2024 ᠣᠨ ᠤ 5 — 6 ᠳ᠋ᠤᠭᠠᠷ ᠰᠠᠷ᠎ᠠ ᠶᠢᠨ ᠲᠤᠮᠤ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/8/14
        5 — 6 ᠳ᠋ᠤᠭᠠᠷ ᠰᠠᠷ᠎ᠠ ᠶᠢᠨ ᠲᠤᠮᠤ ᠶᠠᠪᠤᠳᠠᠯ ᠤᠨ ᠲᠡᠮᠳᠡᠭᠯᠡᠯ    5 ᠳ᠋ᠤᠭᠠᠷ ᠰᠠᠷ᠎ᠠ ᠶᠢᠨ 1 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠲᠠᠢ ᠬᠠᠮᠲᠤ ᠬᠤᠤᠯᠢᠩᠭᠤᠤᠯ ᠬᠤᠲᠠ ᠶᠢᠨ ᠠᠮᠢᠳᠤᠷᠠᠯ ᠤᠨ ᠴᠢᠨᠠᠷᠲᠠᠶ ᠦᠢᠯᠡᠴᠢᠯᠡᠬᠡᠨ ᠤ ᠦᠢᠯᠡᠰ ᠤᠨ ᠬᠥᠭᠵᠢᠯᠲᠡ᠂ ᠠᠷᠠᠯᠵᠢᠶ᠎ᠠ ᠬᠤᠳᠠᠯᠳᠤᠭᠠᠨ ᠤ ᠬᠡᠷᠡᠭᠯᠡᠭᠡ᠂ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃    5 ᠳ᠋ᠤᠭᠠᠷ ᠰᠠᠷ᠎ᠠ ᠶᠢᠨ 6 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠷᠴᠢᠨ ᠲᠣᠭᠤᠷᠢᠭ ᠲᠤ ᠭᠦᠨᠵᠡᠭᠡᠶᠢᠷᠡᠨ ᠭᠤᠤᠯᠳᠠᠯᠭ᠎ᠠ ᠲᠠᠢ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠣᠷᠣᠯᠴᠠᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠭᠤᠤᠯ ᠬᠤᠲᠠ ᠲᠣᠭᠤᠷᠢᠭ ᠲᠤ ᠬᠦᠷᠴᠦ ᠬᠠᠯᠠᠭᠤᠨ ᠳᠤᠯᠠᠭᠠᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠨᠥᠬᠦᠵᠦ ᠲᠠᠷᠢᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠸᠠᠨ ᠳ᠋ᠦᠩ ᠱᠧᠩ ᠪᠦᠬᠦ ᠬᠤᠲᠠ ᠶᠢᠨ ᠭᠠᠳᠠᠭᠰᠢ ᠲᠤᠮᠢᠯᠠᠵᠤ ᠰᠠᠭᠤᠯᠭᠠᠨ ᠬᠤᠳᠠᠯᠳᠤᠭᠠᠴᠢᠨ ᠤᠷᠢᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃    5 ᠳ᠋ᠤᠭᠠᠷ ᠰᠠᠷ᠎ᠠ ᠶᠢᠨ 7 ᠤ ᠡᠳᠦᠷ ᠪᠥᠬᠦ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ 2024 ᠣᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠧᠶ ᠬᠤᠩ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    5 ᠳ᠋ᠤᠭᠠᠷ ᠰᠠᠷ᠎ᠠ ᠶᠢᠨ 8 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠠᠩᠭᠢ ᠳᠠᠭᠠᠭᠤᠯᠤᠨ ᠾᠧᠪᠸᠢ ᠶᠢᠨ ᠪᠤᠣ ᠳ᠋ᠢᠩ ᠴᠠᠩ ᠴᠧᠩ ᠮᠠᠰᠢᠨ ᠲᠡᠷᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠣᠷᠣᠯᠴᠠᠵᠠᠶ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ︽ᠰᠡᠳᠬᠢᠯ ᠨᠢᠭᠡᠳᠦᠨ ᠠᠨᠠᠷ ᠤᠨ ᠤᠯᠠᠭᠠᠨ ᠢ ᠡᠭᠦᠳᠴᠦ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠳᠠᠭᠤᠨ ᠢ ᠳᠠᠮᠵᠢᠭᠤᠯᠬᠤ︾ ᠭᠤᠤᠯ ᠰᠡᠳᠦᠪᠲᠦ ᠶᠠᠷᠢᠶᠠᠨ ᠤ ᠤᠷᠤᠯᠳᠤᠭᠠᠨ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠢ ᠵᠣᠯᠭᠠᠭᠤᠯᠪᠠ᠃    5 ᠳ᠋ᠤᠭᠠᠷ ᠰᠠᠷ᠎ᠠ ᠶᠢᠨ 9 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠠᠩᠭᠢ ᠳᠠᠭᠠᠭᠤᠯᠤᠨ ᠪᠡᠭᠡᠵᠢᠩ ᠬᠤᠲᠠ ᠳᠤ ᠬᠦᠷᠴᠦ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭᠠᠲᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠵᠦᠩ ᠵᠢᠩ ᠭᠦᠸᠧ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠭᠰᠠᠨ ᠪᠥᠭᠡᠳ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭᠠᠲᠤ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ᠂ ᠵᠦᠩ ᠵᠢᠩ ᠭᠦᠸᠧ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠯᠤᠭ᠎ᠠ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠢ ᠭᠡᠷᠡᠴᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠣᠷᠣᠯᠴᠠᠵᠠᠶ᠃    ᠪᠥᠬᠦ ᠬᠤᠲᠠ ᠶᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠵᠠᠰᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠪᠥᠬᠦᠳᠡ ᠬᠤᠷᠠᠯ ᠵᠢᠴᠢ ᠪᠥᠬᠦ ᠬᠤᠲᠠ ᠶᠢᠨ ᠲᠧᠯᠸᠢᠰ ᠤᠳᠠᠰᠤᠲᠤ ᠬᠤᠷᠠᠯ ᠬᠤᠷᠠᠯᠳᠤᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ︽131︾ ᠲᠣᠭᠲᠠᠴᠠ ᠶᠢᠨ ᠳᠤᠭᠤᠶᠢᠯᠠᠩ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠪᠥᠬᠦ ᠬᠤᠲᠠ ᠶᠢᠨ ᠬᠤᠣᠷ ᠴᠠᠭᠠᠵᠠᠯᠠᠬᠤ ᠠᠵᠢᠯ ᠤᠨ ᠲᠧᠯᠸᠢᠰ ᠤᠳᠠᠰᠤᠲᠤ ᠬᠤᠷᠠᠯ ᠬᠤᠷᠠᠯᠳᠤᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠤᠷ ᠴᠠᠭᠠᠵᠠᠯᠠᠬᠤ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    5 ᠳ᠋ᠤᠭᠠᠷ ᠰᠠᠷ᠎ᠠ ᠶᠢᠨ 10 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠺᠠᠩ ᠵᠢᠶᠠᠨ ᠮᠢᠨ ᠨᠡᠷ ᠲᠠᠢ ᠠᠭᠤᠯᠵᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠪᠠᠶᠢᠴᠠᠭᠠᠬᠤ ᠬᠤᠷᠢᠶ᠎ᠠ ᠳᠤ ᠬᠦᠷᠴᠦ ᠠᠵᠢᠯ ᠵᠣᠯᠭᠠᠭᠤᠯᠪᠡ᠃    5 ᠳ᠋ᠤᠭᠠᠷ ᠰᠠᠷ᠎ᠠ ᠶᠢᠨ 11 ᠤ ᠡᠳᠦᠷ ᠬᠤᠲᠠ ᠶᠢᠨ ᠵᠠᠰᠠᠭ ᠤᠨ ᠣᠷᠳᠣᠨ 2024 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠠᠬᠢᠴᠠ ᠶᠢᠨ ᠪᠠᠶᠢᠳᠠᠯ ᠢᠶᠠᠨ ᠵᠠᠷᠯᠠᠵᠤ᠂ ᠠᠵᠢᠯ ᠤᠨ ᠠᠮᠵᠢᠯᠲᠠ ᠶᠢ ᠠᠳᠠᠯᠢᠳᠬᠠᠨ ᠦᠨᠡᠯᠡᠵᠦ᠂ ᠠᠰᠠᠭᠤᠳᠠᠯ ᠢ ᠪᠠᠶᠢᠴᠠᠭᠠᠨ ᠵᠠᠳᠠᠯᠵᠤ᠂ ᠭᠤᠤᠯᠳᠠᠯᠭ᠎ᠠ ᠲᠠᠢ ᠡᠭᠦᠷᠭᠡ ᠶᠢ ᠲᠤᠰᠢᠶᠠᠨ ᠰᠢᠢᠳᠪᠦᠷᠢᠯᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠬᠤᠷᠠᠯ ᠡᠷᠬᠢᠯᠡᠭᠰᠡᠨ ᠪᠦᠭᠡᠳ ᠰᠢᠨ᠎ᠡ ᠶᠢ ᠡᠭᠦᠳᠴᠦ ᠰᠢᠪᠲᠤᠯᠤᠯᠲᠠ ᠶᠢᠨ ᠵᠢᠯ ᠤᠨ ᠠᠵᠢᠯᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠪᠠ ᠠᠰᠠᠭᠤᠳᠠᠯ ᠢ ᠲᠤᠰᠢᠶᠠᠨ ᠰᠢᠢᠳᠪᠦᠷᠢᠯᠡᠭᠦᠯᠦᠭᠰᠡᠨ ᠪᠠᠶᠢᠳᠠᠯ ᠤᠨ ᠲᠤᠬᠠᠶ ᠪᠠᠶᠢᠷᠢᠯᠠᠭᠤᠯᠤᠯᠲᠠ ᠬᠢᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠧᠶ ᠬᠤᠩ ᠲᠤᠤ᠂ ᠮᠤᠤ ᠵᠧᠨ ᠬᠠᠶ᠂ ᠰᠦᠨ ᠯᠧ᠂ ᠰᠢᠤᠸᠠᠨ ᠳ᠋ᠦᠩ ᠱᠧᠩ ᠬᠤᠷᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 12 ᠤᠨ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠤ ᠶᠢᠨ ᠬᠤᠲᠠ ᠶᠢᠨ ᠬᠡᠪᠴᠢᠶᠡᠨ ᠳᠠᠬᠢ ᠠᠵᠤ ᠦᠢᠯᠡᠰ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠶᠢᠨ ᠠᠩᠬᠠᠳᠤᠭᠠᠷ ᠤᠳᠠᠭᠠᠨ ᠤ ᠬᠡᠷᠡᠭ ᠡᠷᠬᠢᠯᠡᠭᠴᠢᠳ ᠤᠨ ᠬᠤᠷᠠᠯ ᠵᠢᠴᠢ ᠲᠦᠩᠯᠢᠶᠣᠤ ᠬᠤᠲᠠ ᠶᠢᠨ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 13 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠤᠤ ᠵᠧᠨ ᠬᠠᠶ ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠤᠨ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠲᠤᠰᠬᠠᠶ ᠠᠩᠭᠢ ᠶᠢᠨ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠳᠤ ᠣᠷᠣᠯᠴᠠᠪᠠ᠃     5 ᠳ᠋ᠤᠭᠠᠷ ᠰᠠᠷ᠎ᠠ ᠶᠢᠨ 14 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠠ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠺᠠᠩ ᠶᠦᠩ ᠴᠢᠶᠠᠩ᠂ ᠸᠧᠶ ᠬᠤᠩ ᠲᠤᠤ᠂ ᠮᠤᠤ ᠵᠧᠨ ᠬᠠᠶ᠂ ᠰᠦᠨ ᠯᠧ᠂ ᠰᠢᠤᠸᠠᠨ ᠳ᠋ᠦᠩ ᠱᠧᠩ ᠣᠷᠣᠯᠴᠠᠵᠠᠶ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠩᠯᠢᠶᠣᠤ ᠬᠤᠲᠠ ᠶᠢᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠬᠤᠯᠪᠣᠭᠳᠠᠯ ᠪᠥᠬᠦᠶ ᠬᠡᠷᠡᠭᠵᠢᠭᠦᠯᠬᠦ ᠲᠥᠰᠦᠯ ᠪᠠ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠵᠢᠴᠢ ᠪᠤᠰᠤᠳ ᠵᠦᠢᠯᠡᠰ ᠢ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠺᠠᠩ ᠶᠦᠩ ᠴᠢᠶᠠᠩ᠂ ᠸᠧᠶ ᠬᠤᠩ ᠲᠤᠤ᠂ ᠮᠤᠤ ᠵᠧᠨ ᠬᠠᠶ᠂ ᠰᠦᠨ ᠯᠧ᠂ ᠯᠢᠦᠶ ᠭᠦᠸᠧ ᠬᠤᠸᠠ᠂ ᠰᠢᠤᠸᠠᠨ ᠳ᠋ᠦᠩ ᠱᠧᠩ ᠣᠷᠣᠯᠴᠠᠵᠠᠶ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ︽ᠵᠡᠭᠦᠨ ᠬᠤᠲᠠ - ᠲᠦᠩᠯᠢᠶᠣᠤ ᠶᠢᠨ ᠭᠠᠷ ᠬᠤᠯᠪᠣᠨ ᠵᠢᠭᠠᠨ ᠰᠤᠳᠤᠯᠬᠤ ᠦᠷ᠎ᠡ ᠪᠦᠲᠦᠭᠡᠯ ᠢ ᠲᠣᠭᠤᠷᠢᠨ ᠦᠵᠡᠵᠦ ᠰᠣᠯᠢᠯᠴᠠᠬᠤ ᠬᠤᠷᠠᠯ︾ ᠳᠤ ᠣᠷᠣᠯᠴᠠᠪᠠ᠃    5 ᠳ᠋ᠤᠭᠠᠷ ᠰᠠᠷ᠎ᠠ ᠶᠢᠨ 15 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠺᠠᠩ ᠶᠦᠩ ᠴᠢᠶᠠᠩ᠂ ᠸᠧᠶ ᠬᠤᠩ ᠲᠤᠤ᠂ ᠼᠤᠤ ᠶᠢᠨ ᠱᠠᠨ᠂ ᠰᠦᠨ ᠯᠧ᠂ ᠯᠢᠦᠶ ᠭᠦᠸᠧ ᠬᠤᠸᠠ᠂ ᠰᠢᠤᠸᠠᠨ ᠳ᠋ᠦᠩ ᠱᠧᠩ ᠪᠥᠬᠦ ᠬᠤᠲᠠ ᠶᠢᠨ 2024 ᠣᠨ ᠤ ᠭᠤᠤᠯᠳᠠᠯᠭ᠎ᠠ ᠲᠠᠢ ᠠᠵᠢᠯ ᠤᠨ ᠬᠤᠤᠰ ᠰᠠᠷ᠎ᠠ ᠶᠢᠨ ᠲᠤᠭᠠᠴᠢᠨ ᠦᠨᠡᠯᠡᠬᠦ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠪᠥᠬᠦ ᠣᠷᠣᠨ ᠤ ᠬᠤᠶᠠᠳᠤᠭᠠᠷ ᠤᠳᠠᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 16 ᠤ ᠡᠳᠦᠷ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠡᠷᠡᠮᠵᠢᠯᠡᠭᠦᠯᠬᠦ ᠬᠥᠮᠦᠵᠢᠯ ᠬᠢᠭᠡᠳ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠠᠶᠢᠷᠢᠯᠠᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠺᠠᠩ ᠶᠦᠩ ᠴᠢᠶᠠᠩ᠂ ᠸᠧᠶ ᠬᠤᠩ ᠲᠤᠤ᠂ ᠼᠤᠤ ᠶᠢᠨ ᠱᠠᠨ᠂ ᠯᠢᠦᠶ ᠭᠦᠸᠧ ᠬᠤᠸᠠ᠂ ᠰᠢᠤᠸᠠᠨ ᠳ᠋ᠦᠩ ᠱᠧᠩ ᠣᠷᠣᠯᠴᠠᠪᠠ᠃    5 ᠳ᠋ᠤᠭᠠᠷ ᠰᠠᠷ᠎ᠠ ᠶᠢᠨ 17 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠬᠢᠭᠡᠳ ᠤᠯᠤᠰ ᠤᠨ ᠪᠠᠯᠠ ᠣᠷᠣᠭᠤᠯᠤᠯᠲᠠ ᠶᠢᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠠᠭᠤᠳᠠᠯ ᠤᠨ ᠬᠤᠷᠠᠯ ᠬᠤᠷᠠᠯᠳᠤᠭᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ︽ᠮᠠᠨ ᠤ ᠬᠤᠲᠠ ᠶᠢᠨ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠤᠨ ᠡᠮᠬᠢᠯᠡᠨ ᠨᠡᠶᠢᠯᠡᠭᠦᠯᠵᠦ᠂ ᠡᠯᠪᠡᠭ ᠪᠠᠶᠠᠯᠢᠭ ᠠᠭᠤᠯᠤᠭᠳᠠᠬᠤᠨ ᠲᠠᠢ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ︾ ᠲᠤᠰᠬᠠᠶ ᠰᠡᠳᠦᠪᠲᠦ ᠵᠥᠪᠯᠡᠬᠦ ᠬᠤᠷᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 18 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠠᠩᠬᠠᠳᠤᠭᠠᠷ ᠬᠤᠭᠤᠴᠠᠭᠠᠨ ᠤ ︵2024︶ ᠮᠠᠯ ᠤᠨ ᠠᠰᠢᠭ ᠰᠢᠮ᠎ᠡ ᠶᠢᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠡᠭᠡ ᠬᠤᠷᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 20 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠡᠷᠭᠢᠯᠡᠭᠰᠡᠨ ᠣᠯᠠᠨ ᠲᠥᠯᠥᠪᠵᠢᠭᠦᠯᠭᠡ ᠶᠢ ᠨᠢᠭᠡᠳᠬᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠤᠶᠠᠨ ᠬᠠᠳᠠᠨ ᠴᠢᠨᠠᠷᠲᠠᠶ ᠤᠶᠤᠨᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ︔ ᠱᠠᠩᠬᠠᠶ ᠶᠢᠨ ᠽᠦᠸᠧ ᠠᠨ ᠰᠢᠨ ᡁᠢ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ 2024 ᠣᠨ ᠤ ᠪᠥᠬᠦ ᠬᠤᠲᠠ ᠶᠢᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠬᠤᠷᠠᠯᠳᠤᠭᠤᠯᠪᠠ᠃    ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠼᠤᠤ ᠶᠢᠨ ᠱᠠᠨ᠂ ᠰᠦᠨ ᠯᠧ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠴᠣᠭᠴᠠᠯᠠᠬᠤ ᠠᠵᠢᠯ ᠤᠨ ᠲᠧᠯᠸᠢᠰ ᠤᠲᠠᠰᠤᠲᠤ ᠬᠤᠷᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 21 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠶᠦᠩ ᠴᠢᠶᠠᠩ ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠤᠨ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠤᠯᠤᠰ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠸᠠᠩ ᠢᠦᠢ ᠮᠢᠩ ᠨᠡᠷ ᠲᠤ ᠪᠠᠷ᠎ᠠ ᠪᠣᠯᠵᠤ 2024 ᠣᠨ ᠤ ᠪᠥᠬᠦ ᠤᠯᠤᠰ ᠤᠨ ᠨᠠᠰᠤᠲᠠᠶᠢᠴᠤᠳ ᠤᠨ ᠲᠣᠤᠷ ᠪᠥᠮᠪᠦᠭᠡ ᠶᠢᠨ ᠤᠷᠤᠯᠳᠤᠭᠠᠨ ᠤ ᠲᠠᠯᠠᠪᠤᠷ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ ᠠᠵᠢᠯ ᠢ ᠵᠣᠯᠭᠠᠭᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠲᠦᠩᠯᠢᠶᠣᠤ ᠬᠤᠲᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠶᠢ ᠭᠤᠶᠤᠴᠢᠯᠠᠨ ᠮᠡᠳᠡᠭᠦᠯᠬᠦ ᠡᠬᠢᠯᠡᠯᠲᠡ ᠶᠢᠨ ᠬᠤᠷᠠᠯ ᠬᠤᠷᠠᠯᠳᠤᠭᠤᠯᠪᠠ᠃    5 ᠳ᠋ᠤᠭᠠᠷ ᠰᠠᠷ᠎ᠠ ᠶᠢᠨ 22 ᠤᠨ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ 2024 ᠬᠤᠷᠴᠢᠨ ᠤ ᠮᠠᠷᠠᠰᠤᠨ ᠤ ᠠᠮᠤᠷ ᠲᠣᠭᠲᠠᠭᠤᠨ ᠢ ᠪᠠᠲᠤᠯᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠤ ᠬᠤᠲᠠ ᠶᠢᠨ ︽ᠳᠤᠮᠳᠠᠳᠤ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠶᠠᠰᠤᠨ ᠤ ᠡᠪᠡᠳᠴᠢᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ︾ ᠤᠨ ᠡᠬᠢᠯᠡᠯᠲᠡ ᠶᠢᠨ ᠶᠣᠰᠣᠯᠠᠯ ᠵᠢᠴᠢ ᠲᠦᠩᠯᠢᠶᠣᠤ ᠬᠤᠲᠠ ᠶᠢᠨ ︽ᠳᠤᠮᠳᠠᠳᠤ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠶᠠᠰᠤᠨ ᠤ ᠡᠪᠡᠳᠴᠢᠨ ᠤ ᠲᠤᠰᠬᠠᠶ ᠰᠠᠯᠠᠭᠠᠨ ᠤ ᠬᠤᠯᠪᠣᠭ᠎ᠠ︾ ᠶᠢ ᠪᠠᠶᠢᠭᠤᠯᠬᠤ ᠬᠤᠷᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 22 - 23 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠭᠤᠸᠠᠩᠵᠧᠦ ᠳᠤ ᠬᠦᠷᠴᠦ ᠬᠢᠲᠠᠳ ᠮᠣᠩᠭᠤᠯ ᠡᠮ ᠡᠮᠨᠡᠯᠭᠡ ᠶᠢᠨ ᠣᠷᠳᠣᠨ ᠳᠤ ᠲᠣᠭᠤᠷᠢᠨ ᠦᠵᠡᠵᠦ ᠰᠤᠷᠤᠯᠴᠠᠵᠤ᠂ ᠵᠢᠨᠠᠨ ᠶᠡᠭᠡ ᠰᠤᠷᠭᠠᠭᠤᠯᠢ ᠶᠢᠨ ᠪᠤᠳᠤᠯᠲᠠ ᠶᠢᠨ ᠳᠠᠮᠵᠢᠭᠤᠯᠭ᠎ᠠ ᠶᠢᠨ ᠰᠤᠳᠤᠯᠭᠠᠨ ᠤ ᠲᠥᠪ ᠲᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠰᠠᠭᠤᠷᠢᠨ ᠭᠠᠵᠠᠷ ᠲᠤ ᠰᠢᠨᠵᠢᠯᠡᠨ ᠪᠠᠶᠢᠴᠠᠭᠠᠵᠤ ᠰᠤᠷᠤᠯᠴᠠᠪᠠ᠃    5 ᠳ᠋ᠤᠭᠠᠷ ᠰᠠᠷ᠎ᠠ ᠶᠢᠨ 24 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠱᠠᠩᠬᠠᠶ ᠶᠢᠨ ᠽᠦᠸᠧ ᠠᠨ ᠰᠢᠨ ᠬᠤᠶ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠪᠥᠬᠦ ᠬᠤᠲᠠ ᠶᠢᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠵᠢᠴᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠪᠥᠬᠦ ᠬᠤᠲᠠ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠭᠤᠯᠪᠠ᠃    5 ᠳ᠋ᠤᠭᠠᠷ ᠰᠠᠷ᠎ᠠ ᠶᠢᠨ 25 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠱᠤ᠋ ᠬᠠᠶ ︵ᠱᠠᠩᠬᠠᠶ︶ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠪᠠ᠃    ᠬᠤᠲᠠ ᠶᠢᠨ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠣ ᠬᠤᠲᠠ ᠶᠢᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭ᠎ᠠ ᠪᠠᠢᠭᠤᠯᠤᠭᠳᠠᠭᠰᠠᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 26 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ ᠳᠠᠭᠠᠭᠤᠯᠤᠨ ᠬᠤᠸᠠᠩ ᠱᠢ ᠬᠤᠲᠠ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠤ ᠬᠤᠲᠠ ᠶᠢᠨ ᠳᠣᠯᠣᠳᠤᠭᠠᠷ ᠬᠤᠭᠤᠴᠠᠭᠠᠨ ᠤ ᠬᠤᠷᠴᠢᠨ ᠪᠡᠶ᠎ᠡ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 27 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠠᠩᠭᠢ ᠳᠠᠭᠠᠭᠤᠯᠤᠨ ᠾᠧᠨᠠᠨ ᠤ ᠶᠢᠨ ᠱᠠᠨ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠳᠤ ᠬᠦᠷᠴᠦ᠂ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠩ ᠢᠦᠶ ᠴᠧᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃    5 ᠳ᠋ᠤᠭᠠᠷ ᠰᠠᠷ᠎ᠠ ᠶᠢᠨ 27 ᠤ ᠡᠳᠦᠷ ᠠᠴᠠ 28 ᠤ ᠡᠳᠦᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠠᠪᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠦᠯᠦᠭᠡᠯᠡᠭᠴᠢᠳ ᠢ ᠵᠣᠬᠢᠶᠠᠨ ᠪᠠᠶᠢᠭᠤᠯᠵᠤ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠦ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠲᠥᠪᠯᠡᠷᠡᠭᠦᠯᠦᠨ ᠰᠢᠨᠵᠢᠯᠡᠨ ᠪᠠᠶᠢᠴᠠᠭᠠᠯᠲᠠ ᠬᠢᠵᠦ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠣᠷᠣᠯᠴᠠᠵᠠᠶ᠃    5 ᠳ᠋ᠤᠭᠠᠷ ᠰᠠᠷ᠎ᠠ ᠶᠢᠨ 28 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠬᠤᠷᠴᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠭᠡᠷ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ᠃    5 ᠳ᠋ᠤᠭᠠᠷ ᠰᠠᠷ᠎ᠠ ᠶᠢᠨ 29 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠲᠦᠩᠯᠢᠶᠣᠤ ᠬᠤᠲᠠ ᠬᠢᠭᠡᠳ ᠶᠠ ᠴᠢ ᠪᠦᠯᠦᠭᠯᠡᠯ ᠤᠨ ᠰᠠᠭᠤᠳᠠᠯ ᠤᠨ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠪᠥᠬᠦ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 30 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠳ᠋ᠦ᠋ ᠹᠧᠩ ᠯᠢᠶᠠᠨ ᠳᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     5 ᠳ᠋ᠤᠭᠠᠷ ᠰᠠᠷ᠎ᠠ ᠶᠢᠨ 31 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ 2024 ᠣᠨ ᠤ 9 ᠳ᠋ᠤᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠮᠤᠤ ᠵᠧᠨ ᠬᠠᠶ᠂ ᠰᠦᠨ ᠯᠧ᠂ ᠯᠢᠦᠶ ᠭᠦᠸᠧ ᠬᠤᠸᠠ ᠣᠷᠣᠯᠴᠠᠵᠠᠶ᠃    ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ᠊ · ᠳᠠᠯᠠᠨᠲᠠᠢ ᠬᠤᠳᠠ ᠶᠢᠨ ᠵᠠᠰᠠᠭ ᠤᠨ ᠣᠷᠳᠣᠨ ᠤ 2024 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠠᠵᠢᠯ ᠢ ᠠᠬᠢᠭᠤᠯᠬᠤ ᠲᠣᠭᠲᠠᠴᠠ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠠᠷᠢᠨ ᠲᠦᠷᠢᠮ ᠢ ᠬᠢᠨᠠᠨ ᠵᠥᠪᠯᠡᠵᠦ ᠪᠠᠲᠤᠯᠠᠪᠠ᠂ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠮᠤᠤ ᠵᠧᠨ ᠬᠠᠶ᠂ ᠼᠤᠤ ᠶᠢᠨ ᠱᠠᠨ᠂ ᠰᠦᠨ ᠯᠧ᠂ ᠯᠢᠦᠶ ᠭᠦᠸᠧ ᠬᠤᠸᠠ ᠣᠷᠣᠯᠴᠠᠵᠠᠶ᠃    ᠲᠦᠩᠯᠢᠶᠣᠤ ᠬᠤᠲᠠ ᠶᠢᠨ ᠮᠠᠯ ᠲᠠᠷᠢᠶᠠᠯᠠᠩ ᠤᠨ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠤᠯᠪᠣᠭ᠎ᠠ ᠵᠢᠩᠬᠢᠨᠢ ᠪᠠᠷ ᠪᠠᠶᠢᠭᠤᠯᠤᠭᠳᠠᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    6 ᠳ᠋ᠤᠭᠠᠷ ᠰᠠᠷ᠎ᠠ ᠶᠢᠨ 1-3 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠵᠠᠷᠤᠳ ᠬᠤᠰᠢᠭᠤᠨ ᠳᠤ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠪᠠᠷ᠎ᠠ ᠪᠣᠯᠵᠤ ᠲᠤᠰᠬᠠᠢ ᠰᠢᠮᠳᠠᠭᠤᠯᠤᠨ ᠪᠠᠶᠢᠴᠠᠭᠠᠯᠲᠠ ᠬᠢᠪᠡ᠃    6 ᠳ᠋ᠤᠭᠠᠷ ᠰᠠᠷ᠎ᠠ ᠶᠢᠨ 2 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠭᠤᠤᠯ ᠬᠤᠲᠠ ᠶᠢᠨ ᠲᠣᠭᠤᠷᠢᠭ ᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠠᠶ ᠳᠤ ᠠᠵᠢᠯᠯᠠᠵᠤ᠂ ︽ᠲᠤᠰᠢᠶᠠᠬᠤ ᠶᠤᠰᠤᠲᠠᠢ ᠠᠰᠠᠷ︾ ᠪᠠ ᠬᠡᠷ ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃    6 ᠳ᠋ᠤᠭᠠᠷ ᠰᠠᠷ᠎ᠠ ᠶᠢᠨ 3 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠸᠠᠩ ᠶᠦᠩ ᠬᠤᠲᠠ ᠶᠢᠨ ᠦᠢᠯᠡᠴᠢᠯᠡᠭᠡᠨ ᠤ ᠵᠢᠯᠣᠭᠤᠳᠬᠤ ᠲᠥᠪ ᠲᠤ ᠬᠦᠷᠴᠦ ᠲᠣᠭᠠᠴᠢᠯᠠᠭᠰᠠᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    6 ᠳ᠋ᠤᠭᠠᠷ ᠰᠠᠷ᠎ᠠ ᠶᠢᠨ 3-7 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠣᠷᠳᠣᠰ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠤᠯᠤᠰ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠭᠰᠠᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠲᠤᠰᠬᠠᠶ ᠰᠡᠳᠦᠪᠲᠦ ᠰᠤᠳᠤᠯᠬᠤ ᠠᠩᠭᠢ ᠳᠤ ᠣᠷᠣᠯᠴᠠᠪᠠ᠃    6 ᠳ᠋ᠤᠭᠠᠷ ᠰᠠᠷ᠎ᠠ ᠶᠢᠨ 4 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠥᠪᠥᠷ ᠮᠣᠩᠭᠤᠯ ᠤᠨ ᠱᠧᠨ ᠶᠢᠩ ᠠᠭᠠᠷ ᠠᠶᠠᠯᠠᠯ ᠤᠨ ᠪᠦᠯᠦᠭᠯᠡᠯ᠂ ᠲᠦᠩᠯᠢᠶᠣᠤ ᠶᠢᠨ ᠵᠦᠩ ᠫᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠲᠠ︾  ᠶᠢᠨ ᠬᠤᠯᠪᠣᠭᠳᠠᠯ ᠪᠦᠬᠦᠢ ᠲᠥᠷᠥᠯ ᠵᠦᠢᠯ ᠢ ᠪᠠᠶᠢᠴᠠᠭᠠᠨ ᠰᠤᠳᠤᠯᠵᠤ᠂ ᠨᠡᠶᠢᠭᠡᠮ ᠤᠨ ᠬᠦᠷᠢᠶᠡᠨ ᠳᠠᠬᠢ ᠲᠥᠪ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠠᠰᠠᠭᠤᠳᠠᠯ ᠲᠠᠢ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠪᠠ    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠲᠦᠩᠯᠢᠶᠣᠤ ᠬᠤᠲᠠ ᠪᠣᠯᠤᠨ ᠵᠥᠩ ᠽᠧ ᠪᠦᠯᠦᠭᠯᠡᠯ ᠤᠨ ᠶᠠᠷᠢᠯᠴᠠᠬᠤ ᠬᠤᠷᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 5 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠶᠤᠸᠠᠢ ᠯᠠᠶ ᠾᠧ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠲᠥᠷᠥᠯ ᠵᠦᠢᠯ ᠤᠨ ᠭᠠᠵᠠᠷ ᠬᠦᠷᠴᠦ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠂ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠳᠤ ᠬᠦᠷᠴᠦ ᠨᠡᠭᠡᠭᠡᠯᠲᠡ ᠬᠢᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠬᠥᠬᠡᠬᠤᠲᠠ ᠳᠤ ᠬᠦᠷᠴᠦ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ︽ᠥᠪᠥᠷ ᠮᠣᠩᠭᠤᠯ ᠳᠠᠬᠢ ᠠᠶᠠᠯᠠᠯ︾ ᠤᠨ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠲᠦᠩᠯᠢᠶᠣᠤ ᠬᠤᠲᠠ ᠪᠣᠯᠤᠨ ᠯᠦᠩ ᠵᠢᠶ ᠯᠢᠦᠶ ᠡᠨᠧᠷᠭᠢ ᠶᠢᠨ ᠺᠣᠮᠫᠠᠨᠢ ᠶᠢᠨ ᠶᠠᠷᠢᠯᠴᠠᠬᠤ ᠬᠤᠷᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 6 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠳᠤᠮᠳᠠᠳᠤ ᠤᠯᠤᠰ ᠤᠨ ᠰᠢᠯ ᠤᠨ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠭᠦᠢᠴᠡᠳᠬᠡᠬᠦ ᠬᠡᠷᠡᠭ ᠮᠡᠳᠡᠭᠴᠢ᠂ ᠭᠦᠢᠴᠡᠳᠬᠡᠬᠦ ᠶᠡᠷᠦᠩᠬᠡᠶ ᠵᠠᠬᠢᠷᠤᠭᠴᠢ ᠯᠢᠦᠶ ᠭᠦᠸᠧ ᠨᠡᠷ ᠲᠠᠢ ᠠᠭᠤᠯᠵᠠᠪᠠ᠃     ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠮᠤᠤ ᠵᠧᠨ ᠬᠠᠶ᠂ ᠼᠤᠤ ᠶᠢᠨ ᠱᠠᠨ ᠪᠦᠯᠬᠦᠮ ᠳᠠᠭᠠᠭᠤᠯᠤᠨ 2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃    6 ᠳ᠋ᠤᠭᠠᠷ ᠰᠠᠷ᠎ᠠ ᠶᠢᠨ 7 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠰᠦᠨ ᠯᠧ ᠭᠤᠤᠯ ᠬᠤᠲᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠡᠭ ᠤᠨ ᠠᠮᠤᠷ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ᠃    6 ᠳ᠋ᠤᠭᠠᠷ ᠰᠠᠷ᠎ᠠ ᠶᠢᠨ 11 - 12 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠲᠥᠪ ᠤᠨ ᠡᠳ᠋ ᠤᠨ ᠵᠠᠰᠠᠭ ᠤᠨ ᠠᠯᠪᠠᠨ ᠬᠡᠷ ᠤᠨ ᠳᠡᠳ᠋ ᠡᠷᠬᠢᠯᠡᠭᠴᠢ ᠶᠠᠩ ᠶᠢᠨ ᠺᠠᠶ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠭᠤᠸᠠᠨ ᡁᠢ ᠧᠦ᠂ ᠦᠪᠡᠷᠲᠡᠭᠡᠨ ᠵᠠᠰᠠᠬᠤ ᠤᠷᠤᠨ  ᠳᠡᠳ᠋ ᠲᠡᠷᠢᠭᠦᠯᠡᠭᠴᠢ ᠳᠠᠶᠢᠴᠢᠨ ᠨᠠᠷ ᠲᠤ ᠪᠠᠷ᠎ᠠ ᠪᠤᠯᠵᠤ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠣᠷᠣᠯᠴᠠᠵᠠᠶ᠃    ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠪᠡᠭᠡᠵᠢᠩ ᠬᠤᠳᠠ ᠳᠤ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠰᠣᠯᠢᠯᠴᠠᠭᠠᠨ ᠤ ᠺᠠᠳ᠋ᠷ ᠤᠨ ᠬᠠᠮᠲᠤ ᠶᠢᠨ ᠠᠭᠤᠯᠵᠠᠯᠲᠠ ᠶᠢᠨ ᠬᠤᠷᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 12 ᠤᠨ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠨᠠᠢᠮᠠᠨ ᠬᠤᠰᠢᠭᠤᠨ ᠳᠤ ᠬᠦᠷᠴᠦ ᠴᠢᠨ ᠬᠤᠸᠠᠩ ᠳ᠋ᠤᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠵᠠᠩ ᠱᠤ᠋ ᠶᠦᠨ᠂ ᠬᠤᠲᠠ ᠶᠢᠨ ᠳᠡᠳ᠋ ᠳᠠᠷᠤᠭ᠎ᠠ ᠵᠢᠶᠤᠤ ᠳ᠋ᠠ ᠸᠧᠶ ᠨᠡᠷ ᠲᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    6 ᠳ᠋ᠤᠭᠠᠷ ᠰᠠᠷ᠎ᠠ ᠶᠢᠨ 13 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠪᠥᠬᠦ ᠬᠤᠲᠠ ᠶᠢᠨ 2024 ᠣᠨ ᠤ ᠴᠡᠷᠢᠭ ᠡᠯᠰᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠵᠢᠴᠢ ᠤᠶᠤᠲᠠᠳ ᠠᠴᠠ ᠴᠡᠷᠢᠭ ᠡᠯᠰᠡᠬᠦ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 13 ᠠᠴᠠ 21 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ᠳᠤ ᠦᠨᠳᠦᠰᠦᠲᠡᠨ ᠤ ᠭᠠᠵᠠᠷ ᠣᠷᠣᠨ ᠤ ᠲᠢᠩᠬᠢᠮ ᠲᠣᠪᠴᠢᠶ᠎ᠠ ᠶᠢᠨ ᠲᠠᠰ ᠤᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯᠪᠠᠰᠤᠷᠠᠯ ᠤᠨ ᠠᠩᠭᠢ ᠳᠤ ᠣᠷᠣᠯᠴᠠᠪᠠ᠃    6 ᠳ᠋ᠤᠭᠠᠷ ᠰᠠᠷ᠎ᠠ ᠶᠢᠨ 14 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠸᠢᠳᠢᠣ᠋ ᠶᠢᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠲᠥᠪ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠯᠢᠦᠶ ᠭᠦᠸᠧ ᠬᠤᠸᠠ᠂ ᠰᠢᠤᠸᠠᠨ ᠳ᠋ᠦᠩ ᠱᠧᠩ ᠬᠤᠷᠠᠯ ᠳᠤ ᠣᠷᠣᠯᠴᠠᠪᠠ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠥᠬᠦ ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠴᠢ ᠠᠶᠤᠯᠭᠦᠶ ᠦᠢᠯᠡᠳᠪᠦᠷᠢᠯᠡᠯ ᠤᠨ ᠲᠧᠯᠸᠢᠰ ᠤᠳᠠᠰᠤᠲᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ᠣᠳᠣᠬᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠼᠤᠤ ᠶᠢᠨ ᠱᠠᠨ᠂ ᠯᠢᠦᠶ ᠭᠦᠸᠧ ᠬᠤᠸᠠ᠂ ᠰᠢᠤᠸᠠᠨ ᠳ᠋ᠦᠩ ᠱᠧᠩ ᠬᠤᠷᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 15 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ 2024 ᠣᠨ ᠤ ︽ᠰᠡᠳᠬᠢᠯ ᠳᠠᠬᠢ ᠳᠤᠮᠳᠠᠳᠤ ᠤᠯᠤᠰ︾ ᠭᠡᠬᠦ ᠬᠡᠷ ᠪᠦᠯᠢ ᠰᠤᠷᠭᠠᠭᠤᠯᠢ ᠰᠤᠷᠤᠭᠴᠢᠳ ᠢ ᠬᠠᠮᠲᠤ ᠪᠠᠷ ᠪᠤᠶᠢᠵᠢᠭᠤᠯᠬᠤ ᠰᠡᠳᠬᠢᠴᠡ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠠᠷᠢᠶᠠᠨ ᠤ ᠲᠠᠪᠴᠠᠩ ᠵᠢᠴᠢ ᠬᠤᠷᠴᠢᠨ ᠲᠣᠭᠤᠷᠢᠭ ᠤᠨ ᠬᠡᠷ ᠤᠨ ᠠᠬᠠᠮᠠᠳ ᠤᠨ ᠰᠤᠷᠭᠠᠭᠤᠯᠢ ᠪᠠᠶᠢᠭᠤᠯᠤᠭᠳᠠᠬᠤ ᠶᠡᠭᠡ ᠬᠤᠷᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 16 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠼᠤᠤ ᠶᠢᠨ ᠱᠠᠨ 2024 ᠣᠨ ᠤ ᠪᠥᠬᠦ ᠤᠯᠤᠰ ᠤᠨ ᠨᠠᠰᠤᠲᠠᠶᠢᠴᠤᠳ ᠤᠨ ᠲᠣᠤᠷ ᠪᠥᠮᠪᠦᠭᠡ ᠶᠢᠨ ᠤᠷᠤᠯᠳᠤᠭᠠᠨ ᠤ ᠡᠬᠢᠯᠡᠬᠦ ᠶᠣᠰᠣᠯᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ︽ᠰᠠᠨᠠᠭ᠎ᠠ ᠠᠮᠤᠷ ᠬᠡᠦᠬᠡᠳ ᠢᠶᠠᠨ ᠠᠰᠠᠷᠠᠭᠤᠯᠵᠤ ᠳᠦᠭᠦᠮ ᠳᠦᠲᠡ ᠶᠢ ᠬᠦᠷᠲᠡᠬᠦ ︾ ᠦᠷᠡᠵᠢᠯ ᠤᠨ ᠨᠥᠬᠦᠷᠰᠡᠭ ᠪᠥᠲᠥᠭᠡᠨ ᠪᠠᠶᠢᠭᠤᠯᠤᠯᠲᠠ ᠶᠢᠨ ᠤᠮᠠᠷᠠᠲᠤ ᠬᠢᠯᠢ ᠶᠢᠨ ᠠᠶᠠᠯᠠᠯ · ᠲᠦᠩᠯᠢᠶᠣᠤ ᠥᠷᠲᠡᠭᠡ ᠵᠢᠴᠢ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 17 ᠤ ᠡᠳᠦᠷ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ︽ᠲᠤᠰᠢᠶᠠᠬᠤ ᠶᠤᠰᠤᠲᠠᠢ ᠠᠰᠠᠷ︾ ᠠᠵᠢᠯ ᠤᠨ ᠸᠢᠳᠢᠤ᠋ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠬᠤᠷᠠᠯ ᠡᠷᠭᠢᠯᠡᠪᠡ᠃    ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠮᠤᠤ ᠵᠧᠨ ᠬᠠᠶ᠂ ᠰᠢᠤᠸᠠᠨ ᠳ᠋ᠦᠩ ᠱᠧᠩ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠸᠢᠳᠢᠣ᠋ ᠬᠤᠷᠠᠯ ᠳᠤ ᠣᠷᠣᠯᠴᠠᠪᠠ᠃     6 ᠳ᠋ᠤᠭᠠᠷ ᠰᠠᠷ᠎ᠠ ᠶᠢᠨ 18 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠠᠩᠭᠢ ᠳᠠᠭᠠᠭᠤᠯᠤᠨ ᠪᠡᠭᠡᠵᠢᠩ ᠬᠤᠲᠠ ᠳᠤ ᠬᠦᠷᠴᠦ ᠵᠥᠩ ᠨᠧᠩ ᠵᠢᠶᠠᠨ ᠤᠰᠤᠲᠥ᠋ᠷᠥᠭᠴᠢ ᠶᠢᠨ ᠡᠨᠧᠷᠭᠢ ᠶᠢᠨ ᠬᠢᠵᠠᠭᠠᠷᠲᠤ ᠺᠣᠮᠫᠠᠨᠢ᠂ ᠮᠧᠶ ᠶᠢᠨ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠭᠰᠠᠨ ᠪᠥᠭᠡᠳ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠬᠢᠭᠡᠳ ᠵᠥᠩ ᠨᠧᠩ ᠵᠢᠶᠠᠨ ᠤᠰᠤᠲᠥ᠋ᠷᠥᠭᠴᠢ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠭᠰᠠᠨ ᠢ ᠭᠡᠷᠡᠴᠢᠯᠡᠪᠡ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ 2024 ᠣᠨ ᠤ ᠪᠦᠬᠦ ᠤᠯᠤᠰ ᠤᠨ ᠨᠠᠰᠤᠲᠠᠶᠢᠴᠤᠳ ᠤᠨ ᠲᠣᠣᠷ ᠪᠥᠮᠪᠦᠭᠡ ᠶᠢᠨ ᠤᠷᠤᠯᠳᠤᠭᠠᠨ ᠤ ᠲᠡᠭᠦᠰᠬᠦ ᠶᠣᠰᠣᠯᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠬᠢᠩᠭᠠᠨ ᠠᠶᠢᠮᠠᠭ ᠤᠨ ᠤᠯᠠᠭᠠᠨᠬᠤᠲᠠ ᠳᠤ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠰᠢᠨ᠎ᠡ ᠡᠨᠧᠷᠭᠢ ᠶᠢᠨ ᠰᠦᠯᠵᠢᠶᠡᠨ ᠤ ᠢᠨᠵᠧᠨᠧᠷᠢᠩ ᠢ ᠠᠬᠢᠭᠤᠯᠬᠤ ᠬᠤᠷᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 20 ᠤ ᠡᠳᠦᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠳᠠ ᠶᠢᠨ ᠳᠠᠷᠤᠭ᠎ᠠ ᠴᠢ᠊ · ᠳᠠᠯᠠᠨᠲᠠᠢ ᠬᠤᠳᠠ ᠶᠢᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠬᠠᠷᠢᠭᠤ ᠵᠠᠬᠢᠳᠠᠯ ᠪᠣᠯᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠮᠤᠤ ᠵᠧᠨ ᠬᠠᠶ᠂ ᠼᠤᠤ ᠶᠢᠨ ᠱᠠᠨ᠂ ᠯᠢᠦᠶ ᠭᠦᠸᠧ ᠬᠤᠸᠠ᠂ ᠰᠢᠤᠸᠠᠨ ᠳ᠋ᠦᠩ ᠱᠧᠩ ᠣᠷᠣᠯᠴᠠᠵᠠᠶ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ 2024 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠵᠢᠷᠭᠤᠭᠠᠨ ᠢᠨᠵᠧᠨᠧᠷᠢᠩ︾ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠥᠷ ᠮᠣᠩᠭᠤᠯ ᠤᠨ ᠬᠢᠲᠠᠳ ᠮᠣᠩᠭᠤᠯ ᠡᠮ ᠡᠮᠨᠡᠯᠭᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠵᠣᠬᠢᠶᠠᠨ ᠪᠠᠶᠢᠭᠤᠯᠬᠤ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠲᠤᠯᠠᠨ᠂ ᠲᠦᠩᠯᠢᠶᠣᠤ ᠬᠤᠲᠠ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠰᠠᠭᠤᠷᠢ ᠮᠥᠩᠭᠦ ᠪᠠᠶᠢᠭᠤᠯᠬᠤ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠮᠤᠤ ᠵᠧᠨ ᠬᠠᠶ᠂ ᠼᠤᠤ ᠶᠢᠨ ᠱᠠᠨ᠂ ᠯᠢᠦᠶ ᠭᠦᠸᠧ ᠬᠤᠸᠠ᠂ ᠰᠢᠤᠸᠠᠨ ᠳ᠋ᠦᠩ ᠱᠧᠩ ᠣᠷᠣᠯᠴᠠᠵᠠᠶ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    6 ᠳ᠋ᠤᠭᠠᠷ ᠰᠠᠷ᠎ᠠ ᠶᠢᠨ 21 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠮᠥᠩᠭᠦᠨ ᠭᠦᠢᠯᠭᠡᠭᠡᠨ ᠢᠶᠠᠷ ᠲᠦᠩᠯᠢᠶᠣᠤ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃    6 ᠳ᠋ᠤᠭᠠᠷ ᠰᠠᠷ᠎ᠠ ᠶᠢᠨ 21 - 23 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠸᠠᠩ ᠶᠦᠩ᠂ ᠰᠢᠤᠸᠠᠨ ᠳ᠋ᠦᠩ ᠱᠧᠩ ᠲᠣᠰ ᠲᠣᠰ ᠬᠢᠨᠡᠨ ᠵᠢᠯᠣᠭᠤᠳᠬᠤ ᠳᠤᠭᠤᠶᠢᠯᠠᠩ ᠢᠶᠠᠨ ᠳᠠᠭᠠᠭᠤᠯᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠭᠦᠨᠵᠡᠭᠡᠶᠢᠷᠡᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠳᠤ ᠲᠤᠰᠬᠠᠶ ᠰᠢᠮᠳᠠᠭᠤᠯᠤᠨ ᠪᠠᠶᠢᠴᠠᠭᠠᠯᠲᠠ ᠥᠷᠨᠢᠭᠦᠯᠦᠭᠰᠡᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠤᠯᠪᠣᠭᠳᠠᠯ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃    6 ᠳ᠋ᠤᠭᠠᠷ ᠰᠠᠷ᠎ᠠ ᠶᠢᠨ 23 ᠤ ᠡᠳᠦᠷ ᠬᠤᠲᠠ ᠶᠢᠨ ᠵᠠᠰᠠᠭ ᠤᠨ ᠤᠷᠳᠤᠨ ᠤ ᠳᠡᠳ᠋ ᠲᠡᠷᠢᠭᠦᠯᠡᠭᠴᠢ ᠯᠢᠤᠢ ᠭᠦᠸᠧ ᠬᠤᠸᠠ ᠦᠪᠡᠷᠲᠡᠭᠡᠨ ᠵᠠᠰᠠᠬᠤ ᠤᠷᠤᠨ ᠤ ᠮᠠᠯ ᠲᠠᠷᠢᠶᠠᠯᠠᠩ ᠤᠨ ᠲᠢᠩᠬᠢᠮ ᠳᠤ ᠪᠦᠬᠦ ᠤᠷᠤᠨ ᠤ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠠᠢ ᠵᠤᠯᠭᠠᠭᠤᠯᠬᠤ ᠠᠵᠢᠯ ᠤᠨ ᠬᠤᠷᠠᠯ ᠳᠤ ᠤᠷᠤᠯᠴᠠᠪᠠ᠃    6 ᠳ᠋ᠤᠭᠠᠷ ᠰᠠᠷ᠎ᠠ ᠶᠢᠨ 23 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠳᠤ ᠪᠠᠷ᠎ᠠ ᠪᠣᠯᠵᠣ ᠬᠦᠷᠢᠶ᠎ᠡ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃    6 ᠳ᠋ᠤᠭᠠᠷ ᠰᠠᠷ᠎ᠠ ᠶᠢᠨ 25 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠪᠠᠶᠢᠴᠠᠭᠠᠨ ᠰᠤᠳᠤᠯᠤᠭᠰᠠᠨ ᠰᠠᠭᠤᠳᠠᠯ ᠤᠨ ᠬᠤᠷᠠᠯ ᠳᠤ ᠣᠷᠣᠯᠴᠠᠪᠠ᠃    ᠬᠤᠲᠠ ᠶᠢᠨ ᠳᠡᠳ᠋ ᠳᠠᠷᠤᠭ᠎ᠠ ᠼᠤᠤ ᠶᠢᠨ ᠱᠠᠨ ᠲᠦᠩᠯᠢᠶᠣᠣ ᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠠᠢᠭᠤᠯᠤᠭᠳᠠᠭᠰᠠᠨ 35 ᠵᠢᠯ ᠤᠨ ᠣᠢ ᠶᠢ ᠳᠤᠷᠠᠰᠬᠠᠬᠤ ᠳ᠋ᠦᠩᠨᠡᠯᠲᠡ ᠶᠢᠨ ᠶᠡᠭᠡ ᠬᠤᠷᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 26 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠥᠬᠦ ᠬᠤᠲᠠ ᠶᠢᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠧᠨ ᠢ ᠮᠢᠩ᠂ ᠯᠢᠦᠶ ᠭᠦᠸᠧ ᠬᠤᠸᠠ᠂ ᠰᠢᠤᠸᠠᠨ ᠳ᠋ᠦᠩ ᠱᠧᠩ ᠬᠤᠷᠠᠯ ᠳᠤ ᠣᠷᠣᠯᠴᠠᠪᠠ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠤᠶ᠎ᠠ︾ ᠭᠡᠬᠦ ᠰᠡᠳᠦᠪ ᠢᠶᠠᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠠᠯᠪᠠᠨ ᠬᠡᠷ ᠤᠨ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠲᠤᠬᠠᠢ ᠨᠠᠮ ᠤᠨ ᠬᠢᠴᠢᠶᠡᠯ ᠣᠷᠣᠪᠠ᠃    6 ᠳ᠋ᠤᠭᠠᠷ ᠰᠠᠷ᠎ᠠ ᠶᠢᠨ 26 - 27 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠬᠤᠲᠠ ᠶᠢᠨ ᠬᠤᠶᠢᠴᠢ ᠦᠶ᠎ᠡ ᠶᠢᠨ  ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠤᠨ ︽ᠮᠠᠷᠭᠠᠰᠢ ᠶᠢ ᠬᠠᠯᠠᠮᠵᠢᠯᠠᠨ ᠬᠠᠶᠢᠷᠠᠯᠠᠵᠤ᠂ ᠬᠠᠤᠯᠢ ᠴᠠᠭᠠᠵᠠ ᠶᠢ ᠤᠷᠢᠳ ᠢᠶᠠᠷ ᠲᠦᠭᠡᠮᠡᠯᠵᠢᠭᠦᠯᠬᠦ︾ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠤᠨ ᠠᠬᠤᠢ ᠲᠠᠯᠠᠪᠠᠢ ᠶᠢᠨ ᠬᠤᠷᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 28 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠰᠢᠦᠸᠠᠨ ᠳ᠋ᠦᠩ ᠱᠧᠩ 2024 ᠤᠨ ︵ᠲᠠᠪᠤᠳᠤᠭᠠᠷ ᠬᠤᠭᠤᠴᠠᠭ᠎ᠠ︶ ᠤ ᠳᠤᠮᠳᠠᠳᠤ ᠤᠯᠤᠰ ᠤᠨ ᠬᠥᠩᠭᠡᠨ ᠴᠠᠭᠠᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠵᠢᠴᠢ ᠬᠥᠩᠭᠡᠨ ᠴᠠᠭᠠᠨ ᠤ ᠪᠦᠲᠦᠭᠡᠭᠳᠡᠬᠦᠨ ᠤ ᠦᠵᠡᠰᠬᠦᠯᠡᠩ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠶᠢᠨ ᠱᠠᠨ ᠪᠦᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠷᠠᠯ ᠵᠢᠴᠢ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠳᠤ ᠣᠷᠣᠯᠴᠠᠪᠠ᠃    6 ᠳ᠋ᠤᠭᠠᠷ ᠰᠠᠷ᠎ᠠ ᠶᠢᠨ 30 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠥᠬᠡᠬᠤᠲᠠ ᠶᠢᠨ ᠴᠡᠯᠡᠭᠡᠷ ᠲᠠᠯ᠎ᠠ ᠳᠤ 2024 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠱᠧᠨᠶᠠᠩ ᠬᠤᠲᠠ ᠳᠤ ᠬᠦᠷᠴᠦ ᠠᠵᠢᠯ ᠵᠣᠯᠭᠠᠭᠤᠯᠪᠠ᠃    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠸᠠᠨ ᠳ᠋ᠦᠩ ᠱᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠳᠤ ᠬᠦᠷᠴᠦ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃
ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ