2023 ᠣᠨ ᠤ 11— 12 ᠳ᠋ᠤᠭᠠᠷ ᠰᠠᠷ᠎ᠠ ᠶᠢᠨ ᠲᠤᠮᠤ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/4/3
     ● 11 ᠳ᠋ᠦ᠋ᠭᠡᠷ ᠰᠠᠷ᠎ᠠ ᠶᠢᠨ 1 ᠳᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠶᠢᠦ ᠴᠧᠩ ᠠᠵᠤ ᠠᠬᠤᠶᠢᠯᠠᠯᠲᠠᠨ ᠤ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ ᠰᠢᠨᠵᠢᠯᠡᠨ ᠪᠠᠶᠢᠴᠠᠭᠠᠵᠤ ᠵᠣᠯᠭᠠᠭᠤᠯᠬᠤ ᠶᠢᠨ ᠬᠠᠮᠲᠤ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠫᠢᠩ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠯᠢᠩ ᠬᠤᠢ ᠵᠡᠷᠭᠡ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠪᠠᠷ᠎ᠠ ᠪᠣᠯᠪᠠ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠪᠦᠯᠬᠦᠮ ᠳᠠᠭᠠᠭᠤᠯᠤᠨ ᠺᠠᠶᠢᠯᠤ ᠰᠢᠶᠠᠨ ᠳᠤ ᠬᠦᠷᠴᠦ ᠪᠦᠬᠦ ᠬᠤᠳᠠ ᠶᠢᠨ ᠭᠤᠷᠪᠠᠳᠤᠭᠠᠷ ᠡᠭᠡᠯᠵᠢ ᠶᠢᠨ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠪᠡ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠶᠦᠩ ᠬᠤᠷᠴᠢᠨ ᠲᠣᠭᠤᠷᠢᠭ ᠲᠤ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠭᠠᠷᠳᠠᠨ ᠵᠢᠯᠣᠭᠤᠳᠪᠠ᠃      ● 11 ᠳ᠋ᠦ᠋ᠭᠡᠷ ᠰᠠᠷ᠎ᠠ ᠶᠢᠨ 1 ᠠᠴᠠ 2 ᠪᠣᠯᠲᠠᠯ᠎ᠠ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠰᠧᠴᠤᠸᠠᠨ ᠮᠤᠵᠢ ᠶᠢᠨ ᠨᠸᠢᠢᠵᠢᠶᠠᠩ ᠬᠤᠲᠠ ᠳᠤ ᠬᠦᠷᠴᠦ ᠪᠠᠶᠢᠴᠠᠭᠠᠨ ᠦᠵᠡᠵᠦ ᠬᠤᠳᠠᠯᠳᠤᠭᠠᠴᠢᠨ ᠤᠷᠢᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠪᠠᠷ᠎ᠠ ᠪᠣᠯᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠲᠢᠩᠬᠢᠮ ᠳᠤ ᠬᠦᠷᠴᠦ ᠠᠵᠢᠯ ᠵᠣᠯᠭᠠᠭᠤᠯᠪᠠ᠃      ● 11 ᠳ᠋ᠦ᠋ᠭᠡᠷ ᠰᠠᠷ᠎ᠠ ᠶᠢᠨ 1 ᠠᠴᠠ 2 ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠪᠡᠭᠡᠵᠢᠩ ᠬᠤᠲᠠ ᠳᠤ ᠬᠦᠷᠴᠦ ᠠᠮᠢᠳᠤ ᠪᠣᠳᠠᠰ ᠤᠨ ᠡᠮ ᠡᠮᠨᠡᠯᠭᠡ ᠶᠢᠨ ᠲᠦᠷᠦᠯ ᠵᠦᠢᠯ ᠢ ᠵᠣᠯᠭᠠᠭᠤᠯᠪᠠ᠃      ● 11 ᠳ᠋ᠦ᠋ᠭᠡᠷ ᠰᠠᠷ᠎ᠠ ᠶᠢᠨ 2 ᠲᠤ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠺᠠᠩ ᠶᠦᠩ ᠴᠢᠶᠠᠩ᠂ ᠸᠧᠢ ᠬᠤᠩ ᠲᠤᠤ᠂ ᠸᠠᠩ ᠶᠦᠩ᠂ ᠨᠢᠦ ᠸᠧᠨ ᠵᠢᠶᠦ᠋ᠨ᠂ ᠰᠦᠨ ᠯᠧ ᠬᠤᠳᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ᠂ ᠠᠩᠬᠠᠳᠤᠭᠠᠷ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠬᠤ ᠪᠠ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠪᠥᠬᠦ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 3 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠭᠤᠸᠠᠩᠰᠢ ᠶᠢᠨ ᠰᠢᠤᠸᠠᠢ ᠬᠤᠸᠠ ᠾᠧ ᠶᠠᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠦᠵᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠪᠠᠷ᠎ᠠ ᠪᠣᠯᠪᠠ᠃      ● 11 ᠳ᠋ᠦ᠋ᠭᠡᠷ ᠰᠠᠷ᠎ᠠ ᠶᠢᠨ 4 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠡᠭᠡᠵᠢᠩ ᠳᠤ ᠪᠡᠭᠡᠵᠢᠩ ᠤᠨ ᠬᠤᠸᠠ ᠨᠢᠦ ᠺᠣᠮᠫᠠᠨᠢ ᠶᠢᠨ ᠬᠢᠨ ᠲᠠᠢ ᠶᠠᠷᠢᠯᠴᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠬᠤᠷᠴᠢᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠪᠥᠬᠦ ᠬᠤᠲᠠ ᠶᠢᠨ ᠴᠠᠰᠤ ᠵᠤᠳ ᠢ ᠠᠷᠭᠠᠴᠠᠬᠤ ᠪᠡᠯᠡᠳᠬᠡᠯ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠰᠡᠷᠭᠡᠶᠢᠯᠡᠨ ᠠᠷᠭᠠᠴᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ● 11 ᠳ᠋ᠦ᠋ᠭᠡᠷ ᠰᠠᠷ᠎ᠠ ᠶᠢᠨ 6 ᠳᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ ᠮᠠᠣᠯ ᠬᠤᠲᠠ᠂ ᠶᠦᠨ ᠳ᠋ᠠ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠲᠣᠰᠣ ᠨᠡᠮᠡᠬᠦ ᠦᠷᠳᠡᠭᠡ ᠳᠤ ᠬᠦᠷᠴᠦ ᠴᠠᠰᠤᠨ ᠵᠤᠳ ᠢ ᠠᠷᠭᠠᠴᠠᠬᠤ ᠬᠠᠩᠭᠠᠯᠭ᠎ᠠ ᠶᠢ ᠪᠠᠲᠤᠯᠠᠬᠤ ᠶᠠᠪᠤᠳᠠᠯ ᠢ ᠪᠠᠶᠢᠴᠠᠭᠠᠨ ᠰᠤᠳᠤᠯᠵᠠᠢ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠭᠤᠣᠯᠳᠠᠯᠭ᠎ᠠ ᠲᠠᠢ ᠵᠠᠮ ᠤᠨ ᠬᠡᠰᠡᠭ ᠲᠤ ᠴᠠᠰᠤ ᠶᠢ ᠴᠡᠪᠡᠷᠯᠡᠬᠦ᠂ ᠵᠠᠮ ᠨᠡᠪᠲᠡᠷᠡᠯᠭᠡ ᠶᠢ ᠪᠠᠲᠤᠯᠠᠬᠤ ᠠᠵᠢᠯ ᠢ ᠵᠢᠯᠤᠭᠤᠳᠴᠤ ᠲᠣᠬᠢᠷᠠᠭᠤᠯᠪᠠ᠃      ● 11 ᠳ᠋ᠦ᠋ᠭᠡᠷ ᠰᠠᠷ᠎ᠠ ᠶᠢᠨ 6 ᠠᠴᠠ 7 ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠥᠸᠧ ᠬᠤᠸᠠ ᠬᠢᠩᠭᠠᠨ ᠠᠶᠢᠮᠠᠭ ᠲᠤ ᠪᠦᠭᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠭᠦ ᠣᠷᠣᠨ ᠪᠦᠰᠡ ᠪᠠᠷ ᠨᠢ ᠠᠬᠢᠭᠤᠯᠬᠤ ᠲᠤᠷᠰᠢᠯᠲᠠ ᠶᠢᠨ ᠲᠤᠬᠠᠢ ᠶᠢᠨ ᠭᠠᠵᠠᠷ ᠲᠤ ᠲᠣᠭᠤᠷᠢᠨ ᠦᠵᠡᠬᠦ ᠵᠢᠴᠢ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠤᠨ ᠪᠣᠯᠪᠠᠰᠤᠷᠠᠯ ᠤᠨ ᠠᠩᠭᠢ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 8 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠡᠶᠢᠭᠡᠮᠯᠢᠭ ᠤᠨ ᠠᠵᠤ ᠠᠬᠤᠶᠢᠯᠠᠯᠲᠠᠳ ᠤᠨ ᠺᠯᠦ᠋ᠪ ᠲᠤ ᠬᠦᠷᠴᠦ ᠵᠣᠯᠭᠠᠭᠤᠯᠤᠨ ᠶᠠᠷᠢᠯᠴᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠧᠢ ᠬᠤᠩ ᠲᠤᠸ ᠲᠠᠷᠢᠶᠠᠯᠠᠩ ᠤᠨ ᠬᠦᠷᠢᠶᠡᠨ ᠤ ᠵᠢᠭᠠᠯᠲᠠ ᠲᠤᠭ᠎ᠠ ᠶᠢᠨ ᠳᠠᠭᠠᠳᠬᠠᠯ ᠤᠨ ᠠᠵᠢᠯ ᠤᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ︔ ᠭᠤᠣᠯ ᠬᠤᠳᠠ ᠶᠢᠨ ᠲᠣᠭᠤᠷᠢᠭ ᠤᠨ ᠬᠤᠷᠠᠭᠰᠠᠨ ᠴᠠᠰᠤ ᠶᠢ ᠴᠡᠪᠡᠷᠯᠡᠬᠦ ᠠᠵᠢᠯ ᠢ ᠬᠢᠨᠠᠨ ᠵᠢᠯᠣᠭᠤᠳᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠵᠠᠷᠤᠳ ᠬᠤᠰᠢᠭᠤᠨ ᠳᠤ ᠭᠤᠷᠪᠠᠳᠤᠭᠠᠷ ᠡᠭᠡᠯᠵᠢ ᠶᠢᠨ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠬᠢᠨᠠᠨ ᠵᠢᠯᠣᠭᠤᠳᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠲᠠᠶᠢᠯᠤᠮᠵᠢ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 9 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠪᠣᠯᠣᠨ ᠰᠧᠴᠤᠸᠠᠨ ᠮᠤᠵᠢ ᠶᠢᠨ ᠮᠧᠶ ᠯᠢᠨ ᠠᠵᠤ ᠦᠢᠯᠡᠰ ᠤᠨ ᠪᠦᠯᠦᠭᠯᠡᠯ ᠤᠨ ᠶᠠᠷᠢᠯᠴᠠᠬᠤ ᠬᠤᠷᠠᠯ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ ᠶᠠᠷᠢᠯᠴᠠᠬᠤ ᠬᠤᠷᠠᠯ ᠢ ᠡᠷᠭᠢᠯᠡᠵᠡᠶ᠃      ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠡᠭᠡᠵᠢᠩ ᠤᠨ ᠨᠢᠦ ᠵᠢᠦᠢ ᠯᠢ ᠮᠠᠯ ᠠᠵᠤ ᠠᠬᠤᠢ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠳ᠋ᠠᠨ ᠨᠠᠷ ᠲᠠᠢ ᠠᠭᠤᠯᠵᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠤᠣᠯᠳᠠᠯᠭ᠎ᠠ ᠲᠠᠢ ᠳᠤᠷᠠᠳᠤᠯᠭ᠎ᠠ ᠶᠢ ᠱᠠᠭᠠᠷᠳᠠᠨ ᠭᠦᠢᠴᠡᠳᠬᠡᠬᠦ ᠬᠤᠷᠠᠯ ᠳᠤ ᠣᠷᠣᠯᠴᠠᠪᠠ︔ ᠨᠡᠭᠡᠭᠡᠯᠲᠡ ᠶᠢᠨ ᠲᠣᠭᠤᠷᠢᠭ ᠲᠤ ᠬᠦᠷᠴᠦ ᠭᠤᠷᠪᠠᠳᠤᠭᠠᠷ ᠡᠭᠡᠯᠵᠢ ᠶᠢᠨ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠪᠡ᠃      ● 11 ᠳ᠋ᠦ᠋ᠭᠡᠷ ᠰᠠᠷ᠎ᠠ ᠶᠢᠨ 9 ᠠᠴᠠ 10 ᠪᠣᠯᠲᠠᠯ᠎ᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠧᠢ ᠬᠤᠩ ᠲᠤᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠴᠦ ᠠᠵᠢᠯ ᠵᠣᠯᠭᠠᠭᠤᠯᠪᠠ᠃      ● 11 ᠳ᠋ᠦ᠋ᠭᠡᠷ ᠰᠠᠷ᠎ᠠ ᠶᠢᠨ 9 ᠠᠴᠠ 12 ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠱᠠᠨᠳᠦ᠋ᠩ ᠮᠤᠵᠢ  ᠶᠢᠨ ᠪᠢᠨᠵᠸᠦ ᠬᠤᠲᠠ ᠶᠢᠨ ᠶᠠᠩ ᠰᠢᠨ ᠰᠢᠶᠠᠨ ᠳᠤ ᠬᠦᠷᠴᠦ ᠠᠯᠠᠰᠢᠨ ᠦᠬᠡᠷ ᠤᠨ ᠠᠵᠤ ᠦᠢᠯᠡᠰ ᠢ ᠪᠠᠶᠢᠴᠠᠭᠠᠨ ᠦᠵᠡᠵᠦ᠂ ᠳᠤᠮᠳᠠᠳᠤ ᠤᠯᠤᠰ ᠤᠨ ᠦᠬᠡᠷ ᠤᠨ ᠠᠵᠤ ᠦᠢᠯᠡᠰ ᠤᠨ ᠬᠥᠭᠵᠢᠭᠦᠯᠦᠯᠲᠡ ᠶᠢᠨ ᠶᠡᠭᠡ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 10 ᠳᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠭᠤᠣᠯ ᠬᠤᠳᠠ ᠶᠢᠨ ᠲᠣᠭᠤᠷᠢᠭ ᠲᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ᠂ ᠴᠠᠰᠤ ᠶᠢ ᠴᠡᠪᠡᠷᠯᠡᠵᠦ ᠮᠥᠰᠥ ᠶᠢ ᠠᠷᠢᠯᠭᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ︔ ᠵᠢᠶᠠᠩᠰᠢ ᠮᠤᠵᠢ ᠶᠢᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠽᠧᠦ ᠱᠧᠩ ᠫᠢᠩ ᠨᠠᠷ ᠲᠠᠢ ᠠᠭᠤᠯᠵᠠᠪᠠ︔ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠡᠶᠢᠭᠡᠮᠯᠢᠭ ᠤᠨ ᠠᠵᠤ ᠠᠬᠤᠶᠢᠯᠠᠯᠲᠠᠳ ᠤᠨ ᠺᠯᠦ᠋ᠪ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠲᠠᠢ ᠠᠭᠤᠯᠵᠠᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠬᠤᠷᠠᠯ ᠡᠷᠭᠢᠯᠡᠪᠡ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ ᠬᠡᠷᠡᠭᠯᠡᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃      ● 11 ᠳ᠋ᠦ᠋ᠭᠡᠷ ᠰᠠᠷ᠎ᠠ ᠶᠢᠨ 11 ᠳᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠦᠬᠡᠷ ᠤᠨ ᠮᠢᠬ᠎ᠠ ᠶᠢᠨ ᠢᠳᠡᠭᠡᠨ ᠤᠮᠳᠠᠭᠠᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ︔ ᠬᠤᠳᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠬᠤᠷᠠᠯᠳᠤᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ︔ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠬᠢᠭᠡᠳ ᠣᠷᠣᠰ ᠤᠨ ᠨᠢᠺᠤᠯᠠᠶ ᠶᠢᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠢᠯᠭᠡᠭᠡᠨ ᠤ ᠡᠳ᠋ᠰᠢᠭᠦᠯᠵᠦ ᠭᠠᠶᠢᠯᠢ ᠪᠠᠲᠤᠯᠠᠬᠤ ᠬᠠᠮᠲᠤᠷᠠᠯᠴᠠᠭᠠᠨ ᠤ ᠣᠷᠣᠨ ᠤ ᠰᠢᠨᠵᠢᠯᠡᠨ ᠪᠠᠶᠢᠴᠠᠭᠠᠬᠤ ᠪᠦᠯᠬᠦᠮ ᠤᠨ ᠶᠠᠷᠢᠯᠴᠠᠬᠤ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 11 ᠠᠴᠠ 12 ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠵᠧᠵᠢᠶᠠᠩ ᠮᠤᠵᠢ ᠶᠢᠨ ᠯᠢᠱᠦ᠋ᠢ ᠬᠤᠲᠠ ᠶᠢᠨ ᠴᠢᠩᠲ᠋ᠢᠶᠠᠨ ᠰᠢᠶᠠᠨ ᠳᠤ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠥᠪᠯᠡᠯ ᠤᠨ ᠠᠩᠬᠠᠳᠤᠭᠠᠷ ᠪᠦᠭᠦᠳᠡ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 11 ᠠᠴᠠ 13 ᠪᠣᠯᠲᠠᠯ᠎ᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠳᠤ ᠬᠦᠷᠴᠦ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠠᠵᠢᠯ ᠢ ᠵᠣᠯᠭᠠᠭᠤᠯᠪᠠ᠃      ● 11 ᠳ᠋ᠦ᠋ᠭᠡᠷ ᠰᠠᠷ᠎ᠠ ᠶᠢᠨ 12 ᠲᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠨᠠᠢᠮᠠᠨ ᠬᠤᠰᠢᠭᠤᠨ ᠳᠤ ᠬᠦᠷᠴᠦ 2023 ᠣᠨ ᠤ ᠳᠤᠮᠳᠠᠳᠤ ᠤᠯᠤᠰ ᠤᠨ ᠤᠮᠠᠷᠠᠲᠤ ᠶᠢᠨ ᠵᠢᠪᠡᠷᠡᠬᠦ ᠦᠭᠡᠢ ᠪᠣᠯᠣᠳ ᠤᠨ ᠠᠵᠤ ᠦᠢᠯᠡᠰ ᠤᠨ ᠲᠤᠰᠬᠠᠢ ᠰᠡᠳᠦᠪᠲᠦ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 13 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠶᠢᠨ ᠯᠦᠩ ᠬᠠᠮᠲᠤᠷᠠᠭᠰᠠᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠣᠷᠣᠯᠴᠠᠵᠠᠢ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠬᠦᠷᠴᠦ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ᠂ ᠡᠮᠴᠢᠯᠡᠭᠡᠨ ᠤ ᠳᠠᠭᠠᠳᠬᠠᠯ ᠤᠨ ᠠᠵᠢᠯ ᠢ ᠬᠢᠨᠠᠨ ᠵᠢᠯᠣᠭᠤᠳᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ ᠲᠦᠩᠯᠢᠶᠣᠣ ᠬᠤᠲᠠ ᠶᠢᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠰᠤᠳᠤᠯᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ 2023 ᠣᠨ ᠤ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠬᠢᠨᠠᠨ ᠰᠢᠯᠭᠠᠵᠤ ᠦᠨᠡᠯᠡᠨ ᠵᠢᠱᠢᠬᠦ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 13 ᠠᠴᠠ 14  ᠳᠤ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠶᠦᠩ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠱᠠᠭᠠᠷᠳᠠᠨ ᠵᠢᠯᠤᠭᠤᠳᠬᠤ ᠳᠤᠭᠤᠶᠢᠯᠠᠩ ᠳᠤ ᠪᠠᠷ᠎ᠠ ᠪᠣᠯᠵᠤ ᠠᠵᠢᠯ ᠥᠷᠨᠢᠭᠦᠯᠪᠡ᠃      ● 11 ᠳ᠋ᠦ᠋ᠭᠡᠷ ᠰᠠᠷ᠎ᠠ ᠶᠢᠨ 14 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠡᠭᠡᠵᠢᠩ ᠳᠤ ᠪᠡᠭᠡᠵᠢᠩ ᠤᠨ ᠬᠤᠸᠠ ᠨᠢᠦ ᠺᠣᠮᠫᠠᠨᠢ ᠲᠠᠢ ᠶᠠᠷᠢᠯᠴᠠᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠤᠷᠠᠯ ᠳᠤ ᠣᠷᠣᠯᠴᠠᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠲᠦᠩᠯᠢᠶᠣᠣ ᠬᠤᠳᠠ ᠪᠣᠯᠣᠨ ᠶᠢᠨ ᠹᠧᠩ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠠᠷᠢᠯᠴᠠᠬᠤ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 15 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠪᠣᠯᠣᠨ ᠶᠢᠦ ᠴᠧᠩ ᠰᠠᠭᠤᠷᠢ ᠮᠥᠩᠭᠦᠨ ᠤ ᠨᠡᠶᠢᠭᠡᠮᠯᠢᠭ ᠤᠨ ᠶᠠᠷᠢᠯᠴᠠᠬᠤ ᠬᠤᠷᠠᠯ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠣᠷᠣᠯᠴᠠᠵᠠᠢ᠃      ᠪᠥᠬᠦ ᠬᠤᠲᠠ ᠶᠢᠨ ᠬᠤᠲᠠ ᠪᠠᠯᠭᠠᠰᠤᠨ ᠤ ᠳᠦᠷᠢᠮ ᠢ ᠵᠥᠷᠢᠴᠡᠭᠰᠡᠨ ᠪᠦᠲᠦᠭᠡᠨ ᠪᠠᠶᠢᠭᠤᠯᠤᠯᠲᠠ᠂ ᠭᠡᠷ ᠤᠨ ᠭᠠᠳᠠᠨᠠᠬᠢ ᠵᠠᠷ ᠮᠡᠳᠡᠭᠡᠨ ᠤ ᠢᠯᠡᠷᠬᠡᠶᠢᠯᠡᠯ ᠤᠨ ᠲᠥᠬᠦᠭᠡᠷᠦᠮᠵᠢ ᠶᠢ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠧᠢ ᠬᠤᠩ ᠲᠤᠸ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠤ ᠪᠠᠶᠢᠴᠠᠭᠠᠨ ᠰᠤᠳᠤᠯᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠨᠠᠢᠮᠠᠨ ᠬᠤᠰᠢᠭᠤᠨ ᠳᠤ ᠬᠦᠷᠴᠦ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ᠂ ᠡᠮᠴᠢᠯᠡᠭᠡᠨ ᠤ ᠳᠠᠭᠠᠳᠬᠠᠯ ᠤᠨ ᠠᠵᠢᠯ ᠢ ᠬᠢᠨᠠᠨ ᠵᠢᠯᠣᠭᠤᠳᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ ᠪᠥᠬᠦ ᠬᠤᠲᠠ ᠶᠢᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠭᠰᠠᠨ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠳᠠᠭᠠᠭᠠᠴᠢᠯᠠᠭᠰᠠᠨ ᠨᠢᠭᠡᠴᠡ ᠲᠦᠩᠯᠢᠶᠣᠣ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠰᠢᠨ᠎ᠡ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ ᠢᠳᠡᠭᠡᠨ ᠤ ᠠᠮᠤᠷ ᠲᠦᠪᠰᠢᠨ ᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠤᠯᠤᠰ ᠤᠨ ᠦᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠠᠩᠭᠠᠬᠤ ᠬᠠᠮᠲᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠤᠳᠤᠷᠢᠳᠬᠤ ᠳᠤᠭᠤᠶᠢᠯᠠᠩ ᠤᠨ 2023 ᠣᠨ ᠤ ᠳᠣᠯᠣᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ᠃      ● 11 ᠳ᠋ᠦ᠋ᠭᠡᠷ ᠰᠠᠷ᠎ᠠ ᠶᠢᠨ 16 ᠳᠤ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠺᠠᠩ ᠶᠦᠩ ᠴᠢᠶᠠᠩ᠂ ᠸᠠᠩ ᠶᠦᠩ ᠪᠦᠬᠦ ᠣᠷᠣᠨ ᠤ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠠᠵᠢᠯ ᠤᠨ ᠬᠤᠷᠠᠯ ᠵᠢᠴᠢ ᠪᠦᠬᠦ ᠣᠷᠣᠨ ᠤ ᠰᠦᠯᠵᠢᠶᠡᠨ ᠤ ᠠᠮᠤᠷ ᠲᠦᠪᠰᠢᠨ ᠪᠣᠯᠣᠨ ᠴᠢᠮᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯ ᠳᠤ ᠣᠷᠣᠯᠴᠠᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠷᠠᠯᠳᠤᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠵᠢᠶᠠ ᠨᠠᠷ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃      ● 11 ᠳ᠋ᠦ᠋ᠭᠡᠷ ᠰᠠᠷ᠎ᠠ ᠶᠢᠨ 18 ᠳᠤ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ︽ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠶᠢ ᠠᠬᠢᠭᠤᠯᠬᠤ︾ ᠭᠡᠬᠦ ᠰᠡᠳᠦᠪ ᠤᠨ ᠲᠣᠭᠤᠷᠢᠨ ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠵᠦ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠣᠷᠣᠯᠴᠠᠵᠠᠢ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠥᠪᠥᠷ ᠮᠣᠩᠭᠤᠯ ᠤᠨ ᠬᠢᠲᠠᠳ ᠮᠣᠩᠭᠤᠯ ᠡᠮ ᠡᠮᠨᠡᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠤᠨ ᠬᠢᠲᠠᠳ ︵ᠮᠣᠩᠭᠤᠯ︶ ᠡᠸᠦ᠋ᠷᠦᠫᠡ ᠡᠮᠨᠡᠯᠭᠡ ᠶᠢ ᠤᠶᠠᠯᠳᠤᠭᠤᠯᠤᠨ ᠠᠬᠢᠭᠤᠯᠬᠤ ᠬᠤᠪᠢᠶᠠᠷᠢ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 19 ᠳᠤ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠬᠦᠷᠢᠶ᠎ᠡ ᠬᠤᠰᠢᠭᠤ᠂ ᠨᠠᠢᠮᠠᠨ ᠬᠤᠰᠢᠭᠤᠨ ᠳᠤ ᠬᠦᠷᠴᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃      ● 11 ᠳ᠋ᠦ᠋ᠭᠡᠷ ᠰᠠᠷ᠎ᠠ ᠶᠢᠨ 20 ᠳᠤ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠬᠤᠷᠠᠯ ᠡᠷᠬᠢᠯᠡᠵᠤ ᠶᠠᠷᠢᠶ᠎ᠠ ᠲᠠᠯᠪᠢᠪᠠ᠃      ᠪᠦᠬᠦ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠵᠤ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠶᠦᠩ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠬᠦᠷᠢᠶ᠎ᠡ ᠬᠤᠰᠢᠭᠤᠨ ᠳᠤ ᠬᠦᠷᠴᠦ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ᠂ ᠡᠮᠴᠢᠯᠡᠭᠡᠨ ᠤ ᠳᠠᠭᠠᠳᠬᠠᠯ ᠤᠨ ᠠᠵᠢᠯ ᠢ ᠬᠢᠨᠠᠨ ᠵᠢᠯᠣᠭᠤᠳᠪᠠ᠃      ● 11 ᠳ᠋ᠦ᠋ᠭᠡᠷ ᠰᠠᠷ᠎ᠠ ᠶᠢᠨ 21 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠶᠢᠦ ᠴᠧᠩ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠫᠢᠩ ᠨᠠᠷ ᠲᠠᠢ ᠠᠭᠤᠯᠵᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠣᠷᠣᠯᠴᠠᠵᠠᠢ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠨᠠᠢᠮᠠᠨ ᠬᠤᠰᠢᠭᠤᠨ ᠳᠤ ᠬᠦᠷᠴᠦ ᠪᠥᠬᠦ ᠬᠤᠲᠠ ᠶᠢᠨ ᠰᠢᠶᠠᠨ ᠤ ᠬᠡᠪᠴᠢᠶᠡᠨ ᠳᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠤᠨ ᠰᠣᠯᠢᠯᠴᠠᠭᠠᠨ ᠤ ᠬᠤᠷᠠᠯ ᠳᠤ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠪᠥᠬᠦ ᠣᠷᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠪᠦᠯ ᠤᠨ ᠤᠯᠠᠷᠢᠯ ᠤᠨ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠠᠵᠢᠯ ᠤᠨ ᠲᠣᠬᠢᠷᠠᠭᠤᠯᠤᠯᠲᠠ ᠶᠢᠨ ᠲᠧᠯᠸᠢᠰ ᠤᠲᠠᠰᠤ ᠬᠤᠷᠠᠯ ᠳᠤ ᠣᠷᠣᠯᠴᠠᠪᠠ      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠸᠢᠳᠢᠤ᠋ ᠲᠣᠬᠢᠷᠠᠭᠤᠯᠤᠯᠲᠠ ᠶᠢᠨ ᠬᠤᠷᠠᠯ ᠵᠢᠴᠢ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶ᠎ᠡ ᠶᠢᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ︔ ᠪᠥᠬᠦ ᠣᠷᠣᠨ ᠤ ᠡᠪᠦᠯ ᠬᠠᠪᠤᠷ ᠤᠨ ᠳᠤᠯᠠᠭᠠᠯᠠᠭ᠎ᠠ ᠶᠢ ᠪᠠᠲᠤᠯᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 22 ᠲᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠳᠠ ᠶᠢᠨ ᠳᠠᠷᠤᠭ᠎ᠠ ᠴᠢ᠊ · ᠳᠠᠯᠠᠨᠲᠠᠢ ᠬᠤᠳᠠ ᠶᠢᠨ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠵᠣᠬᠢᠶᠠᠯ᠂ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠵᠢᠴᠢ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠺᠠᠩ ᠶᠦᠩ ᠴᠢᠶᠠᠩ᠂ ᠸᠧᠢ ᠬᠤᠩ ᠲᠤᠸ᠂ ᠸᠠᠩ ᠶᠦᠩ᠂ ᠰᠦᠨ ᠯᠧ᠂ ᠯᠢᠦᠢ ᠭᠦᠸᠧ ᠬᠤᠸᠠ᠂ ᠰᠢᠤᠸᠠᠨ ᠳ᠋ᠦᠩ ᠱᠧᠩ ᠣᠷᠣᠯᠴᠠᠵᠠᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ 2023 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠦᠩᠯᠢᠶᠣᠣ ᠬᠤᠲᠠ ᠶᠢᠨ 2024 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠵᠢᠴᠢ ᠢᠵᠢ ᠪᠦᠷᠢᠳᠦᠭᠰᠡᠨ ᠪᠢᠴᠢᠭ ᠮᠠᠲ᠋ᠧᠷᠢᠶᠠᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠳᠤᠮᠳᠠᠳᠤ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠶᠠᠷᠢᠯᠴᠠᠵᠤ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠯᠪᠠᠨ ᠳᠤ ᠬᠡᠷᠡᠭᠯᠡᠬᠦ ᠲᠡᠷᠭᠡ ᠶᠢᠨ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠶᠢᠨ ᠥᠭᠡᠷᠡᠴᠢᠯᠡᠯᠲᠡ ᠵᠡᠷᠭᠡ ᠤᠴᠢᠷ ᠶᠠᠪᠤᠳᠠᠯ ᠢ ᠰᠤᠳᠤᠯᠵᠠᠢ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠺᠠᠩ ᠶᠦᠩ ᠴᠢᠶᠠᠩ᠂ ᠸᠧᠢ ᠬᠤᠩ ᠲᠤᠸ᠂ ᠸᠠᠩ ᠶᠦᠩ᠂ ᠰᠦᠨ ᠯᠧ᠂ ᠯᠢᠦᠢ ᠭᠦᠸᠧ ᠬᠤᠸᠠ᠂ ᠰᠢᠤᠸᠠᠨ ᠳ᠋ᠦᠩ ᠱᠧᠩ ᠣᠷᠣᠯᠴᠠᠵᠠᠢ᠃      ᠪᠥᠬᠦ ᠬᠤᠲᠠ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠵᠢᠴᠢ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ● 11 ᠳ᠋ᠦ᠋ᠭᠡᠷ ᠰᠠᠷ᠎ᠠ ᠶᠢᠨ 22 ᠠᠴᠠ 24 ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠣᠣ ᠪᠠᠢ ᠢᠦᠢ ᠰᠢᠶᠠᠮᠧᠨ ᠬᠤᠲᠠ ᠳᠤ ᠬᠦᠷᠴᠦ 17 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠶᠢᠵᠢᠯᠲᠠ ᠶᠢᠨ ᠬᠡᠯᠪᠡᠷᠢ ᠶᠢᠨ ᠡᠮ ᠡᠮᠨᠡᠯᠭᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 23 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ  ᠶᠢᠨ ᠵᠠᠰᠠᠭ ᠤᠨ ᠣᠷᠳᠣᠨ ᠪᠣᠯᠣᠨ ᠵᠦᠩ ᠽᠢ ᠬᠥᠷᠥᠩᠭᠡ ᠶᠢᠨ ᠬᠢᠵᠠᠭᠠᠷᠲᠤ ᠺᠣᠮᠫᠠᠨᠢ ᠶᠢᠨ ᠶᠠᠷᠢᠯᠴᠠᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠣᠷᠣᠯᠴᠠᠵᠠᠢ᠃      ● 11 ᠳ᠋ᠦ᠋ᠭᠡᠷ ᠰᠠᠷ᠎ᠠ ᠶᠢᠨ 24  ᠳᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠺᠠᠶᠢᠯᠤ ᠰᠢᠶᠠᠨ ᠳᠤ ᠬᠦᠷᠴᠦ ᠮᠢᠩᠭᠠᠨ ᠲᠦᠮᠡᠨ ᠮᠦ ᠶᠢᠨ ᠤᠳᠤ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ᠂ ᠬᠠᠤᠯᠢ ᠲᠣᠭᠲᠠᠭᠠᠯ ᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠠᠢ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠣ ᠬᠤᠳᠠ ᠶᠢᠨ 2023 ᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠬᠠᠶᠢᠨᠠᠨ ᠮᠤᠵᠢ ᠶᠢᠨ ᠯᠧ ᠳ᠋ᠦᠩ ᠤᠨ ᠯᠢ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠲᠦᠩᠯᠢᠶᠣᠣ ᠬᠤᠳᠠ ᠶᠢᠨ ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠠᠶᠢᠨᠠᠨ ᠳᠠᠬᠢ ᠰᠠᠭᠤᠷᠢᠨ ᠭᠠᠵᠠᠷ ᠲᠤ᠂ ᠰᠠᠭᠤᠷᠢᠨ ᠭᠠᠵᠠᠷ ᠤᠨ ᠦᠷ᠎ᠡ ᠪᠣᠶᠢᠵᠢᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠬᠥᠬᠡᠬᠤᠲᠠ ᠳᠤ ᠬᠦᠷᠴᠦ ︽ᠬᠤᠪᠢᠶᠠᠷᠢ ᠺᠣᠮᠫᠠᠨᠢ ᠶᠢ ᠬᠦᠦ ᠺᠣᠮᠫᠠᠨᠢ ᠪᠣᠯᠭᠠᠨ ᠥᠭᠡᠷᠡᠴᠢᠯᠡᠬᠦ ᠲᠤᠬᠠᠢ ᠬᠤᠯᠪᠣᠭᠳᠠᠯ ᠪᠦᠬᠦᠢ ᠠᠵᠢᠯ ᠢ ᠰᠤᠳᠤᠯᠤᠨ ᠲᠣᠬᠢᠷᠠᠭᠤᠯᠬᠤ︾ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 25 ᠳᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ ︽ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠤᠮᠳᠠᠳᠤ ᠪᠠᠭ᠎ᠠ ᠪᠢᠴᠢᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ︾ ᠳᠤᠷᠠᠳᠤᠯᠭ᠎ᠠ ᠶᠢ ᠰᠢᠢᠳᠪᠦᠷᠢᠯᠡᠬᠦ ᠵᠥᠪᠯᠡᠯᠭᠡᠨ ᠤ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 26 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ  ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠷᠠᠯᠳᠤᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃      ︽ᠳᠤᠮᠳᠠᠳᠤ ᠶᠢᠨ ᠬᠦᠰᠡᠯ · ᠬᠥᠳᠡᠯᠮᠦᠷᠢ ᠶᠢᠨ ᠭᠤᠸ᠎ᠠ ᠰᠠᠶᠢᠬᠠᠨ ︱ ᠰᠣᠩᠭᠤᠳᠠᠭ ᠨᠣᠮ ᠤᠩᠰᠢᠵᠤ ᠴᠠᠭ ᠦᠶ᠎ᠡ ᠶᠢᠨ ᠲᠠᠷᠬᠠᠨ ᠪᠣᠯᠬᠤ ᠪᠠᠷ ᠴᠢᠷᠮᠠᠶᠢᠶ᠎ᠠ︾ ᠬᠡᠮᠡᠬᠦ 2023 ᠣᠨ ᠤ ᠪᠦᠬᠦ ᠤᠯᠤᠰ ᠤᠨ ᠠᠵᠢᠯᠴᠢᠨ ᠤ ᠡᠪᠯᠡᠯ ᠤᠨ ᠠᠵᠢᠯᠲᠠᠨ ᠠᠵᠢᠯᠴᠢᠨ ᠤ ᠨᠣᠮ ᠤᠨ ᠦᠷᠦᠭᠡ ᠶᠢᠨ ᠵᠢᠱᠢᠶ᠎ᠡ ᠦᠵᠡᠭᠦᠯᠬᠦ ᠴᠢᠨᠠᠷᠲᠠᠢ ᠭᠤᠣᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ︵ᠥᠪᠥᠷ ᠮᠣᠩᠭᠤᠯ ᠤᠨ ᠲᠦᠩᠯᠢᠶᠣᠣ ᠶᠢᠨ ᠲᠤᠰᠬᠠᠢ ᠲᠠᠯᠠᠪᠠᠢ︶ ᠶᠠᠪᠤᠭᠳᠠᠵᠤ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠰᠢᠤᠸᠠᠨ ᠳ᠋ᠦᠩ ᠱᠧᠩ ᠣᠷᠣᠯᠴᠠᠪᠠ᠃      ● 11 ᠳ᠋ᠦ᠋ᠭᠡᠷ ᠰᠠᠷ᠎ᠠ ᠶᠢᠨ 27 ᠳᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠠᠷᠤᠭ᠎ᠠ ᠵᠤᠤ ᠳ᠋ᠠ ᠶᠦᠩ ᠨᠠᠷ ᠮᠠᠨ ᠤ ᠬᠤᠳᠠ ᠳᠤ ᠢᠷᠡᠵᠦ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠯᠢᠦᠢ ᠭᠦᠸᠧ ᠬᠤᠸᠠ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠶᠦᠩ ᠬᠥᠬᠡᠬᠤᠲᠠ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠦ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ᠂ ᠡᠮᠴᠢᠯᠡᠭᠡᠨ ᠤ ᠳᠠᠭᠠᠳᠬᠠᠯ ᠤᠨ ᠠᠵᠢᠯ ᠢ ᠬᠢᠨᠠᠨ ᠵᠢᠯᠣᠭᠤᠳᠪᠠ᠃      ● 11 ᠳ᠋ᠦ᠋ᠭᠡᠷ ᠰᠠᠷ᠎ᠠ ᠶᠢᠨ 28 ᠳᠤ ᠪᠦᠬᠦ ᠬᠤᠳᠠ ᠶᠢᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠴᠢ᠊ · ᠳᠠᠯᠠᠨᠲᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠬᠤᠷᠠᠯ ᠡᠷᠬᠢᠯᠡᠪᠡ᠃      ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠴᠢ᠊ · ᠳᠠᠯᠠᠨᠲᠠᠢ ᠯᠢᠶᠣᠤ ᠾᠧ ᠴᠢᠯᠠᠭᠤᠨ ᠲᠤᠰᠤᠨ ᠤ ᠠᠭᠤᠷᠬᠠᠢ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠷᠧᠨ ᠸᠧᠨ ᠵᠢᠶᠦ᠋ᠨ ᠨᠠᠷ ᠲᠠᠢ ᠠᠭᠤᠯᠵᠠᠵᠤ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠨᠠᠷ ᠲᠤ ᠪᠠᠷ᠎ᠠ ᠪᠣᠯᠵᠤ ᠭᠤᠣᠯ ᠬᠤᠲᠠ ᠶᠢᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠬᠢᠨᠠᠨ ᠰᠢᠯᠭᠠᠵᠤ ᠦᠨᠡᠯᠡᠨ ᠵᠢᠱᠢᠬᠦ ᠰᠣᠯᠢᠯᠴᠠᠭᠠᠨ ᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠡᠪᠦᠯ ᠬᠠᠪᠤᠷ ᠤᠨ ᠤᠰᠤᠨ ᠠᠰᠢᠭᠯᠠᠯᠲᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 29 ᠳᠤ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠤ ᠬᠤᠯᠪᠣᠭᠳᠠᠯ ᠪᠦᠬᠦᠢ ᠠᠵᠢᠯ ᠢ ᠰᠤᠳᠤᠯᠪᠠ︔ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠦᠯᠵᠢᠶᠡᠨ ᠳᠡᠭᠡᠷᠡᠬᠢ ᠲᠠᠶᠢᠯᠤᠮᠵᠢ ᠳᠤ ᠣᠷᠣᠯᠴᠠᠪᠠ᠃      ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠩᠬᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠬᠦᠷᠢᠶ᠎ᠡ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠤᠷᠴᠢᠨ ᠲᠣᠭᠤᠷᠢᠭ ᠲᠤ ᠬᠦᠷᠴᠦ ᠯᠢᠶᠣᠤᠨᠢᠩ ᠤᠨ ᠪᠠᠷᠠᠭᠤᠨ ᠬᠤᠶᠢᠲᠤ ᠬᠡᠰᠡᠭ ᠲᠤ ᠤᠰᠤ ᠬᠠᠩᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠪᠦᠬᠦ ᠣᠷᠣᠨ ᠤ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠳᠤ ᠣᠷᠣᠯᠴᠠᠪᠠ᠃      ● 11 ᠳ᠋ᠦ᠋ᠭᠡᠷ ᠰᠠᠷ᠎ᠠ ᠶᠢᠨ 30 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠹᠦ᠋ ᠶᠣᠣ ᠪᠦᠯᠦᠭᠯᠡᠯ ᠤᠨ ᠶᠡᠷᠦᠩᠬᠡᠢ ᠵᠠᠬᠢᠷᠭ᠎ᠠ ᠳᠤ ᠬᠦᠷᠴᠦ ᠠᠵᠢᠯ ᠪᠠᠶᠢᠴᠠᠭᠠᠵᠤ ᠵᠣᠯᠭᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠣᠷᠣᠯᠴᠠᠵᠠᠢ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠬᠤᠷᠴᠢᠨ ᠲᠣᠭᠤᠷᠢᠭ ᠲᠤ ᠬᠦᠷᠴᠦ ᠠᠶᠤᠯᠭᠦᠢ ᠦᠢᠯᠡᠳᠪᠦᠷᠢᠯᠡᠯ ᠢ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ ᠢ ᠲᠤᠬᠠᠢ ᠶᠢᠨ ᠲᠠᠯᠠᠪᠠᠶ ᠳᠤ ᠠᠵᠢᠯᠯᠠᠬᠤ ᠬᠤᠷᠠᠯ ᠬᠤᠷᠠᠯᠳᠤᠭᠤᠯᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠷᠴᠢᠨ ᠤ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠡ︔ ᠲᠦᠩᠯᠢᠶᠣᠣ ᠶᠢᠨ ᠲᠠᠪᠤᠳᠤᠭᠠᠷ ᠳᠤᠮᠳᠠᠳᠤ ᠰᠤᠷᠭᠠᠭᠤᠯᠢ᠂ ᠲᠦᠩᠯᠢᠶᠣᠣ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠬᠢᠨᠠᠨ ᠵᠢᠯᠤᠭᠤᠳᠬᠤ ᠠᠵᠢᠯ ᠥᠷᠨᠢᠭᠦᠯᠪᠡ︔ ᠬᠤᠷᠴᠢᠨ ᠲᠣᠭᠤᠷᠢᠭ ᠲᠤ ᠬᠦᠷᠴᠦ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ᠂ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠦᠬᠦᠢ ᠠᠵᠢᠯ ᠢ ᠬᠢᠨᠠᠨ ᠵᠢᠯᠣᠭᠤᠳᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠺᠠᠶᠢᠯᠤ ᠰᠢᠶᠠᠨ ᠳᠤ ᠬᠦᠷᠴᠦ ᠲᠣᠶᠢᠭ ᠤᠨ ᠭᠤᠣᠯ ᠤᠨ ᠬᠡᠰᠡᠭ ᠲᠤ ᠭᠤᠣᠯ ᠴᠠᠭᠳᠠᠬᠤ ᠠᠵᠢᠯ ᠥᠷᠨᠢᠭᠦᠯᠪᠡ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠪᠥᠬᠦ ᠬᠤᠲᠠ ᠶᠢᠨ ᠮᠠᠯ ᠲᠠᠷᠢᠶᠠᠯᠠᠩ ᠤᠨ ᠠᠵᠤ ᠠᠬᠤᠢ ᠪᠠ ᠤᠰᠤᠨ ᠠᠰᠢᠭᠯᠠᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠪᠦᠬᠦ ᠣᠷᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠸᠢᠳᠢᠤ᠋ ᠬᠤᠷᠠᠯ ᠳᠤ ᠣᠷᠣᠯᠴᠠᠪᠠ᠃      ● 12 ᠳ᠋ᠤᠭᠠᠷ ᠰᠠᠷ᠎ᠠ ᠶᠢᠨ 1 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠰᠢᠶᠠᠮᠧᠨ ᠤ ᠶᠢᠨ ᠯᠥᠩ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠬᠠᠮᠲᠤᠷᠠᠭᠰᠠᠨ ᠬᠢᠵᠠᠭᠠᠷᠲᠤ ᠺᠣᠮᠫᠠᠨᠢ ᠳᠤ ᠬᠦᠷᠴᠦ ᠬᠠᠷᠢᠭᠤ ᠰᠤᠷᠪᠤᠯᠵᠢᠯᠠᠨ ᠵᠣᠯᠭᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠣᠷᠣᠯᠴᠠᠵᠠᠢ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠤᠶᠢᠲᠤ ᠲᠣᠭᠤᠷᠢᠭ ᠤᠨ ᠲᠠᠷᠢᠶᠠᠯᠠᠩ ᠤᠨ ᠳᠡᠭᠡᠳᠦ ᠰᠤᠷᠭᠠᠭᠤᠯᠢ᠂ ᠲᠦᠩᠯᠢᠶᠣᠣ ᠶᠢᠨ ᠶᠦᠨ ᠳ᠋ᠡ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠤᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ︔ ᠪᠥᠬᠦ ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡ ᠶᠢᠨ ᠬᠤᠸᠠᠷᠠᠨ ᠤ ᠦᠨᠳᠦᠰᠦᠨ ᠪᠣᠯᠪᠠᠰᠤᠷᠠᠯ ᠤᠨ ᠲᠤᠬᠠᠢ ᠶᠢᠨ ᠲᠠᠯᠠᠪᠠᠶ ᠶᠢᠨ ᠬᠤᠷᠠᠯ ᠵᠢᠴᠢ ᠪᠠᠶᠢᠯᠳᠤᠭᠠᠨ ᠪᠣᠯᠪᠠᠰᠤᠷᠠᠯ ᠤᠨ ᠠᠵᠢᠯ ᠤᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠺᠠᠶᠢᠯᠤ ᠰᠢᠶᠠᠨ ᠳᠤ ᠬᠦᠷᠴᠦ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ᠂ ᠡᠮᠴᠢᠯᠡᠭᠡᠨ ᠤ ᠳᠠᠭᠠᠳᠬᠠᠯ ᠤᠨ ᠠᠵᠢᠯ ᠢ ᠬᠢᠨᠠᠨ ᠵᠢᠯᠣᠭᠤᠳᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠴᠤᠭ ᠨᠠᠷ ᠲᠤ ᠪᠠᠷ᠎ᠠ ᠪᠣᠯᠵᠤ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ︽ᠨᠡᠶᠢᠲᠡ ᠶᠢᠨ ᠠᠰᠠᠷᠠᠮᠵᠢ ᠶᠢᠨ ᠰᠤᠭᠤᠯᠤᠭ᠎ᠠ ᠬᠠᠶᠢᠷ᠎ᠠ ᠬᠠᠯᠠᠮᠵᠢ ᠬᠦᠷᠲᠡᠭᠡᠮᠦᠢ︾ ︱ ᠥᠪᠥᠷ ᠮᠣᠩᠭᠤᠯ ᠤᠨ ᠠᠰᠠᠷᠠᠮᠵᠢ ᠶᠢᠨ ᠰᠤᠭᠤᠯᠤᠭ᠎ᠠ ᠶᠢᠨ ︽ᠬᠤᠶᠠᠷ ᠥᠩᠭᠡᠲᠦ ᠪᠥᠮᠪᠦᠭᠡ · ᠴᠢᠮ᠎ᠠ ᠳᠤ ᠤᠯᠠᠭᠠᠨ ᠬᠤᠸᠠᠷ ᠬᠦᠷᠭᠡᠶ᠎ᠡ︾ ᠭᠡᠬᠦ ᠲᠤᠬᠠᠢ ᠶᠢᠨ ᠲᠠᠯᠠᠪᠠᠢ ᠶᠢᠨ ᠬᠠᠨᠳᠢᠪᠯᠡᠬᠤ ᠠᠵᠢᠯᠯᠠᠭ᠎ᠠ ᠳᠤ ᠣᠷᠣᠯᠴᠠᠪᠠ᠃       ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠨᠠᠢᠮᠠᠨ ᠬᠤᠰᠢᠭᠤᠨ ᠳᠤ ᠬᠦᠷᠴᠦ ᠯᠢᠶᠣᠤᠨᠢᠩ ᠤᠨ ᠪᠠᠷᠠᠭᠤᠨ ᠬᠤᠶᠢᠲᠤ ᠬᠡᠰᠡᠭ ᠲᠤ ᠤᠰᠤ ᠬᠠᠩᠭᠠᠬᠤ ᠲᠥᠷᠥᠯ ᠵᠦᠢᠯ ᠪᠠ ᠪᠠᠶᠢᠭᠠᠯᠢ ᠶᠢᠨ ᠬᠤᠵᠢᠷ ᠤᠨ ᠬᠠᠶᠢᠨ ᠰᠢᠨᠵᠢᠯᠡᠯᠲᠡ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ᠂ ᠴᠢᠩᠳᠣᠣ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠶᠠᠷᠢᠯᠴᠠᠬᠤ ᠬᠤᠷᠠᠯ ᠳᠤ ᠣᠷᠣᠯᠴᠠᠪᠠ᠃      ● 12 ᠳ᠋ᠤᠭᠠᠷ ᠰᠠᠷ᠎ᠠ ᠶᠢᠨ 2 ᠠᠴᠠ 3 ᠪᠣᠯᠲᠠᠯ᠎ᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠬᠤᠣᠯᠢᠩᠭᠤᠣᠯ ᠬᠤᠲᠠ᠂ ᠵᠠᠷᠤᠳ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ᠃      ● 12 ᠳ᠋ᠤᠭᠠᠷ ᠰᠠᠷ᠎ᠠ ᠶᠢᠨ 4 ᠳᠤ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠺᠠᠩ ᠶᠦᠩ ᠴᠢᠶᠠᠩ᠂ ᠸᠧᠢ ᠬᠤᠩ ᠲᠤᠤ᠂ ᠸᠠᠩ ᠶᠦᠩ᠂ ᠼᠤᠤ ᠶᠢᠨ ᠱᠠᠨ᠂ ᠰᠦᠨ ᠯᠧ᠂ ᠯᠢᠦᠢ ᠭᠦᠸᠧ ᠬᠤᠸᠠ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠳᠤ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠼᠤᠤ ᠶᠢᠨ ᠱᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠱᠠᠩᠨᠠᠯ ᠤᠨ ᠶᠡᠭᠡ ᠬᠤᠷᠠᠯ ᠳᠤ ᠣᠷᠣᠯᠴᠠᠪᠠ᠃      ● 12 ᠳ᠋ᠤᠭᠠᠷ ᠰᠠᠷ᠎ᠠ ᠶᠢᠨ 5 ᠳᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠮᠦᠭᠳᠡᠨ ᠤ ᠲᠡᠮᠦᠷ ᠵᠠᠮ ᠤᠨ ᠲᠣᠪᠴᠢᠶᠠᠨ ᠳᠤ ᠬᠦᠷᠴᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠤᠴᠢᠷ ᠶᠠᠪᠤᠳᠠᠯ ᠢ ᠵᠣᠯᠭᠠᠭᠤᠯᠪᠠ᠃      ● 12 ᠳ᠋ᠤᠭᠠᠷ ᠰᠠᠷ᠎ᠠ ᠶᠢᠨ 6 ᠳᠤ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ︵ᠥᠷᠭᠡᠳᠬᠡᠭᠰᠡᠨ︶ ᠵᠢᠴᠢ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠲᠠᠶᠢᠯᠤᠮᠵᠢ ᠬᠢᠬᠦ ᠶᠢᠨ ᠬᠠᠮᠲᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠠᠵᠢᠯ ᠢ ᠡᠷᠭᠢᠯᠡᠨ ᠪᠠᠶᠢᠷᠢᠯᠠᠭᠤᠯᠵᠤ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠧᠢ ᠬᠤᠩ ᠲᠤᠸ᠂ ᠸᠠᠩ ᠶᠦᠩ᠂ ᠼᠤᠤ ᠶᠢᠨ ᠱᠠᠨ᠂ ᠨᠢᠦ ᠸᠧᠨ ᠵᠢᠶᠦ᠋ᠨ᠂ ᠰᠦᠨ ᠯᠧ᠂ ᠯᠢᠦᠢ ᠭᠦᠸᠧ ᠬᠤᠸᠠ᠂ ᠰᠢᠤᠸᠠᠨ ᠳ᠋ᠦᠩ ᠱᠧᠩ ᠣᠷᠣᠯᠴᠠᠵᠠᠢ᠃      ● 12 ᠳ᠋ᠤᠭᠠᠷ ᠰᠠᠷ᠎ᠠ ᠶᠢᠨ 6 ᠠᠴᠠ 7 ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢᠨ ᠭᠤᠷᠪᠠᠳᠤᠭᠠᠷ ᠳᠤᠭᠤᠶᠢᠯᠠᠩ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠸᠧᠢ ᠳ᠋ᠦᠩ ᠲᠦᠩᠯᠢᠶᠣᠣ ᠬᠤᠲᠠ ᠳᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠪᠠ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠯᠢᠦᠢ ᠭᠦᠸᠧ ᠬᠤᠸᠠ᠂ ᠰᠢᠤᠸᠠᠨ ᠳ᠋ᠦᠩ ᠱᠧᠩ ᠪᠠᠷ᠎ᠠ ᠪᠣᠯᠪᠠ᠃      ● 12 ᠳ᠋ᠤᠭᠠᠷ ᠰᠠᠷ᠎ᠠ ᠶᠢᠨ 7 ᠳᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠬᠦ ᠬᠤᠳᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠨ᠎ᠡ ᠶᠢ ᠡᠭᠦᠳᠬᠦ ᠣᠨ ᠵᠢᠴᠢ ᠡᠪᠦᠯ ᠤᠨ ᠤᠯᠠᠷᠢᠯ ᠤᠨ ᠳᠠᠶᠢᠯᠠᠯᠳᠤᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠺᠠᠩ ᠶᠦᠩ ᠴᠢᠶᠠᠩ᠂ ᠸᠧᠢ ᠬᠤᠩ ᠲᠤᠤ᠂ ᠸᠠᠩ ᠶᠦᠩ᠂ ᠰᠦᠨ ᠯᠧ᠂ ᠯᠢᠦᠢ ᠭᠦᠸᠧ ᠬᠤᠸᠠ ᠣᠷᠣᠯᠴᠠᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠴᠢ᠊ · ᠳᠠᠯᠠᠨᠲᠠᠢ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠪᠡᠭᠡᠵᠢᠩ ᠤᠨ ᠬᠠᠶᠢᠨ ᠬᠡᠮᠵᠢᠯᠲᠡ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ ᠵᠦ ᠭᠦᠸᠧ ᠶᠢᠨ ᠨᠠᠷ ᠲᠠᠢ ᠠᠭᠤᠯᠵᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠣᠷᠣᠯᠴᠠᠵᠠᠢ᠃      ᠲᠦᠩᠯᠢᠶᠣᠣ ᠶᠢᠨ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠲᠠᠯᠠᠪᠤᠷ ᠢ ᠡᠬᠢᠯᠡᠵᠦ ᠬᠡᠷᠡᠭᠯᠡᠬᠦ ᠶᠣᠰᠣᠯᠠᠯ ᠶᠠᠪᠤᠭᠳᠠᠵᠤ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠨᠢᠦ ᠸᠧᠨ ᠵᠢᠶᠦ᠋ᠨ ᠣᠷᠣᠯᠴᠠᠵᠠᠢ᠃      ● 12 ᠳ᠋ᠤᠭᠠᠷ ᠰᠠᠷ᠎ᠠ ᠶᠢᠨ 8 ᠳᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠤ ᠬᠤᠷᠴᠢᠨ ᠲᠣᠭᠤᠷᠢᠭ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠠᠷᠠᠳ ᠤᠨ ᠰᠦᠯᠵᠢᠶ᠎ᠡ ᠶᠢᠨ ᠠᠩᠬᠠᠳᠤᠭᠠᠷ ᠬᠤᠭᠤᠴᠠᠭᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠷᠢᠯᠴᠠᠭᠠᠨ ᠤ ᠲᠠᠪᠴᠠᠩ ᠳᠤ ᠣᠷᠣᠯᠴᠠᠪᠠ᠃      ● 12 ᠳ᠋ᠤᠭᠠᠷ ᠰᠠᠷ᠎ᠠ ᠶᠢᠨ 11 ᠳᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠪᠡᠭᠡᠵᠢᠩ ᠬᠤᠲᠠ ᠳᠤ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ᠲᠠᠢ ᠬᠢᠲᠠᠳ ᠡᠮ ᠡᠮᠨᠡᠯᠭᠡ ᠶᠢᠨ ᠴᠢᠨᠠᠷ ᠰᠠᠶᠢᠲᠠᠢ ᠬᠥᠭᠵᠢᠯᠲᠡ  ᠶᠢᠨ ᠲᠥᠷᠥᠯ ᠵᠦᠢᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠵᠣᠯᠭᠠᠭᠤᠯᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠭᠤᠤ ᠵᠠᠨ ᠱᠧᠩ ᠨᠠᠷ ᠲᠤ ᠪᠠᠷ᠎ᠠ ᠪᠣᠯᠵᠤ ᠬᠤᠷᠴᠢᠨ ᠲᠣᠭᠤᠷᠢᠭ ᠲᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠳᠤᠮᠳᠠᠳᠤ ᠤᠯᠤᠰ ᠤᠨ ᠭᠤᠸᠠᠩ ᠾᠧ ᠰᠢᠨ᠎ᠡ ᠡᠨᠧᠷᠭᠢ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠶᠠᠷᠢᠯᠴᠠᠬᠤ ᠬᠤᠷᠠᠯ ᠳᠤ ᠣᠷᠣᠯᠴᠠᠪᠠ᠃      ● 12 ᠳ᠋ᠤᠭᠠᠷ ᠰᠠᠷ᠎ᠠ ᠶᠢᠨ 12 ᠲᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠷᠴᠢᠨ ᠤ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠣᠷᠣᠯᠴᠠᠵᠠᠢ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠭᠤᠤ ᠵᠠᠨ ᠱᠧᠩ ᠨᠠᠷ ᠲᠤ ᠪᠠᠷ᠎ᠠ ᠪᠣᠯᠵᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠤᠷᠴᠢᠨ ᠲᠣᠭᠤᠷᠢᠭ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠡᠶᠡᠴᠢᠯᠡᠨ ᠣᠶᠢᠯᠠᠭᠠᠬᠤ ᠲᠣᠭᠤᠷᠢᠨ ᠦᠵᠡᠭᠦᠯᠦᠯᠭᠡ︾ ᠶᠢᠨ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠳᠤ ᠣᠷᠣᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠠᠢ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠲᠦᠩᠯᠢᠶᠣᠣ ᠬᠤᠲᠠ ᠬᠢᠭᠡᠳ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠶᠠᠷᠢᠯᠴᠠᠬᠤ ᠬᠤᠷᠠᠯ ᠳᠤ ᠣᠷᠣᠯᠴᠠᠪᠠ᠃      ● 12 ᠳ᠋ᠤᠭᠠᠷ ᠰᠠᠷ᠎ᠠ ᠶᠢᠨ 14 ᠳᠤ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠼᠤᠤ ᠶᠢᠨ ᠱᠠᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠵᠡᠢ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠬᠤᠳᠠ ᠶᠢᠨ ᠵᠠᠰᠠᠭ ᠤᠨ ᠣᠷᠳᠣᠨ ᠪᠣᠯᠣᠨ ᠵᠦᠩ ᠬᠤᠸᠠ ᠤᠳᠤ ᠦᠶ᠎ᠡ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠶᠠᠷᠢᠯᠴᠠᠬᠤ ᠬᠤᠷᠠᠯ ᠳᠤ ᠣᠷᠣᠯᠴᠠᠪᠠ᠃      12 ᠳ᠋ᠤᠭᠠᠷ ᠰᠠᠷ᠎ᠠ ᠶᠢᠨ 14 ᠠᠴᠠ 15 ᠳᠤ ᠪᠣᠯᠲᠠᠯ᠎ᠠ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠨᠠᠢᠮᠠᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ᠃      ● 12 ᠳ᠋ᠤᠭᠠᠷ ᠰᠠᠷ᠎ᠠ ᠶᠢᠨ 14 ᠠᠴᠠ 17 ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠬᠤᠨᠠᠨ ᠮᠤᠵᠢ ᠶᠢᠨ ᠴᠠᠩᠱᠠ ᠬᠤᠲᠠ᠂ ᠰᠢᠶᠠᠩᠲ᠋ᠠᠨ ᠬᠤᠲᠠ᠂ ᠪᠡᠭᠡᠵᠢᠩ ᠬᠤᠲᠠ ᠵᠡᠷᠭᠡ ᠭᠠᠵᠠᠷ ᠲᠤ ᠬᠦᠷᠴᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠲᠡᠷᠢᠭᠦᠨ ᠤ ᠲᠤᠷᠰᠢᠯᠭ᠎ᠠ ᠪᠣᠯᠣᠨ ᠨᠡᠶᠢᠲᠡᠯᠢᠭ ᠠᠷᠭ᠎ᠠ ᠬᠢᠳᠡᠯ ᠢ ᠰᠢᠨᠵᠢᠯᠡᠨ ᠪᠠᠶᠢᠴᠠᠭᠠᠪᠠ᠃      ● 12 ᠳ᠋ᠤᠭᠠᠷ ᠰᠠᠷ᠎ᠠ ᠶᠢᠨ 15 ᠳᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠮᠣᠩᠭᠤᠯ ᠭᠡᠷ ᠢᠳᠡᠭᠡᠨ ᠤ ᠬᠢᠵᠠᠭᠠᠷᠲᠤ ᠺᠣᠮᠫᠠᠨᠢ᠂ ᠵᠢᠩ ᠠᠨ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠪᠡ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠧᠢ ᠬᠤᠩ ᠲᠤᠸ ︽ᠬᠤᠷᠴᠢᠨ ᠤ ᠬᠢᠴᠢᠶᠡᠯ ᠤᠨ ᠲᠠᠩᠬᠢᠮ︾ ᠤᠨ 2023 ᠣᠨ ᠤ 14 ᠳ᠋ᠦ᠋ᠭᠡᠷ ᠬᠤᠭᠤᠴᠠᠭᠠᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠰᠡᠳᠦᠪᠲᠦ ᠲᠠᠶᠢᠯᠤᠮᠵᠢ ᠶᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ᠂ ᠰᠢᠤᠸᠠᠨ ᠳ᠋ᠦᠩ ᠱᠧᠩ ᠣᠷᠣᠯᠴᠠᠵᠠᠢ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠬᠢᠵᠢᠭ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠪᠣᠯᠣᠨ ᠪᠡᠯᠡ ᠮᠥᠩᠭᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ ᠴᠠᠩᠱᠠ ᠬᠤᠳᠠ ᠳᠤ ᠬᠦᠷᠴᠦ ᠬᠤᠨᠠᠨ ᠤ ᠴᠧᠨ ᠢᠦᠢ ᠹᠦ᠋ ᠵᠢᠢ ᠰᠢᠨ᠎ᠡ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠠᠵᠢᠯ ᠵᠣᠯᠭᠠᠭᠤᠯᠪᠠ᠃      ● 12 ᠳ᠋ᠤᠭᠠᠷ ᠰᠠᠷ᠎ᠠ ᠶᠢᠨ 18 ᠳᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ  ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠠᠯ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ  ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠺᠠᠩ ᠶᠦᠩ ᠴᠢᠶᠠᠩ᠂ ᠰᠦᠨ ᠯᠧ ᠣᠷᠣᠯᠴᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠧᠢ ᠬᠤᠩ ᠲᠤᠸ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠳᠤ ᠬᠦᠷᠴᠦ ᠠᠵᠢᠯ ᠵᠣᠯᠭᠠᠭᠤᠯᠪᠠ᠃      ● 12 ᠳ᠋ᠤᠭᠠᠷ ᠰᠠᠷ᠎ᠠ ᠶᠢᠨ 19 ᠠᠴᠠ 20 ᠪᠣᠯᠲᠠᠯ᠎ᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠬᠠᠶᠢᠨᠠᠨ ᠮᠤᠵᠢ ᠶᠢᠨ ᠰᠠᠨᠶᠠ ᠬᠤᠲᠠ ᠳᠤ ᠬᠦᠷᠴᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠤᠷᠠᠯᠳᠤᠭᠠᠨ ᠳᠤ ᠣᠷᠣᠯᠴᠠᠪᠠ᠃      ● 12 ᠳ᠋ᠤᠭᠠᠷ ᠰᠠᠷ᠎ᠠ ᠶᠢᠨ 20 ᠳᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠬᠦ ᠬᠤᠳᠠ ᠶᠢᠨ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠡᠷᠬᠢᠯᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠣᠷᠣᠯᠴᠠᠵᠠᠢ᠃      ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠶᠠᠳᠤᠭᠠᠷ ᠨᠠᠮ ᠤᠨ ᠡᠭᠦᠷ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠳᠤ ᠣᠷᠣᠯᠴᠠᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ ᠪᠦᠬᠦ ᠬᠤᠳᠠ ᠶᠢᠨ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠣᠯᠣᠨ ᠴᠢᠮᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯ ᠳᠤ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠰᠢᠯᠢ ᠶᠢᠨ ᠭᠤᠣᠯ ᠠᠶᠢᠮᠠᠭ ᠲᠤ ᠬᠦᠷᠴᠦ ᠠᠵᠢᠯ ᠵᠣᠯᠭᠠᠭᠤᠯᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠵᠢᠴᠢ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃      ● 12 ᠳ᠋ᠤᠭᠠᠷ ᠰᠠᠷ᠎ᠠ ᠶᠢᠨ 21 ᠳᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠳᠠ ᠶᠢᠨ ᠳᠠᠷᠤᠭ᠎ᠠ ᠴᠢ᠊ · ᠳᠠᠯᠠᠨᠲᠠᠢ ᠬᠤᠳᠠ ᠶᠢᠨ ᠵᠠᠰᠠᠭ ᠤᠨ ᠣᠷᠳᠣᠨ ᠤ 2023 ᠣᠨ ᠤ 16 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ᠂ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠵᠢᠴᠢ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠤ᠂ ︽ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ︾ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠺᠠᠩ ᠶᠦᠩ ᠴᠢᠶᠠᠩ᠂ ᠸᠧᠢ ᠬᠤᠩ ᠲᠤᠸ᠂ ᠸᠠᠩ ᠶᠦᠩ᠂ ᠼᠤᠤ ᠶᠢᠨ ᠱᠠᠨ᠂ ᠰᠦᠨ ᠯᠧ᠂ ᠯᠢᠦᠢ ᠭᠦᠸᠧ ᠬᠤᠸᠠ᠂ ᠰᠢᠤᠸᠠᠨ ᠳ᠋ᠦᠩ ᠱᠧᠩ ᠣᠷᠣᠯᠴᠠᠵᠠᠢ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠣ ᠬᠤᠳᠠ ᠶᠢᠨ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠳᠥᠷᠪᠡᠳᠦᠭᠡᠷ ᠤᠳᠠᠭ᠎ᠠ ᠶᠢᠨ ᠪᠦᠬᠦᠳᠠ ᠬᠤᠷᠠᠯ ᠳᠤ ᠣᠷᠣᠯᠴᠠᠪᠠ︔ ᠪᠦᠬᠦ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠠᠬᠢᠭᠤᠯᠬᠤ ᠸᠢᠳᠢᠤ᠋ ᠬᠤᠷᠠᠯ ᠳᠤ ᠣᠷᠣᠯᠴᠠᠪᠠ᠃      ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠶᠠᠮᠤᠨ ᠳᠤ ᠬᠦᠷᠴᠦ ᠠᠵᠢᠯ ᠵᠣᠯᠭᠠᠭᠤᠯᠪᠠ᠃      ● 12 ᠳ᠋ᠤᠭᠠᠷ ᠰᠠᠷ᠎ᠠ ᠶᠢᠨ 22 ᠲᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠳᠠ ᠶᠢᠨ ᠵᠠᠰᠠᠭ ᠤᠨ ᠣᠷᠳᠣᠨ ᠤ 2023 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2024 ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠶᠢ ᠰᠤᠳᠤᠯᠵᠤ᠂ ︽ᠴᠢᠬᠤᠯᠠᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾᠂ ︽ᠲᠦᠩᠯᠢᠶᠣᠣ ᠬᠤᠳᠠ ᠶᠢᠨ ᠬᠤᠳᠠ ᠪᠠᠯᠭᠠᠰᠤᠨ ᠤ ᠢᠯᠴᠢ ᠬᠠᠩᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠂ ︽ᠶᠠᠰᠤ ᠴᠢᠨᠠᠷ ᠢᠶᠠᠷ ᠬᠤᠳᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ︾ ᠵᠡᠷᠭᠡ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠺᠠᠩ ᠶᠦᠩ ᠴᠢᠶᠠᠩ᠂ ᠰᠦᠨ ᠯᠧ᠂ ᠯᠢᠦᠢ ᠭᠦᠸᠧ ᠬᠤᠸᠠ ᠣᠷᠣᠯᠴᠠᠵᠠᠢ᠃      ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠺᠠᠩ ᠶᠦᠩ ᠴᠢᠶᠠᠩ ᠪᠦᠬᠦ ᠬᠤᠳᠠ ᠶᠢᠨ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠯᠢᠦᠢ ᠭᠦᠸᠧ ᠬᠤᠸᠠ ᠪᠦᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠲᠤᠰᠬᠠᠢ ᠠᠵᠢᠯ ᠢ ᠠᠬᠢᠭᠤᠯᠬᠤ ᠸᠢᠳᠢᠤ᠋ ᠬᠤᠷᠠᠯ ᠳᠤ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ ︽ᠪᠣᠬᠢᠷᠲᠤᠯ ᠦᠭᠡᠢ ᠴᠠᠬᠢᠯᠭᠠᠨ ᠤ ᠳᠠᠪᠠᠭᠤᠯᠢᠭ ᠢ ᠪᠠᠳᠠᠷᠠᠭᠤᠯᠵᠤ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠤᠮᠤᠢ︾ ᠬᠡᠮᠡᠬᠦ 2023 ᠲᠦᠩᠯᠢᠶᠣᠣ ︵ᠱᠢ ᠵᠢᠶᠠ ᠵᠤᠸᠠᠩ︶ ᠶᠢᠨ ᠪᠣᠬᠢᠷᠲᠤᠯ ᠦᠭᠡᠢ ᠡᠨᠧᠷᠭᠢ ᠶᠢ ᠡᠷᠳᠡᠨᠢ ᠰᠢᠰᠢ ᠶᠢᠨ ᠠᠮᠢᠳᠤ ᠪᠣᠳᠠᠰ ᠵᠢᠴᠢ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠲᠠᠢ ᠬᠠᠮᠵᠢᠯᠴᠠᠭᠤᠯᠤᠨ ᠨᠡᠭᠡᠭᠡᠨ ᠬᠥᠭᠵᠢᠭᠦᠯᠬᠦ ᠶᠠᠷᠢᠯᠴᠠᠬᠤ ᠬᠤᠷᠠᠯ ᠳᠤ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠲᠤᠰᠬᠠᠢ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ︔ ᠬᠢᠩᠭᠠᠨ ᠠᠶᠢᠮᠠᠭ ᠲᠤ ᠬᠦᠷᠴᠦ ᠴᠤᠤᠯ ᠭᠤᠣᠯ ᠢ ᠯᠣᠤᠬ᠎ᠠ ᠶᠢᠨ ᠭᠤᠣᠯ ᠳᠤ ᠲᠠᠲᠠᠬᠤ ᠢᠨᠵᠧᠨᠧᠷᠢᠩ ᠤᠨ ᠨᠦᠬᠡᠨ ᠵᠠᠮ ᠤᠨ ᠬᠡᠰᠡᠭ ᠤᠨ ᠪᠦᠬᠦ ᠱᠤᠭᠤᠮ ᠢ ᠨᠡᠪᠲᠡᠷᠡᠭᠦᠯᠬᠦ ᠶᠣᠰᠣᠯᠠᠯ ᠳᠤ ᠣᠷᠣᠯᠴᠠᠪᠠ᠃       ● 12 ᠰᠠᠷ᠎ᠠ ᠶᠢᠨ 24 ᠳᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠸᠧᠨ ᠵᠢᠶᠦ᠋ᠨ ᠯᠢᠶᠣᠤ ᠶᠤᠸᠠᠨ ᠬᠤᠲᠠ ᠶᠢᠨ ᠮᠥᠰᠥ ᠴᠠᠰᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ● 12 ᠳ᠋ᠤᠭᠠᠷ ᠰᠠᠷ᠎ᠠ ᠶᠢᠨ 25 ᠳᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ︽ᠪᠠᠶᠠᠰᠬᠤᠯᠠᠩᠲᠤ ᠮᠥᠰᠥ ᠴᠠᠰᠤᠨ ᠤ ᠨᠠᠶᠢᠷ ᠡᠷᠡᠭᠦᠯ ᠡᠩᠬᠡ ᠳᠤᠮᠳᠠᠳᠤ ᠤᠯᠤᠰ︾ ᠬᠡᠮᠡᠬᠦ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨ ᠤ ᠮᠥᠰᠥ ᠴᠠᠰᠤᠨ ᠤ ᠤᠯᠠᠷᠢᠯ ᠵᠢᠴᠢ ᠲᠦᠩᠯᠢᠶᠣᠣ ᠬᠤᠲᠠ ᠶᠢᠨ ᠭᠤᠷᠪᠠᠳᠤᠭᠠᠷ ᠬᠤᠭᠤᠴᠠᠭᠠᠨ ᠤ ᠮᠥᠰᠥ ᠴᠠᠰᠤᠨ ᠤ ᠨᠠᠶᠢᠷ ᠤᠨ ᠰᠢᠷᠢᠰ ᠠᠵᠢᠯᠯᠠᠭ᠎ᠠ ︵ᠲᠦᠷᠪᠡᠨ ᠤᠯᠠᠷᠢᠯ ᠤᠨ ᠭᠤᠣᠯ ᠰᠡᠳᠦᠪᠲᠦ ᠴᠡᠩᠭᠡᠯ ᠤᠨ ᠬᠦᠷᠢᠶᠡᠯᠡᠩ ᠤᠨ ᠦᠷᠲᠡᠭᠡ︶ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ︔ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠠᠵᠢᠯ ᠢ ᠰᠤᠳᠤᠯᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ ᠶᠦᠨ ᠭᠦᠸᠧ ᠱᠧᠩ ᠨᠠᠷ ᠲᠤ ᠪᠠᠷ᠎ᠠ ᠪᠣᠯᠵᠤ ᠠᠵᠢᠯ ᠥᠷᠨᠢᠭᠦᠯᠪᠡ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠨᠠᠢᠮᠠᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃      ● 12 ᠳ᠋ᠤᠭᠠᠷ ᠰᠠᠷ᠎ᠠ ᠶᠢᠨ 25 ᠠᠴᠠ 26 ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠲᠦᠩᠯᠢᠶᠣᠣ ᠬᠤᠲᠠ ᠳᠤ ᠰᠠᠭᠤᠭ᠎ᠠ ᠬᠡᠰᠡᠭ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃      ● 12 ᠳ᠋ᠤᠭᠠᠷ ᠰᠠᠷ᠎ᠠ ᠶᠢᠨ 26 ᠳᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠣ ᠬᠤᠲᠠ ᠶᠢᠨ ᠪᠠᠴᠢᠮ ᠠᠪᠤᠷᠠᠯᠲᠠ ᠶᠢᠨ ᠪᠤᠰᠤ ᠳᠠᠮᠵᠢᠭᠤᠯᠤᠨ ᠲᠡᠭᠡᠭᠡᠪᠦᠷᠢᠯᠡᠬᠦ ᠦᠢᠯᠡᠴᠢᠯᠡᠭᠡᠨ ᠤ ᠠᠵᠢᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠳ ᠤᠨ ᠪᠥᠬᠦᠳᠡ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠳᠠᠷᠤᠭ᠎ᠠ ᠰᠢᠦᠢ ᠷᠦᠢ ᠰᠢᠶᠠ ᠨᠠᠷ ᠲᠤ ᠪᠠᠷ᠎ᠠ ᠪᠣᠯᠵᠤ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠬᠥᠳᠡᠯᠮᠦᠷᠢ ᠦᠢᠯᠡᠴᠢᠯᠡᠭᠡᠨ ᠤ ᠭᠡᠷ᠎ᠡ ᠶᠢᠨ ᠲᠤᠬᠠᠢ ᠶᠢᠨ ᠲᠠᠯᠠᠪᠤᠷ ᠤᠨ ᠬᠤᠷᠠᠯ ᠤᠨ ᠪᠡᠯᠡᠳᠬᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠺᠠᠶᠢᠯᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃      ● 12 ᠳ᠋ᠤᠭᠠᠷ ᠰᠠᠷ᠎ᠠ ᠶᠢᠨ 27 ᠳᠤ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠼᠤᠤ ᠶᠢᠨ ᠱᠠᠨ ᠪᠦᠬᠦ ᠬᠤᠳᠠ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠳᠤ ᠣᠷᠣᠯᠴᠠᠪᠠ᠃      ● 12 ᠳ᠋ᠤᠭᠠᠷ ᠰᠠᠷ᠎ᠠ ᠶᠢᠨ 29 ᠳᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠳᠠ ᠶᠢᠨ ᠵᠠᠰᠠᠭ ᠤᠨ ᠣᠷᠳᠣᠨ ᠤ 2023 ᠣᠨ ᠤ 17 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠪᠠᠷ ᠭᠤᠣᠯ ᠰᠡᠳᠦᠪ ᠪᠣᠯᠭᠠᠨ ᠰᠣᠯᠢᠯᠴᠠᠨ ᠰᠤᠳᠤᠯᠤᠨ ᠶᠠᠷᠢᠯᠴᠠᠵᠤ᠂ ᠬᠤᠯᠪᠣᠭᠳᠠᠯ ᠪᠦᠬᠦᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠧᠢ ᠬᠤᠩ ᠲᠤᠤ᠂ ᠼᠤᠤ ᠶᠢᠨ ᠱᠠᠨ᠂ ᠨᠢᠦ ᠸᠧᠨ ᠵᠢᠶᠦ᠋ᠨ᠂ ᠰᠦᠨ ᠯᠧ᠂ ᠯᠢᠦᠢ ᠭᠦᠸᠧ ᠬᠤᠸᠠ ᠣᠷᠣᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠪᠥᠬᠦ ᠣᠷᠣᠨ ᠤ ᠳᠣᠣᠷ᠎ᠠ ᠳᠤᠯᠠᠭᠠᠨ ᠵᠤᠳ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠤᠨ ᠸᠢᠳᠢᠤ᠋ ᠬᠤᠷᠠᠯ ᠳᠤ ᠣᠷᠣᠯᠴᠠᠪᠠ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ