ᠥᠪᠥᠷ ᠮᠣᠩᠭᠤᠯ ᠣᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠬᠤᠷᠴᠢᠨ ᠤ ᠡᠯᠡᠰᠦᠷᠬᠡᠭ ᠭᠠᠵᠠᠷ ᠢ ᠵᠠᠰᠠᠵᠤ ᠪᠣᠢ
ᠨᠡᠶᠢᠲᠡᠯᠡᠭᠰᠡᠨ ᠴᠠᠭ᠄
2024/5/22
      ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠭᠤᠯᠠ ᠪᠠᠯᠭᠠᠰᠤᠨ ᠳᠤ ᠡᠯᠡᠰᠦ ᠶᠢ ᠵᠠᠰᠠᠬᠤ ᠠᠵᠢᠯᠴᠢᠳ ᠬᠤᠷᠴᠢᠨ ᠤ ᠡᠯᠡᠰᠦᠷᠬᠡᠭ ᠭᠠᠵᠠᠷ ᠲᠤ ᠳᠥᠷᠪᠡᠯᠵᠢᠨ ᠡᠪᠡᠰᠦᠨ ᠬᠦᠷᠢᠶ᠎ᠡ ᠬᠠᠳᠬᠤᠵᠤ ᠪᠠᠶᠢᠭ᠎ᠠ ᠨᠢ ︵3 ᠳ᠋ᠤᠭᠠᠷ ᠰᠠᠷ᠎ᠠ ᠶᠢᠨ 28 ᠳᠤ ᠰᠡᠭᠦᠳᠡᠷᠯᠡᠪᠡ︶᠃    ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠰᠢᠪᠲᠤᠯᠤᠯᠲᠠ ᠶᠢ ᠪᠦᠬᠦ ᠬᠦᠴᠦᠨ ᠢᠶᠠᠷ ᠢᠶᠠᠨ ᠰᠠᠢᠲᠤᠷ ᠬᠢᠵᠦ᠂ ᠡᠯᠡᠰᠦᠷᠬᠡᠭᠵᠢᠯ ᠢ ᠰᠡᠷᠭᠡᠢᠯᠡᠨ ᠵᠠᠰᠠᠬᠤ ᠠᠵᠢᠯ ᠢ ᠲᠦᠷᠭᠡᠳᠭᠡᠨ ᠠᠬᠢᠭᠤᠯᠵᠤ᠂ ᠨᠢᠭᠡᠨᠲᠡ 604 ᠲᠦᠮᠡᠨ ᠮᠦ ᠡᠯᠡᠰᠦ ᠶᠢ ᠰᠡᠷᠭᠡᠢᠯᠡᠨ ᠵᠠᠰᠠᠬᠤ ᠶᠢ ᠪᠡᠶᠡᠯᠡᠭᠦᠯᠵᠡᠢ᠃ ᠥᠪᠥᠷ ᠮᠣᠩᠭᠤᠯ ᠤᠨ ᠬᠤᠷᠴᠢᠨ ᠤ ᠡᠯᠡᠰᠦᠷᠬᠡᠭᠵᠢᠯ ᠤᠨ ᠭᠤᠣᠯ ᠲᠠᠷᠬᠠᠯᠲᠠ ᠶᠢᠨ ᠭᠠᠵᠠᠷ ᠣᠷᠣᠨ ᠳᠤ᠂ ᠲᠦᠩᠯᠢᠶᠣᠤ ᠬᠤᠲᠠ ᠪᠠ ᠤᠯᠠᠭᠠᠨᠬᠠᠳᠠ ᠬᠤᠲᠠ ᠬᠤᠶᠠᠷ ᠭᠠᠵᠠᠷ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠳᠥᠷᠪᠡᠯᠵᠢᠨ ᠡᠪᠡᠰᠦᠨ ᠬᠦᠷᠢᠶ᠎ᠡ ᠪᠠᠷ ᠡᠯᠡᠰᠦ ᠶᠢ ᠲᠣᠭᠲᠠᠪᠤᠷᠢᠵᠢᠭᠤᠯᠬᠤ᠂ ᠵᠠᠮ ᠢᠶᠠᠷ ᠡᠯᠡᠰᠦ ᠶᠢ ᠵᠠᠰᠠᠬᠤ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠶᠢ ᠠᠬᠢᠭᠤᠯᠵᠤ ᠪᠣᠢ᠃ ᠵᠢᠱᠢᠯᠲᠡ ᠶᠢ ᠦᠨᠳᠦᠰᠦᠯᠡᠪᠡᠯ᠂ 2030 ᠣᠨ ᠪᠣᠯᠬᠤ ᠳᠤ᠂ ᠥᠪᠥᠷ ᠮᠣᠩᠭᠤᠯ ᠬᠤᠷᠴᠢᠨ ᠤ ᠡᠯᠡᠰᠦᠷᠬᠡᠭ ᠭᠠᠵᠠᠷ ᠡᠯᠡᠰᠦᠷᠬᠡᠭᠵᠢᠭᠰᠡᠨ ᠭᠠᠵᠠᠷ ᠰᠢᠷᠣᠶ ᠶᠢ 1100 ᠭᠠᠷᠤᠶ ᠲᠦᠮᠡᠨ ᠮᠥ ᠰᠢᠨ᠎ᠡ ᠪᠠᠷ ᠶᠡᠷᠦᠩᠬᠡᠶᠢᠯᠡᠨ ᠵᠠᠰᠠᠵᠤ ᠳᠠᠭᠤᠰᠬᠠᠨ᠂ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠶᠢᠨ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠬᠦ ᠪᠠᠷ ᠪᠣᠶ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ