ᠪᠠᠷ ᠴᠢᠷᠮᠠᠶᠢᠨ᠎ᠠ᠃ | ︵ᠬᠤᠶᠠᠷ︶ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠭᠤᠣᠯ ᠬᠤᠳᠠ ᠶᠢᠨ ᠲᠣᠭᠤᠷᠢᠭ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠢᠨ᠎ᠡ ᠪᠠᠷ ᠨᠡᠮᠡᠭᠳᠡᠬᠦ ᠰᠤᠷᠤᠭᠴᠢ ᠡᠯᠰᠡᠬᠦ ᠲᠤᠭ᠎ᠠ ᠶᠢᠨ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ | ᠦᠷᠭᠦᠯᠵᠢᠯᠡᠨ ᠲᠦᠯᠬᠢᠨ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠭᠴᠢ ᠡᠯᠰᠡᠬᠦ ᠲᠤᠭ᠎ᠠ ᠶᠢ 4320 ᠰᠢᠨ᠎ᠡ ᠪᠠᠷ | ᠨᠡᠮᠡᠭᠳᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠢ ᠭᠦᠨᠵᠡᠭᠡᠢ ᠥᠷᠨᠢᠭᠦᠯᠵᠦ᠂ ᠪᠥᠬᠦ | ᠬᠤᠲᠠ ᠶᠢᠨ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠲᠥᠯᠥᠪᠯᠡᠭᠡ ᠶᠣᠰᠣᠭᠠᠷ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠶ | ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠴᠢᠩᠭᠠᠳᠬᠠᠨ᠎ᠠ᠃ ︽ᠰᠢᠨ᠎ᠡ ᠬᠢᠴᠢᠶᠡᠯ᠂ ᠰᠢᠨ᠎ᠡ ᠵᠢᠭᠠᠬᠤ ᠮᠠᠲ᠋ᠧᠷᠢᠶᠠᠯ᠂ ᠰᠢᠨ᠎ᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠥᠪᠡᠷᠲᠡᠭᠡᠨ ᠵᠠᠰᠠᠬᠤ | ᠣᠷᠣᠨ ᠤ ︽ᠬᠤᠶᠠᠷ ᠳᠡᠭᠡᠳᠦ ᠰᠤᠷᠭᠠᠭᠤᠯᠢ︾ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ | ᠨᠡᠪᠲᠡᠷᠡᠭᠦᠯᠦᠨ ᠬᠥᠮᠥᠵᠢᠭᠦᠯᠬᠦ ᠵᠠᠭᠪᠤᠷ ᠢ ᠬᠡᠷᠡᠭᠵᠢᠭᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠᠳᠤ | ᠪᠠᠭ᠎ᠠ ᠰᠤᠷᠭᠠᠭᠤᠯᠢ ᠶᠢᠨ ︽ᠬᠤᠳᠠ ᠶᠢᠨ ᠪᠣᠯᠪᠠᠰᠤᠷᠠᠯ ᠤᠨ ᠲᠥᠯᠥᠪᠯᠡᠭᠡ︾ ᠶᠢ ᠦᠷᠭᠦᠯᠵᠢᠯᠡᠨ ᠬᠡᠷᠡᠭᠵᠢᠭᠦᠯᠦᠨ᠎ᠡ᠃ | ︵ᠭᠤᠷᠪᠠ︶ ᠰᠣᠶᠣᠯ ᠤᠨ ᠦᠢᠯᠡᠰ ᠤᠨ ᠴᠡᠴᠡᠭᠯᠡᠨ ᠬᠦᠭᠵᠢᠯᠲᠡ ᠶᠢ ᠠᠬᠢᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠵᠠᠯᠭᠠᠮᠵᠢᠯᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠰᠢᠷᠢᠰ ᠭᠤᠣᠯ ᠰᠡᠳᠦᠪᠲᠦ ᠵᠣᠬᠢᠶᠠᠨ ᠪᠦᠲᠦᠭᠡᠯᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ | ᠵᠢᠯ ᠳᠤ 180 ᠬᠤᠪᠢ ᠠᠴᠠ ᠳᠡᠭᠡᠭᠰᠢ ᠪᠦᠲᠦᠭᠡᠯ ᠢ ᠰᠢᠨ᠎ᠡ ᠪᠠᠷ ᠡᠭᠦᠳᠴᠦ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ 1000 ᠲᠠᠯᠠᠪᠤᠷ | ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ | ᠨᠣᠮ ᠤᠨ ᠰᠠᠩ ᠤᠨ ᠰᠣᠶᠣᠯ ᠤᠨ ᠣᠷᠳᠣᠨ ᠤ ᠶᠡᠷᠦᠩᠬᠡᠢ ᠬᠤᠪᠢᠶᠠᠷᠢ ᠰᠠᠩ ᠤᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠲᠣᠭᠠᠴᠢᠯᠠᠭᠰᠠᠨ ᠡᠬᠢ ᠪᠠᠶᠠᠯᠢᠭ | ᠂ ᠭᠥᠨ ᠰᠡᠳᠭᠢᠨ ᠤᠩᠰᠢᠨ ᠣᠶᠢᠯᠠᠭᠠᠬᠤ ᠣᠷᠣᠨ ᠵᠠᠢ ᠵᠡᠷᠭᠡ ᠣᠶᠤᠨᠲᠤ ᠨᠣᠮ ᠤᠨ ᠰᠠᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠤᠨ᠎ᠠ᠃ | ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ ᠳᠤ ᠲᠦᠰᠢᠭᠯᠡᠨ ᠪᠠᠷᠠᠭᠤᠨ ᠯᠤᠤᠬ᠎ᠠ ᠶᠢᠨ ᠭᠤᠣᠯ ᠤᠨ ᠪᠣᠯᠪᠠᠰᠤᠨ ᠤ ᠰᠤᠳᠤᠯᠭᠠᠨ ᠤ | ᠰᠢᠷᠢᠰ ᠠᠵᠢᠯᠯᠠᠭ᠎ᠠ ᠶᠢ ᠶᠠᠪᠤᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠶᠢ ᠴᠢᠩᠭᠠᠳᠬᠠᠵᠤ᠂ ᠨᠢᠭᠡ ᠪᠦᠯᠦᠭ ᠪᠤᠳᠠᠰ ᠤᠨ | ᠪᠤᠰᠤ ᠰᠤᠶᠤᠯ ᠤᠨ ᠰᠠᠭᠤᠷᠢᠨ ᠭᠠᠵᠠᠷ᠂ ᠠᠵᠢᠯ ᠣᠯᠭᠤᠬᠤ ᠦᠢᠯᠡᠳᠬᠡᠯ ᠤᠨ ᠭᠠᠵᠠᠷ ᠢ ᠦᠨᠡᠯᠡᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯ | ᠲᠠᠷᠢᠶᠠᠯᠠᠩ ᠤᠨ ᠠᠵᠤ ᠠᠬᠤᠢ ᠶᠢᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠ ᠬᠤᠲᠠ ᠶᠢᠨ ᠪᠣᠳᠠᠰ ᠤᠨ ᠪᠤᠰᠤ | ᠰᠣᠶᠣᠯ ᠤᠨ ᠥᠪ ᠤᠨ ᠣᠷᠳᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠳᠥᠷᠪᠡ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠤᠯᠤᠰ ᠤᠨ ᠬᠢᠲᠠᠳ ᠡᠮ ᠡᠮᠨᠡᠯᠭᠡ ᠶᠢᠨ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢᠨ ᠣᠷᠣᠨ ᠢ ᠴᠢᠷᠮᠠᠶᠢᠨ ᠪᠠᠶᠢᠭᠤᠯᠤᠨ᠎ᠠ᠃ ᠲᠦᠩᠯᠢᠶᠣᠣ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ | ᠰᠢᠨ᠎ᠡ ᠬᠤᠷᠢᠶ᠎ᠠ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠦᠩᠯᠢᠶᠣᠣ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠰᠢᠨ᠎ᠡ ᠬᠤᠷᠢᠶ᠎ᠠ ᠶᠢᠨ | ᠭᠤᠣᠯ ᠴᠣᠭᠴᠠ ᠶᠢᠨ ᠠᠵᠢᠯ ᠢ ᠳᠠᠭᠤᠰᠬᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠵᠤ᠂ ᠬᠤᠯᠤᠭᠠᠨ᠎ᠠ ᠬᠢᠵᠢᠭ | ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ | ᠠᠵᠢᠯᠯᠠᠭᠤᠯᠬᠤ ᠶᠢ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ ᠣᠷᠣᠨᠴᠢ ᠠᠷᠢᠭᠤᠨ | ᠴᠡᠪᠡᠷ ᠤᠨ ᠬᠥᠳᠡᠯᠭᠡᠭᠡᠨ ᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠤᠰ ᠤᠨ ᠠᠷᠢᠭᠤᠨ ᠴᠡᠪᠡᠷ ᠬᠤᠲᠠ ᠶᠢᠨ ᠳᠠᠬᠢᠨ ᠬᠢᠨᠠᠯᠲᠠ ᠶᠢ ᠤᠭᠲᠤᠵᠤ᠂ ᠤᠯᠤᠰ ᠤᠨ | ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠠᠬᠢᠭᠤᠯᠤᠨ᠂ ︽ᠤᠯᠤᠰ ᠤᠨ ᠠᠷᠢᠭᠤᠨ ᠴᠡᠪᠡᠷ ᠰᠢᠶᠠᠩ ᠪᠠᠯᠭᠠᠰᠤ︾ ᠶᠢ ᠪᠦᠲᠦᠭᠡᠨ | ᠪᠠᠶᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ︽ᠬᠠᠵᠠᠭᠤ ᠳᠠᠬᠢ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠵᠠᠮ ᠢ 30 ᠢᠵᠢ ᠰᠢᠨ᠎ᠡ ᠪᠠᠷ ᠨᠡᠮᠡᠭᠳᠡᠭᠦᠯᠦᠨ᠂ ᠣᠶᠤᠨᠴᠢᠯᠠᠭᠰᠠᠨ ᠪᠡᠶ᠎ᠡ ᠴᠢᠭᠢᠷᠠᠭᠵᠢᠭᠤᠯᠬᠤ ᠵᠠᠮ ᠢ 2 ᠢᠵᠢ ᠲᠠᠰ | ᠳᠡᠪᠰᠢᠭᠦᠯᠵᠦ᠂ ᠠᠷᠠᠳ ᠢᠷᠭᠡᠳ ᠤᠨ ᠪᠡᠶ᠎ᠡ ᠴᠢᠭᠢᠷᠠᠭᠵᠢᠭᠤᠯᠬᠤ ᠭᠠᠵᠠᠷ ᠢ 3 ᠪᠠᠶᠢᠭᠤᠯᠵᠤ᠂ ᠳᠣᠯᠣᠳᠤᠭᠠᠷ ᠬᠤᠭᠤᠴᠠᠭᠠᠨ ᠤ ᠬᠤᠷᠴᠢᠨ ᠤ ᠪᠡᠶ᠎ᠡ ᠶᠢᠨ ᠲᠠᠮᠢᠷ ᠤᠨ | ᠶᠡᠭᠡ ᠬᠤᠷᠠᠯ ᠪᠠ ᠬᠤᠶᠠᠳᠤᠭᠠᠷ ᠬᠤᠭᠤᠴᠠᠭᠠᠨ ᠤ ᠬᠤᠷᠴᠢᠨ ᠤ ᠮᠠᠷᠠᠰᠤᠨ ᠤᠷᠤᠯᠳᠤᠭᠠᠨ ᠢ ᠰᠠᠶᠢᠲᠤᠷ ᠡᠷᠭᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ | ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ︵ᠲᠠᠪᠤ︶ ︽ᠳᠤᠯᠠᠭᠠᠯᠠᠬᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠤᠨ᠎ᠠ᠃ ︽ᠠᠷᠠᠳ ᠠᠴᠠ ᠳᠤᠯᠠᠭᠠᠯᠠᠭ᠎ᠠ ᠶᠢ | ᠠᠰᠠᠭᠤᠬᠤ︾ ᠠᠵᠢᠯᠯᠠᠭ᠎ᠠ ᠶᠢ ᠥᠷᠨᠢᠭᠦᠯᠵᠦ᠂ ︽ᠡᠪᠦᠯ ᠤᠨ ᠠᠰᠠᠭᠤᠳᠠᠯ ᠢ ᠵᠣᠨ ᠰᠢᠢᠳᠪᠦᠷᠢᠯᠡᠬᠦ︾ ᠶᠢ ᠬᠡᠷᠡᠭᠵᠢᠭᠦᠯᠵᠦ᠂ ᠴᠠᠬᠢᠯᠭᠠᠨ ᠲᠣᠣᠷ ᠤᠨ ᠣᠳᠣᠬᠢ | ᠪᠠᠶᠢᠳᠠᠯ ᠲᠠᠢ ᠤᠶᠠᠯᠳᠤᠭᠤᠯᠤᠨ᠂ ︽ᠨᠡᠭᠦᠷᠡᠰᠦ ᠬᠡᠷᠡᠭᠯᠡᠬᠦ ᠳᠤ ᠲᠣᠬᠢᠷᠠᠪᠠᠯ ᠨᠡᠭᠦᠷᠡᠰᠦ ᠬᠡᠷᠡᠭᠯᠡᠵᠦ᠂ ᠴᠠᠬᠢᠯᠭᠠᠨ ᠬᠡᠷᠡᠭᠯᠡᠬᠦ ᠳᠤ ᠲᠣᠬᠢᠷᠠᠪᠠᠯ ᠴᠠᠬᠢᠯᠭᠠᠨ ᠬᠡᠷᠡᠭᠯᠡᠬᠦ︾ | ᠵᠠᠷᠴᠢᠮ ᠶᠣᠰᠣᠭᠠᠷ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ᠂ ᠰᠢᠶᠠᠩ ᠪᠠᠯᠭᠠᠰᠤ᠂ ᠬᠥᠳᠡᠭᠡ ᠲᠣᠰᠬᠤᠨ ᠤ ᠳᠤᠯᠠᠭᠠᠯᠠᠭ᠎ᠠ ᠶᠢ ᠴᠡᠪᠡᠷᠰᠢᠭᠦᠯᠬᠦ | ᠥᠭᠡᠷᠡᠴᠢᠯᠡᠯᠲᠡ ᠶᠢ ᠠᠬᠢᠭᠤᠯᠤᠨ᠎ᠠ︔ ᠬᠤᠳᠠ ᠶᠢᠨ ᠰᠢᠨᠡᠴᠢᠯᠡᠯᠲᠡ ᠪᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠲᠠᠢ ᠤᠶᠠᠯᠳᠤᠭᠤᠯᠤᠨ | ᠂ ᠪᠦᠬᠦ ᠬᠤᠳᠠ ᠳᠤ 63 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠢ 36.6 ᠺᠢᠯᠣᠮᠧᠲᠷ᠂ ᠢᠯᠴᠢ | ᠰᠣᠯᠢᠯᠴᠠᠬᠤ ᠦᠷᠳᠡᠭᠡ ᠶᠢ 20 ᠰᠢᠨᠡᠳᠬᠡᠨ ᠦᠭᠡᠷᠡᠴᠢᠯᠡᠨ᠎ᠡ᠃ ᠲᠥᠪ ᠬᠤᠲᠠ ᠶᠢᠨ ᠲᠣᠭᠤᠷᠢᠭ ᠲᠤ ᠬᠤᠲᠠ ᠶᠢᠨ ᠵᠡᠭᠦᠨᠳᠡᠬᠢ ᠢᠯᠴᠢ ᠶᠢᠨ ᠢᠷᠡᠯᠲᠡ ᠶᠢᠨ ᠴᠡᠭ | ᠵᠢᠴᠢ ᠢᠵᠢ ᠪᠦᠷᠢᠳᠦᠭᠦᠯᠬᠦ ᠬᠤᠭᠤᠯᠠᠢ ᠶᠢᠨ ᠲᠣᠣᠷ᠂ ᠨᠡᠭᠡᠭᠡᠯᠲᠡ ᠶᠢᠨ ᠲᠣᠭᠤᠷᠢᠭ ᠤᠨ ᠲᠣᠭᠤᠷᠢᠯ ᠲᠣᠣᠷ᠂ ᠬᠤᠩ ᠭᠤᠸᠠᠩ ᠵᠡᠭᠡᠯᠢ ᠶᠢᠨ ᠭᠤᠣᠯ ᠠᠯᠤᠰᠯᠠᠭᠰᠠᠨ | ᠬᠤᠭᠤᠯᠠᠢ ᠶᠢᠨ ᠲᠣᠣᠷ᠂ ᠲᠦᠩᠯᠢᠶᠣᠣ 2×350 ᠰᠠᠶ᠎ᠠ ᠸᠠᠲ ᠤᠨ ᠣᠶᠤᠨᠲᠤ ᠢᠯᠴᠢ ᠶᠢᠨ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠮᠠᠰᠢᠨ | ᠴᠣᠭᠴᠠᠯᠠᠪᠤᠷᠢ ᠶᠢᠨ ᠢᠵᠢ ᠪᠦᠷᠢᠳᠦᠭᠦᠯᠦᠭᠰᠡᠨ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠤᠶᠠᠳᠤᠭᠠᠷ᠂ ᠭᠤᠷᠪᠠᠳᠤᠭᠠᠷ ᠬᠤᠭᠤᠴᠠᠭ᠎ᠠ ᠵᠡᠷᠭᠡ | ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠨ ᠡᠬᠢᠯᠡᠭᠦᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ | ᠣᠷᠣᠭᠤᠯᠤᠯᠲᠠ ᠶᠢᠨ 2×350 ᠰᠠᠶ᠎ᠠ ᠸᠠᠲ ᠤᠨ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠣᠯ ᠴᠣᠭᠴᠠ ᠶᠢᠨ ᠠᠵᠢᠯ | ᠳᠠᠭᠤᠰᠬᠤ ᠶᠢ ᠦᠨᠡᠨᠬᠦ ᠪᠠᠲᠤᠯᠠᠵᠤ᠂ 2×660 ᠰᠠᠶ᠎ᠠ ᠸᠠᠲ ᠤᠨ ᠢᠯᠴᠢ ᠶᠢᠨ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠮᠠᠰᠢᠨ ᠴᠣᠭᠴᠠᠯᠠᠪᠤᠷᠢ ᠶᠢᠨ ᠡᠮᠦᠨᠡᠬᠢ | ᠬᠤᠭᠤᠴᠠᠭᠠᠨ ᠤ ᠠᠵᠢᠯ ᠢ ᠠᠬᠢᠭᠤᠯᠤᠨ᠎ᠠ᠃ ᠳᠤᠯᠠᠭᠠᠯᠭ᠎ᠠ ᠶᠢᠨ ᠬᠠᠮᠢᠶᠠᠷᠤᠯᠲᠠ ᠶᠢᠨ ᠣᠶᠤᠨᠴᠢᠯᠠᠯᠲᠠ ᠶᠢ ᠠᠬᠢᠭᠤᠯᠵᠤ᠂ ᠳᠤᠯᠠᠭᠠᠯᠭ᠎ᠠ ᠶᠢᠨ ᠣᠶᠤᠨᠴᠢ ᠬᠢᠨᠠᠯᠲᠠ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠨ᠎ᠠ᠃ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠨᠢᠭᠡᠳᠦᠯᠲᠡᠢ ᠲᠥᠯᠥᠪᠯᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠨᠡᠶᠢᠭᠡᠮ ᠤᠨ | ᠳᠠᠭᠠᠳᠬᠠᠯ ᠳᠤ ᠣᠷᠣᠯᠴᠠᠬᠤ ᠪᠦᠷᠬᠦᠴᠡ ᠶᠢ ᠦᠷᠭᠦᠯᠵᠢᠯᠡᠨ ᠥᠷᠭᠡᠳᠬᠡᠵᠦ᠂ ᠨᠠᠰᠤᠵᠢᠯ ᠤᠨ ᠦᠨᠳᠦᠰᠦᠨ ᠳᠠᠭᠠᠳᠬᠠᠯ ᠤᠨ ᠮᠢᠩᠭᠠᠨ ᠲᠣᠰᠬᠤᠨ ᠢ ᠬᠠᠮᠤᠷᠬᠤ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠦᠬᠦ ᠬᠤᠳᠠ ᠶᠢᠨ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠬᠤ ᠬᠥᠮᠥᠨ ᠤ ᠲᠤᠭ᠎ᠠ ᠶᠢ 195 ᠲᠦᠮᠡᠨ | ᠬᠥᠮᠥᠨ ᠳᠤ ᠬᠦᠷᠭᠡᠬᠦ ᠪᠠᠷ ᠴᠢᠷᠮᠠᠶᠢᠨ᠎ᠠ᠃ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠬᠤᠭᠤᠯᠠ ᠤᠮᠳᠠ ᠪᠠᠷ ᠲᠤᠰᠠᠯᠠᠬᠤ | ᠦᠢᠯᠡᠴᠢᠯᠡᠭᠡᠨ ᠤ ᠨᠥᠬᠦᠪᠦᠷᠢ ᠶᠢᠨ ᠠᠷᠭ᠎ᠠ ᠶᠢ ᠨᠡᠶᠢᠲᠡᠯᠡᠵᠦ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠳᠠᠷᠤᠭᠠᠰᠤ ᠶᠢ ᠬᠦᠩᠭᠡᠯᠡᠨ᠎ᠡ᠃ | ᠨᠠᠰᠤᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠤᠲᠠ ᠪᠠᠯᠭᠠᠰᠤ ᠶᠢᠨ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 10 ᠰᠢᠨ᠎ᠡ ᠪᠠᠶᠢᠭᠤᠯᠵᠤ᠂ ᠬᠤᠰᠢᠭᠤ ᠰᠢᠶᠠᠨ ᠨᠢᠭᠡᠪᠦᠷᠢ ᠨᠠᠭᠠᠲᠤ ᠵᠠᠬ᠎ᠠ ᠳᠠᠭᠠᠨ 1 ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢ ᠬᠤᠰᠢᠭᠤ ᠰᠢᠶᠠᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠪᠣᠯᠭᠠᠨ ᠲᠠᠰ ᠳᠡᠪᠰᠢᠭᠦᠯᠵᠦ᠂ 20 ᠰᠤᠮᠤ ᠰᠢᠶᠠᠩ | ᠪᠠᠯᠭᠠᠰᠤ ᠶᠢᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠪᠠ 400 ᠭᠠᠴᠠᠭ᠎ᠠ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ | ᠪᠠᠶᠢᠭᠤᠯᠤᠨ᠎ᠠ᠃ ᠲᠦᠩᠯᠢᠶᠣᠣ ᠬᠤᠳᠠ ᠶᠢᠨ ᠢᠷᠠᠭᠤ ᠠᠯᠳᠠᠷ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠮᠢᠳᠤᠷᠠᠯ ᠨᠢ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢ ᠬᠠᠷᠰᠢ | ᠰᠠᠭᠠᠳ ᠦᠭᠡᠢ ᠪᠠᠷ ᠥᠭᠡᠷᠡᠴᠢᠯᠡᠬᠦ ᠡᠭᠦᠷᠭᠡ ᠶᠢ ᠪᠡᠶᠡᠯᠡᠭᠦᠯᠦᠨ᠎ᠡ᠃ ᠠᠷᠠᠳ ᠣᠯᠠᠨ ᠤ ᠵᠣᠯ ᠵᠢᠷᠭᠠᠯ ᠲᠠᠢ ᠠᠵᠤ ᠲᠦᠷᠦᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠳᠤ ᠵᠠᠰᠠᠪᠠᠰᠤ ᠵᠣᠬᠢᠬᠤ ᠶᠢ ᠨᠢ ᠪᠦᠬᠦᠨ ᠢ ᠥᠭᠡᠷᠡᠴᠢᠯᠡᠨ ᠵᠠᠰᠠᠬᠤ ᠪᠠᠷ | ᠴᠢᠷᠮᠠᠶᠢᠵᠤ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ | ᠬᠠᠭᠤᠴᠢᠨ ᠵᠢᠵᠢᠭ ᠰᠠᠭᠤᠭᠠᠯᠢ ᠲᠣᠭᠤᠷᠢᠭ ᠢ ᠰᠢᠨᠡᠳᠬᠡᠨ ᠵᠠᠰᠠᠬᠤ ᠶᠢ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ︽ | ᠲᠤᠰᠢᠶᠠᠬᠤ ᠶᠤᠰᠤᠲᠠᠢ ᠠᠰᠠᠷ︾ ᠤᠨ ᠠᠵᠢᠯ ᠢ ᠢᠳᠡᠪᠬᠢᠲᠡᠢ ᠠᠬᠢᠭᠤᠯᠤᠨ᠂ ᠲᠥᠷᠥᠯ ᠵᠦᠢᠯ ᠢ ᠲᠤᠰᠢᠶᠠᠨ ᠬᠡᠷᠡᠭᠯᠡᠭᠦᠯᠬᠦ ᠶᠢ ᠲᠦᠷᠭᠡᠳᠬᠡᠨ᠎ᠡ᠃ | 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ ᠪᠠᠶᠢᠨ᠎ᠠ᠃ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠤᠰ ᠪᠡᠶ᠎ᠡ ᠶᠢᠨ ᠠᠵᠢᠯ ᠤᠨ ᠢᠶᠠᠨ ᠲᠣᠭᠲᠠᠭᠠᠯᠲᠤ | ᠴᠢᠨᠠᠷ ᠢᠶᠠᠷ ᠪᠠᠶᠢᠳᠠᠯ ᠤᠨ ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ ᠠᠷᠭᠠᠴᠠᠬᠤ ᠪᠠᠷ ᠴᠢᠷᠮᠠᠶᠢᠬᠤ ᠬᠡᠷᠡᠭᠲᠡᠢ᠃ ᠠᠵᠤ ᠠᠬᠤᠢ ᠶᠢᠨ ᠠᠵᠢᠯ ᠤᠨ ᠶᠡᠷᠦᠩᠬᠡᠢ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠭᠤᠣᠯ ᠵᠥᠷᠢᠴᠡᠯ ᠢ ᠠᠳᠬᠤᠨ᠂ ᠤᠷᠢᠳᠴᠢᠯᠠᠨ ᠪᠠᠶᠢᠷᠢᠰᠢᠭᠤᠯᠬᠤ ᠶᠢ ᠴᠢᠬᠤᠯᠠᠴᠢᠯᠠᠵᠤ᠂ ᠲᠦᠷᠦ ᠶᠢᠨ | ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠳᠠᠪᠠᠯᠲᠠ ᠲᠠᠢ ᠨᠡᠬᠡᠯᠲᠡ ᠪᠠᠨ ᠲᠦᠷᠭᠡᠳᠬᠡᠵᠦ᠂ ᠦᠷᠭᠦᠯᠵᠢᠯᠡᠨ ᠰᠢᠪᠲᠤᠯᠤᠯᠲᠠ ᠬᠢᠵᠦ᠂ ᠦᠨᠡᠨ ᠢ ᠪᠠᠷᠢᠮᠲᠠᠯᠠᠨ | ᠪᠣᠳᠠᠲᠤ ᠠᠵᠢᠯᠯᠠᠭ᠎ᠠ ᠶᠢ ᠡᠷᠬᠢᠮᠯᠡᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ | ᠪᠡᠶᠡᠯᠡᠭᠦᠯᠬᠦ ᠬᠡᠷᠡᠭᠲᠡᠢ᠃ |