ᠡᠮᠦᠨ᠎ᠡ 2 ᠰᠠᠷ᠎ᠠ ᠳᠤ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 1.9% ᠨᠡᠮᠡᠭᠳᠡᠪᠡ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.2% | ᠨᠡᠮᠡᠭᠳᠡᠵᠦ᠂ ᠦᠢᠯᠡᠳᠬᠦ ᠦᠢᠯᠡᠰ 1.1% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠪᠠ ᠤᠰᠤᠨ ᠤ ᠦᠢᠯᠡᠳᠪᠦᠷᠢᠯᠡᠯ 0.3% | ᠪᠠᠭᠤᠷᠠᠪᠠ᠃ | ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠬᠤᠪᠢᠴᠠᠭᠠᠳᠤ ᠲᠦᠷᠢᠮ ᠤᠨ ᠠᠵᠤ ᠠᠬᠤᠶᠢᠯᠠᠯ 1.8% ᠨᠡᠮᠡᠭᠳᠡᠪᠡ︔ ᠭᠠᠳᠠᠭᠠᠳᠤ ᠶᠢᠨ | ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 6.7% ᠨᠡᠮᠡᠭᠳᠡᠪᠡ︔ ᠬᠤᠪᠢ ᠶᠢᠨ | ᠡᠵᠡᠩᠨᠡᠭᠰᠡᠨ ᠠᠵᠤ ᠠᠬᠤᠶᠢᠯᠠᠯ 9.9% ᠪᠠᠭᠤᠷᠠᠪᠠ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 16 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 4.8% ᠪᠠᠭᠤᠷᠠᠵᠤ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 71.5% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠢ | ᠪᠣᠯᠪᠠᠰᠤᠷᠠᠭᠤᠯᠬᠤ ᠠᠵᠤ ᠦᠢᠯᠡᠰ 12.9% ᠨᠡᠮᠡᠭᠳᠡᠵᠦ᠂ ᠢᠳᠡᠭᠡᠨ ᠦᠢᠯᠡᠳᠬᠦ ᠦᠢᠯᠡᠰ 24.7% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 0.8% ᠪᠠᠭᠤᠷᠠᠵᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 2.6% ᠪᠠᠭᠤᠷᠠᠪᠠ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 49 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 24 ᠵᠦᠢᠯ ᠤᠨ | ᠭᠠᠷᠤᠯᠲᠠ ᠨᠢ ᠨᠡᠮᠡᠭᠳᠡᠪᠡ᠃ ᠲᠦᠭᠦᠬᠡᠢ ᠬᠥᠩᠭᠡᠨᠴᠠᠭᠠᠨ ᠤ ᠭᠠᠷᠤᠯᠲᠠ 44.3 ᠲᠦᠮᠡᠨ ᠲᠣᠨ ᠬᠦᠷᠴᠦ᠂ 2.9% ᠨᠡᠮᠡᠭᠳᠡᠪᠡ︔ ᠠᠮᠲᠠᠨ ᠤᠭᠢ ᠶᠢᠨ ᠭᠠᠷᠤᠯᠲᠠ | 9.6 ᠲᠦᠮᠡᠨ ᠲᠣᠨ ᠬᠦᠷᠴᠦ᠂ 8.2% ᠨᠡᠮᠡᠭᠳᠡᠪᠡ︔ ᠰᠦ ᠶᠢᠨ ᠭᠠᠷᠤᠯᠲᠠ 1.8 ᠲᠦᠮᠡᠨ ᠲᠣᠨ ᠬᠦᠷᠴᠦ᠂ 31.8% ᠪᠠᠭᠤᠷᠠᠪᠠ︔ ᠬᠢᠲᠠᠳ ᠪᠡᠯᠡᠨ | ᠡᠮ ᠤᠨ ᠭᠠᠷᠤᠯᠲᠠ 142.3 ᠲᠣᠨ ᠬᠦᠷᠴᠦ᠂ 3.9% ᠪᠠᠭᠤᠷᠠᠪᠠ︔ ᠬᠠᠪᠲᠠᠭᠠᠢ ᠰᠢᠯ ᠤᠨ ᠭᠠᠷᠤᠯᠲᠠ 97.4 ᠲᠦᠮᠡᠨ ᠬᠦᠨᠳᠦ ᠬᠠᠶᠢᠷᠴᠠᠭ ᠬᠦᠷᠴᠦ᠂ 12. | 7% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 1.2 ᠲᠦᠮᠡᠨ ᠲᠣᠨ ᠳᠤ ᠬᠦᠷᠴᠦ᠂ 79.6% ᠪᠠᠭᠤᠷᠠᠪᠠ᠃ |