ᠴᠢ᠊ · ᠳᠠᠯᠠᠨᠲᠠᠢ ᠪᠦᠯᠬᠦᠮ ᠳᠠᠭᠠᠭᠤᠯᠤᠨ ᠪᠡᠭᠡᠵᠢᠩ ᠤᠨ ᠡᠦ ᠮᠧᠢ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠪᠠ
ᠨᠡᠶᠢᠲᠡᠯᠡᠭᠰᠡᠨ ᠴᠠᠭ᠄
2024/7/15
      7 ᠳ᠋ᠤᠭᠠᠷ ᠰᠠᠷ᠎ᠠ ᠶᠢᠨ 13 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠪᠡᠭᠡᠵᠢᠩ ᠤᠨ ᠡᠦ ᠮᠧᠢ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠵᠤ᠂ ᠲᠤᠬᠠᠢ ᠶᠢᠨ ᠭᠠᠵᠠᠷ ᠲᠤᠨᠢ ᠪᠡᠭᠡᠵᠢᠩ ᠤᠨ ᠮᠠᠢ ᠳ᠋ᠧ ᠯᠦᠩ ︵ᠰᠧ ᠵᠢᠢ ᠴᠢᠩ ᠳᠠᠬᠢ ᠳᠡᠯᠭᠡᠭᠦᠷ︶ ᠢ ᠰᠢᠨᠵᠢᠯᠡᠨ ᠪᠠᠶᠢᠴᠠᠭᠠᠭᠰᠠᠨ ᠪᠥᠭᠡᠳ ᠦ᠋ ᠮᠧᠢ ᠪᠦᠯᠦᠭᠯᠡᠯ ᠤᠨ CEO ᠵᠠᠩ ᠪᠢᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠤᠳᠤᠷᠢᠳᠤᠯᠭ᠎ᠠ ᠯᠢᠦᠶ ᠭᠦᠸᠧ ᠬᠤᠸᠠ᠂ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠣᠷᠣᠯᠴᠠᠵᠠᠶ᠃
奇·达楞太带队赴北京物美集团考察对接.jpg
     ᠶᠠᠷᠢᠯᠴᠠᠬᠤ ᠬᠤᠷᠠᠯ ᠳᠡᠭᠡᠷ᠎ᠡ᠂ ᠴᠢ᠊ · ᠳᠠᠯᠠᠨᠲᠠᠢ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠲᠦᠩᠯᠢᠶᠣᠤ ︽ᠳᠡᠯᠡᠬᠡᠶ ᠶᠢᠨ ᠡᠷᠳᠡᠨᠢ ᠰᠢᠰᠢ ᠶᠢᠨ ᠪᠦᠰᠡ︾ ᠪᠣᠯᠤᠨ ︽ᠠᠯᠠᠰᠢᠨ ᠦᠬᠡᠷ ᠤᠨ ᠲᠡᠵᠢᠭᠡᠪᠦᠷᠢ ᠶᠢᠨ ᠪᠦᠰᠡ︾ ᠳᠤ ᠪᠠᠶᠢᠷᠢᠯᠠᠵᠤ᠂ ᠠᠮᠤ ᠪᠤᠳᠠᠭᠠᠨ ᠤ ᠤᠨᠠᠯᠲᠠ ᠥᠪᠥᠷ ᠮᠣᠩᠭᠤᠯ ᠤᠨ ᠲᠡᠷᠢᠭᠦᠨ ᠳᠤ ᠣᠷᠣᠵᠤ᠂ ᠠᠯᠠᠰᠢᠨ ᠦᠬᠡᠷ ᠤᠨ ᠲᠡᠵᠢᠭᠡᠪᠦᠷᠢ ᠶᠢᠨ ᠬᠡᠮᠵᠢᠶ᠎ᠡ ᠪᠥᠬᠦ ᠤᠯᠤᠰ ᠤᠨ ᠭᠠᠵᠠᠷ ᠤᠨ ᠲᠠᠰ ᠤᠨ ᠬᠤᠲᠠ ᠶᠢᠨ ᠡᠮᠦᠨ᠎ᠡ ᠡᠩᠨᠡᠭᠡᠨ ᠳᠤ ᠪᠠᠶᠢᠨ᠎ᠠ᠃ ᠣᠳᠣᠬᠠᠨ ᠳᠤ ᠶᠠᠭ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠮᠠᠯ ᠲᠠᠷᠢᠶᠠᠯᠠᠩ ᠤᠨ ᠠᠵᠤ ᠠᠬᠤᠶ ᠶᠢᠨ ᠲᠣᠮᠣ ᠬᠤᠲᠠ ᠠᠴᠠ ᠮᠠᠯ ᠲᠠᠷᠢᠶᠠᠯᠠᠩ ᠤᠨ ᠠᠵᠤ ᠠᠬᠤᠶ ᠶᠢᠨ ᠬᠦᠴᠦᠷᠬᠡᠭ ᠬᠤᠲᠠ ᠪᠣᠯᠭᠠᠨ ᠬᠤᠪᠢᠷᠠᠭᠤᠯᠬᠤ ᠶᠢ ᠠᠬᠢᠭᠤᠯᠵᠤ ᠪᠠᠶᠢᠨ᠎ᠠ᠃ ᠦ᠋ ᠮᠧᠢ ᠪᠦᠯᠦᠭᠯᠡᠯ ᠨᠢ ᠳᠤᠮᠳᠠᠳᠤ ᠤᠯᠤᠰ ᠤᠨ ᠬᠥᠭᠵᠢᠯᠲᠡ ᠶᠢᠨ ᠬᠠᠮᠤᠭ ᠤᠨ ᠡᠷᠲᠡ᠂ ᠬᠡᠪᠴᠢᠶ᠎ᠡ ᠪᠠᠷ ᠬᠠᠮᠤᠭ ᠤᠨ ᠶᠡᠭᠡ ᠪᠦᠬᠦ ᠠᠷᠭ᠎ᠠ ᠵᠠᠮ ᠤᠨ ᠲᠣᠭᠠᠴᠢᠯᠠᠭᠰᠠᠨ ᠭᠦᠢᠯᠭᠡᠭᠡᠨ ᠤ ᠠᠵᠤ ᠠᠬᠤᠶᠢᠯᠠᠯ ᠤᠨ ᠨᠢᠭᠡ ᠪᠣᠯᠤᠭᠰᠠᠨ ᠤ ᠬᠤᠪᠢ ᠳᠤ᠂ ᠲᠣᠭᠠᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢ ᠡᠭᠦᠳᠬᠦ᠂ ᠤᠯᠠᠨ ᠠᠷᠭ᠎ᠠ ᠵᠠᠮ ᠬᠠᠩᠭᠠᠭᠰᠠᠨ ᠪᠠᠷᠢᠮᠵᠢᠶᠠᠵᠢᠭᠤᠯᠤᠭᠰᠠᠨ ᠲᠠᠸᠠᠷ ᠵᠡᠷᠭᠡ ᠲᠠᠯ᠎ᠠ ᠶᠢᠨ ᠲᠤᠷᠰᠢᠯᠭ᠎ᠠ ᠪᠠᠷ ᠪᠠᠶᠠᠯᠢᠭ ᠪᠠᠶᠢᠵᠤ᠂  ᠬᠠᠷᠢᠶᠠᠨ ᠳᠠᠬᠢ ︽ᠡᠦ ᠮᠧᠢ︾᠂ ︽ᠮᠠᠢ ᠳ᠋ᠧ ᠯᠦᠩ︾ ᠵᠡᠷᠭᠡ ᠨᠡᠷᠡᠲᠦ ᠱᠣᠰᠢᠭ᠎ᠠ ᠨᠢ ᠤᠯᠤᠰ ᠤᠨ ᠳᠣᠲᠣᠭᠠᠳᠤ ᠳᠤ ᠠᠯᠳᠠᠷᠰᠢᠵᠠᠢ᠃ ᠠᠵᠤ ᠠᠬᠤᠶᠢᠯᠠᠯ ᠤᠨ ᠲᠦᠩᠯᠢᠶᠣᠤ ᠳᠤ ᠰᠢᠨᠵᠢᠯᠡᠨ ᠪᠠᠶᠢᠴᠠᠭᠠᠵᠤ ᠵᠢᠭᠠᠨ ᠵᠢᠯᠣᠭᠤᠳᠴᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ ᠵᠡᠷᠭᠡ ᠭᠤᠭᠴᠤᠭ᠎ᠠ ᠳᠤ ᠬᠠᠮᠲᠤᠷᠠᠯᠴᠠᠭ᠎ᠠ ᠥᠷᠨᠢᠭᠦᠯᠬᠦ ᠶᠢᠨ ᠬᠠᠮᠲᠤ ᠲᠠᠪᠴᠠᠩ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠣᠷᠣᠨ ᠨᠤᠲᠤᠭ ᠢ ᠬᠠᠪᠰᠤᠷᠤᠨ ᠴᠢᠨᠠᠷ ᠰᠠᠶᠢᠲᠠᠶ ᠣᠨᠴᠠᠯᠢᠭᠲᠤ ᠪᠦᠲᠦᠭᠡᠭᠳᠡᠬᠦᠨ ᠢ ᠤᠬᠠᠭᠠᠯᠠᠨ ᠰᠡᠳᠦᠵᠦ᠂ ᠤᠬᠠᠭᠤᠯᠤᠨ ᠳᠡᠯᠭᠡᠷᠡᠭᠦᠯᠵᠦ᠂ ᠨᠡᠩ ᠣᠯᠠᠨ ᠲᠦᠩᠯᠢᠶᠣᠤ ᠶᠢᠨ ᠰᠠᠶᠢᠨ ᠦᠢᠯᠡᠳᠬᠦᠨ ᠢ ᠥᠪᠥᠷ ᠮᠣᠩᠭᠤᠯ ᠠᠴᠠ ᠭᠠᠷᠭᠠᠵᠤ᠂ ᠨᠡᠶᠢᠰᠯᠡᠯ ᠳᠤ ᠬᠦᠷᠭᠡᠵᠦ᠂ ᠪᠦᠬᠦ ᠤᠯᠤᠰ ᠲᠤ ᠪᠣᠷᠣᠯᠠᠭᠤᠯᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠭᠡᠪᠡ᠃     ᠵᠠᠩ ᠪᠢᠨ᠂ ᠴᠢ᠊ · ᠳᠠᠯᠠᠨᠲᠠᠢ ᠨᠠᠷ ᠤᠨ ᠬᠦᠷᠴᠦ ᠢᠷᠡᠭᠰᠡᠨ ᠢ ᠤᠭᠲᠤᠵᠤ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠲᠡᠦᠬᠡ᠂ ᠲᠤᠬᠠᠶᠢᠯᠠᠭᠰᠠᠨ ᠠᠵᠢᠯ ᠢᠶᠠᠨ ᠨᠠᠷᠢᠨ ᠲᠠᠨᠢᠯᠴᠠᠭᠤᠯᠪᠠ᠃ ᠲᠡᠷᠡ᠂ ᠲᠦᠩᠯᠢᠶᠣᠤ ᠬᠤᠲᠠ ᠶᠢᠨ ᠣᠷᠣᠨ ᠪᠠᠶᠢᠷᠢ ᠳᠠᠪᠠᠭᠤᠯᠢᠭ᠂ ᠡᠬᠢ ᠪᠠᠶᠠᠯᠢᠭ ᠡᠯᠪᠡᠭ ᠳᠡᠯᠪᠡᠭ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠥᠷᠥᠯ ᠵᠦᠢᠯ ᠪᠠᠶᠠᠯᠢᠭ᠂ ᠶᠠᠰᠤ ᠴᠢᠨᠠᠷ ᠰᠢᠯᠢᠳᠡᠭ ᠪᠠᠶᠢᠵᠤ᠂ ᠠᠵᠤ ᠠᠬᠤᠶᠢᠯᠠᠯ ᠣᠶᠢᠷ᠎ᠠ ᠳᠤ ᠪᠦᠯᠬᠦᠮ ᠳᠠᠭᠠᠭᠤᠯᠤᠨ ᠲᠦᠩᠯᠢᠶᠣᠤ ᠳᠤ ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠢᠳᠡᠪᠬᠢᠲᠡᠶ ᠪᠠᠳᠠᠷᠠᠭᠤᠯᠵᠤ᠂ ᠣᠷᠣᠨ ᠨᠤᠲᠤᠭ ᠢ ᠬᠠᠪᠰᠤᠷᠤᠨ ᠴᠢᠨᠠᠷ ᠰᠠᠶᠢᠲᠠᠶ ᠤᠨᠴᠠᠯᠢᠬᠳᠤ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ᠂ ᠪᠥᠬᠦ ᠤᠯᠤᠰ ᠲᠤ ᠪᠣᠷᠣᠯᠠᠭᠤᠯᠵᠤ᠂ ᠲᠦᠩᠯᠢᠶᠣᠤ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ 
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ