ᠲᠦᠩᠯᠢᠶᠣᠤ ᠬᠤᠲᠠ ᠶᠢᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠬᠦ ᠲᠤᠬᠠᠶ ᠲᠦᠩᠯᠢᠶᠣᠤ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠲᠦᠩᠯᠢᠶᠣᠣ ᠵᠠᠰᠠᠭ ᠲᠠᠷᠬᠠᠭᠠᠭᠰᠠᠨ〔2024〕67 ᠳ᠋ᠤᠭᠠᠷ ᠲᠤᠭᠠᠲᠤ | | | ᠲᠦᠩᠯᠢᠶᠣᠤ ᠬᠤᠲᠠ ᠶᠢᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠬᠦ ᠲᠤᠬᠠᠶ ᠲᠦᠩᠯᠢᠶᠣᠤ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2022︺ 2 ᠳ᠋ᠤᠭᠠᠷ ᠲᠣᠭᠠᠲᠤ︶ ᠪᠠ ︽ᠥᠪᠡᠷᠲᠡᠭᠡᠨ | ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023 ᠣᠨ ᠤ ᠬᠡᠪᠯᠡᠯ︶ ᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2023﹈ 83 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ | ᠵᠢᠷᠤᠮᠵᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ | ᠲᠣᠭᠤᠷᠢᠨ ᠢ ᠪᠣᠶ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ | ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠠᠴᠠ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ ᠨᠤᠲᠠᠯᠠᠵᠤ᠂ ︽ | ᠲᠦᠩᠯᠢᠶᠣᠤ ᠬᠤᠲᠠ ᠶᠢᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023︶ ᠣᠨ ᠤ ᠬᠡᠪᠯᠡᠯ︾ ᠢ | ᠨᠠᠶᠢᠷᠠᠭᠤᠯᠤᠨ ᠵᠣᠬᠢᠶᠠᠵᠤ᠂ ᠬᠤᠲᠠ ᠶᠢᠨ ᠵᠠᠰᠠᠭ ᠤᠨ ᠣᠷᠳᠣᠨ ᠤ 2024 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠭᠠᠳ᠂ ᠡᠳᠦᠭᠡ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠬᠡᠷᠡᠭᠵᠢᠭᠦᠯᠬᠦ ᠶᠢᠨ | ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠴᠢᠩᠭ᠎ᠠ ᠭᠦᠢᠴᠡᠳᠬᠡᠵᠦ᠂ ᠨᠠᠷᠢᠨ | ᠬᠠᠭᠤᠳᠠᠰᠤ ᠠᠴᠠ ᠭᠠᠳᠠᠨ᠎ᠠ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠣᠯᠬᠤ ᠦᠭᠡᠢ᠃ | ᠬᠤᠶᠠᠷ᠂ ᠬᠤᠲᠠ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠤᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠡᠷᠡᠭᠵᠢᠭᠦᠯᠦᠯᠲᠡ ᠶᠢᠨ ᠵᠢᠷᠤᠮᠵᠢᠯ ᠪᠠ | ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠴᠠᠭ ᠲᠤᠬᠠᠶ ᠳᠤᠨᠢ ᠰᠢᠨᠡᠳᠬᠡᠨ ᠲᠡᠭᠦᠯᠳᠡᠷᠵᠢᠭᠦᠯᠬᠦ ᠬᠡᠷᠡᠭᠲᠡᠶ᠃ | ᠭᠤᠷᠪᠠ᠂ ᠡᠯ᠎ᠡ ᠭᠠᠵᠠᠷ ᠣᠷᠣᠨ ᠨᠤᠭᠤᠳ ᠲᠤᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ | ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃ | | | 2024 ᠤᠨ ᠤ 5 ᠰᠠᠷ᠎ᠠ ᠶᠢᠨ 9 ᠤ ᠡᠳᠦᠷ | ︵ ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | | ᠳᠠᠭᠠᠯᠳᠤᠭᠤᠯᠤᠯ | | | |