ᠦᠷᠡᠭᠳᠡᠭᠰᠡᠨ ᠪᠠᠭᠠᠲᠤᠷ ᠮᠠᠶᠢᠰᠢᠨ ᠤ ᠪᠤᠩᠬᠤᠨ ᠤ ᠬᠦᠷᠢᠶᠡᠯᠡᠩ
ᠨᠡᠶᠢᠲᠡᠯᠡᠭᠰᠡᠨ ᠴᠠᠭ᠄
2024/7/8
     ᠦᠷᠡᠭᠳᠡᠭᠰᠡᠨ ᠪᠠᠭᠠᠲᠤᠷ ᠮᠠᠶᠢᠰᠢᠨ ᠤ ᠪᠤᠩᠬᠤᠨ ᠤ ᠬᠦᠷᠢᠶᠡᠯᠡᠩ ᠢ 1950 ᠣᠨ ᠳᠤ ᠡᠬᠢᠯᠡᠨ ᠪᠠᠶᠢᠭᠤᠯᠵᠤ᠂ ᠣᠯᠠᠨᠲᠠ ᠵᠠᠰᠠᠨ ᠰᠢᠨᠡᠳᠬᠡᠨ ᠥᠷᠭᠡᠳᠬᠡᠨ ᠪᠠᠶᠢᠭᠤᠯᠪᠠ᠃ ᠳᠠᠷᠠ ᠨᠢ ᠪᠦᠭᠦ ᠤᠯᠤᠰ ᠤᠨ ᠬᠤᠶᠢᠴᠢ ᠦᠶ᠎ᠡ ᠶᠢᠨ ᠬᠢ ᠶᠢ ᠬᠠᠯᠠᠮᠵᠢᠯᠠᠬᠤ ᠨᠠᠮ ᠤᠨ ᠲᠡᠦᠬᠡ ᠤᠯᠤᠰ ᠤᠨ ᠲᠡᠦᠬᠡ ᠶᠢᠨ ᠬᠥᠮᠦᠵᠢᠯ ᠤᠨ ᠰᠠᠭᠤᠷᠢᠨ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠬᠥᠮᠦᠵᠢᠯ ᠤᠨ ᠵᠢᠱᠢᠶ᠎ᠡ ᠦᠵᠡᠭᠦᠯᠭᠦ ᠰᠠᠭᠤᠷᠢᠨ ᠭᠠᠵᠠᠷ᠂ ᠲᠦᠩᠯᠢᠶᠣᠣ ᠬᠤᠳᠠ ᠶᠢᠨ ᠨᠠᠮ ᠤᠨ ᠭᠠᠳᠠᠨᠠᠬᠢ ᠬᠥᠮᠥᠰ ᠤᠨ ᠬᠤᠪᠢᠰᠬᠠᠯᠲᠤ ᠬᠥᠮᠦᠵᠢᠯ ᠤᠨ ᠰᠠᠭᠤᠷᠢᠨ ᠭᠠᠵᠠᠷ᠂ ᠺᠠᠶᠢᠯᠤ ᠰᠢᠶᠠᠨ ᠤ ᠤᠯᠤᠰ ᠢᠶᠠᠨ ᠬᠠᠶᠢᠷᠠᠯᠠᠬᠤ ᠬᠥᠮᠦᠵᠢᠯ ᠤᠨ ᠰᠠᠭᠤᠷᠢᠨ ᠭᠠᠵᠠᠷ ᠪᠠ ᠴᠢᠬᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠣᠯᠣᠨ᠎ᠠ᠃ ᠦᠷᠡᠭᠳᠡᠭᠰᠡᠨ ᠪᠠᠭᠠᠲᠤᠷ ᠮᠠᠶᠢᠰᠢᠨ ᠤ ᠳᠤᠷᠠᠰᠬᠠᠯ ᠤᠨ ᠬᠥᠰᠢᠶ᠎ᠡ 1996 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠭᠤᠣᠯᠳᠠᠯᠭᠠᠲᠤ ᠲᠡᠦᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠲᠣᠭᠲᠠᠭᠠᠭᠳᠠᠪᠠ᠃  ᠮᠠᠶᠢᠰᠢᠨ ᠤ ᠬᠠᠭᠤᠴᠢᠨ ᠰᠠᠭᠤᠴᠠ ᠨᠢ ᠦᠷᠡᠭᠳᠡᠭᠰᠡᠨ ᠪᠠᠭᠠᠲᠤᠷ ᠮᠠᠶᠢᠰᠢᠨ ᠤ ᠪᠤᠩᠬᠤᠨ ᠤ ᠬᠦᠷᠢᠶᠡᠯᠡᠩ ᠠᠴᠠ ᠡᠮᠦᠨᠡᠰᠢ 500 ᠮᠸᠲᠷ ᠵᠠᠶᠢᠲᠠᠢ ᠭᠠᠵᠠᠷ ᠲᠤ ᠪᠠᠶᠢᠷᠢᠯᠠᠨ᠂ ᠮᠠᠶᠢᠰᠢᠨ ᠤ ᠠᠵᠢᠯᠯᠠᠵᠤ ᠠᠮᠢᠳᠤᠷᠠᠵᠤ ᠪᠠᠶᠢᠭᠰᠠᠨ ᠦᠶ᠎ᠡ ᠶᠢᠨ ᠪᠠᠶᠢᠳᠠᠯ ᠢ ᠰᠡᠷᠭᠦᠭᠡᠨ ᠪᠠᠶᠢᠭᠤᠯᠤᠭᠰᠠᠨ ᠪᠠᠶᠢᠨ᠎ᠠ᠃ ᠳᠤᠰ ᠦᠵᠡᠮᠵᠢ ᠶᠢᠨ ᠣᠷᠣᠨ ᠳᠤ ᠮᠠᠶᠢᠰᠢᠨ ᠤ ᠳᠤᠷᠠᠰᠬᠠᠯ ᠤᠨ ᠣᠷᠳᠣᠨ᠂ ᠬᠠᠭᠤᠴᠢᠨ ᠰᠠᠭᠤᠴᠠ᠂ ᠵᠠᠩ ᠦᠢᠯᠡ ᠶᠢᠨ ᠦᠵᠡᠭᠦᠯᠭᠡ ᠶᠢᠨ ᠣᠷᠳᠣᠨ ᠵᠡᠷᠭᠡ ᠪᠠᠷᠢᠯᠭ᠎ᠠ ᠪᠠᠶᠢᠳᠠᠭ᠃ ᠮᠠᠶᠢᠰᠢᠨ ᠤ ᠳᠤᠷᠠᠰᠬᠠᠯ ᠤᠨ ᠣᠷᠳᠣᠨ ᠳᠤ ᠠᠩᠬ᠎ᠠ ᠤᠳᠠᠭ᠎ᠠ ᠢᠯᠡ ᠪᠠᠷ ᠦᠵᠡᠭᠦᠯᠭᠡ ᠬᠢᠵᠦ ᠪᠠᠶᠢᠭ᠎ᠠ ᠤᠯᠠᠨ ᠵᠦᠢᠯ ᠤᠨ ᠦᠨᠡᠲᠦ ᠲᠡᠦᠬᠡᠨ ᠳᠤᠷᠠᠰᠬᠠᠯᠲᠤ ᠵᠦᠢᠯᠡᠰ ᠪᠠᠶᠢᠳᠠᠭ᠃
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ