ᠴᠢ᠊ · ᠳᠠᠯᠠᠨᠲᠠᠢ ᠭᠤᠤᠯ ᠬᠤᠲᠠ ᠶᠢᠨ ᠲᠣᠭᠤᠷᠢᠭ ᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠤᠷ ᠲᠤ ᠠᠵᠢᠯᠯᠠᠪᠠ
ᠨᠡᠶᠢᠲᠡᠯᠡᠭᠰᠡᠨ ᠴᠠᠭ᠄
2024/6/4
奇·达楞太在主城区调研 城建项目并现场办公.jpg
     6 ᠳ᠋ᠤᠭᠠᠷ ᠰᠠᠷ᠎ᠠ ᠶᠢᠨ 2 ᠲᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠭᠤᠤᠯ ᠬᠤᠲᠠ ᠶᠢᠨ ᠲᠣᠭᠤᠷᠢᠭ ᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠠᠵᠢᠯᠯᠠᠵᠤ᠂ ︽ᠲᠤᠰᠢᠶᠠᠬᠤ ᠶᠣᠰᠣᠲᠠᠢ ᠠᠰᠠᠷ︾ ᠪᠠ ᠬᠡᠷ ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ ᠬᠦᠴᠢᠷᠳᠡᠯ︾ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠷᠴᠢᠨ ᠲᠣᠭᠤᠷᠢᠭ ᠪᠠ ᠨᠡᠭᠡᠭᠡᠯᠲᠡ ᠶᠢᠨ ᠲᠣᠭᠤᠷᠢᠭ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠣᠷᠣᠯᠴᠠᠵᠠᠶ᠃     ᠴᠢ᠊ · ᠳᠠᠯᠠᠨᠲᠠᠢ ᠤᠷᠢᠳ ᠬᠤᠵᠢᠳ ᠾᠧᠩ ᠳ᠋ᠡ ᠶᠤᠸᠠᠢ ᠹᠦ᠋᠂ ᠶᠠ ᠴᠢ᠂ ᠾᠧᠩ ᠳ᠋ᠡ ᠢᠦᠢ ᠵᠢᠩ ᠲᠢᠶᠠᠨ ᠰᠢᠶᠠ ᠪᠣᠯᠤᠨ ᠱᠦ ᠰᠢᠶᠠᠩ ᠶᠤᠸᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠪᠡ᠃ ᠲᠡᠷᠡ᠂ ︽ᠲᠤᠰᠢᠶᠠᠬᠤ ᠶᠣᠰᠣᠲᠠᠢ ᠠᠰᠠᠷ︾ ᠤᠨ ᠠᠵᠢᠯ ᠪᠣᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ ᠬᠦᠴᠢᠷᠳᠡᠯ︾ ᠤᠨ ᠠᠰᠠᠭᠤᠳᠠᠯ ᠪᠣᠯ ᠤᠯᠠᠨ ᠲᠦᠮᠡᠨ ᠤ ᠲᠤᠰ ᠪᠡᠶ᠎ᠡ ᠶᠢᠨ ᠬᠢᠨ ᠠᠰᠢᠭ ᠲᠤᠰᠠ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠲᠠᠢ ᠬᠤᠯᠪᠣᠭᠳᠠᠨ᠎ᠠ᠃ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠢᠨ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ︽ᠲᠤᠰᠢᠶᠠᠬᠤ ᠶᠣᠰᠣᠲᠠᠢ ᠠᠰᠠᠷ︾ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠵᠤ᠂ ᠲᠥᠰᠦᠪᠯᠡᠬᠦ᠂ ᠤᠬᠠᠭᠤᠯᠬᠤ᠂ ᠡᠵᠡᠩᠨᠡᠬᠦ ᠶᠢ ᠰᠠᠶᠢᠲᠤᠷ ᠬᠢᠵᠦ᠂ ᠲᠤᠰᠢᠶᠠᠬᠤ ᠶᠣᠰᠣᠲᠠᠢ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷᠳᠡᠯ︾ ᠤᠨ ᠠᠰᠠᠭᠤᠳᠠᠯ ᠢ ᠰᠢᠢᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠳᠠᠭᠠᠯᠠᠭᠳᠠᠵᠤ ᠪᠠᠶᠢᠭ᠎ᠠ ᠲᠠᠸᠠᠷ ᠤᠨ ᠬᠡᠷ ᠪᠠᠶᠢᠰᠢᠩ ᠤᠨ ᠨᠥᠭᠡᠴᠡ ᠶᠢ ᠪᠠᠭᠠᠰᠬᠠᠬᠤ ᠶᠢ ᠲᠦᠷᠭᠡᠳᠬᠡᠨ᠂ ᠠᠷᠭ᠎ᠠ ᠪᠦᠬᠦᠨ ᠢ ᠰᠦᠪᠡᠭᠴᠢᠯᠡᠨ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠬᠤᠳᠠ ᠶᠢᠨ ᠣᠷᠭᠠᠨᠢᠭ ᠰᠢᠨᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠪᠦᠷᠢᠨᠰᠢᠬᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠤᠨᠴᠠᠯᠢᠬᠳᠤ ᠰᠡᠯᠡᠭᠦᠴᠡᠯ ᠤᠨ ᠵᠡᠭᠡᠯᠢ ᠲᠣᠭᠤᠷᠢᠭ ᠢ ᠪᠠᠶᠢᠭᠤᠯᠵᠤ᠂ ᠬᠤᠳᠠ ᠶᠢᠨ ᠶᠠᠰᠤ ᠴᠢᠨᠠᠷ ᠪᠣᠯᠤᠨ ᠭᠤᠣᠯ ᠴᠢᠳᠠᠪᠬᠢ ᠶᠢ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠨᠠᠷᠢᠨ ᠬᠢᠨᠠᠮᠠᠭᠠᠢ ᠪᠠᠶᠢᠴᠠᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠪᠡ᠃   ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠴᠢ᠊ · ᠳᠠᠯᠠᠨᠲᠠᠢ ᠪᠠᠰᠠ ᠳ᠋ᠠᠴᠢᠩ ᠠᠴᠠ ᠭᠤᠸᠠᠩᠵᠧᠦ ᠬᠦᠷᠬᠦ ᠲᠦᠷᠭᠡᠨ ᠵᠠᠮ ᠬᠢᠭᠡᠳ ᠲᠦᠩᠯᠢᠶᠣᠣ ᠶᠢᠨ ᠲᠦᠷᠭᠡᠨ ᠲᠡᠮᠦᠷ ᠵᠠᠮ ᠤᠨ ᠥᠷᠲᠡᠭᠡ ᠶᠢ ᠨᠡᠪᠲᠡᠷᠡᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠶᠠᠰᠤ ᠴᠢᠨᠠᠷ ᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠨ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ