ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠠᠵᠤ ᠠᠬᠤᠢ ᠶᠢᠨ ᠬᠥᠭᠵᠢᠯᠲᠡ ᠲᠠᠢ ᠰᠢᠭᠤᠳ ᠬᠤᠯᠪᠣᠭᠳᠠᠵᠤ ᠪᠠᠶᠢᠳᠠᠭ᠃ ᠠᠵᠢᠯ | ᠣᠯᠭᠤᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠨᠡᠩ ᠨᠠᠷᠢᠯᠢᠭ ᠣᠨᠣᠪᠴᠢᠲᠠᠢ ᠨᠠᠶᠢᠳᠠᠪᠤᠷᠢᠵᠢᠭᠤᠯᠵᠤ᠂ ᠠᠵᠢᠯ ᠣᠯᠭᠤᠬᠤ ᠦᠢᠯᠡᠴᠢᠯᠡᠭᠡᠨ ᠤ ᠰᠢᠨ᠎ᠡ | ᠭᠡᠯᠪᠡᠷᠢ ᠶᠢ ᠢᠳᠡᠪᠬᠢᠲᠡᠢ ᠰᠦᠪᠡᠭᠴᠢᠯᠡᠬᠦ ᠶᠢᠨ ᠲᠥᠯᠥᠭᠡ᠂ ᠣᠶᠢᠷ᠎ᠠ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠬᠢᠨ ᠭᠠᠨᠵᠤᠭ᠎ᠠ ᠪᠠᠯᠭᠠᠰᠤᠨ ᠤ ᠸᠠᠨ ᠱᠢ ᠳ᠋ᠡ ᠵᠢᠢ ᠰᠥᠨᠢ ᠶᠢᠨ ᠵᠠᠬ᠎ᠠ ᠳᠡᠯᠭᠡᠭᠦᠷ ᠢᠶᠠᠷ ᠭᠦᠨᠵᠡᠭᠡᠶᠢᠷᠡᠨ ︽ | ᠠᠵᠢᠯ ᠤᠨ ᠪᠠᠶᠢᠷᠢ ᠬᠤᠶᠢᠲᠤ ᠬᠤᠰᠢᠭᠤᠨ ᠳᠤ ᠪᠠᠶᠢᠬᠤ᠂ ᠠᠵᠢᠯ ᠣᠯᠭᠤᠬᠤ ᠦᠢᠯᠡᠴᠢᠯᠡᠭᠡ ᠰᠥᠨᠢ ᠶᠢᠨ ᠵᠠᠬ᠎ᠠ ᠳᠡᠯᠭᠡᠭᠦᠷ ᠲᠤ ᠣᠷᠣᠬᠤ︾ ᠠᠵᠢᠯᠯᠠᠭ᠎ᠠ ᠥᠷᠨᠢᠭᠦᠯᠵᠦ | ᠂ ᠰᠥᠨᠢ ᠶᠢᠨ ᠵᠠᠬ᠎ᠠ ᠳᠡᠯᠭᠡᠭᠦᠷ ᠤᠨ ᠬᠥᠭᠵᠢᠶᠡᠨᠲᠦ ᠪᠠᠶᠢᠳᠠᠯ ᠢ ᠠᠰᠢᠭᠯᠠᠨ ᠤᠯᠠᠨ ᠲᠦᠮᠡᠨ ᠳᠤ ᠠᠵᠢᠯ ᠣᠯᠭᠤᠬᠤ ᠳᠤ ᠦᠢᠯᠡᠴᠢᠯᠡᠭᠡ ᠬᠠᠩᠭᠠᠪᠠ᠃ | ᠲᠤᠰ ᠤᠳᠠᠭᠠᠨ ᠤ ᠠᠵᠢᠯᠯᠠᠭ᠎ᠠ ᠨᠢ ᠰᠥᠨᠢ ᠶᠢᠨ ᠵᠠᠬ᠎ᠠ ᠳᠡᠯᠭᠡᠭᠦᠷ ᠤᠨ ᠬᠥᠭᠵᠢᠶᠡᠨᠲᠦ ᠪᠠᠶᠢᠳᠠᠯ ᠢ ᠠᠵᠢᠯ ᠣᠯᠭᠤᠵᠤ ᠠᠳᠠᠯ ᠦᠢᠯᠡᠰ ᠪᠣᠰᠬᠠᠬᠤ | ᠦᠢᠯᠡᠴᠢᠯᠡᠭᠡᠨ ᠯᠦᠭᠡ ᠠᠭᠤᠰᠤᠯᠴᠠᠭᠤᠯᠵᠤ᠂ ᠲᠣᠭᠲᠠᠭᠰᠠᠨ ᠴᠡᠭ ᠲᠤ ᠦᠢᠯᠡᠴᠢᠯᠡᠬᠦ ᠪᠠ ᠭᠦᠢᠯᠭᠡᠭᠡᠨᠳᠤ ᠤᠬᠠᠭᠤᠯᠭ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ | ᠣᠯᠠᠨ ᠲᠦᠮᠡᠨ ᠳᠤ ᠠᠵᠢᠯ ᠤᠨ ᠪᠠᠶᠢᠷᠢ ᠶᠢᠨ ᠮᠡᠳᠡᠭᠡ ᠵᠠᠩᠭᠢ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠠᠰᠠᠭᠤᠨ ᠯᠠᠪᠯᠠᠯᠲᠡ ᠳᠤ ᠬᠠᠷᠢᠭᠤ ᠥᠭᠬᠦ ᠵᠡᠷᠭᠡ | ᠦᠢᠯᠡᠴᠢᠯᠡᠭᠡ ᠬᠠᠩᠭᠠᠪᠠ᠃ ᠠᠵᠢᠯᠯᠠᠭ᠎ᠠ ᠶᠢᠨ ᠠᠬᠤᠢ ᠲᠠᠯᠠᠪᠠᠢ ᠳᠤ ᠪᠡᠭᠡᠵᠢᠩ ᠥᠪᠥᠷ ᠮᠣᠩᠭᠤᠯ ᠤᠨ ᠭᠦᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ᠂ ᠠᠵᠢᠯ | ᠣᠯᠭᠤᠯᠲᠠ ᠶᠢᠨ ᠮᠡᠷᠭᠡᠵᠢᠯ ᠤᠨ ᠪᠣᠯᠪᠠᠰᠤᠷᠠᠯ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ᠂ ᠰᠤᠯᠠ ᠠᠵᠢᠯ ᠤᠨ ᠵᠠᠬ᠎ᠠ ᠳᠡᠯᠭᠡᠭᠦᠷ ᠤᠨ ᠦᠢᠯᠡᠴᠢᠯᠡᠭᠡ ᠵᠡᠷᠭᠡ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ 600 ᠭᠠᠷᠤᠢ ᠬᠤᠪᠢ ᠲᠠᠷᠬᠠᠭᠠᠵᠤ᠂ 10 ᠠᠵᠤ ᠠᠬᠤᠶᠢᠯᠠᠯ ᠤᠨ 200 ᠭᠠᠷᠤᠢ ᠠᠵᠢᠯ ᠤᠨ | ᠪᠠᠶᠢᠷᠢ ᠶᠢ ᠲᠠᠨᠢᠯᠴᠠᠭᠤᠯᠤᠨ᠂ ᠣᠯᠠᠨ ᠲᠦᠮᠡᠨ ᠤ ᠠᠵᠢᠯ ᠡᠷᠢᠬᠦ ᠣᠯᠠᠨ ᠶᠠᠩᠵᠤᠲᠤ ᠱᠠᠭᠠᠷᠳᠠᠯᠭ᠎ᠠ ᠶᠢ ᠶᠡᠭᠡ ᠪᠠᠷ ᠬᠠᠩᠭᠠᠭᠰᠠᠨ ᠪᠠᠶᠢᠨ᠎ᠠ᠃ |