ᠬᠤᠲᠠ ᠶᠢᠨ ᠵᠠᠰᠠᠭ ᠤᠨ ᠣᠷᠳᠣᠨ ᠤ ᠬᠡᠰᠡᠭ ᠬᠤᠲᠠ ᠶᠢᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/6/20
       ᠲᠦᠩᠯᠢᠶᠣᠣ ᠵᠠᠰᠠᠭ ᠲᠠᠷᠬᠠᠭᠠᠭᠰᠠᠨ ﹇2024﹈ 49 ᠳ᠋ᠤᠭᠡᠷ ᠲᠣᠭᠠᠲᠤᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠲᠣᠬᠢᠷᠠᠭᠤᠯᠤᠯᠲᠠ ᠬᠤᠪᠢᠷᠠᠯᠲᠠ ᠶᠢᠨ ᠪᠠᠶᠢᠳᠠᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢᠶᠠᠷ ᠰᠤᠳᠤᠯᠤᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠬᠡᠰᠡᠭ ᠬᠤᠲᠠ ᠶᠢᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠳᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ᠃     ᠬᠤᠲᠠ ᠶᠢᠨ ᠳᠡᠳ᠋ ᠳᠠᠷᠤᠭ᠎ᠠ ᠮᠤᠤ ᠵᠧᠨ ᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠬᠤᠳᠠ ᠶᠢᠨ ᠳᠠᠷᠤᠭ᠎ᠠ ᠴᠢ᠊ · ᠳᠠᠯᠠᠨᠲᠠᠢ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃     ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃     ᠬᠤᠲᠠ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠲᠦᠩᠯᠢᠶᠣᠤ ᠶᠢᠨ ᠭᠢᠨᠳᠠᠨ ᠲᠠᠢ ᠬᠠᠷᠢᠯᠴᠠᠨ᠎ᠠ᠃                           2024 ᠣᠨ ᠤ 4 ᠰᠠᠷ᠎ᠠ ᠶᠢᠨ 6 ᠤ ᠡᠳᠦᠷ 
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ