ᠵᠠᠯᠠᠭᠤᠴᠤᠳ ᠪᠡᠶ᠎ᠡ ᠴᠢᠭᠢᠷᠠᠭ ᠂ ᠡᠪᠡᠳᠴᠢᠨ ᠡᠮᠭᠡᠭ ᠬᠦᠷᠬᠦ ᠨᠢ ᠪᠠᠭ᠎ᠠ ᠂ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠤ ᠪᠠᠭ᠎ᠠ | ᠪᠤᠰᠤ ᠵᠣᠭᠤᠰ ᠬᠠᠳᠠᠭᠠᠯᠠᠭᠳᠠᠵᠤ ᠪᠠᠶᠢᠳᠠᠭ ᠂ ᠡᠳᠡᠭᠡᠷ ᠵᠣᠭᠤᠰ ᠢ ᠭᠡᠷ ᠤᠨ ᠬᠥᠮᠦᠰ ᠳᠡᠭᠡᠨ ᠬᠡᠷᠡᠭᠯᠡᠭᠦᠯᠵᠦ ᠪᠣᠯᠣᠨ᠎ᠠ ᠤᠤ︖ ᠶᠠᠭᠠᠬᠢᠵᠤ ᠬᠡᠷᠡᠭᠯᠡᠭᠦᠯᠬᠦ ᠪᠤᠢ︖ | ᠣᠶᠢᠷ᠎ᠠ ᠳᠤ ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠸᠢᠴᠠᠲ ᠳ᠋ᠤᠭᠠᠷ ᠵᠣᠬᠢᠶᠠᠯ ᠨᠡᠶᠢᠲᠡᠯᠡᠵᠦ ᠂ ᠳᠠᠭᠠᠳᠬᠠᠯ ᠳᠤ | ᠣᠷᠣᠯᠴᠠᠭᠰᠠᠳ ᠤᠨ ᠠᠩᠬᠠᠷᠴᠤ ᠪᠠᠶᠢᠭ᠎ᠠ ︽ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠠᠰᠠᠭᠤᠳᠠᠯ ᠳᠤ ᠲᠥᠪᠯᠡᠷᠡᠭᠦᠯᠦᠨ ᠲᠠᠶᠢᠯᠤᠮᠵᠢ ᠬᠢᠪᠡ ᠃ | ᠠᠰᠠᠭᠤᠯᠲᠠ᠄ ᠮᠢᠨᠤ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠵᠣᠭᠤᠰ ᠢ ᠭᠡᠷ ᠤᠨ ᠬᠥᠮᠦᠰ ᠲᠡᠭᠡᠨ ᠬᠡᠷᠡᠭᠯᠡᠭᠦᠯᠵᠦ ᠪᠣᠯᠣᠨ᠎ᠠ ᠦᠦ︖ | ᠬᠠᠷᠢᠭᠤᠯᠲᠠ᠄ ᠬᠡᠷᠪᠡ ᠲᠠᠨ ᠤ ᠬᠡᠯᠡᠵᠦ ᠪᠠᠶᠢᠭ᠎ᠠ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠵᠣᠭᠤᠰ ᠨᠢ ᠡᠮᠴᠢᠯᠡᠭᠡᠨ ᠤ | ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠦᠯᠡᠳᠡᠪᠦᠷᠢ ᠶᠢ ᠵᠢᠭᠠᠵᠤ ᠪᠠᠶᠢᠪᠠᠯ ᠂ ᠪᠣᠯᠣᠨ᠎ᠠ ᠃ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ︽ᠭᠡᠷ | ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠭᠦᠢᠴᠡᠳᠭᠡᠬᠦ ᠪᠠᠷ ᠳᠠᠮᠵᠢᠭᠤᠯᠤᠨ ᠂ ᠬᠤᠪᠢ ᠬᠥᠮᠦᠨ ᠤ ᠲᠠᠩᠰᠠᠨ ᠡᠷᠦᠬᠡ ᠨᠢ ᠨᠢᠭᠡᠨᠲᠡ ᠳᠠᠭᠠᠳᠬᠠᠯ ᠳᠤ | ᠣᠷᠣᠯᠴᠠᠭᠰᠠᠨ ᠠᠪᠤ ᠡᠵᠢ ᠂ ᠬᠠᠨᠢ ᠨᠥᠬᠦᠷ ᠪᠠ ᠦᠷ᠎ᠡ ᠬᠡᠤᠬᠡᠳ ᠲᠡᠭᠡᠨ ᠡᠷᠬᠡ ᠣᠯᠭᠤᠵᠤ ᠪᠣᠯᠤᠨ᠎ᠠ ᠂ ᠵᠢᠱᠢᠶᠡᠯᠡᠪᠡᠯ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ | ᠵᠠᠷᠤᠳᠠᠯ ᠳᠠᠬᠢ ᠬᠤᠪᠢ ᠬᠥᠮᠦᠨ ᠤ ᠥᠪᠡᠰᠦᠪᠡᠨ ᠥᠭᠬᠦ ᠬᠡᠰᠡᠭ ᠢ ᠥᠭᠬᠦ ᠳᠤ ᠬᠡᠷᠡᠭᠯᠡᠵᠦ ᠪᠣᠯᠣᠨ᠎ᠠ ᠃ | ᠵᠢᠱᠢᠶᠡᠯᠡᠪᠡᠯ ᠂ ᠯᠢ ᠮᠢᠩ ᠤᠨ ᠬᠦᠦ ᠯᠢ ᠰᠢᠶᠤᠤ ᠮᠢᠩ ᠡᠪᠡᠳᠴᠢᠯᠡᠵᠦ ᠂ ᠯᠢ ᠰᠢᠶᠤᠤ ᠮᠢᠩ ᠡᠮ ᠬᠤᠳᠠᠯᠳᠤᠨ ᠠᠪᠬᠤ ᠳᠤ ᠬᠤᠪᠢ ᠬᠥᠮᠦᠨ 100 | ᠲᠥᠭᠦᠷᠢᠭ ᠲᠤᠰᠢᠶᠠᠬᠤ ᠬᠡᠷᠡᠭᠲᠡᠢ ᠃ ᠯᠢ ᠮᠢᠩ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ ᠪᠠᠰᠠ | ᠦᠯᠡᠳᠡᠪᠦᠷᠢ ᠲᠠᠢ ᠪᠠᠶᠢᠵᠤ ᠂ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠤ ᠳᠠᠷᠠᠭ᠎ᠠ ᠂ ᠯᠢ ᠰᠢᠶᠤᠤ ᠮᠢᠩ ᠯᠢ ᠮᠢᠩ ᠤᠨ ᠠᠵᠢᠯᠲᠠᠨ | ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠵᠣᠭᠤᠰ ᠢᠶᠠᠷ ᠡᠨᠡ 100 ᠲᠥᠭᠦᠷᠢᠭ ᠥᠭᠴᠦ ᠪᠣᠯᠤᠨ᠎ᠠ ᠂ ᠡᠨᠡ ᠪᠣᠯ | ᠳᠠᠷᠤᠶ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠠᠪᠤᠳᠠᠯ ᠪᠣᠯᠤᠨ᠎ᠠ ᠃ | ᠠᠰᠠᠭᠤᠯᠲᠠ᠄ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠬᠡᠷᠬᠢᠨ ᠭᠦᠢᠴᠡᠳᠬᠡᠬᠦ ᠪᠤᠢ︖ | ᠬᠠᠷᠢᠭᠤᠯᠲᠠ᠄ ᠳᠠᠭᠠᠳᠬᠠᠯ ᠳᠤ ᠣᠷᠣᠯᠴᠠᠭᠴᠢ ︵ᠡᠩ ᠤᠨ ᠪᠠᠶᠢᠳᠠᠯ ᠳᠤ ᠬᠠᠷᠢᠯᠴᠠᠨ ᠲᠤᠰᠠᠯᠠᠭᠴᠢ ᠶᠢ ᠵᠢᠭᠠᠨ᠎ᠠ︶ ᠤᠯᠤᠰ ᠤᠨ ᠡᠮᠴᠢᠯᠡᠭᠡᠨ ᠤ | ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ᠶᠢᠨ ᠣᠷᠣᠨ ᠨᠤᠲᠤᠭ ᠤᠨ ᠲᠤᠰᠬᠠᠶ ᠲᠣᠭᠤᠷᠢᠭ ᠂ ᠲᠤᠬᠠᠶ ᠶᠢᠨ ᠭᠠᠵᠠᠷ ᠤᠨ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠸᠢᠴᠠᠲ ᠲᠠᠪᠴᠠᠩ ᠂ ᠠᠯᠪᠠᠨ ᠤ ᠰᠦᠯᠵᠢᠶ᠎ᠡ ᠵᠡᠷᠭᠡ ᠶᠢᠨ ︽ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ ᠂ | ᠰᠦᠯᠵᠢᠶᠡᠨ ᠳᠡᠭᠡᠷ᠎ᠡ ᠭᠦᠢᠴᠡᠳᠬᠡᠵᠦ ᠂ ᠪᠣᠳᠠᠲᠠᠶ ᠠᠷᠭ᠎ᠠ ᠵᠠᠮ ᠢ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠠᠴᠠ ᠨᠡᠶᠢᠭᠡᠮ ᠳᠤ ᠢᠯᠡ ᠪᠣᠯᠭᠠᠨ᠎ᠠ ᠃ ᠣᠶᠤᠨᠴᠢ ᠲᠥᠬᠦᠭᠡᠷᠦᠮᠵᠢ ᠶᠢ ᠠᠵᠢᠯᠯᠠᠭᠤᠯᠬᠤ ᠳᠤ ᠬᠦᠴᠢᠷᠲᠡᠶ ᠨᠠᠰᠤᠲᠠᠶᠢᠴᠤᠳ ᠵᠡᠷᠭᠡ ᠣᠨᠴᠠᠭᠠᠶ ᠬᠠᠮᠲᠤᠯᠢᠭ ᠨᠢ | ᠰᠦᠯᠵᠢᠶᠡᠨ ᠭᠠᠳᠠᠨᠠᠬᠢ ᠡᠮᠴᠢᠯᠡᠭᠡᠨ ᠤ ᠳᠠᠭᠠᠳᠬᠠᠯ ᠤᠨ ᠶᠡᠭᠡ ᠲᠢᠩᠬᠢᠮ ᠳᠤ ᠭᠦᠢᠴᠡᠳᠭᠡᠵᠦ ᠪᠣᠯᠤᠨ᠎ᠠ ᠃ | ᠠᠰᠠᠭᠤᠯᠲᠠ᠄ ᠭᠡᠷ ᠪᠦᠯᠢ ᠶᠢᠨ ᠪᠦᠷᠢᠯᠳᠦᠬᠦᠨ ᠯᠡ ᠶᠤᠮ ᠪᠣᠯ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠬᠡᠷᠡᠭᠯᠡᠵᠦ ᠪᠣᠯᠤᠨ᠎ᠠ ᠦᠦ︖ | ᠬᠠᠷᠢᠭᠤᠯᠲᠠ᠄ ᠪᠢᠰᠢ ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠶᠢ | ᠭᠦᠢᠴᠡᠳᠬᠡᠭᠰᠡᠨ ᠭᠡᠷ ᠪᠦᠯᠢ ᠶᠢᠨ ᠪᠦᠷᠢᠯᠳᠦᠬᠦᠨ ᠰᠠᠶ᠋ᠢ ᠡᠨᠡ ᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ᠃ | ᠵᠢᠱᠢᠶᠡᠯᠡᠪᠡᠯ ᠂ ᠯᠢ ᠮᠢᠩ ᠤᠨ ᠡᠵᠢ ᠂ ᠬᠦᠦ ᠪᠣᠯᠤᠨ ᠬᠠᠳᠠᠮ ᠠᠪᠤ ᠨᠢ ᠴᠥᠮ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ | ᠪᠥᠭᠡᠳ ᠬᠤᠪᠢ ᠬᠥᠮᠦᠨ ᠤ ᠳᠠᠩᠰᠠᠨ ᠡᠷᠦᠬᠡ ᠳᠤ ᠴᠥᠮ ᠦᠯᠡᠳᠡᠪᠦᠷᠢ ᠲᠠᠢ ᠃ ᠡᠭᠦᠨ ᠤ ᠳᠣᠲᠣᠷ᠎ᠠ ᠵᠥᠪᠬᠡᠨ ᠲᠡᠭᠦᠨ ᠤ ᠬᠦᠦ ᠨᠢ ᠯᠢ ᠮᠢᠩ ᠲᠠᠢ ᠭᠡᠷ ᠪᠦᠯᠢ ᠶᠢᠨ | ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠵᠦ ᠂ ᠯᠢ ᠮᠢᠩ ᠵᠥᠪᠬᠡᠨ ᠬᠦᠦ ᠶᠢᠨ ᠢᠶᠠᠨ ᠬᠤᠪᠢ ᠶᠢᠨ ᠲᠠᠩᠰᠠᠨ ᠡᠷᠦᠬᠡ ᠶᠢᠨ ᠦᠯᠡᠳᠡᠪᠦᠷᠢ ᠲᠤᠭ᠎ᠠ ᠪᠠᠷ ᠵᠠᠷᠤᠳᠠᠯ ᠢ | ᠲᠥᠯᠥᠵᠦ ᠪᠣᠯᠤᠨ᠎ᠠ ᠃ ᠡᠵᠢ ᠶᠢᠨ ᠬᠢᠨ ᠳᠠᠩᠰᠠᠨ ᠡᠷᠦᠬᠡ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠨᠢ ᠬᠤᠪᠢ ᠬᠥᠮᠦᠨ ᠤ ᠳᠠᠩᠰᠠᠨ ᠡᠷᠦᠬᠡ ᠶᠢᠨ | ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠦᠭᠡᠢ ᠲᠤᠯᠠ ᠬᠠᠷᠢᠯᠴᠠᠨ ᠲᠤᠰᠠᠯᠠᠯᠴᠠᠵᠤ ᠪᠣᠯᠬᠤ ᠥᠬᠡᠢ ᠃ ᠬᠠᠳᠠᠮ ᠠᠪᠤ ᠨᠢ ᠭᠡᠷ ᠪᠦᠯᠢ ᠶᠢᠨ ᠬᠠᠷᠢᠯᠴᠠᠨ | ᠲᠤᠰᠠᠯᠠᠯᠴᠠᠬᠤ ᠪᠦᠷᠢᠯᠳᠦᠬᠦᠨ ᠳᠤ ᠲᠣᠭᠠᠴᠠᠭᠳᠠᠬᠤ ᠦᠭᠡᠶ ᠂ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠵᠦ ᠪᠣᠯᠬᠤ ᠦᠭᠡᠶ ᠃ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠥᠨ ᠤ ᠲᠠᠩᠰᠠᠨ | ᠡᠷᠦᠬᠡ ᠶᠢᠨ ᠰᠠᠭᠤᠷᠢ ᠮᠥᠩᠭᠦ ᠶᠢ ᠠᠪᠤ ᠡᠵᠢ ᠂ ᠬᠠᠨᠢ ᠨᠥᠬᠦᠷ ᠂ ᠦᠷ᠎ᠡ ᠬᠡᠦᠬᠡᠳ ᠲᠤ ᠪᠠᠨ ᠬᠡᠷᠡᠭᠯᠡᠭᠦᠯᠵᠦ ᠪᠣᠯᠣᠨ᠎ᠠ ᠂ ᠭᠡᠪᠡᠴᠦ ᠡᠷᠬᠡᠪᠰᠢ ᠬᠤᠶᠠᠷ ᠤᠷᠢᠲᠠᠯ ᠪᠠᠶᠢᠬᠤ | ᠬᠡᠷᠡᠭᠲᠡᠢ᠄ ᠨᠢᠭᠡ ᠳᠤ ᠲᠠᠨ ᠤ ᠠᠪᠤ ᠡᠵᠢ ᠂ ᠬᠠᠨᠢ ᠨᠥᠬᠦᠷ ᠂ ᠦᠷ᠎ᠡ ᠬᠡᠦᠬᠡᠳ ᠨᠢ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠬᠤ | ᠬᠡᠷᠡᠭᠲᠡᠢ ︵ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠪᠠᠭᠲᠠᠨ᠎ᠠ︶︔ ᠬᠤᠶᠠᠷ ᠲᠤ ᠂ ᠲᠠ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ | ᠭᠦᠢᠴᠡᠳᠬᠡᠭᠰᠡᠨ ᠪᠠᠶᠢᠬᠤ ᠬᠡᠷᠡᠭᠲᠡᠢ ᠃ ᠡᠭᠦᠨ ᠤ ᠬᠠᠮᠲᠤ ᠠᠩᠬᠠᠷᠬᠤ ᠴᠢᠬᠤᠯᠠ ᠲᠠᠢ᠄ ᠨᠢᠭᠡ ᠳᠤ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠡᠲᠡᠭᠡᠳ ᠲᠤ ᠬᠠᠨᠢ | ᠨᠥᠬᠦᠷ ᠤᠨ ᠬᠢᠨ ᠠᠪᠤ ᠡᠵᠢ ᠪᠠᠭᠲᠠᠬᠤ ᠦᠭᠡᠢ ᠃ ᠬᠤᠶᠠᠷ ᠲᠤ ᠬᠠᠷᠢᠯᠴᠠᠨ ᠲᠤᠰᠠᠯᠠᠯᠴᠠᠬᠤ ᠶᠢ ᠬᠦᠷᠲᠡᠬᠦ ᠡᠲᠡᠭᠡᠳ ᠨᠢ ᠬᠠᠷᠢᠯᠴᠠᠨ ᠲᠤᠰᠠᠯᠠᠭᠴᠢ ᠶᠢᠨ ᠡᠮᠴᠢᠯᠡᠭᠡᠨ ᠤ | ᠴᠠᠶᠢᠷᠠᠭᠤᠯᠬᠤ ᠶᠢ ᠬᠦᠷᠲᠡᠵᠦ ᠪᠣᠯᠬᠤ ᠦᠭᠡᠢ ᠂ ᠲᠤᠬᠠᠶᠢᠯᠠᠪᠠᠯ ᠲᠠ ᠬᠤᠪᠢ ᠬᠥᠮᠥᠨ ᠤ ᠳᠠᠩᠰᠠᠨ ᠡᠷᠦᠬᠡ ᠳᠠᠬᠢ ᠵᠣᠭᠤᠰ ᠢ ᠠᠪᠤ ᠡᠵᠢ ᠳᠤ ᠪᠠᠨ ᠬᠡᠷᠡᠭᠯᠡᠭᠦᠯᠵᠦ | ᠪᠣᠯᠣᠨ᠎ᠠ ᠂ ᠭᠡᠪᠡᠴᠦ ᠲᠡᠳᠡᠨ ᠡᠪᠡᠳᠴᠢᠨ ᠦᠵᠡᠭᠦᠯᠦᠭᠡᠳ ᠬᠡᠳᠦᠢ ᠵᠣᠭᠤᠰ ᠢ ᠨᠢ ᠴᠠᠶᠢᠷᠠᠭᠤᠯᠬᠤ ᠪᠣᠯᠬᠤ ᠶᠢ ᠲᠡᠳᠡᠨ ᠤ ᠣᠷᠣᠯᠴᠠᠭᠰᠠᠨ ᠡᠮᠴᠢᠯᠡᠭᠡᠨ ᠤ | ᠳᠠᠭᠠᠳᠬᠠᠯ ᠤᠨ ᠳᠦᠷᠢᠮ ᠢᠶᠠᠷ ᠲᠣᠭᠲᠠᠭᠠᠭᠳᠠᠨ᠎ᠠ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠪᠠᠯ ᠂ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠤᠨ ᠵᠣᠬᠢᠴᠠᠩᠭᠤᠶ ᠬᠠᠷᠠᠭᠠᠯᠵᠠᠯ ᠢ ᠬᠦᠷᠲᠡᠨ᠎ᠡ︔ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠪᠠᠯ ᠂ | ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠵᠣᠬᠢᠴᠠᠩᠭᠤᠶ ᠬᠠᠷᠠᠭᠠᠯᠵᠠᠯ ᠢ ᠬᠦᠷᠲᠡᠨ᠎ᠡ ᠃ | ᠠᠰᠠᠭᠤᠯᠲᠠ᠄ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠭᠦᠢᠴᠡᠳᠬᠡᠭᠰᠡᠨ ᠤ ᠳᠠᠷᠠᠭ᠎ᠠ ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ | ᠬᠡᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠪᠡᠯ ᠲᠠᠭᠠᠷᠠᠬᠤ ᠪᠣᠶ︖ | ᠬᠠᠷᠢᠭᠤᠯᠲᠠ᠄ ᠶᠠᠮᠠᠷ ᠪᠠᠶᠢᠳᠠᠯ ᠳᠣᠣᠷ᠎ᠠ ᠴᠤ ᠭᠡᠰᠡᠨ ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠡᠷᠬᠡᠪᠰᠢ ᠡᠪᠡᠳᠴᠢᠲᠡᠨ ᠤ ᠲᠤᠰ ᠪᠡᠶ᠎ᠡ ᠶᠢᠨ | ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ ᠃ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠲᠥᠷᠥ ᠶᠢᠨ ᠪᠣᠳᠣᠯᠭ᠎ᠠ ᠨᠢ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠵᠣᠭᠤᠰ ᠢᠶᠠᠷ ︽ | ᠬᠠᠷᠢᠯᠴᠠᠨ ᠲᠤᠰᠠᠯᠠᠯᠴᠠᠬᠤ︾ ᠶᠢ ᠵᠢᠭᠠᠵᠤ ᠂ ᠬᠠᠷᠢᠨ ᠡᠮᠴᠢᠯᠡᠭᠡᠨ ᠤ ᠳᠠᠭᠠᠳᠬᠠᠯ ᠤᠨ ᠺᠠᠷᠲ ᠶᠢ ᠵᠢᠭᠠᠵᠤ ᠪᠠᠶᠢᠬᠤ ᠦᠭᠡᠢ ᠃ | ᠡᠮᠴᠢᠯᠡᠭᠡᠨ ᠤ ᠳᠠᠭᠠᠳᠬᠠᠯ ᠤᠨ ᠵᠢᠷᠤᠮᠯᠠᠬᠤ ᠵᠠᠷᠴᠢᠮ ᠪᠣᠯ ︽ᠲᠣᠰ ᠬᠥᠮᠦᠨ ᠨᠢ ᠳᠠᠭᠠᠳᠬᠠᠯ ᠳᠤ ᠣᠷᠣᠯᠴᠠᠵᠤ ᠂ ᠲᠣᠰ ᠬᠥᠮᠦᠨ ᠨᠢ ᠣᠯᠭᠤᠮᠵᠢ ᠭᠥᠷᠳᠡᠬᠦ︾ | ᠪᠣᠯᠤᠨ᠎ᠠ ᠃ ᠭᠡᠷ ᠪᠦᠯᠢ ᠶᠢᠨ ᠬᠢᠨ ᠬᠠᠷᠢᠯᠴᠠᠨ ᠲᠤᠰᠠᠯᠠᠯᠴᠠᠭᠰᠠᠨ ᠤ ᠳᠠᠷᠠᠭ᠎ᠠ ᠲᠤᠰ ᠵᠠᠷᠴᠢᠮ ᠢ ᠦᠯᠦ ᠬᠤᠪᠢᠷᠠᠭᠤᠯᠵᠤ ᠂ ᠳᠠᠭᠠᠳᠬᠠᠯ ᠳᠤ ᠣᠷᠣᠯᠴᠠᠭᠰᠠᠳ ᠮᠥᠨ ᠬᠦ | ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ ᠡᠪᠡᠳᠴᠢᠨ ᠦᠵᠡᠭᠦᠯᠵᠦ ᠂ ᠲᠣᠭᠲᠠᠭᠠᠯ ᠶᠣᠰᠣᠭᠠᠷ ᠲᠤᠰ ᠬᠥᠮᠦᠨ ᠤ ᠡᠮᠴᠢᠯᠡᠭᠡᠨ ᠤ ᠳᠠᠭᠠᠳᠬᠠᠯ ᠤᠨ | ᠣᠯᠭᠤᠮᠵᠢ ᠶᠢ ᠬᠦᠷᠲᠡᠨ᠎ᠡ ᠃ | ᠶᠡᠷᠦ ᠶᠢᠨ ᠣᠶᠢᠯᠠᠭᠠᠯᠲᠠ ᠪᠠᠷ ᠵᠣᠭᠤᠰ ᠢ ᠬᠠᠷᠢᠯᠴᠠᠨ ᠲᠤᠰᠠᠯᠠᠯᠴᠠᠵᠤ ᠪᠣᠯᠣᠨ᠎ᠠ ᠂ ᠺᠠᠷᠲ ᠢ ᠬᠠᠮᠲᠤ ᠪᠠᠷ ᠬᠡᠷᠡᠭᠯᠡᠵᠦ ᠪᠣᠯᠬᠤ ᠦᠭᠡᠢ ᠃ ᠢᠩᠭᠢᠪᠡᠯ ᠣᠯᠠᠨ ᠤ | ᠠᠳᠡᠭᠦᠷᠡᠯ ᠢ ᠪᠠᠭᠠᠰᠬᠠᠵᠤ ᠳᠡᠶᠢᠯᠦᠨ᠎ᠡ ᠃ | ᠠᠰᠠᠭᠤᠯᠲᠠ᠄ ᠲᠤᠰ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠦᠭᠡᠢ ᠪᠠᠷ ᠡᠮᠨᠡᠭᠦᠯᠪᠡᠯ ᠶᠠᠮᠠᠷ ᠦᠷ᠎ᠡ ᠳ᠋ᠦᠩ ᠭᠠᠷᠬᠤ ᠪᠣᠢ︖ | ᠬᠠᠷᠢᠭᠤᠯᠲᠠ᠄ ᠬᠤᠪᠢ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠳ᠋ᠤᠭᠠᠷᠯᠠᠵᠤ ᠡᠮᠨᠡᠭᠦᠯᠬᠦ ᠦᠭᠡᠢ ᠪᠣᠯ ︽ᠪᠤᠰᠤᠳ ᠤᠨ ᠨᠡᠷ᠎ᠡ ᠪᠠᠷ ᠡᠮᠨᠡᠭᠦᠯᠬᠦ︾ | ᠶᠠᠪᠤᠳᠠᠯ ᠪᠣᠯᠣᠨ᠎ᠠ ᠂ ᠬᠥᠩᠭᠡᠨ ᠪᠣᠯ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ ᠨᠢ ᠲᠦᠷ ᠵᠣᠭᠰᠣᠭᠠᠵᠤ ᠂ ᠬᠦᠨᠳᠦ ᠪᠣᠯ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠪᠣᠯᠣᠨ᠎ᠠ ᠃ | ︽ᠪᠤᠰᠤᠳ ᠤᠨ ᠨᠡᠷ᠎ᠡ ᠪᠠᠷ ᠡᠮᠨᠡᠭᠦᠯᠬᠦ︾ ᠭᠡᠳᠡᠭ ᠨᠢ ᠳᠠᠷᠤᠶ ᠬᠠᠤᠯᠢ ᠪᠤᠰᠤ ᠪᠠᠷ ᠡᠵᠡᠯᠡᠬᠦ ᠪᠠᠷ ᠵᠣᠷᠢᠯᠭ᠎ᠠ ᠪᠣᠯᠭᠠᠵᠤ ᠪᠤᠰᠤᠳ ᠤᠨ ᠡᠮᠴᠢᠯᠡᠭᠡᠨ ᠤ | ᠳᠠᠭᠠᠳᠬᠠᠯ ᠤᠨ ᠭᠡᠷᠡᠴᠢ ᠪᠠᠷᠢᠮᠲᠠ ᠶᠢ ᠬᠠᠭᠤᠷᠮᠠᠭᠯᠠᠨ ᠬᠡᠷᠡᠭᠯᠡᠵᠦ ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠳ᠋ᠤᠭᠠᠷᠯᠠᠨ ᠡᠮᠨᠡᠭᠦᠯᠬᠦ ᠶᠢᠨ ᠬᠠᠮᠲᠤ | ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠬᠠᠷᠠᠭᠠᠯᠵᠠᠯ ᠢ ᠬᠦᠷᠲᠡᠵᠦ ᠂ ᠡᠭᠦᠨ ᠢᠶᠠᠷ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ | ᠦᠢᠯᠡ ᠠᠵᠢᠯᠯᠠᠭ᠎ᠠ ᠪᠣᠯᠤᠨ᠎ᠠ ᠃ ᠠᠳᠡᠬᠢ ︽ᠪᠤᠰᠤᠳ ᠬᠥᠮᠥᠨ︾ ᠭᠡᠳᠡᠭ ᠨᠢ ᠳᠠᠭᠠᠳᠬᠠᠯ ᠳᠤ ᠣᠷᠣᠯᠴᠠᠭᠰᠠᠳ ᠠᠴᠠ ᠪᠤᠰᠤᠳ ᠶᠠᠮᠠᠷᠪᠠ ᠬᠥᠮᠦᠨ ᠢ ᠵᠢᠭᠠᠵᠤ | ᠪᠠᠶᠢᠨ᠎ᠠ ᠂ ᠡᠭᠦᠨ ᠳᠤ ᠱᠠᠭᠠᠷᠳᠠᠯᠭ᠎ᠠ ᠶᠣᠰᠣᠭᠠᠷ ︽ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠭᠦᠢᠴᠡᠳᠬᠡᠭᠰᠡᠨ ᠦᠭᠡᠢ ᠭᠡᠷ ᠪᠦᠯᠢ ᠶᠢᠨ ᠪᠦᠷᠢᠯᠳᠦᠬᠦᠨ | ᠪᠠᠭᠲᠠᠨ᠎ᠠ ᠃ | ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ᠤᠨ ᠠᠷᠪᠠᠨ ᠳᠣᠯᠣᠳᠤᠭᠠᠷ | ᠵᠦᠢᠯ ᠳᠤ ᠂ ︽ᠳᠠᠭᠠᠳᠬᠠᠯ ᠳᠤ ᠣᠷᠣᠯᠴᠠᠭᠰᠠᠳ ᠲᠣᠰ ᠬᠥᠮᠦᠨ ᠤ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠪᠠᠨ ᠠᠪᠴᠤ ᠡᠮᠨᠡᠭᠦᠯᠬᠦ ᠂ ᠡᠮ ᠬᠤᠳᠠᠯᠳᠤᠨ | ᠠᠪᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠯᠲᠠ ᠶᠢ ᠬᠦᠯᠢᠶᠡᠬᠦ︾ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ ᠃ ᠳᠥᠴᠢᠨ ᠨᠢᠭᠡᠳᠦᠭᠡᠷ | ᠵᠦᠢᠯ ᠳᠤ ︽ᠬᠤᠪᠢ ᠬᠥᠮᠦᠨ ᠤ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠪᠤᠰᠤᠳ ᠬᠥᠮᠦᠨ ᠳᠤ ᠲᠤᠰᠢᠶᠠᠨ ᠬᠡᠷᠡᠭᠯᠡᠭᠦᠯᠵᠦ ᠂ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠥᠩᠭᠦ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠂ ᠵᠠᠷᠯᠢᠭᠳᠠᠵᠤ ᠪᠠᠶᠢᠭᠠᠳ ᠪᠤᠴᠠᠭᠠᠯᠭᠠᠨ᠎ᠠ︔ ᠳᠠᠭᠠᠳᠬᠠᠯ ᠳᠤ ᠣᠷᠣᠯᠴᠠᠭᠴᠢ ᠳᠤ | ᠬᠠᠷᠢᠶᠠᠯᠠᠭᠳᠠᠪᠠᠯ ᠂ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ 3 ᠰᠠᠷ᠎ᠠ ᠠᠴᠠ 12 ᠰᠠᠷ᠎ᠠ ᠲᠦᠷ ᠵᠣᠭᠰᠣᠭᠠᠨ᠎ᠠ︔ ᠪᠤᠰᠤᠳ ᠤᠨ | ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠬᠡᠷᠡᠭᠯᠡᠨ ᠬᠥᠮᠦᠨ ᠤ ᠨᠡᠷ᠎ᠡ ᠪᠠᠷ ᠡᠮᠨᠡᠭᠦᠯᠬᠦ ᠪᠠ ᠡᠮ ᠬᠤᠳᠠᠯᠳᠤᠨ ᠠᠪᠤᠭᠠᠳ ᠡᠮᠴᠢᠯᠡᠭᠡᠨ ᠤ ᠰᠠᠭᠤᠷᠢ | ᠮᠥᠩᠭᠦ ᠳᠤ ᠬᠤᠬᠢᠷᠠᠯ ᠤᠴᠠᠷᠠᠭᠤᠯᠤᠭᠰᠠᠨ ᠪᠣᠯ ᠪᠠᠰᠠ ᠮᠡᠬᠡᠯᠡᠨ ᠠᠪᠤᠭᠰᠠᠨ ᠵᠣᠭᠤᠰ ᠤᠨ ᠲᠤᠭ᠎ᠠ ᠶᠢᠨ 2 ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ | ᠵᠣᠭᠤᠰ ᠢᠶᠠᠷ ᠲᠣᠷᠭᠠᠬᠤ ᠬᠡᠷᠡᠭᠲᠡᠶ ᠃︾ ᠭᠡᠵᠦ ᠲᠣᠳᠣᠷᠬᠠᠢ ᠵᠢᠭᠠᠵᠤ ᠭᠠᠷᠭᠠᠪᠠ ᠃ ᠬᠡᠷᠪᠡ ᠵᠣᠭᠤᠰ ᠤᠨ ᠲᠤᠭ᠎ᠠ ᠨᠢ ᠨᠡᠯᠢᠶᠡᠳ ᠶᠡᠭᠡ ᠂ ᠦᠢᠯᠡ ᠪᠠᠶᠢᠳᠠᠯ ᠨᠢ ᠬᠦᠨᠳᠦ | ᠨᠣᠴᠢᠲᠠᠢ ᠪᠠᠶᠢᠪᠠᠯ ᠪᠠᠰᠠ ᠮᠡᠬᠡᠯᠡᠭᠰᠡᠨ ᠶᠠᠯ᠎ᠠ ᠪᠣᠯᠤᠨ᠎ᠠ ᠃ | ᠵᠢᠱᠢᠶᠠᠯᠡᠪᠡᠯ ᠂ ︽ᠡᠶᠢᠮᠦ ᠪᠠᠭ᠎ᠠ ᠬᠡᠷᠡᠭ ᠢ ᠬᠠᠪᠰᠤᠷᠴᠤ ᠪᠣᠯᠬᠤ ᠦᠭᠡᠢ ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ | ᠰᠢᠢᠳᠭᠡᠭᠳᠡᠨᠡ ᠃︾ ᠭᠡᠳᠡᠭ ᠵᠣᠬᠢᠶᠠᠯ ᠳᠤ ᠳᠤᠷᠠᠳᠤᠭᠰᠠᠨ ᠰᠢᠶᠣᠥ ᠴᠢᠩ ᠂ ᠲᠡᠷᠡ ᠰᠢᠭᠤᠳ ᠪᠦᠯᠦ ᠥᠬᠢᠨ ᠳᠡᠭᠦᠦ ᠰᠢᠶᠣᠥ ᠯᠠᠨ ᠤ ᠡᠮᠴᠢᠯᠡᠭᠡᠨ ᠤ | ᠳᠠᠭᠠᠳᠬᠠᠯ ᠤᠨ ᠺᠠᠷᠲ ᠢ ᠬᠡᠷᠡᠭᠯᠡᠨ ᠳ᠋ᠤᠭᠠᠷᠯᠠᠵᠤ ᠡᠮᠨᠡᠭᠦᠯᠦᠭᠰᠡᠨ ᠨᠢ ᠳᠠᠷᠤᠢ ᠪᠤᠰᠤᠳ ᠤᠨ ᠨᠡᠷ᠎ᠡ ᠪᠠᠷ ᠡᠮᠨᠡᠭᠦᠯᠦᠭᠰᠡᠨ ᠳᠤ ᠬᠠᠷᠢᠶᠠᠯᠠᠭᠳᠠᠨ᠎ᠠ ᠃ ᠪᠠᠰᠠ ᠵᠢᠱᠢᠶᠡᠯᠡᠪᠡᠯ ᠂ | ᠠᠨᠾᠦ᠋ᠢ ᠶᠢᠨ ᠰᠢᠤᠢ ᠣᠪᠣᠭᠲᠤ ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠨᠢᠭᠡᠨ ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠭᠦᠯᠵᠦ ᠡᠮ | ᠬᠤᠳᠠᠯᠳᠤᠨ ᠠᠪᠤᠭᠰᠠᠨ ᠪᠥᠭᠡᠳ ᠪᠤᠰᠤᠳ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠲᠠᠩᠰᠠ ᠴᠠᠶᠢᠷᠠᠭᠤᠯᠬᠤ ᠬᠠᠷᠠᠭᠠᠯᠵᠠᠯ ᠢ ᠬᠦᠷᠲᠡᠵᠦ ᠂ | ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ 12 ᠲᠦᠮᠡ ᠭᠠᠷᠤᠶ ᠲᠥᠭᠦᠷᠢᠭ ᠮᠡᠬᠡᠯᠡᠨ ᠤᠯᠤᠭᠰᠠᠨ ᠤ ᠬᠠᠮᠲᠤ ᠡᠮ ᠤᠨ ᠵᠦᠢᠯ ᠢ | ᠬᠤᠶᠠᠳᠠᠬᠢ ᠤᠳᠠᠭ᠎ᠠ ᠪᠣᠷᠣᠯᠠᠭᠤᠯᠵᠤ ᠬᠠᠤᠯᠢ ᠠᠴᠠ ᠵᠥᠷᠢᠴᠡᠭᠰᠡᠨ ᠣᠯᠵᠠᠪᠤᠷᠢ 1.5 ᠲᠦᠮᠡᠨ ᠲᠥᠭᠦᠷᠢᠭ ᠣᠯᠵᠤ ᠂ ᠡᠴᠦᠰ ᠲᠡᠭᠡᠨ ᠬᠤᠶᠠᠷ ᠵᠢᠯ ᠵᠢᠷᠭᠤᠭᠠᠨ | ᠰᠠᠷ᠎ᠠ ᠶᠢᠨ ᠬᠤᠭᠤᠴᠠᠭ᠎ᠠ ᠲᠠᠢ ᠬᠤᠷᠢᠬᠤ ᠪᠠᠷ ᠰᠢᠢᠳᠭᠡᠭᠳᠡᠭᠰᠡᠨ ᠪᠥᠭᠡᠳ ᠲᠠᠪᠤᠨ ᠮᠢᠩᠭᠠᠨ ᠲᠥᠭᠦᠷᠢᠭ ᠵᠣᠭᠤᠰ ᠢᠶᠠᠷ ᠲᠣᠷᠭᠠᠭᠳᠠᠪᠠ ᠃ ᠰᠢᠤᠢ ᠣᠪᠣᠭᠲᠤ ᠶᠢᠨ | ᠦᠢᠯᠡ ᠠᠵᠢᠯᠯᠠᠭ᠎ᠠ ᠨᠢ ︽ᠪᠤᠰᠤᠳ ᠤᠨ ᠨᠡᠷ᠎ᠡ ᠪᠠᠷ ᠡᠮᠨᠡᠭᠦᠯᠬᠦ︾ ᠳᠤ ᠲᠣᠭᠠᠴᠢᠭᠳᠠᠬᠤ ᠪᠠᠷ ᠪᠠᠷᠠᠬᠤ ᠦᠭᠡᠢ ᠪᠠᠰᠠ ᠶᠠᠯᠠᠲᠤ ᠠᠵᠢᠯᠯᠠᠭ᠎ᠠ ᠪᠣᠯᠵᠤ ᠂ ᠰᠢᠭᠦᠬᠦ ᠬᠤᠷᠢᠶ᠎ᠠ | ︽ᠡᠷᠡᠭᠦᠦ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠡᠭᠦᠨ ᠳᠤ ᠰᠢᠭᠦᠨ ᠲᠠᠰᠤᠯᠤᠯᠲᠠ ᠭᠠᠷᠭᠠᠪᠠ ᠃ | ᠠᠰᠠᠭᠤᠯᠲᠠ᠄ ᠭᠡᠷ ᠤᠨ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ ᠂ ᠦᠷ᠎ᠡ ᠬᠡᠦᠬᠡᠳ ᠨᠢ ᠲᠡᠳᠡᠨ ᠢ ᠬᠠᠪᠰᠤᠷᠤᠨ ᠡᠮ ᠬᠤᠳᠠᠯᠳᠤᠨ ᠠᠪᠴᠤ | ᠪᠣᠯᠣᠨ᠎ᠠ ᠤᠤ︖ | ᠬᠠᠷᠢᠭᠤᠯᠲᠠ᠄ ᠪᠣᠯᠣᠨ᠎ᠠ ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ᠤᠨ | ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠵᠤᠷᠪᠤᠰ ᠲᠤ᠄ ︽ᠣᠨᠴᠠᠭᠠᠶ ᠰᠢᠯᠲᠠᠭᠠᠨ ᠠᠴᠠ ᠪᠣᠯᠵᠣ ᠪᠤᠰᠤᠳ ᠲᠤ ᠨᠠᠶᠢᠳᠠᠵᠤ ᠡᠮ ᠣᠷᠣᠯᠠᠨ ᠬᠤᠳᠠᠯᠳᠤᠨ | ᠠᠪᠤᠭᠤᠯᠬᠤ ᠴᠢᠬᠤᠯᠠᠲᠠᠶ ᠪᠠᠶᠢᠪᠠᠯ ᠂ ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠡᠷᠡᠴᠢ ᠶᠢ ᠬᠠᠩᠭᠠᠬᠤ ᠬᠡᠷᠡᠭᠲᠡᠶ︾ ᠭᠡᠵᠦ ᠲᠣᠳᠣᠷᠬᠠᠶ | ᠲᠣᠭᠲᠠᠭᠠᠪᠠ ᠃ | ᠡᠶᠢᠮᠦ ᠠᠴᠠ ᠂ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠣᠨᠴᠠᠭᠠᠢ ᠪᠠᠶᠢᠳᠠᠯ ᠳᠣᠣᠷ᠎ᠠ ᠂ ᠦᠷ᠎ᠡ ᠬᠡᠦᠬᠡᠳ ᠨᠢ ᠣᠷᠣᠯᠠᠨ ᠡᠮ ᠬᠤᠳᠠᠯᠳᠤᠨ | ᠠᠪᠴᠤ ᠪᠣᠯᠤᠨ᠎ᠠ ᠃ ᠭᠡᠪᠡᠴᠦ ᠡᠮ ᠬᠤᠳᠠᠯᠳᠤᠨ ᠠᠪᠬᠤ ᠳᠠᠭᠠᠨ ᠡᠮ ᠤᠤᠭᠤᠬᠤ ᠲᠤᠰ ᠬᠥᠮᠦᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠶ | ᠪᠥᠭᠡᠳ ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠡᠷᠡᠴᠢ ᠪᠠᠨ ᠭᠠᠷᠭᠠᠵᠤ ᠦᠵᠡᠭᠦᠯᠬᠦ ᠬᠡᠷᠡᠭᠲᠡᠶ ᠃ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠵᠣᠭᠤᠰ ᠢ ᠬᠠᠷᠢᠯᠴᠠᠨ ᠲᠤᠰᠠᠯᠠᠯᠴᠠᠵᠤ ᠪᠣᠯᠤᠨ᠎ᠠ ᠂ | ᠭᠡᠪᠡᠴᠦ ᠶᠠᠮᠠᠷᠪᠠ ᠬᠥᠮᠦᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠴᠥᠮ ᠬᠠᠮᠲᠤᠪᠠᠷ ᠬᠡᠷᠡᠭᠯᠡᠵᠦ ᠪᠣᠯᠬᠤ ᠦᠭᠡᠶ ᠭᠡᠳᠡᠭ ᠢ ᠪᠠᠲᠤ ᠴᠡᠭᠡᠵᠢᠯᠡᠭᠡᠷᠡᠢ︕ |