1 — 5 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 2.6% ᠨᠡᠮᠡᠭᠳᠡᠪᠡ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.0% | ᠨᠡᠮᠡᠭᠳᠡᠵᠦ᠂ ᠦᠢᠯᠡᠳᠬᠦ ᠦᠢᠯᠡᠰ 4.3% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 0.2% | ᠨᠡᠮᠡᠭᠳᠡᠪᠡ᠃ | ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 1.7% ᠪᠠᠭᠤᠷᠠᠪᠠ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 2.6% ᠨᠡᠮᠡᠭᠳᠡᠪᠡ︔ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 3.1% ᠨᠡᠮᠡᠭᠳᠡᠪᠡ︔ | ᠬᠤᠪᠢ ᠶᠢᠨ ᠡᠵᠡᠩᠨᠡᠭᠰᠡᠨ ᠠᠵᠤ ᠠᠬᠤᠶᠢᠯᠠᠯ 2.0% ᠨᠡᠮᠡᠭᠳᠡᠪᠡ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 16 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 1.0% ᠨᠡᠮᠡᠭᠳᠡᠵᠦ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 59.6% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ | ᠪᠣᠯᠪᠠᠰᠤᠷᠠᠭᠤᠯᠬᠤ ᠠᠵᠤ ᠦᠢᠯᠡᠰ 5.7% ᠪᠠᠭᠤᠷᠠᠵᠤ᠂ ᠢᠳᠡᠭᠡᠨ ᠦᠢᠯᠡᠳᠬᠦ ᠦᠢᠯᠡᠰ 29.7% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 0.2% ᠪᠠᠭᠤᠷᠠᠵᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 9.2% ᠨᠡᠮᠡᠭᠳᠡᠪᠡ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 50 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 23 ᠵᠦᠢᠯ ᠤᠨ | ᠭᠠᠷᠤᠯᠲᠠ ᠨᠢ ᠨᠡᠮᠡᠭᠳᠡᠪᠡ᠃ ᠠᠮᠲᠠᠨ ᠤᠭᠢ ᠶᠢᠨ ᠭᠠᠷᠤᠯᠲᠠ 23.1 ᠲᠦᠮᠡᠨ ᠲᠣᠨ ᠬᠦᠷᠴᠦ᠂ 7.8% ᠨᠡᠮᠡᠭᠳᠡᠪᠡ︔ ᠰᠦ ᠶᠢᠨ ᠭᠠᠷᠤᠯᠲᠠ 5.5 ᠲᠦᠮᠡᠨ ᠲᠣᠨ | ᠬᠦᠷᠴᠦ᠂ 28.3% ᠪᠠᠭᠤᠷᠠᠪᠠ︔ ᠬᠢᠲᠠᠳ ᠪᠡᠯᠡᠨ ᠡᠮ ᠤᠨ ᠭᠠᠷᠤᠯᠲᠠ 388.6 ᠲᠣᠨ ᠬᠦᠷᠴᠦ᠂ 8.7% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ | 247.3 ᠲᠦᠮᠡᠨ ᠬᠦᠨᠳᠦ ᠬᠠᠶᠢᠷᠴᠠᠭ ᠬᠦᠷᠴᠦ᠂ 11.0% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 3.7 ᠲᠦᠮᠡᠨ ᠲᠣᠨ ᠬᠦᠷᠴᠦ᠂ 69.8% | ᠪᠠᠭᠤᠷᠠᠪᠠ᠃ |