1. ︽ᠬᠤᠷᠰᠢᠭᠰᠠᠨ ᠠᠵᠤ ᠠᠬᠤᠢ ᠳᠠᠩᠰᠠᠯᠠᠭᠤᠯᠬᠤ ᠭᠤᠶᠤᠴᠢᠯᠠᠯ ᠤᠨ ᠪᠢᠴᠢᠭ︾ | 2᠂ ᠬᠤᠷᠰᠢᠭᠴᠢᠳ ᠤᠨ ᠭᠠᠷ ᠤᠨ ᠦᠰᠦᠭ ᠵᠢᠷᠤᠭᠰᠠᠨ ᠬᠤᠷᠰᠢᠬᠤ ᠬᠡᠯᠡᠯᠴᠡᠭᠡᠷ᠃ | 3. ᠬᠤᠷᠰᠢᠭᠴᠢᠳ ᠤᠨ ᠪᠡᠶᠡᠴᠢ ᠴᠣᠭᠴᠠ ᠶᠢᠨ ᠬᠢᠷᠢ ᠬᠡᠮ ᠤᠨ ᠪᠢᠴᠢᠭ ᠮᠠᠲ᠋ᠧᠷᠢᠶᠠᠯ ᠪᠤᠶᠤ ᠪᠠᠶᠢᠭᠠᠯᠢ ᠬᠦᠮᠦᠨ ᠤ ᠪᠡᠶ᠎ᠡ ᠶᠢᠨ ᠦᠨᠡᠮᠯᠡᠯ᠂ | ᠬᠤᠷᠰᠢᠭᠴᠢᠳ ᠶᠢᠨ ᠣᠷᠣᠨ ᠰᠠᠭᠤᠴᠠ ᠶᠢᠨ ᠭᠡᠷᠡᠴᠢ᠃ | ◆ ᠬᠤᠷᠰᠢᠭᠴᠢ ᠨᠢ ᠠᠵᠤ ᠠᠬᠤᠶᠢᠯᠠᠯ ᠪᠣᠯ᠂ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ᠃ | ◆ ᠬᠤᠷᠰᠢᠭᠴᠢ ᠨᠢ ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ ᠪᠣᠯ᠂ ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ ᠤ | ᠳᠠᠩᠰᠠᠯᠠᠭᠤᠯᠤᠭᠰᠠᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ᠃ | ◆ ᠬᠤᠷᠰᠢᠭᠴᠢ ᠨᠢ ᠣᠯᠠᠨ ᠨᠡᠶᠢᠲᠡ ᠶᠢᠨ ᠪᠠᠶᠢᠭᠤᠯᠭ᠎ᠠ ᠶᠢᠨ ᠬᠠᠤᠯᠢ ᠶᠢᠨ ᠡᠷᠬᠡᠲᠡᠨ ᠪᠣᠯ᠂ ᠣᠯᠠᠨ ᠨᠡᠶᠢᠲᠡ ᠶᠢᠨ ᠪᠠᠶᠢᠭᠤᠯᠭ᠎ᠠ ᠶᠢᠨ ᠬᠠᠤᠯᠢ ᠶᠢᠨ | ᠡᠷᠬᠡᠲᠡᠨ ᠤ ᠳᠠᠩᠰᠠᠯᠠᠭᠤᠯᠤᠭᠰᠠᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ᠃ | ◆ ᠬᠤᠷᠰᠢᠭᠴᠢ ᠨᠢ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠪᠣᠯ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ | ᠨᠢᠭᠡᠴᠡ ᠶᠢᠨ ᠳᠠᠩᠰᠠᠯᠠᠭᠤᠯᠤᠭᠰᠠᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ᠃ | ◆ ᠬᠤᠷᠰᠢᠭᠴᠢ ᠨᠢ ᠪᠠᠶᠢᠭᠠᠯᠢ ᠬᠥᠮᠥᠨ ᠪᠣᠯ᠂ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ᠃ | ◆ ᠭᠠᠳᠠᠭᠠᠳᠤ ᠤᠯᠤᠰ ᠤᠨ ᠲᠠᠯ᠎ᠠ ᠶᠢᠨ ᠬᠤᠷᠰᠢᠭᠴᠢ ᠶᠢᠨ ᠭᠤᠣᠯ ᠴᠣᠭᠴᠠ ᠶᠢᠨ ᠬᠢᠷᠢ ᠭᠡᠮ ᠤᠨ ᠪᠢᠴᠢᠭ ᠮᠠᠲ᠋ᠧᠷᠢᠶᠠᠯ ᠪᠤᠶᠤ ᠪᠡᠶ᠎ᠡ ᠶᠢᠨ ᠭᠡᠷᠡᠴᠢ | ᠦᠨᠡᠮᠯᠡᠯ ᠢ ᠲᠤᠰ ᠤᠯᠤᠰ ᠤᠨ ᠬᠢᠨ ᠠᠯᠪᠠᠨ ᠭᠡᠷᠡᠴᠢᠯᠡᠭᠡ ᠶᠢᠨ ᠪᠠᠶᠢᠭᠤᠯᠭ᠎ᠠ ᠳᠤ ᠠᠯᠪᠠᠨ ᠭᠡᠷᠡᠴᠢᠯᠡᠭᠡ ᠬᠢᠬᠦ ᠬᠡᠷᠡᠭᠲᠡᠢ ᠮᠥᠷᠲᠡᠭᠡᠨ ᠲᠤᠰ ᠤᠯᠤᠰ ᠲᠤ ᠰᠠᠭᠤᠭ᠎ᠠ | ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ︵ᠺᠤᠨᠰᠦ᠋ᠯ ᠤᠨ ᠭᠠᠵᠠᠷ︶ ᠢᠶᠠᠷ ᠭᠡᠷᠡᠴᠢᠯᠡᠭᠦᠯᠬᠦ ᠬᠡᠷᠡᠭᠲᠡᠢ᠃ ᠬᠡᠷᠪᠡ ᠲᠡᠭᠦᠨ ᠤ ᠲᠤᠰ ᠤᠯᠤᠰ ᠪᠣᠯᠤᠨ | ᠳᠤᠮᠳᠠᠳᠤ ᠤᠯᠤᠰ ᠭᠠᠳᠠᠭᠠᠳᠤ ᠬᠠᠷᠢᠯᠴᠠᠭ᠎ᠠ ᠦᠭᠡᠶ ᠪᠣᠯ᠂ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭᠠᠨ ᠤ ᠬᠠᠷᠢᠴᠠᠭ᠎ᠠ ᠲᠠᠢ ᠭᠤᠷᠪᠠᠳᠤᠭᠠᠷ ᠤᠯᠤᠰ ᠤᠨ | ᠲᠤᠰ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ︵ᠺᠤᠨᠰᠦ᠋ᠯ ᠤᠨ ᠭᠠᠵᠠᠷ︶ ᠢᠶᠠᠷ ᠭᠡᠷᠡᠴᠢᠯᠡᠭᠦᠯᠵᠦ᠂ ᠳᠠᠬᠢᠨ ᠲᠣᠰ ᠭᠤᠷᠪᠠᠳᠤᠭᠠᠷ ᠤᠯᠤᠰ ᠲᠤ ᠰᠠᠭᠤᠭ᠎ᠠ | ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ︵ᠺᠤᠨᠰᠦ᠋ᠯ ᠤᠨ ᠭᠠᠵᠠᠷ︶ ᠢᠶᠠᠷ ᠭᠡᠷᠡᠴᠢᠯᠡᠭᠦᠯᠬᠦ ᠬᠡᠷᠡᠭᠲᠡᠢ᠃ ᠵᠠᠷᠢᠮ ᠤᠯᠤᠰ ᠤᠨ ᠭᠠᠳᠠᠭᠠᠳᠤ ᠳᠠᠬᠢ ᠬᠠᠷᠢᠶ᠎ᠠ | ᠭᠠᠵᠠᠷ ᠤᠨ ᠬᠢᠵᠦ ᠥᠭᠭᠦᠭᠰᠡᠨ ᠪᠢᠴᠢᠭ ᠬᠠᠷ᠎ᠠ ᠶᠢ ᠤᠷᠢᠳᠠᠪᠠᠷ ᠲᠤᠰ ᠬᠠᠷᠢᠶ᠎ᠠ ᠭᠠᠵᠠᠷ ᠲᠤᠨᠢ ᠠᠯᠪᠠᠨ ᠭᠡᠷᠡᠴᠢᠯᠡᠭᠡ ᠬᠢᠵᠦ᠂ ᠳᠠᠬᠢᠨ ᠲᠤᠰ ᠤᠯᠤᠰ ᠤᠨ ᠭᠠᠳᠠᠭᠠᠳᠤ | ᠬᠠᠷᠢᠯᠴᠠᠭᠠᠨ ᠤ ᠪᠠᠶᠢᠭᠤᠯᠤᠮᠵᠢ ᠪᠠᠷ ᠭᠡᠷᠡᠴᠢᠯᠡᠭᠦᠯᠵᠦ᠂ ᠬᠠᠮᠤᠭ ᠤᠨ ᠰᠡᠭᠦᠯ ᠳᠤ ᠲᠤᠰ ᠤᠯᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ | ︵ᠺᠤᠨᠰᠦ᠋ᠯ ᠤᠨ ᠭᠠᠵᠠᠷ︶ ᠢᠶᠠᠷ ᠭᠡᠷᠡᠴᠢᠯᠡᠭᠦᠯᠬᠦ ᠬᠡᠷᠡᠭᠲᠡᠢ᠃ ᠳᠤᠮᠳᠠᠳᠤ ᠤᠯᠤᠰ ᠪᠣᠯᠣᠨ ᠬᠤᠯᠪᠣᠭᠳᠠᠯ ᠪᠦᠬᠦᠢ ᠤᠯᠤᠰ ᠲᠠᠢ ᠪᠠᠶᠢᠭᠤᠯᠤᠭᠰᠠᠨ ᠪᠤᠶᠤ ᠬᠠᠮᠲᠤ ᠪᠠᠷ | ᠣᠷᠣᠯᠴᠠᠭᠰᠠᠨ ᠣᠯᠠᠨ ᠤᠯᠤᠰ ᠤᠨ ᠭᠡᠷ᠎ᠡ ᠳᠤ ᠥᠭᠡᠷ᠎ᠡ ᠲᠣᠭᠲᠠᠭᠠᠯ ᠲᠠᠢ ᠪᠣᠯ ᠡᠭᠦᠨ ᠳᠤ ᠪᠠᠭᠲᠠᠬᠤ ᠦᠭᠡᠢ᠃ ᠭᠠᠳᠠᠭᠠᠳᠤ ᠤᠯᠤᠰ ᠤᠨ ᠪᠠᠶᠢᠭᠠᠯᠢ ᠬᠥᠮᠦᠨ | ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠠᠵᠤ ᠠᠬᠤᠶᠢᠯᠠᠯ ᠪᠠᠶᠢᠭᠤᠯᠬᠤ ᠪᠠᠷ ᠲᠤᠰᠢᠶᠠᠭᠰᠠᠨ ᠪᠡᠶ᠎ᠡ ᠶᠢᠨ ᠭᠡᠷᠡᠴᠢ ᠶᠢᠨ ᠪᠢᠴᠢᠭ ᠮᠠᠲ᠋ᠧᠷᠢᠶᠠᠯ ᠨᠢ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠶᠢᠨ ᠬᠥᠮᠦᠨ ᠥᠨᠢ ᠡᠭᠦᠷᠢᠳᠡ ᠣᠷᠣᠰᠢᠨ ᠰᠠᠭᠤᠬᠤ ᠪᠡᠶ᠎ᠡ ᠶᠢᠨ ᠦᠨᠡᠮᠯᠡᠯ ᠪᠠᠶᠢᠪᠠᠯ᠂ ᠠᠯᠪᠠᠨ ᠭᠡᠷᠡᠴᠢᠯᠡᠭᠡ | ᠬᠢᠬᠦ ᠪᠤᠶᠤ ᠭᠡᠷᠡᠴᠢᠯᠡᠭᠦᠯᠬᠦ ᠴᠢᠬᠤᠯᠠ ᠦᠭᠡᠢ᠃ | ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠢ ᠣᠷᠣᠨ᠂ ᠣᠤᠮᠧᠨ ᠤ ᠵᠠᠰᠠᠭ ᠵᠠᠬᠢᠷᠭᠠᠨ ᠤ ᠣᠨᠴᠠᠭᠠᠢ ᠣᠷᠣᠨ ᠪᠣᠯᠤᠨ ᠲᠠᠶᠢᠸᠠᠨ ᠣᠷᠣᠨ ᠤ ᠪᠡᠯᠡ | ᠣᠷᠣᠭᠤᠯᠤᠭᠴᠢ ᠶᠢᠨ ᠭᠤᠤᠯ ᠴᠣᠭᠴᠠ ᠶᠢᠨ ᠬᠢᠷᠢ ᠭᠡᠮ ᠤᠨ ᠪᠢᠴᠢᠭ ᠮᠠᠲ᠋ᠧᠷᠢᠶᠠᠯ ᠪᠤᠶᠤ ᠪᠡᠶ᠎ᠡ ᠶᠢᠨ ᠭᠡᠷᠡᠴᠢ ᠶᠢ ᠲᠤᠰᠬᠠᠶ ᠵᠦᠢᠯ ᠤᠨ ᠲᠣᠭᠲᠠᠭᠠᠯ ᠪᠤᠶᠤ | ᠵᠥᠪᠳᠡᠯᠴᠡᠬᠡᠷ ᠤᠨ ᠶᠣᠰᠣᠭᠠᠷ ᠲᠤᠬᠠᠶ ᠶᠢᠨ ᠭᠠᠵᠠᠷ ᠤᠨ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠪᠠᠷ ᠭᠡᠷᠡᠴᠢᠯᠡᠭᠦᠯᠦᠭᠰᠡᠨ ᠪᠢᠴᠢᠭ ᠮᠠᠲ᠋ᠧᠷᠢᠶᠠᠯ ᠢᠶᠠᠨ ᠬᠠᠤᠯᠢ | ᠶᠣᠰᠣᠭᠠᠷ ᠬᠠᠩᠭᠠᠬᠤ ᠬᠡᠷᠡᠭᠲᠡᠶ᠃ ᠰᠢᠶᠠᠩᠭᠠᠩ ᠣᠣᠮᠤᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠲᠤᠰᠢᠶᠠᠬᠤ ᠪᠤᠶᠤ ᠳᠣᠲᠣᠷ ᠭᠠᠵᠠᠷ ᠲᠤ | ᠨᠡᠪᠲᠡᠷᠡᠬᠦ ᠦᠨᠡᠮᠯᠡᠯ ᠢ ᠲᠤᠰᠢᠶᠠᠭᠰᠠᠨ ᠪᠠᠶᠢᠪᠠᠯ ᠠᠯᠪᠠᠨ ᠭᠡᠷᠡᠴᠢᠯᠡᠭᠡ ᠬᠢᠬᠦ ᠪᠤᠶᠤ ᠭᠡᠷᠡᠴᠢᠯᠡᠭᠦᠯᠬᠦ ᠴᠢᠬᠤᠯᠠ ᠦᠭᠡᠢ᠃ ᠳᠣᠲᠣᠷ ᠭᠠᠵᠠᠷ ᠤᠨ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠠᠴᠠ ᠣᠯᠭᠤᠭᠰᠠᠨ ᠲᠠᠶᠢᠸᠠᠨ ᠤ ᠰᠠᠭᠤᠭᠠᠯᠢ ᠠᠷᠠᠳ ᠤᠨ ᠤᠷᠤᠰᠢᠨ ᠰᠠᠭᠤᠬᠤ ᠦᠨᠡᠮᠯᠡᠯ᠂ ᠳᠣᠲᠣᠷ ᠭᠠᠵᠠᠷ ᠤᠨ ᠬᠢᠯᠢ ᠪᠠᠷ ᠣᠷᠣᠵᠤ | ᠭᠠᠷᠬᠤ ᠶᠢ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ᠲᠠᠶᠢᠸᠠᠨ ᠤ ᠰᠠᠭᠤᠭᠠᠯᠢ ᠠᠷᠠᠳ ᠳᠣᠲᠣᠷ ᠭᠠᠵᠠᠷ ᠲᠤ ᠢᠷᠡᠵᠦ ᠶᠠᠪᠤᠬᠤ ᠦᠨᠡᠮᠯᠡᠯ ᠢ ᠲᠠᠶᠢᠸᠠᠨ | ᠣᠷᠣᠨ ᠤ ᠪᠠᠶᠢᠭᠠᠯᠢ ᠬᠥᠮᠦᠨ ᠤ ᠪᠡᠯᠡ ᠣᠷᠣᠭᠤᠯᠤᠭᠴᠢ ᠶᠢᠨ ᠪᠡᠶ᠎ᠡ ᠶᠢᠨ ᠭᠡᠷᠡᠴᠢ ᠪᠣᠯᠭᠠᠵᠤ ᠪᠣᠯᠬᠤ ᠪᠥᠭᠡᠳ ᠠᠯᠪᠠᠨ ᠭᠡᠷᠡᠴᠢᠯᠡᠭᠡ ᠬᠢᠬᠦ ᠪᠤᠶᠤ ᠭᠡᠷᠡᠴᠢᠯᠡᠭᠦᠯᠬᠦ | ᠴᠢᠬᠤᠯᠠ ᠦᠭᠡᠢ᠃ | ◆ ᠬᠤᠷᠰᠢᠭᠴᠢ ᠨᠢ ᠪᠤᠰᠤᠳ ᠲᠥᠷᠥᠯ ᠵᠦᠢᠯ ᠤᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠷᠢ | ᠭᠡᠮ ᠤᠨ ᠭᠡᠷᠡᠴᠢ ᠪᠠᠨ ᠲᠤᠰᠢᠶᠠᠨ᠎ᠠ᠃ | 4. ᠭᠤᠤᠯ ᠡᠵᠡᠩᠨᠡᠯᠲᠡ ᠶᠢᠨ ᠭᠠᠵᠠᠷ ᠲᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠡᠷᠡᠭᠯᠡᠨ᠎ᠡ᠃ | 5 ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠳᠠᠩᠰᠠᠯᠠᠭᠤᠯᠬᠤ ᠠᠴᠠ | ᠡᠮᠦᠨ᠎ᠡ ᠡᠷᠬᠡᠪᠰᠢ ᠮᠡᠳᠡᠭᠦᠯᠦᠨ ᠵᠥᠪᠰᠢᠶᠡᠷᠡᠭᠦᠯᠬᠦ ᠪᠤᠶᠤ ᠳᠠᠩᠰᠠᠯᠠᠭᠤᠯᠬᠤ ᠪᠠᠷ ᠭᠤᠶᠤᠴᠢᠯᠠᠬᠤ ᠡᠵᠡᠩᠨᠡᠯᠲᠡ ᠶᠢᠨ ᠬᠡᠪᠴᠢᠶᠡᠨ ᠳᠤ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠳᠠᠩᠰᠠᠯᠠᠭᠤᠯᠬᠤ ᠠᠴᠠ ᠡᠮᠦᠨ᠎ᠡ ᠡᠷᠬᠡᠪᠰᠢ ᠮᠡᠳᠡᠭᠦᠯᠦᠨ | ᠵᠥᠪᠰᠢᠶᠡᠷᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠲᠥᠷᠥᠯ ᠵᠦᠢᠯ ᠲᠠᠢ ᠪᠣᠯ᠂ ᠬᠤᠯᠪᠣᠭᠳᠠᠯ ᠪᠦᠬᠦᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ | ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠶᠢ ᠲᠤᠰᠢᠶᠠᠬᠤ ᠬᠡᠷᠡᠭᠲᠡᠢ᠃ | 6. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠣᠨᠴᠠᠭᠠᠢ ᠡᠩ ᠤᠨ ᠬᠤᠷᠰᠢᠭᠰᠠᠨ ᠠᠵᠤ ᠠᠬᠤᠶᠢᠯᠠᠯ ᠪᠠᠶᠢᠭᠤᠯᠬᠤ ᠳᠤ | ᠬᠤᠷᠰᠢᠭᠴᠢ ᠶᠢᠨ ᠠᠵᠢᠯ ᠤᠨ ᠬᠢᠷᠢ ᠬᠡᠮ ᠤᠨ ᠭᠡᠷᠡᠴᠢ ᠲᠤᠰᠢᠶᠠᠬᠤ ᠬᠡᠷᠡᠭᠲᠡᠢ ᠭᠡᠵᠦ ᠲᠣᠭᠲᠠᠭᠠᠭᠰᠠᠨ ᠪᠠᠶᠢᠪᠠᠯ᠂ ᠬᠠᠷᠠᠭᠠᠯᠵᠠᠭᠰᠠᠨ ᠭᠡᠷᠡᠴᠢ ᠶᠢ ᠲᠤᠰᠢᠶᠠᠨ᠎ᠠ᠃ | ᠲᠠᠶᠢᠯᠪᠤᠷᠢ᠄ ︽ᠬᠤᠷᠰᠢᠭᠰᠠᠨ ᠠᠵᠤ ᠠᠬᠤᠶᠢᠯᠠᠯ ᠤᠨ ᠬᠠᠤᠯᠢ︾᠂ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢᠨ ᠬᠠᠤᠯᠢ︾᠂ ︽ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠬᠠᠮᠢᠶᠠᠷᠬᠤ ᠳᠦᠷᠢᠮ︾ ᠤᠨ ᠶᠣᠰᠣᠭᠠᠷ ᠪᠠᠶᠢᠭᠤᠯᠤᠭᠰᠠᠨ ᠬᠤᠷᠰᠢᠭᠰᠠᠨ ᠠᠵᠤ ᠠᠬᠤᠶᠢᠯᠠᠯ ᠢ | ᠳᠠᠩᠰᠠᠯᠠᠭᠤᠯᠬᠤ ᠳᠤ ᠲᠤᠰ ᠵᠢᠷᠤᠮᠵᠢᠯ ᠢ ᠲᠣᠬᠢᠷᠠᠭᠤᠯᠤᠨ ᠬᠡᠷᠡᠭᠯᠡᠨ᠎ᠡ᠃ |