︽ᠬᠤᠶᠠᠷ ᠢ ᠬᠥᠩᠭᠡᠷᠡᠭᠦᠯᠬᠦ︾ ᠲᠦᠷᠦ ᠶᠢᠨ ᠪᠣᠳᠣᠯᠭ᠎ᠠ ᠶᠢ ᠲᠤᠭᠤᠰᠢᠲᠠᠢ ᠨᠠᠶᠢᠳᠠᠪᠤᠷᠢᠵᠢᠭᠤᠯᠬᠤ ᠶᠢᠨ ᠲᠤᠰᠠᠳᠠ᠂ ᠵᠠᠷᠤᠳ ᠬᠤᠰᠢᠭᠤᠨ ᠤ ᠮᠣᠩᠭᠤᠯ | ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠥᠪᠡᠷ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠭᠡᠯᠪᠡᠷᠢ ᠨᠢ ᠠᠮᠢᠳᠤᠯᠢᠭ᠂ ᠠᠭᠤᠯᠭ᠎ᠠ ᠨᠢ ᠪᠠᠶᠠᠯᠢᠭ | ᠬᠢᠴᠢᠶᠡᠯ ᠤᠨ ᠭᠠᠳᠠᠨᠠᠬᠢ ᠬᠥᠳᠡᠯᠭᠡᠭᠡᠨ ᠡᠷᠭᠢᠯᠡᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ | ᠰᠤᠷᠤᠬᠴᠢᠳ ᠤᠨ ᠡᠷᠡᠭᠦᠯ ᠴᠢᠭᠢᠷᠠᠭ᠂ ᠪᠠᠶᠠᠷ ᠭᠦᠷ ᠲᠠᠢ ᠦᠰᠤᠨ ᠪᠤᠶᠢᠵᠢᠯᠲᠡ ᠶᠢ ᠪᠠᠲᠤᠯᠠᠵᠤ ᠪᠠᠶᠢᠨ᠎ᠠ᠃ | ᠣᠶᠢᠷ᠎ᠠ ᠳᠤ᠂ ᠳᠤᠮᠳᠠᠳᠤ ᠤᠯᠤᠰ ᠤᠨ ᠳᠠᠭᠤᠷᠢᠯᠢᠭ ᠤᠨ ᠨᠡᠶᠢᠭᠡᠮᠯᠢᠭ ᠤᠨ ᠲᠤᠬᠯᠠᠯᠲᠠ ᠡᠯᠰᠡᠬᠦ ᠮᠡᠳᠡᠭᠳᠡᠯ ᠢ ᠦᠨᠳᠦᠰᠦᠯᠡᠨ᠂ ᠥᠪᠥᠷ ᠮᠣᠩᠭᠤᠯ ᠤᠨ | ᠳᠠᠭᠤᠷᠢᠯᠢᠭ ᠤᠨ ᠤᠷᠠᠯᠢᠭᠴᠢᠳ ᠤᠨ ᠨᠡᠶᠢᠭᠡᠮᠯᠢᠭ ᠤᠨ ᠲᠠᠨᠢᠯᠴᠠᠭᠤᠯᠤᠭᠰᠠᠨ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠱᠦ ᠭᠤᠸᠠᠩ ᠪᠠᠭᠰᠢ ᠶᠢᠨ ᠵᠢᠯᠣᠭᠤᠳᠤᠭᠰᠠᠨ ︽ᠰᠠᠷ᠎ᠠ ᠲᠠᠢ ᠵᠣᠯᠭᠠᠶ᠎ᠠ︾ ᠭᠡᠬᠦ ᠬᠤᠯᠪᠤᠭ᠎ᠠ ᠨᠢ ᠠᠷᠪᠠᠨ ᠨᠢᠭᠡᠳᠦᠭᠡᠷ ᠬᠤᠭᠤᠴᠠᠭᠠᠨ ᠤ ᠪᠦᠭᠦ | ᠤᠯᠤᠰ ᠤᠨ ᠪᠠᠭᠠᠴᠤᠳ ᠤᠨ ᠳᠠᠭᠤᠷᠢᠯᠢᠭ ᠤᠨ ᠦᠵᠡᠭᠦᠯᠭᠡ ᠶᠢᠨ ᠲᠣᠬᠯᠠᠯᠲᠠ ᠳᠤ ᠰᠣᠩᠭᠤᠭᠳᠠᠪᠠ᠃ ᠦᠵᠡᠭᠦᠯᠭᠡ ᠶᠢᠨ ᠲᠣᠬᠯᠠᠯᠲᠠ 8 ᠰᠠᠷ᠎ᠠ ᠶᠢᠨ 1 ᠤ | ᠡᠳᠦᠷ ᠠᠴᠠ 5 ᠤ ᠡᠳᠦᠷ ᠪᠤᠯᠲᠠᠯ᠎ᠠ ᠵᠢᠶᠠᠩᠰᠤ ᠮᠤᠵᠢ ᠶᠢᠨ ᠵᠠᠩ ᠵᠢᠶᠠ ᠭᠠᠩ ᠬᠤᠲᠠ ᠳᠤ ᠨᠢᠵᠢᠭᠢᠷ ᠰᠠᠶᠢᠬᠠᠨ ᠶᠠᠪᠤᠭᠳᠠᠭᠰᠠᠨ ᠪᠠᠶᠢᠨ᠎ᠠ᠃ | ᠠᠷᠪᠠᠨ ᠨᠢᠭᠡᠳᠦᠭᠡᠷ ᠬᠤᠭᠤᠴᠠᠭᠠᠨ ᠤ ᠪᠦᠭᠦ ᠤᠯᠤᠰ ᠤᠨ ᠪᠠᠭᠠᠴᠤᠳ ᠬᠡᠦᠬᠡᠳ ᠤᠨ ᠳᠠᠭᠤᠷᠢᠯᠢᠭ ᠤᠨ ᠦᠵᠡᠭᠦᠯᠭᠡ ᠨᠢ ᠶᠡᠷᠦᠩᠬᠡᠢ ᠱᠦᠵᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠠᠷᠠᠳ ᠲᠦᠮᠡᠨ ᠢᠶᠠᠷ ᠭᠤᠣᠯ | ᠪᠤᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠪᠠᠭᠠᠴᠤᠳ ᠬᠡᠦᠬᠡᠳ ᠤᠨ ᠭᠤᠸ᠎ᠠ ᠰᠠᠶᠢᠬᠠᠨ ᠤ ᠬᠥᠮᠦᠵᠢᠯ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠬᠤ ᠤᠬᠠᠮᠰᠠᠷᠲᠤ ᠴᠢᠨᠠᠷ ᠪᠣᠯᠣᠨ ᠡᠷᠡᠰ ᠪᠠᠲᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠥᠷᠭᠡᠨ ᠤᠯᠠᠨ ᠳᠠᠭᠤᠷᠢᠯᠢᠭ ᠤᠨ ᠠᠵᠢᠯᠲᠠᠨ ᠢ ᠪᠦᠯᠬᠦᠮᠳᠡᠭᠦᠯᠦᠨ ᠳᠠᠭᠠᠭᠤᠯᠵᠤ ᠰᠤᠷᠭᠠᠭᠤᠯᠢ ᠶᠢᠨ ᠬᠦᠷᠢᠶᠡᠨ ᠤ ᠪᠣᠳᠠᠲᠤ ᠠᠬᠤᠢ ᠶᠢᠨ | ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠭᠠᠴᠤᠳ ᠬᠡᠦᠬᠡᠳ ᠤᠨ ᠳᠠᠭᠤᠷᠢᠯᠢᠭ ᠤᠨ ᠵᠣᠬᠢᠶᠠᠨ ᠪᠦᠲᠦᠭᠡᠯᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ | ᠨᠢᠭᠡ ᠦᠶ᠎ᠡ ᠶᠢᠨ ᠲᠠᠭᠤᠷᠢᠯᠢᠬᠴᠢᠨ ᠢ ᠬᠥᠮᠥᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠠᠭᠤᠷᠢᠯᠢᠭ ᠤᠨ | ᠰᠤᠷᠭᠠᠭᠤᠯᠢ ᠶᠢᠨ ᠬᠦᠷᠢᠶᠡᠨ ᠳᠠᠬᠢ ᠨᠥᠯᠥᠭᠡ ᠶᠢ ᠥᠷᠭᠡᠳᠬᠡᠵᠦ᠂ ᠰᠢᠨ᠎ᠡ ᠴᠠᠭ ᠦᠶ᠎ᠡ ᠶᠢᠨ ᠪᠠᠭᠠᠴᠤᠳ ᠬᠡᠦᠬᠡᠳ ᠤᠨ ᠳᠠᠭᠤᠷᠢᠯᠢᠭ ᠤᠨ ᠦᠢᠯᠡᠰ ᠤᠨ ᠡᠷᠡᠭᠦᠯ ᠢᠶᠠᠷ | ᠬᠥᠭᠵᠢᠬᠦ ᠶᠢ ᠦᠷᠭᠦᠯᠵᠢᠯᠡᠨ ᠠᠬᠢᠭᠤᠯᠬᠤ ᠪᠠᠷ ᠵᠣᠷᠢᠯᠭ᠎ᠠ ᠪᠠᠨ ᠪᠤᠯᠭᠠᠬᠰᠠᠨ ᠪᠠᠶᠢᠨ᠎ᠠ᠃ | ᠵᠠᠷᠤᠳ ᠬᠤᠰᠢᠭᠤᠨ ᠤ ᠤᠳᠬ᠎ᠠ ᠤᠷᠠᠯᠢᠭ ᠤᠨ ᠬᠤᠯᠪᠤᠭ᠎ᠠ ᠶᠢᠨ ᠬᠢᠨ ᠪᠠᠭᠠᠴᠤᠳ ᠬᠡᠦᠬᠡᠳ ᠤᠨ ᠳᠠᠭᠤᠷᠢᠯᠢᠭ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ 2009 ᠣᠨ ᠳᠤ᠂ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠦᠯᠢᠭᠡᠷ ᠤᠨ | ᠣᠨᠴᠠᠯᠢᠭᠲᠤ ᠵᠢᠭᠠᠨ ᠰᠤᠷᠭᠠᠯᠲᠠ ᠶᠢᠨ ᠠᠩᠭᠢ ᠪᠠᠶᠢᠭᠤᠯᠵᠤ᠂ ᠤᠳᠤ ᠪᠤᠯᠬᠤ ᠳᠤ ᠨᠡᠶᠢᠳᠡ 1000 ᠭᠠᠷᠤᠢ ᠰᠤᠷᠤᠬᠴᠢ ᠶᠢ ᠬᠥᠮᠥᠵᠢᠭᠦᠯᠵᠦ᠂ ᠤᠷᠢᠳ ᠬᠤᠵᠢᠳ 6 | ᠤᠳᠠᠭ᠎ᠠ ᠲᠥᠪ ᠲᠧᠯᠸᠢᠰ ᠤᠨ ᠲᠠᠶᠢᠰᠠᠨ ᠳᠤ ᠭᠠᠷᠴᠤ ᠲᠣᠭᠯᠠᠵᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | ᠬᠤᠭᠤᠷ ᠤᠨ ᠦᠯᠢᠭᠡᠷ ᠨᠢ ᠮᠣᠩᠭᠤᠯ ᠦᠨᠳᠦᠰᠦᠲᠡᠨ ᠤ ᠤᠯᠠᠮᠵᠢᠯᠠᠯᠲᠤ ᠳᠠᠭᠤᠷᠢᠯᠢᠭ ᠤᠨ ᠨᠡᠶᠢᠲᠡᠯᠢᠭ ᠲᠥᠯᠥᠭᠡᠯᠡᠭᠴᠢ᠂ ᠮᠣᠩᠭᠤᠯ ᠦᠨᠳᠦᠰᠦᠲᠡᠨ ᠤ ᠬᠡᠯᠡᠵᠦ | ᠳᠠᠭᠤᠯᠠᠬᠤ ᠤᠷᠠᠯᠢᠭ ᠳᠡᠭᠡᠳᠦ ᠬᠡᠮᠵᠢᠶ᠎ᠡ ᠪᠠᠷ ᠬᠥᠭᠵᠢᠭᠰᠡᠨ ᠢ ᠬᠠᠷᠠᠭᠤᠯᠵᠤ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠣᠨ᠎ᠠ᠃ ᠵᠠᠷᠤᠳ | ᠬᠤᠭᠤᠷ ᠤᠨ ᠦᠯᠢᠭᠡᠷ ᠪᠣᠯᠣᠨ ᠬᠤᠭᠤᠷ ᠬᠤᠯᠪᠤᠭ᠎ᠠ ᠨᠢ ᠣᠷᠴᠢᠨ ᠦᠶ᠎ᠡ ᠳᠤ ᠪᠣᠯᠪᠠᠰᠤᠷᠠᠨ ᠴᠠᠭᠠᠷᠠᠵᠤ᠂ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ | ᠫᠠᠵᠠᠢ᠂ ᠮᠤᠤᠦ᠌ᠬᠢᠨ ᠤ ᠦᠶ᠎ᠡ ᠳᠤ ᠬᠦᠷᠴᠦ ᠢᠷᠡᠭᠡᠳ ᠪᠦᠬᠦᠢ ᠯᠡ ᠦᠯᠢᠭᠡᠷ ᠬᠤᠯᠪᠤᠭ᠎ᠠ ᠶᠢᠨ ᠬᠥᠭᠵᠢᠯ ᠨᠢ ᠤᠷᠭᠢᠯ ᠳᠠᠭᠠᠨ ᠬᠦᠷᠴᠦ᠂ ᠤᠳᠤ ᠪᠤᠯᠬᠤ ᠳᠤ ᠵᠠᠷᠤᠳ | ᠬᠤᠰᠢᠭᠤᠨ ᠤ ᠬᠤᠭᠤᠷᠴᠢ ᠶᠢᠨ ᠡᠩᠨᠡᠭᠡ ᠨᠠᠢᠮᠠᠨ ᠦᠶ᠎ᠡ ᠪᠣᠯᠵᠤ᠂ ︽ᠲᠤᠮᠳᠠᠳᠤ ᠤᠯᠤᠰ ᠤᠨ ᠠᠷᠠᠳ ᠤᠨ ᠤᠷᠠᠯᠢᠭ ᠤᠨ ᠨᠤᠲᠤᠭ︾᠂ ︽ᠲᠤᠮᠳᠠᠳᠤ ᠤᠯᠤᠰ ᠤᠨ | ᠦᠯᠢᠭᠡᠷ ᠤᠨ ᠥᠯᠥᠭᠡᠢ︾ ᠭᠡᠬᠦ ᠵᠡᠷᠭᠡ ᠠᠯᠳᠠᠷ ᠢ ᠳᠠᠭᠤᠷᠢᠰᠤᠭᠤᠯᠵᠤ ᠪᠠᠶᠢᠭ᠎ᠠ ᠶᠤᠮ᠃ | ᠡᠨᠡ ᠤᠳᠠᠭ᠎ᠠ ᠶᠢᠨ ᠪᠦᠭᠦ ᠤᠯᠤᠰ ᠤᠨ ᠳᠠᠭᠤᠷᠢᠯᠢᠭ ᠤᠨ ᠦᠵᠡᠭᠦᠯᠭᠡ ᠶᠢᠨ ᠲᠣᠬᠯᠠᠯᠲᠠ ᠳᠤ ᠰᠣᠩᠭᠤᠭᠳᠠᠭᠰᠠᠨ ᠨᠢ ᠵᠠᠷᠤᠳ ᠬᠤᠰᠢᠭᠤᠨ ᠤ ᠮᠣᠩᠭᠤᠯ | ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠦᠯᠢᠭᠡᠷ ᠬᠤᠯᠪᠤᠭ᠎ᠠ ᠶᠢᠨ ᠠᠩᠭᠢ ᠳᠤ ᠠᠪᠴᠤ ᠬᠡᠯᠡᠪᠡᠯ ᠨᠢᠭᠡ ᠤᠳᠠᠭᠠᠨ ᠤ ᠣᠯᠳᠠᠰᠢ ᠦᠭᠡᠢ ᠬᠤᠪᠣᠷ | ᠲᠤᠭᠢᠶᠠᠯ ᠪᠤᠯᠬᠤ ᠶᠤᠮ᠃ ᠠᠷᠪᠠᠨ ᠨᠢᠭᠡᠳᠦᠭᠡᠷ ᠬᠤᠭᠤᠴᠠᠭᠠᠨ ᠤ ᠪᠦᠭᠦ ᠤᠯᠤᠰ ᠤᠨ ᠪᠠᠭᠠᠴᠤᠳ ᠬᠡᠦᠬᠡᠳ ᠤᠨ ᠳᠠᠭᠤᠷᠢᠯᠢᠭ ᠤᠨ ᠦᠵᠡᠭᠦᠯᠭᠡ ᠶᠢᠨ ᠲᠣᠬᠯᠠᠯᠲᠠ ᠶᠢᠨ | ᠲᠠᠶᠢᠰᠠᠨ ᠳᠡᠭᠡᠷ᠎ᠡ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠢᠴᠢᠬᠠᠨ ᠲᠣᠭᠯᠠᠭᠴᠢᠳ ᠭᠡᠷᠡᠯ ᠭᠢᠯᠪᠠᠭ᠎ᠠ ᠪᠠᠨ | ᠰᠠᠴᠤᠷᠠᠭᠤᠯᠵᠤ᠂ ᠦᠵᠡᠭᠴᠢᠳ ᠲᠤ ᠨᠢᠭᠡ ᠤᠳᠠᠭᠠᠨ ᠤ ᠰᠣᠶᠣᠯ ᠤᠨ ᠬᠦᠷᠲᠡᠭᠡᠯ ᠠᠪᠴᠢᠷᠠᠵᠤ᠂ ᠦᠯᠢᠭᠡᠷ ᠬᠤᠯᠪᠤᠭ᠎ᠠ ᠶᠢᠨ ᠰᠣᠶᠣᠯ ᠤᠨ ᠤᠯᠠᠮᠵᠢᠯᠠᠯ ᠳᠤ ᠥᠩᠭᠡ | ᠭᠢᠯᠪᠠᠭ᠎ᠠ ᠨᠡᠮᠡᠷᠢᠯᠡᠭᠰᠡᠨ ᠪᠠᠶᠢᠨ᠎ᠠ᠃ |