ᠣᠶᠢᠷ᠎ᠠ ᠶᠢᠨ ᠵᠢᠯ᠂ ᠮᠠᠨ ᠤ ᠬᠤᠳᠠ ᠰᠣᠶᠣᠯ ᠵᠢᠭᠤᠯᠴᠢᠯᠠᠯ ᠤᠨ ᠣᠨᠴᠠᠯᠢᠭᠲᠤ ᠡᠬᠢ ᠪᠠᠶᠠᠯᠢᠭ ᠢ ᠠᠭᠤᠳᠠᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠡᠬᠢ ᠪᠠᠶᠠᠯᠢᠭ ᠢ ᠨᠡᠶᠢᠳᠬᠡᠨ ᠰᠢᠯᠢᠳᠡᠭᠵᠢᠭᠦᠯᠬᠦ ᠶᠢ ᠴᠢᠩᠭᠠᠳᠬᠠᠨ᠂ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ᠂ ᠰᠢᠨ᠎ᠡ ᠲᠦᠷᠦᠯ ᠵᠦᠢᠯ᠂ | ᠰᠢᠨ᠎ᠡ ᠦᠵᠡᠭᠳᠡᠯ ᠢ ᠦᠷᠭᠦᠯᠵᠢᠯᠡᠨ ᠪᠠᠶᠠᠯᠢᠭᠵᠢᠭᠤᠯᠵᠤ᠂ ︽ᠢᠲᠡᠭᠡᠯᠲᠦ ᠨᠤᠲᠤᠭ ᠢᠪᠡᠭᠡᠯᠲᠦ ᠲᠦᠩᠯᠢᠶᠣᠣ︾ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ | ᠪᠣᠶᠢᠵᠢᠭᠤᠯᠬᠤ ᠶᠢᠨ ᠲᠣᠭᠤᠷᠢᠨ ᠳᠤ᠂ ᠵᠤᠭᠠᠴᠠᠭᠰᠠᠳ ᠤᠨ ᠤᠯᠠᠨ ᠡᠰᠢᠵᠢᠯᠲᠡ᠂ ᠤᠯᠠᠨ ᠳᠡᠰ ᠳᠠᠪᠬᠤᠷᠭ᠎ᠠ᠂ ᠤᠯᠠᠨ ᠲᠠᠯ᠎ᠠ ᠶᠢᠨ ᠰᠣᠶᠣᠯ ᠵᠢᠭᠤᠯᠴᠢᠯᠠᠯ ᠤᠨ | ᠬᠡᠷᠡᠭᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠦᠭᠦ ᠣᠷᠣᠨ ᠪᠦᠰᠡ ᠶᠢᠨ ᠬᠥᠭᠵᠢᠯᠲᠡ ᠳᠤ | ᠬᠦᠴᠦᠨ ᠨᠡᠮᠡᠷᠢᠯᠡᠪᠡ᠃ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 32 ᠳ᠋ᠤᠭᠠᠷ | ᠬᠤᠭᠤᠴᠠᠭᠠᠨ ᠤ ︽ᠱᠣᠩᠬᠤᠷ ·ᠴᠤᠭᠯᠠᠭᠠᠨ︾ ᠤ ᠰᠢᠷᠢᠰ ᠠᠵᠢᠯᠯᠠᠭ᠎ᠠ ᠳᠡᠭᠡᠷ᠎ᠡ᠂ ᠬᠤᠷᠴᠢᠨ ᠠᠷᠠᠳ ᠤᠨ ᠳᠠᠭᠤᠤ᠂ ᠪᠦᠭᠡ ᠶᠢᠨ ᠤᠷᠤᠯᠳᠤᠭᠠᠨ᠂ ᠤᠷᠠᠨ ᠰᠠᠶᠢᠬᠠᠨ ᠤ | ᠲᠣᠬᠯᠠᠯᠲᠠ ᠵᠡᠷᠭᠡ ᠭᠠᠵᠠᠷ ᠣᠷᠣᠨ ᠤ ᠣᠨᠴᠠᠯᠢᠭ ᠲᠠᠢ ᠠᠵᠢᠯᠯᠠᠭ᠎ᠠ ᠨᠢ ᠦᠢ ᠣᠯᠠᠨ ᠵᠤᠭᠠᠴᠠᠭᠴᠢ ᠶᠢᠨ ᠰᠣᠨᠢᠷᠬᠠᠯ ᠢ ᠲᠠᠲᠠᠵᠠᠢ᠃ ᠣᠶᠢᠷ᠎ᠠ ᠶᠢᠨ ᠵᠢᠯ᠂ ᠮᠠᠨ ᠤ ᠬᠤᠲᠠ | ︽ᠪᠠᠶᠠᠷ ᠳᠤᠷᠠᠰᠬᠠᠯ ᠤᠨ ᠠᠵᠢᠯᠯᠠᠭ᠎ᠠ + ᠵᠢᠭᠤᠯᠴᠢᠯᠠᠯ︾᠂ ︽ᠵᠢᠭᠤᠯᠴᠢᠯᠠᠯ + ᠪᠡᠶ᠎ᠡ ᠶᠢᠨ ᠲᠠᠮᠢᠷ ᠤᠨ ᠤᠷᠤᠯᠳᠤᠭᠠᠨ︾ ᠵᠡᠷᠭᠡ ᠭᠡᠯᠪᠡᠷᠢ ᠪᠠᠷ ᠳᠠᠮᠵᠢᠭᠤᠯᠤᠨ᠂ ᠨᠠᠩ | ᠣᠯᠠᠨ ᠬᠤᠲᠠ ᠶᠢᠨ ᠳᠣᠲᠣᠨ᠎ᠠ ᠭᠠᠳᠠᠨᠠᠬᠢ ᠵᠤᠭᠠᠴᠠᠭᠰᠠᠳ ᠢ ᠲᠡᠳᠡᠨ ᠠᠪᠴᠢᠷᠠᠨ ᠲᠣᠭᠤᠷᠢᠨ ᠵᠤᠭᠠᠴᠠᠭᠤᠯᠵᠤ᠂ ᠭᠠᠵᠠᠷ ᠣᠷᠣᠨ ᠤ ᠠᠯᠳᠠᠷᠰᠢᠯ ᠪᠠ ᠭᠤᠶᠤ ᠰᠠᠶᠢᠬᠠᠨ | ᠪ᠊ ᠠᠯᠳᠠᠷᠰᠢᠯ ᠤᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠤᠯ ᠲᠡᠮᠳᠡᠭ ᠢ ᠪᠤᠶ ᠪᠤᠯᠭᠠᠬᠤ ᠳᠤ ᠬᠦᠴᠦᠨ | ᠨᠡᠮᠡᠷᠢᠯᠡᠭᠰᠡᠨ ᠪᠠᠶᠢᠨ᠎ᠠ᠃ | ᠡᠯ᠎ᠡ ᠲᠦᠷᠦᠯ ᠤᠨ ᠳᠠᠭᠤᠤ ᠬᠥᠭᠵᠢᠮ ᠤᠨ ᠨᠠᠶᠢᠷ ᠢ ᠡᠷᠭᠢᠯᠡᠭᠦ ᠪᠣᠯ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ ᠪᠠᠰᠠ | ᠨᠢᠭᠡ ᠶᠡᠭᠡ ᠭᠢᠯᠠᠰ ᠴᠡᠭ ᠪᠣᠯᠣᠨ᠎ᠠ᠃ ᠡᠮᠦᠨᠡᠬᠡᠨ ᠶᠠᠪᠤᠭᠳᠠᠭᠰᠠᠨ ᠲᠦᠩᠯᠢᠶᠣᠣ ᠶᠢᠨ ᠠᠩᠬᠠᠳᠤᠭᠠᠷ ᠬᠤᠭᠤᠴᠠᠭᠠᠨ ᠤ ︽ᠢᠲᠡᠭᠡᠯᠲᠦ ᠨᠤᠲᠤᠭ ᠢᠪᠡᠭᠡᠯᠲᠦ ᠲᠦᠩᠯᠢᠶᠣᠣ — | ᠲᠠᠯ᠎ᠠ ᠨᠤᠲᠤᠭ ᠤᠨ ᠬᠤᠲᠠ ᠶᠢᠨ ᠳᠠᠭᠤᠤ ᠬᠥᠭᠵᠢᠮ ᠤᠨ ᠨᠠᠶᠢᠷ︾ ᠨᠢ ᠤᠷᠤᠰᠬᠠᠯ ᠳᠠᠭᠤᠤ ᠬᠥᠭᠵᠢᠮ᠂ ᠦᠨᠳᠦᠰᠦᠲᠡᠨ ᠤ ᠣᠨᠴᠠᠯᠢᠭ᠂ ᠪᠣᠳᠠᠰ ᠤᠨ ᠪᠤᠰᠤ | ᠰᠣᠶᠣᠯ ᠤᠨ ᠥᠪ ᠤᠨ ᠭᠤᠣᠯ ᠰᠡᠳᠦᠪ ᠢ ᠨᠢᠭᠡ ᠴᠣᠭᠴᠠ ᠪᠣᠯᠭᠠᠨ ᠨᠢᠭᠡᠳᠬᠡᠵᠦ᠂ ︽ᠲᠦᠷᠦᠭᠦᠤ ᠢᠷᠡᠬᠦ ᠵᠣᠴᠢᠨ︾ ᠢ ︽ᠲᠠᠭᠢᠨ ᠢᠷᠡᠬᠦ ᠵᠣᠴᠢᠨ︾ ᠪᠤᠯᠭᠠᠵᠤ᠂ | ᠡᠭᠦᠨ ᠤ ᠤᠯᠠᠮ ᠠᠴᠠ ᠬᠡᠷᠡᠭᠯᠡᠭᠡᠨ ᠤ ᠠᠵᠤ ᠠᠬᠤᠢ ᠶᠢᠨ ᠰᠢᠨ᠎ᠡ ᠲᠣᠭᠤᠷᠢᠭ ᠢ ᠪᠤᠶ ᠪᠤᠯᠭᠠᠵᠤ᠂ ᠬᠤᠲᠠ ᠶᠢᠨ ᠰᠣᠶᠣᠯ ᠵᠢᠭᠤᠯᠴᠢᠯᠠᠯ ᠳᠤ ᠨᠠᠩ ᠰᠠᠶᠢᠨ ᠰᠢᠨ᠎ᠡ | ᠬᠠᠷᠠᠭᠠᠰᠤ ᠪᠠ ᠰᠢᠨ᠎ᠡ ᠬᠥᠳᠡᠯᠭᠡᠬᠦ ᠬᠦᠴᠦᠨ ᠢ ᠠᠪᠴᠢᠷᠠᠨ ᠥᠭᠪᠡ᠃ | ᠡᠨᠡ ᠵᠢᠯ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ | ᠬᠤᠪᠢ ᠪᠠᠷ ᠢᠶᠠᠨ ᠲᠡᠷᠭᠡ ᠪᠠᠷᠢᠵᠤ ᠵᠢᠭᠤᠯᠴᠢᠯᠠᠬᠤ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠢ ᠭᠤᠣᠯᠳᠠᠯᠭ᠎ᠠ ᠲᠠᠢ ᠬᠥᠭᠵᠢᠭᠦᠯᠵᠦ᠂ ᠬᠤᠪᠢ ᠪᠠᠷ ᠢᠶᠠᠨ ᠲᠡᠷᠭᠡ ᠪᠠᠷᠢᠵᠤ | ᠬᠡᠭᠡᠷ᠎ᠡ ᠪᠠᠭᠤᠳᠠᠯᠯᠠᠬᠤ 14 ᠭᠠᠵᠠᠷ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠪᠡ᠃ ᠪᠦᠭᠦ ᠬᠤᠲᠠ ᠶᠢᠨ ᠭᠤᠣᠯᠳᠠᠯᠭ᠎ᠠ ᠲᠠᠢ ᠦᠵᠡᠮᠵᠢ ᠶᠢᠨ ᠣᠷᠣᠨ ᠳᠤ | ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠴᠤ᠂ ᠤᠬᠠᠭᠠᠯᠠᠨ ᠲᠥᠯᠥᠪᠯᠡᠵᠦ ᠨᠡᠭᠡᠭᠡᠨ ᠬᠥᠭᠵᠢᠭᠦᠯᠵᠦ᠂ ᠨᠢᠭᠡ ᠪᠦᠯᠦᠭ ᠵᠤᠭ᠎ᠠ ᠴᠡᠩᠭᠡᠯ᠂ ᠦᠵᠡᠮᠵᠢ ᠶᠢᠨ | ᠣᠷᠣᠨ ᠤ ᠤᠷᠠᠨ ᠰᠠᠶᠢᠬᠠᠨ ᠤ ᠲᠣᠬᠯᠠᠯᠲᠠ ᠵᠡᠷᠭᠡ ᠲᠥᠷᠥᠯ ᠵᠦᠢᠯ ᠢ ᠰᠢᠨ᠎ᠡ ᠪᠠᠷ ᠡᠭᠦᠳᠦᠨ ᠪᠣᠶᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠰᠢᠨ᠎ᠡ ᠦᠢᠯᠡᠳᠬᠦᠨ᠂ ᠰᠢᠨ᠎ᠡ ᠦᠵᠡᠮᠵᠢ ᠪᠠᠶᠢᠳᠠᠯ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠢ ᠨᠡᠭᠡᠭᠡᠨ ᠬᠥᠭᠵᠢᠭᠦᠯᠪᠡ᠃ ᠣᠳᠣᠬᠠᠨ ᠪᠤᠯᠲᠠᠯ᠎ᠠ᠂ | ᠪᠦᠭᠦ ᠬᠤᠲᠠ ᠳᠤ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ ᠨᠡᠶᠢᠲᠡ 537.54 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ | ᠳᠣᠲᠣᠭᠠᠳᠤ ᠶᠢᠨ ᠵᠢᠭᠤᠯᠴᠢᠯᠠᠯ ᠤᠨ ᠵᠠᠷᠤᠳᠠᠯ ᠢ ᠨᠡᠶᠢᠲᠡ 72.69 ᠳ᠋ᠦᠩᠰᠢᠭᠤᠷ ᠲᠥᠭᠦᠷᠢᠭ ᠵᠠᠷᠤᠴᠠᠭᠤᠯᠪᠠ᠃ 5 ᠰᠠᠷ᠎ᠠ ᠶᠢᠨ ᠰᠡᠭᠦᠯᠴᠢ ᠪᠤᠯᠲᠠᠯ᠎ᠠ᠂ ᠮᠠᠨ ᠤ | ᠬᠤᠲᠠ ᠶᠢᠨ ᠡᠯ᠎ᠡ ᠭᠠᠵᠠᠷ 300 ᠭᠠᠷᠤᠢ ᠵᠦᠢᠯ ᠤᠨ ᠣᠯᠠᠨ ᠭᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠬᠠᠭᠤᠯᠤᠨ | ᠲᠠᠨᠢᠯᠴᠠᠭᠤᠯᠬᠤ ᠲᠠᠲᠠᠬᠤ ᠬᠦᠴᠦᠨ ᠪᠠ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠥᠷᠭᠦᠯᠵᠢᠯᠡᠨ ᠳᠡᠭᠡᠭᠰᠢᠯᠡᠭᠦᠯᠦᠨ᠎ᠡ᠃ ︽ᠢᠲᠡᠭᠡᠯᠲᠦ ᠨᠤᠲᠤᠭ ᠢᠪᠡᠭᠡᠯᠲᠦ | ᠲᠦᠩᠯᠢᠶᠣᠣ︾ ᠶᠢᠨ ᠲᠦᠷᠤᠯ ᠲᠡᠮᠳᠡᠭ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠠᠭ ᠤᠯᠠᠷᠢᠯ᠂ | ᠳᠠᠭᠤᠤ ᠬᠥᠭᠵᠢᠮ᠂ ᠰᠣᠶᠣᠯ ᠤᠨ ᠡᠭᠦᠳᠦᠯᠲᠡ᠂ ᠠᠮᠲᠠᠲᠤ ᠢᠳᠡᠭᠡᠨ᠂ ᠪᠣᠳᠠᠰ ᠤᠨ ᠪᠤᠰᠤ ᠰᠣᠶᠣᠯ ᠤᠨ ᠥᠪ᠂ ᠪᠠᠶᠠᠷ ᠤᠨ ᠡᠳᠦᠷ ᠢ ᠲᠠᠭᠠᠵᠤ ᠲᠦᠩᠯᠢᠶᠣᠣ ᠪᠠᠷ | ᠵᠢᠭᠤᠯᠴᠢᠯᠠᠬᠤ︾ ᠲᠤᠰᠬᠠᠢ ᠲᠥᠷᠥᠯ ᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠦ᠂ ︽ᠬᠠᠪᠤᠷ ᠤᠨ ᠤᠯᠠᠷᠢᠯ ᠳᠤ ᠴᠡᠴᠡᠭ ᠰᠢᠪᠠᠭᠤ ᠰᠣᠨᠢᠷᠬᠠᠬᠤ᠂ ᠵᠣᠨ ᠤ | ᠤᠯᠠᠷᠢᠯ ᠳᠤ ᠭᠤᠶᠣ ᠦᠵᠡᠮᠵᠢ ᠶᠢ ᠰᠣᠨᠢᠷᠬᠠᠬᠤ᠂ ᠨᠠᠮᠤᠷ ᠤᠨ ᠤᠯᠠᠷᠢᠯ ᠳᠤ ᠤᠯᠠᠭᠠᠨ ᠨᠠᠪᠴᠢ ᠶᠢ ᠰᠣᠨᠢᠷᠬᠠᠬᠤ᠂ ᠡᠪᠦᠯ ᠤᠨ ᠤᠯᠠᠷᠢᠯ ᠳᠤ ᠮᠥᠰᠥ ᠴᠠᠰᠤᠨ ᠳᠤ | ᠨᠠᠭᠠᠳᠬᠤ︾ ᠪᠠᠷ ᠭᠤᠣᠯ ᠰᠡᠳᠦᠪ ᠪᠣᠯᠭᠠᠨ᠂ ᠳᠥᠷᠪᠡᠨ ᠤᠯᠠᠷᠢᠯ ᠤᠨ ᠭᠤᠣᠯ ᠰᠡᠳᠦᠪᠲᠦ ᠠᠵᠢᠯᠯᠠᠭ᠎ᠠ ᠶᠢ ᠲᠥᠯᠥᠪᠯᠡᠵᠦ᠂ ᠪᠠᠷᠠᠭᠤᠨ ᠯᠢᠶᠣᠤ ᠾᠧ ᠭᠤᠣᠯ ᠤᠨ | ᠰᠣᠶᠣᠯ ᠤᠨ ᠨᠠᠶᠢᠷ᠂ ︽8 · 18︾ ᠤ ᠵᠢᠷᠢᠮ ᠤᠨ ᠮᠣᠷᠢᠨ ᠤᠷᠤᠯᠳᠤᠭᠠᠨ ᠤ ᠨᠠᠶᠢᠷ ᠵᠡᠷᠭᠡ ᠰᠢᠷᠢᠰ ᠪᠠᠶᠠᠷ ᠳᠤᠷᠠᠰᠬᠠᠯ ᠤᠨ ᠠᠵᠢᠯᠯᠠᠭ᠎ᠠ ᠶᠢ ᠡᠷᠭᠢᠯᠡᠭᠦ ᠪᠠᠷ ᠪᠤᠢ᠃ | ᠰᠤᠷᠪᠤᠯᠵᠢᠯᠠᠬᠴᠢ᠄ ᠴᠠᠷᠠᠰᠤ ᠽᠧᠦ ᠶᠦᠨ ᠰᠠᠷᠠᠭᠤᠯ ᠵᠢᠶᠠ ᠸᠧᠢ ᠵᠢᠶᠠ ᠬᠤᠸᠠ |