ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ︽ᠮᠢᠩᠭᠠᠨ ᠲᠣᠰᠬᠤᠨ ᠳᠤ ᠪᠦᠭᠦᠨ ᠢ ᠪᠦᠷᠬᠦᠭᠦᠯᠬᠦ ᠢᠨᠵᠧᠨᠧᠷᠢᠩ︾ ᠢ | ᠬᠡᠷᠡᠭᠵᠢᠭᠦᠯᠦᠭᠰᠡᠨ ᠠᠴᠠ ᠨᠠᠭᠠᠰᠢ᠂ ᠬᠤᠤᠯᠢᠩᠭᠤᠣᠯ ᠬᠤᠲᠠ ᠶᠢᠨ ᠬᠢᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠬᠠᠮᠲᠤ ᠪᠠᠷ | ᠵᠣᠬᠢᠴᠠᠯᠳᠤᠵᠤ᠂ ᠡᠨᠡ ᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠪᠠ᠃ | ᠡᠨᠡ ᠵᠢᠯ 57 ᠨᠠᠰᠤᠲᠠᠢ ᠮᠠ ᠼᠦᠢ ᠶᠢᠩ ᠪᠣᠯ ᠬᠤᠤᠯᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠣᠨ᠎ᠠ᠂ ᠡᠷ᠎ᠡ ᠨᠥᠬᠦᠷ ᠨᠢ ᠭᠡᠨᠡᠳᠲᠡ ᠨᠠᠰᠤ | ᠪᠠᠷᠠᠭᠰᠠᠨ ᠤ ᠳᠠᠷᠠᠭ᠎ᠠ᠂ ᠲᠡᠷᠡ ᠨᠢᠭᠡ ᠲᠠᠯ᠎ᠠ ᠪᠠᠷ ᠬᠦᠨᠳᠦ ᠵᠡᠮᠳᠡᠭ ᠬᠦᠦ ᠪᠠᠨ ᠬᠠᠷᠠᠭᠠᠯᠵᠠᠵᠤ᠂ ᠨᠦᠭᠦᠭᠡ ᠲᠠᠯ᠎ᠠ ᠪᠠᠷ ᠠᠷᠰᠠᠷ ᠠᠵᠢᠯ ᠬᠢᠵᠦ᠂ ᠠᠮᠢᠳᠤᠷᠠᠯ ᠨᠢ | ᠲᠤᠶᠢᠯ ᠤᠨ ᠬᠦᠴᠢᠷᠲᠡᠢ ᠪᠠᠶᠢᠪᠠ᠃ ᠨᠢᠭᠡ ᠤᠳᠠᠭ᠎ᠠ ᠶᠢᠨ ᠪᠠᠶᠢᠴᠠᠭᠠᠨ ᠰᠤᠷᠪᠤᠯᠵᠢᠯᠠᠬᠤ ᠶᠠᠪᠤᠴᠠ ᠳᠤ ᠬᠤᠤᠯᠢᠩᠭᠤᠣᠯ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠨ ᠲᠡᠭᠦᠨ ᠤ ᠭᠡᠷ ᠤᠨ ᠪᠣᠳᠠᠲᠠᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠡᠭᠦᠨ ᠳᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠷᠣᠯᠠᠨ ᠲᠤᠰᠢᠶᠠᠬᠤ ᠲᠤᠬᠠᠶᠢᠯᠠᠭᠰᠠᠨ ᠠᠵᠢᠯ ᠢ | ᠭᠦᠢᠴᠡᠳᠬᠡᠵᠦ ᠥᠭᠴᠦ᠂ ᠲᠡᠭᠦᠨ ᠤ ᠰᠡᠳᠬᠢᠯ ᠤᠨ ᠳᠠᠷᠤᠭᠠᠰᠤ ᠶᠢ ᠬᠥᠩᠭᠡᠷᠡᠭᠦᠯᠪᠡ᠃ | ︽ᠮᠢᠨᠤ ᠭᠡᠷ ᠪᠦᠯᠢ ᠶᠢᠨ ᠪᠠᠶᠢᠳᠠᠯ ᠨᠡᠯᠢᠶᠡᠳ ᠣᠨᠴᠠᠭᠠᠶ᠂ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠠᠵᠢᠯᠲᠠᠨ ᠨᠠᠳᠠ ᠳᠤ ᠰᠠᠭᠤᠭᠠᠯᠢ ᠠᠷᠠᠳ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠤᠰᠢᠶᠠᠨ ᠥᠭᠴᠦ ᠮᠢᠨᠤ ᠰᠡᠳᠬᠢᠯ ᠤᠨ ᠵᠣᠪᠠᠨᠢᠯ ᠢ ᠠᠷᠢᠯᠭᠠᠵᠠᠢ᠃ ᠨᠠᠮ ᠪᠣᠯᠣᠨ ᠵᠠᠰᠠᠭ ᠤᠨ ᠣᠷᠳᠣᠨ ᠤ | ᠰᠠᠶᠢᠨ ᠲᠥᠷᠥ ᠶᠢᠨ ᠪᠣᠳᠣᠯᠭ᠎ᠠ ᠳᠤ ᠲᠠᠯᠠᠷᠬᠠᠵᠤ ᠪᠠᠶᠢᠨ᠎ᠠ︾ ᠭᠡᠵᠦ ᠮᠠ ᠼᠦᠢ ᠶᠢᠩ ᠰᠡᠳᠬᠢᠯ ᠳᠣᠭᠳᠣᠯᠤᠨ ᠶᠠᠷᠢᠵᠤ ᠪᠠᠶᠢᠯ᠎ᠠ᠃ | ᠣᠶᠢᠯᠠᠭᠠᠭᠰᠠᠨ ᠢᠶᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠨᠢ ᠨᠢᠭᠡ ᠵᠦᠢᠯ ᠤᠨ | ᠲᠣᠭᠲᠠᠪᠤᠷᠢᠲᠠᠢ ᠣᠷᠣᠯᠭ᠎ᠠ ᠶᠢᠨ ᠢᠷᠡᠯᠲᠡ ᠪᠣᠯᠤᠭᠰᠠᠨ ᠤ ᠬᠤᠪᠢ ᠳᠤ᠂ ᠦᠳᠡᠯᠦᠭᠡ ᠨᠠᠰᠤᠲᠠᠢ ᠰᠠᠭᠤᠭᠠᠯᠢ ᠠᠷᠠᠳ ᠤᠨ ᠠᠮᠢᠳᠤᠷᠠᠯ ᠤᠨ ᠬᠦᠴᠢᠷᠳᠡᠯ ᠢ | ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ ᠪᠠᠶᠢᠨ᠎ᠠ᠂ ᠡᠨᠡ ᠨᠢ ᠮᠥᠨ ᠴᠦ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ︽ᠮᠢᠩᠭᠠᠨ | ᠲᠣᠰᠬᠤᠨ ᠳᠤ ᠪᠦᠭᠦᠨ ᠢ ᠪᠦᠷᠬᠦᠭᠦᠯᠬᠦ︾ ᠶᠢ ᠬᠡᠷᠡᠭᠵᠢᠭᠦᠯᠬᠦ ᠶᠢᠨ ᠠᠴᠢ ᠬᠤᠯᠪᠣᠭᠳᠠᠯ ᠪᠣᠯᠣᠨ᠎ᠠ᠃ ᠣᠳᠣᠬᠠᠨ ᠪᠤᠯᠲᠠᠯ᠎ᠠ᠂ ᠬᠤᠤᠯᠢᠩᠭᠤᠣᠯ ᠬᠤᠲᠠ ᠶᠢᠨ ︽ | ᠮᠢᠩᠭᠠᠨ ᠲᠣᠰᠬᠤᠨ ᠳᠤ ᠪᠦᠭᠦᠨ ᠢ ᠪᠦᠷᠬᠦᠭᠦᠯᠬᠦ ᠢᠨᠵᠧᠨᠧᠷᠢᠩ︾ ᠨᠢ ᠨᠡᠶᠢᠲᠡ 10 ᠲᠣᠰᠬᠤᠨ ︵ᠨᠡᠶᠢᠭᠡᠮ ᠲᠣᠭᠤᠷᠢᠭ︶ ᠳᠤ ᠬᠤᠯᠪᠣᠭᠳᠠᠵᠤ᠂ 30258 | ᠬᠥᠮᠥᠨ ᠳᠠᠭᠠᠳᠬᠠᠯ ᠳᠤ ᠣᠷᠣᠯᠴᠠᠵᠤ᠂ 1398 ᠬᠦᠴᠢᠷᠳᠡᠯᠲᠡᠢ ᠬᠥᠮᠥᠨ ᠳᠤ 16.97 ᠲᠦᠮᠡᠨ ᠲᠥᠭᠦᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢ ᠣᠷᠣᠯᠠᠨ ᠲᠤᠰᠢᠶᠠᠵᠤ᠂ ᠬᠦᠴᠢᠷᠳᠡᠯᠲᠡᠢ ᠬᠥᠮᠥᠰ ᠤᠨ ᠳᠠᠭᠠᠳᠬᠠᠯ ᠳᠤ ᠣᠷᠤᠯᠴᠠᠬᠤ ᠨᠣᠷᠮ᠎ᠠ ᠶᠢ 100% ᠪᠠᠷ ᠪᠠᠲᠤᠯᠠᠵᠤ᠂ ᠶᠡᠷᠦᠩᠬᠡᠢ | ᠳᠠᠭᠠᠳᠬᠠᠯ ᠳᠤ ᠣᠷᠣᠯᠴᠠᠬᠰᠠᠨ ᠨᠣᠷᠮ᠎ᠠ 93.75% ᠳᠤ ᠬᠦᠷᠴᠡᠢ᠃ | ︽ᠲᠠᠷᠠᠭᠠᠴᠢ ᠶᠢᠨ ᠠᠯᠬᠤᠮ ᠳᠤ᠂ ᠪᠢᠳᠡ ᠨᠡᠶᠢᠭᠡᠮ ᠲᠣᠭᠤᠷᠢᠭ ᠤᠨ ᠬᠢᠴᠢᠶᠡᠯ ᠤᠨ ᠲᠠᠩᠬᠢᠮ᠂ ᠬᠤᠳᠠᠯᠳᠤᠭᠠᠨ ᠤ ᠬᠦᠷᠢᠶᠡᠨ ᠤ ᠬᠢᠴᠢᠶᠡᠯ ᠤᠨ ᠲᠠᠩᠬᠢᠮ᠂ | ᠬᠥᠳᠡᠭᠡ ᠲᠣᠰᠬᠤᠨ ᠤ ᠬᠢᠴᠢᠶᠡᠯ ᠤᠨ ᠲᠠᠩᠬᠢᠮ ᠢ ᠡᠭᠦᠳᠴᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠭᠠᠷᠲᠠᠨ | ᠭᠦᠢᠴᠡᠳᠬᠡᠬᠦ ᠶᠠᠪᠤᠴᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ | ᠳᠠᠭᠠᠳᠬᠠᠯ ᠳᠤ ᠣᠷᠤᠯᠴᠠᠬᠤ ᠢᠳᠡᠪᠬᠢᠵᠢᠯ ᠢ ᠲᠠᠶᠢᠴᠢᠯᠠᠵᠤ ᠪᠠᠶᠢᠨ᠎ᠠ︾ ᠭᠡᠵᠦ ᠬᠤᠤᠯᠢᠩᠭᠤᠣᠯ ᠬᠤᠳᠠ ᠶᠢᠨ ᠨᠡᠶᠢᠭᠡᠮ ᠤᠨ ᠪᠠᠲᠤᠯᠠᠪᠤᠷᠢ ᠶᠢᠨ ᠲᠥᠪ ᠤᠨ ᠬᠠᠮᠢᠶ᠎ᠠ | ᠪᠦᠬᠦᠢ ᠬᠠᠷᠢᠭᠤᠴᠠᠯᠭᠠᠲᠠᠨ ᠲᠠᠨᠢᠯᠴᠠᠭᠤᠯᠵᠤ ᠪᠠᠶᠢᠯ᠎ᠠ᠃ |