8 ᠰᠠᠷ᠎ᠠ ᠶᠢᠨ 4 ᠤ ᠡᠳᠦᠷ ᠤᠨ 20᠄ 00 ᠴᠠᠭ ᠲᠤ ᠵᠠᠯᠠᠭᠤ ᠳᠠᠭᠤᠴᠢᠨ ᠠᠭᠤᠳᠠᠮ ᠬᠤᠲᠠ ᠶᠢᠨ ᠠᠷᠠᠳ ᠤᠨ ᠠᠭᠤᠳᠠᠮ ᠲᠠᠯᠠᠪᠠᠢ ᠳᠤ ᠨᠡᠶᠢᠳᠡ ᠶᠢᠨ | ᠠᠰᠠᠷᠠᠮᠵᠢ ᠶᠢᠨ ᠲᠤᠰᠬᠠᠢ ᠳᠤᠬᠯᠠᠯᠳᠠ ᠭᠠᠷᠭᠠᠵᠤ᠂ ᠨᠤᠲᠤᠭ ᠤᠨ ᠤᠯᠠᠨ ᠳᠠᠭᠠᠨ ᠠᠶ᠎ᠠ ᠳᠠᠭᠤᠤ ᠪᠠᠨ ᠡᠷᠭᠦᠬᠦ ᠪᠣᠯᠣᠨ᠎ᠠ᠃ | | | | | | ᠠᠭᠤᠳᠠᠮ᠄ | | | | | | 2017 ᠣᠨ ᠤ 6 ᠰᠠᠷ᠎ᠠ ᠳᠤ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢ ᠲᠥᠯᠥᠭᠡᠯᠡᠨ | ᠤᠯᠤᠰ ᠤᠨ ᠰᠣᠶᠣᠯ ᠤᠨ ᠶᠠᠮᠤᠨ ᠠᠴᠠ ᠲᠥᠪ ᠤᠨ ᠦᠨᠳᠦᠰᠦᠲᠡᠨ ᠤ ᠳᠠᠭᠤᠤ ᠪᠥᠵᠢᠭ ᠤᠨ ᠪᠦᠯᠭᠦᠮ ᠳᠤ ᠡᠷᠭᠢᠯᠡᠭᠰᠡᠨ ︽ᠪᠢ ᠶᠠᠨ ᠠᠨ ᠠᠴᠠ ᠢᠷᠡᠯ᠎ᠠ︾ ᠬᠡᠮᠡᠬᠦ | ᠲᠣᠮᠣ ᠭᠡᠯᠪᠡᠷᠢ ᠶᠢᠨ ᠬᠤᠪᠢᠰᠬᠠᠯᠲᠤ ᠳᠠᠭᠤᠤ ᠬᠥᠭᠵᠢᠮ ᠤᠨ ᠦᠳᠡᠰᠢᠯᠡᠭᠡ ᠳᠤ ᠣᠷᠣᠯᠴᠠᠪᠠ᠃ | 2017 ᠣᠨ ᠤ 8 ᠰᠠᠷ᠎ᠠ ᠳᠤ ᠲᠥᠪ ᠲᠧᠯᠸᠢᠰ ᠤᠨ ︽ᠳᠤᠮᠳᠠᠳᠤ ᠤᠯᠤᠰ ᠤᠨ ᠠᠷᠠᠳ ᠤᠨ ᠳᠠᠭᠤᠤ ᠶᠢᠨ ᠴᠤᠭᠯᠠᠭᠠᠨ︾ ᠳᠤ ᠤᠷᠢᠭᠳᠠᠨ ᠣᠷᠣᠯᠴᠠᠵᠠᠢ᠃ | 2017 ᠣᠨ ᠤ 11 ᠰᠠᠷ᠎ᠠ ᠳᠤ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠪᠤᠭᠳᠠᠭᠰᠠᠨ ︽ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ | ᠨᠠᠶᠢᠷᠠᠯ ᠳᠠᠭᠤᠤ ᠬᠥᠭᠵᠢᠮ ᠤᠨ ᠦᠳᠡᠰᠢᠯᠡᠭᠡ︾ ᠳᠤ ᠤᠷᠢᠭᠳᠠᠨ ᠣᠷᠣᠯᠴᠠᠪᠠ᠃ | 2019 ᠣᠨ ᠤ 6 ᠰᠠᠷ᠎ᠠ ᠳᠤ ᠰᠤᠷᠭᠠᠭᠤᠯᠢ ᠳᠠᠭᠠᠨ ᠪᠡᠭᠡᠵᠢᠩ ᠤᠨ ᠴᠡᠯᠡᠭᠡᠷ ᠰᠣᠶᠣᠯ ᠵᠠᠭᠤᠴᠢᠯᠠᠭᠤᠷ ᠤᠨ ᠠᠵᠢᠯᠯᠠᠬᠤ ᠦᠷᠦᠭᠡ ᠶᠢ ᠪᠠᠶᠢᠭᠤᠯᠪᠠ᠃ | 2019 ᠣᠨ ᠤ 8 ᠰᠠᠷ᠎ᠠ ᠳᠤ ᠴᠡᠯᠡᠭᠡᠷ ᠳᠠᠭᠤᠤ ᠬᠥᠭᠵᠢᠮ ᠤᠨ ᠪᠦᠯᠭᠦᠮ ᠢᠶᠠᠨ ᠳᠠᠭᠠᠭᠤᠯᠤᠨ ︽ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ︾ | ᠶᠢᠨ ᠬᠥᠭᠵᠢᠮ ᠤᠨ ᠤᠷᠤᠯᠳᠤᠭᠠᠨ ᠳᠤ ᠤᠷᠤᠯᠴᠠᠵᠦ᠂ ᠥᠪᠥᠷ ᠮᠣᠩᠭᠤᠯ ᠤᠨ ᠤᠯᠠᠮᠵᠢᠯᠠᠯᠲᠤ ᠬᠠᠮᠲᠤᠯᠢᠭ ᠤᠨ ᠲᠡᠷᠢᠭᠦᠨ ᠳᠤ ᠲᠣᠳᠣᠷᠠᠵᠤ ᠪᠦᠭᠦ ᠤᠯᠤᠰ ᠤᠨ | ᠲᠠᠪᠤᠳᠤᠭᠠᠷ ᠲᠤ ᠵᠢᠭᠰᠠᠭᠠᠭᠳᠠᠪᠠ᠃ | 2019 ᠣᠨ ᠤ 11 ᠰᠠᠷ᠎ᠠ ᠳᠤ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠠᠴᠠ ᠲᠡᠭᠦᠨ ᠳᠤ ᠲᠥᠪ ᠤᠨ ᠦᠨᠳᠦᠰᠦᠲᠡᠨ ᠤ ᠶᠡᠭᠡ | ᠰᠤᠷᠭᠠᠭᠤᠯᠢ ᠶᠢᠨ ᠦᠢᠯᠡᠰ ᠪᠦᠲᠦᠭᠡᠬᠦ ᠴᠢᠳᠠᠪᠤᠷᠢᠲᠠᠨ ᠤ ᠢᠷᠠᠭᠤ ᠠᠯᠳᠠᠷ ᠤᠨ ᠲᠡᠮᠳᠡᠭ ᠣᠯᠭᠤᠪᠠ᠃ | 2023 ᠣᠨ ᠳᠤ ︽ᠤᠳᠤᠨ ᠭᠢᠯᠪᠠᠭᠠᠲᠤ ᠬᠠᠷᠭᠤᠢ︾ ᠶᠢᠨ ᠭᠠᠷᠠᠭ ᠤᠨ ᠮᠠᠩᠯᠠᠢ ᠪᠠᠷ ᠲᠣᠳᠣᠷᠠᠪᠠ᠃ | ᠲᠤᠰ ᠤᠳᠠᠭ᠎ᠠ ᠶᠢᠨ ᠦᠳᠡᠰᠢᠯᠡᠭᠡ ᠳᠤ ᠪᠠᠰᠠ ᠤᠯᠠᠭᠠᠨᠲᠤᠶᠠᠭ᠎ᠠ᠂ ᠴᠢ᠊ ·ᠪᠤᠯᠠᠭ᠂ ᠯᠠᠩ ᠭᠧ᠂ ᠶᠣᠣ ᠶᠠᠩ ᠨᠠᠷ ᠬᠦᠷᠦᠯᠴᠡᠨ ᠢᠷᠡᠵᠤ ᠠᠶ᠎ᠠ ᠳᠠᠭᠤᠤ ᠪᠠᠨ ᠡᠷᠭᠦᠨ | ᠳᠡᠪᠰᠢᠭᠦᠯᠬᠦ ᠪᠣᠯᠣᠨ᠎ᠠ᠃ |