2024 ᠣᠨ ᠤ 1 — 4 ᠳ᠋ᠦ᠋ᠭᠡᠷ ᠰᠠᠷ᠎ᠠ ᠶᠢᠨ ᠲᠦᠩᠯᠢᠶᠣᠣ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/7/30
     1 — 4 ᠳ᠋ᠦ᠋ᠭᠡᠷ ᠰᠠᠷ᠎ᠠ ᠳᠤ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 2.7% ᠨᠡᠮᠡᠭᠳᠡᠪᠡ᠃      ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.6% ᠨᠡᠮᠡᠭᠳᠡᠵᠦ᠂ ᠦᠢᠯᠡᠳᠬᠦ ᠦᠢᠯᠡᠰ 2.6% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠪᠠ ᠤᠰᠤᠨ ᠤ ᠦᠢᠯᠡᠳᠪᠦᠷᠢᠯᠡᠯ 1.4% ᠨᠡᠮᠡᠭᠳᠡᠪᠡ᠃      ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠦᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠳᠡᠭ ᠨᠢᠳᠤᠨᠤᠨ ᠤ ᠬᠢᠨ ᠲᠠᠢ ᠠᠳᠠᠯᠢ᠂ ᠬᠤᠪᠢᠴᠠᠭᠠᠳᠤ ᠲᠦᠷᠢᠮ ᠤᠨ ᠠᠵᠤ ᠠᠬᠤᠶᠢᠯᠠᠯ 2.9% ᠨᠡᠮᠡᠭᠳᠡᠪᠡ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 3.0% ᠪᠠᠭᠤᠷᠠᠪᠠ︔ ᠬᠤᠪᠢ ᠶᠢᠨ ᠡᠵᠡᠩᠨᠡᠭᠰᠡᠨ ᠠᠵᠤ ᠠᠬᠤᠶᠢᠯᠠᠯ 2.1% ᠪᠠᠭᠤᠷᠠᠪᠠ᠃      ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 15 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 1.1% ᠪᠠᠭᠤᠷᠠᠵᠤ ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 61.9% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ ᠢ ᠪᠣᠯᠪᠠᠰᠤᠷᠠᠭᠤᠯᠬᠤ ᠠᠵᠤ ᠦᠢᠯᠡᠰ 4.4% ᠪᠠᠭᠤᠷᠠᠵᠤ᠂ ᠢᠳᠡᠭᠡᠨ ᠦᠢᠯᠡᠳᠬᠦ ᠦᠢᠯᠡᠰ 25.5% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 1.1% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 0.9% ᠪᠠᠭᠤᠷᠠᠪᠠ᠃      ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 48 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 26 ᠵᠦᠢᠯ ᠤᠨ ᠭᠠᠷᠤᠯᠲᠠ ᠨᠢ ᠨᠡᠮᠡᠭᠳᠡᠪᠡ᠃ ᠠᠮᠲᠠᠨ ᠤᠭᠢ ᠶᠢᠨ ᠭᠠᠷᠤᠯᠲᠠ 18.8 ᠲᠦᠮᠡᠨ ᠲᠣᠨ ᠬᠦᠷᠴᠦ᠂ 5.0% ᠨᠡᠮᠡᠭᠳᠡᠪᠡ︔ ᠰᠦ ᠶᠢᠨ ᠭᠠᠷᠤᠯᠲᠠ 4.5 ᠲᠦᠮᠡᠨ ᠲᠣᠨ ᠬᠦᠷᠴᠦ᠂ 28.1% ᠪᠠᠭᠤᠷᠠᠪᠠ︔ ᠬᠢᠲᠠᠳ ᠪᠡᠯᠡᠨ ᠡᠮ ᠤᠨ ᠭᠠᠷᠤᠯᠲᠠ 301.1 ᠲᠣᠨ ᠬᠦᠷᠴᠦ᠂ 3.8% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 193.6 ᠲᠦᠮᠡᠨ ᠬᠦᠨᠳᠦ ᠬᠠᠶᠢᠷᠴᠠᠭ ᠬᠦᠷᠴᠦ᠂ 10.4% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 2.9 ᠲᠦᠮᠡᠨ ᠲᠣᠨ ᠳᠤ ᠬᠦᠷᠴᠦ᠂ 72.0% ᠪᠠᠭᠤᠷᠠᠪᠠ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ