ᠬᠡᠦᠬᠡᠳ ᠪᠠᠭᠠᠴᠤᠳ ᠤᠨ ᠪᠣᠯᠣᠷ ᠲᠤᠩᠭᠠᠯᠠᠭ ᠨᠢᠳᠦ ᠶᠢ ᠬᠠᠮᠠᠭᠠᠯᠠᠵᠤ ᠣᠶᠢᠷ᠎ᠠ ᠬᠠᠷᠠᠭ᠎ᠠ ᠲᠠᠢ ᠪᠤᠯᠬᠤ ᠠᠴᠠ ᠰᠡᠷᠭᠡᠶᠢᠯᠡᠶ᠎ᠡ
ᠨᠡᠶᠢᠲᠡᠯᠡᠭᠰᠡᠨ ᠴᠠᠭ᠄
2024/8/27
   ᠣᠳᠣᠬᠠᠨ ᠳᠤ᠂ ᠮᠠᠨ ᠤ ᠤᠯᠤᠰ ᠲᠤ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠡᠷᠲᠡ ᠡᠭᠦᠰᠬᠦ ᠴᠢᠨᠠᠭᠰᠢᠯᠠᠭᠠᠳ ᠤᠯᠡᠨ ᠡᠭᠦᠰᠬᠦ ᠬᠠᠨᠳᠤᠰᠢ ᠲᠠᠢ ᠪᠣᠯᠵᠤ᠂ ᠲᠡᠲᠡ ᠨᠠᠷ ᠤᠨ ᠪᠡᠶ᠎ᠡ ᠮᠠᠬᠠᠪᠤᠳ ᠤᠨ ᠡᠷᠡᠭᠦᠯ ᠮᠠᠨᠲᠦ ᠪᠠ ᠪᠦᠭᠦ ᠲᠠᠯ᠎ᠠ ᠶᠢᠨ ᠬᠥᠭᠵᠢᠯᠲᠡ ᠶᠢ ᠨᠥᠯᠥᠭᠡᠯᠡᠬᠦ ᠲᠣᠪᠣᠶᠢᠮ᠎ᠠ ᠠᠰᠠᠭᠤᠳᠠᠯ ᠪᠣᠯᠤᠭᠰᠠᠨ ᠪᠠᠶᠢᠨ᠎ᠠ᠃ ᠣᠶᠢᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠠᠨᠲᠦ ᠶᠢᠨ ᠵᠥᠪᠯᠡᠯ ᠠᠴᠠ ᠣᠶᠢᠷ᠎ᠠ ᠬᠠᠷᠠᠭ᠎ᠠ ᠶᠢ ᠰᠡᠷᠭᠡᠶᠢᠯᠡᠨ ᠬᠢᠵᠠᠭᠠᠷᠯᠠᠬᠤ ᠪᠠ ᠣᠨᠣᠰᠢᠯᠠᠨ ᠡᠮᠨᠡᠬᠦ ᠶᠢ ᠵᠢᠷᠤᠮᠵᠢᠭᠤᠯᠬᠤ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠬᠥᠲᠥᠯᠪᠦᠷᠢ ︵2024 ᠣᠨ ᠤ ᠬᠡᠪᠯᠡᠯ︶︾ ᠶᠢ ᠨᠡᠶᠢᠲᠡᠯᠡᠭᠰᠡᠨ ᠪᠠᠶᠢᠨ᠎ᠠ᠃    ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠲᠠᠢ ᠪᠤᠯᠬᠤ ᠶᠡᠷᠦᠩᠬᠡᠢ ᠨᠤᠷᠮ᠎ᠠ ᠳᠣᠷᠣᠭᠰᠢᠯᠠᠵᠤ ᠪᠤᠢ   ᠣᠶᠢᠷ᠎ᠠ ᠶᠢᠨ ᠵᠢᠯ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠠᠵᠢᠯ ᠢ ᠶᠡᠭᠡ ᠪᠠᠷ ᠠᠬᠢᠭᠤᠯᠤᠭᠰᠠᠨ ᠠᠴᠠ ᠢᠳᠡᠪᠬᠢᠲᠡᠢ ᠠᠬᠢᠴᠠ ᠲᠠᠢ ᠪᠣᠯᠵᠤ᠂ 2018 ᠣᠨ ᠠᠴᠠ ᠨᠠᠭᠠᠰᠢ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠲᠠᠢ ᠪᠤᠯᠬᠤ ᠶᠡᠷᠦᠩᠬᠡᠢ ᠨᠣᠷᠮ᠎ᠠ ᠱᠠᠲᠤᠴᠢ ᠴᠢᠨᠠᠷ ᠲᠠᠢ ᠪᠠᠭᠤᠷᠠᠭᠰᠠᠨ ᠬᠠᠨᠳᠤᠰᠢ ᠢᠯᠡᠷᠡᠭᠰᠡᠨ ᠪᠠᠶᠢᠨ᠎ᠠ᠃   ᠪᠦᠭᠦ ᠤᠯᠤᠰ ᠤᠨ ᠬᠠᠷᠠᠭ᠎ᠠ ᠠᠯᠳᠠᠬᠤ ᠶᠢ ᠰᠡᠷᠭᠡᠶᠢᠯᠡᠬᠦ ᠮᠡᠷᠭᠡᠵᠢᠯ ᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠪᠡᠭᠡᠵᠢᠩ ᠤᠨ ᠲᠦᠡᠭ ᠷᠧᠨ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠲᠥᠪ ᠤᠨ ᠡᠷᠭᠢᠯᠡᠭᠴᠢ ᠸᠠᠩ ᠨᠢᠩ ᠯᠢ ᠲᠠᠨᠢᠯᠴᠠᠭᠤᠯᠬᠤ ᠳᠠᠭᠠᠨ᠂ 2018 ᠣᠨ ᠤ 6 ᠰᠠᠷ᠎ᠠ ᠳᠤ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠠᠨᠲᠦ ᠶᠢᠨ ᠵᠥᠪᠯᠡᠯ ᠠᠴᠠ ︽ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠬᠥᠲᠥᠯᠪᠦᠷᠢ︾ ᠶᠢ ᠨᠡᠶᠢᠲᠡᠯᠡᠭᠰᠡᠨ ᠠᠴᠠ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠮᠡᠷᠭᠡᠵᠢᠯ ᠪᠣᠯᠣᠨ ᠠᠷᠭ᠎ᠠ ᠬᠡᠮᠵᠢᠶ᠎ᠡ ᠲᠠᠰᠤᠷᠠᠯᠲᠠ ᠦᠭᠡᠢ ᠬᠥᠭᠵᠢᠭᠰᠡᠨ ᠪᠠᠶᠢᠨ᠎ᠠ᠃ ᠡᠨᠡ ᠬᠦ ᠤᠷᠢᠲᠡᠯ ᠳᠣᠣᠷ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠠᠨᠲᠦ ᠶᠢᠨ ᠵᠥᠪᠯᠡᠯ ᠠᠴᠠ ᠲᠦᠷᠦᠭᠦᠯᠡᠨ ᠪᠦᠭᠦ ᠤᠯᠤᠰ ᠤᠨ ᠬᠠᠷᠠᠭ᠎ᠠ ᠠᠯᠳᠠᠬᠤ ᠶᠢ ᠰᠡᠷᠭᠡᠶᠢᠯᠡᠬᠦ ᠮᠡᠷᠭᠡᠵᠢᠯ ᠤᠨ ᠵᠢᠯᠤᠭᠤᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ︽ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠬᠥᠲᠥᠯᠪᠦᠷᠢ︾ ᠳᠤ ᠵᠠᠰᠠᠪᠤᠷᠢ ᠣᠷᠣᠭᠤᠯᠵᠤ᠂ 2024 ᠣᠨ ᠤ ᠬᠡᠪᠯᠡᠯ ᠢ ᠨᠡᠶᠢᠲᠡᠯᠡᠵᠡᠢ᠃ ᠡᠭᠦᠨ ᠳᠤ᠂ ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠭᠰᠠᠨ ᠮᠥᠷᠲᠡᠭᠡᠨ ᠡᠪᠡᠳᠴᠢᠨ ᠤ ᠴᠢᠨᠠᠷ ᠲᠠᠢ ᠣᠶᠢᠷ᠎ᠠ ᠬᠠᠷᠠᠭ᠎ᠠ ᠶᠢᠨ ᠬᠠᠮᠢᠶ᠎ᠠ ᠪᠦᠬᠦᠢ ᠨᠢᠳᠦᠨ ᠤᠭᠤᠷᠬᠠᠢ ᠶᠢᠨ ᠡᠪᠡᠳᠴᠢᠨ ᠤ ᠬᠤᠪᠢᠷᠠᠯᠲᠠ ᠵᠢᠴᠢ ᠣᠶᠢᠷ᠎ᠠ ᠬᠠᠷᠠᠭ᠎ᠠ ᠶᠢᠨ ᠳᠠᠪᠬᠤᠴᠠᠭᠰᠠᠨ ᠡᠪᠡᠳᠴᠢᠨ ᠢ ᠡᠮᠨᠡᠨ ᠵᠠᠰᠠᠬᠤ ᠶᠢ ᠴᠢᠬᠤᠯᠠᠴᠢᠯᠠᠵᠡᠢ᠃ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠦᠢᠯᠡᠴᠢᠯᠡᠭᠡᠨ ᠢ ᠥᠷᠨᠢᠭᠦᠯᠬᠦ ᠶᠠᠪᠤᠴᠠ ᠳᠤ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠬᠠᠮᠢᠶ᠎ᠠ ᠪᠦᠬᠦᠢ ᠣᠨᠣᠰᠢᠯᠠᠨ ᠡᠮᠨᠡᠬᠦ ᠬᠥᠲᠥᠯᠪᠦᠷᠢ᠂ ᠮᠡᠷᠭᠡᠵᠢᠯ ᠤᠨ ᠠᠵᠢᠯᠯᠠᠭᠠᠨ ᠤ ᠵᠢᠷᠤᠮᠵᠢᠯ᠂ ᠡᠮᠴᠢᠯᠡᠭᠡᠨ ᠤ ᠠᠷᠭ᠎ᠠ ᠵᠡᠮ᠂ ᠡᠮ ᠤᠨ ᠲᠦᠷᠦᠯ ᠵᠦᠢᠯ ᠤᠨ ᠲᠣᠳᠣᠷᠬᠠᠶᠢᠯᠠᠯᠲᠠ ᠵᠡᠷᠭᠡ ᠶᠢ ᠴᠢᠩᠭ᠎ᠠ ᠵᠢᠷᠤᠮᠯᠠᠨ᠂ ᠡᠮᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃   ᠬᠥᠲᠥᠯᠪᠦᠷᠢ ᠳᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠠᠵᠢᠯ ᠢ ᠡᠬᠢᠨ ᠤ ᠬᠤᠭᠤᠴᠠᠭ᠎ᠠ᠂ ᠬᠥᠭᠵᠢᠯᠲᠡ ᠶᠢᠨ ᠬᠤᠭᠤᠴᠠᠭ᠎ᠠ᠂ ᠬᠦᠨᠳᠦ ᠬᠤᠭᠤᠴᠠᠭ᠎ᠠ᠂ ᠡᠪᠡᠳᠴᠢᠨ ᠤ ᠣᠶᠤᠨᠴᠢ ᠬᠤᠭᠤᠴᠠᠭ᠎ᠠ ᠭᠡᠵᠦ ᠠᠳᠠᠯᠢ ᠪᠤᠰᠤ ᠬᠤᠭᠤᠴᠠᠭ᠎ᠠ ᠬᠤᠪᠢᠶᠠᠨ᠂ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠤᠬᠠᠢ ᠵᠢᠯᠤᠭᠤᠳᠬᠤ ᠰᠠᠨᠠᠯ ᠭᠠᠷᠭᠠᠵᠤ᠂ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢᠨ ᠠᠳᠠᠯᠢ ᠪᠤᠰᠤ ᠪᠠᠶᠢᠳᠠᠯ ᠳᠤ ᠴᠢᠭᠯᠡᠭᠦᠯᠦᠨ᠂ ᠰᠡᠷᠭᠡᠶᠢᠯᠡᠨ ᠵᠠᠰᠠᠬᠤ ᠠᠵᠢᠯ ᠢᠶᠠᠨ ᠲᠠᠰ ᠳᠠᠪᠬᠤᠷᠭ᠎ᠠ ᠲᠠᠢ᠂ ᠬᠠᠨᠳᠤᠯᠭᠠᠲᠤ ᠴᠢᠨᠠᠷ ᠲᠠᠢ ᠪᠠᠷ ᠨᠠᠶᠢᠳᠠᠪᠤᠷᠢᠵᠢᠭᠤᠯᠬᠤ ᠶᠢ ᠱᠠᠭᠠᠷᠳᠠᠪᠠ᠃    ᠬᠡᠦᠬᠡᠳ ᠪᠠᠭᠠᠴᠤᠳ ᠤᠨ ᠭᠠᠳᠠᠨ᠎ᠠ ᠬᠥᠳᠡᠯᠭᠡᠭᠡᠨ ᠬᠢᠬᠦ ᠴᠠᠭ ᠢ ᠪᠠᠲᠤᠯᠠᠬᠤ ᠬᠡᠷᠡᠭᠲᠡᠢ   ᠬᠡᠦᠬᠡᠳ ᠰᠠᠶ᠋ᠢ ᠲᠦᠷᠤᠭᠦ ᠦᠶ᠎ᠡ ᠳᠤ᠂ ᠨᠢᠳᠦᠨ ᠴᠡᠴᠡᠭᠡᠢ ᠨᠢ ᠮᠠᠰᠢ ᠵᠢᠵᠢᠭ᠂ ᠨᠢᠳᠦᠨ ᠲᠡᠩᠭᠡᠯᠢᠭ ᠨᠢ ᠮᠠᠰᠢ ᠣᠬᠤᠷ ᠪᠠᠶᠢᠳᠠᠭ᠂ ᠡᠨᠡ ᠦᠶ᠎ᠡ ᠳᠤ ᠬᠤᠶᠠᠷ ᠨᠢᠳᠦ  ᠨᠢ ᠹᠢᠽᠢᠣᠯᠣᠭᠢ ᠶᠢᠨ ᠴᠢᠨᠠᠷ ᠲᠠᠢ ᠬᠤᠯᠠ ᠬᠠᠷᠠᠭᠠᠨ ᠤ ᠪᠠᠶᠢᠳᠠᠯ ᠳᠤ ᠣᠷᠣᠰᠢᠵᠤ᠂ ᠵᠣᠬᠢᠬᠤ ᠬᠤᠯᠠ ᠬᠠᠷᠠᠭᠠᠨ ᠤ ᠬᠡᠮᠵᠢᠶ᠎ᠡ ᠲᠠᠢ ᠪᠠᠶᠢᠳᠠᠭ᠃ ᠡᠭᠦᠨ ᠢ ᠬᠤᠯᠠ ᠬᠠᠷᠠᠭᠠᠨ ᠤ ᠨᠥᠭᠡᠴᠡ ᠶᠢᠨ ᠬᠡᠮᠵᠢᠶ᠎ᠡ ᠭᠡᠳᠡᠭ᠃   ︽ᠨᠠᠰᠤ ᠵᠢᠯ ᠲᠠᠢ ᠬᠠᠷᠠᠭᠠᠯᠵᠠᠭᠰᠠᠨ ᠬᠤᠯᠡ ᠬᠠᠷᠠᠭᠠᠨ ᠤ ᠨᠥᠭᠡᠴᠡ ᠶᠢᠨ ᠬᠡᠮᠵᠢᠶ᠎ᠡ ᠪᠣᠯ ᠣᠶᠢᠷ᠎ᠠ ᠬᠠᠷᠠᠭ᠎ᠠ ᠡᠭᠦᠰᠴᠦ ᠮᠡᠳᠡᠬᠦ ᠵᠢᠱᠢᠯᠲᠡ ᠶᠢᠨ ᠭᠦᠢᠴᠡᠳᠬᠡᠯ ᠲᠤᠭ᠎ᠠ ᠮᠥᠨ᠃ ᠬᠡᠦᠬᠡᠳ ᠪᠠᠭᠠᠴᠤᠳ ᠬᠡᠲᠦᠷᠬᠡᠢ ᠡᠷᠲᠡ ᠡᠰᠡᠬᠦᠯ᠎ᠡ ᠬᠡᠲᠦᠷᠬᠡᠢ ᠣᠶᠢᠷ᠎ᠠ ᠵᠠᠢ ᠠᠴᠠ ᠨᠢᠳᠦ ᠪᠠᠨ ᠬᠡᠷᠡᠭᠯᠡᠪᠡᠯ᠂ ᠬᠤᠯᠡ ᠬᠠᠷᠠᠭᠠᠨ ᠤ ᠨᠥᠭᠡᠴᠡ ᠶᠢᠨ ᠬᠡᠮᠵᠢᠶ᠎ᠡ ᠨᠢ ᠨᠠᠰᠤ ᠵᠢᠯ ᠤᠨ ᠬᠢᠨᠢ ᠬᠠᠷᠠᠭᠠᠯᠵᠠᠭᠰᠠᠨ ᠪᠠᠷᠢᠮᠵᠢᠶ᠎ᠠ ᠠᠴᠠ ᠳᠣᠣᠷ᠎ᠠ ᠪᠤᠯᠲᠠᠬ᠃ ᠬᠡᠷᠪᠡ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠦᠶ᠎ᠡ ᠳᠤ ᠬᠤᠯᠡ ᠬᠠᠷᠠᠭᠠᠨ ᠤ ᠨᠥᠭᠡᠴᠡ ᠶᠢᠨ ᠬᠡᠮᠵᠢᠶ᠎ᠡ ᠨᠢ ᠨᠢᠭᠡᠨᠲᠡ ᠪᠠᠷᠠᠭᠳᠠᠭᠰᠠᠨ ᠪᠣᠯ ᠪᠠᠭ᠎ᠠ ᠰᠤᠷᠭᠠᠭᠤᠯᠢ ᠶᠢᠨ ᠱᠠᠲᠤᠨ ᠳᠤ ᠲᠤᠶᠢᠯ ᠤᠨ ᠠᠮᠠᠷᠬᠠᠨ ᠣᠶᠢᠷ᠎ᠠ ᠬᠠᠷᠠᠭ᠎ᠠ ᠲᠠᠢ ᠪᠣᠯᠵᠤ ᠮᠡᠲᠡᠨ᠎ᠠ᠃ ᠡᠶᠢᠮᠦ ᠠᠴᠠ ᠬᠡᠦᠬᠡᠳ ᠪᠠᠭᠠᠴᠤᠳ ᠤᠨ ᠬᠤᠯᠡ ᠬᠠᠷᠠᠭ᠎ᠠ ᠶᠢᠨ ᠨᠥᠭᠡᠴᠡ ᠶᠢ ᠬᠠᠮᠠᠭᠠᠯᠠᠬᠤ ᠭᠡᠪᠡᠯ᠂ ᠣᠶᠢᠷ᠎ᠠ ᠬᠠᠷᠠᠭ᠎ᠠ ᠶᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠤᠷᠬᠤ ᠨᠠᠰᠤᠨ ᠠᠴᠠ ᠡᠮᠦᠨᠡᠬᠢ ᠬᠡᠦᠬᠡᠳ ᠲᠤ ᠰᠢᠯᠵᠢᠭᠦᠯᠬᠦ ᠬᠡᠷᠡᠭᠲᠡᠢ᠃ ᠡᠭᠦᠨ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠠᠨᠲᠦ ᠶᠢᠨ ᠵᠥᠪᠯᠡᠯ ᠤᠨ ᠬᠢᠨ ᠣᠶᠢᠷ᠎ᠠ ᠬᠠᠷᠠᠭ᠎ᠠ ᠶᠢ ᠰᠡᠷᠭᠡᠶᠢᠯᠡᠬᠦ ᠪᠣᠭᠤᠮᠲᠠ ᠶᠢ ᠰᠠᠬᠢᠵᠤ᠂ ᠨᠢᠳᠦᠨ ᠤ ᠡᠷᠡᠭᠦᠯ ᠬᠠᠮᠠᠭᠠᠯᠠᠯ ᠪᠠ ᠬᠠᠷᠠᠭ᠎ᠠ ᠪᠠᠶᠢᠴᠠᠭᠠᠬᠤ ᠦᠢᠯᠡᠴᠢᠯᠡᠭᠡ ᠶᠢ ᠵᠢᠷᠤᠮᠵᠢᠭᠤᠯᠵᠤ᠂ 4 — 6 ᠨᠠᠰᠤᠨ ᠤ ᠬᠡᠦᠬᠡᠳ ᠲᠤ ᠭᠡᠷᠡᠯ ᠤᠨ ᠨᠤᠭᠤᠷᠠᠯᠲᠠ ᠶᠢᠨ ᠰᠢᠭᠰᠢᠨ ᠪᠠᠶᠢᠴᠠᠭᠠᠯᠲᠠ ᠬᠢᠵᠦ᠂ ᠲᠡᠲᠡ ᠨᠠᠷ ᠤᠨ ᠬᠤᠯᠡ ᠬᠠᠷᠠᠭ᠎ᠠ ᠶᠢᠨ ᠨᠥᠭᠡᠴᠡ ᠶᠢ ᠪᠠᠶᠢᠴᠠᠭᠠᠬᠤ ᠬᠡᠷᠡᠭᠲᠡᠢ᠃ ᠬᠡᠷᠪᠡ ᠬᠤᠯᠡ ᠬᠠᠷᠠᠭ᠎ᠠ ᠶᠢᠨ ᠨᠥᠭᠡᠴᠡ ᠨᠢ ᠬᠦᠷᠦᠯᠴᠡᠬᠦ ᠦᠭᠡᠢ ᠪᠣᠯᠤᠭᠰᠠᠨ ᠢ ᠪᠠᠶᠢᠴᠠᠭᠠᠵᠤ ᠮᠡᠳᠡᠭᠰᠡᠨ ᠪᠣᠯ᠂ ᠲᠡᠷᠡ ᠳᠠᠷᠤᠢ ᠬᠡᠦᠬᠡᠳ ᠤᠨ ᠨᠢᠳᠦ ᠪᠠᠨ ᠵᠥᠪ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠶᠢ ᠴᠢᠩᠭᠠᠳᠬᠠᠵᠤ᠂ ᠭᠡᠷ ᠤᠨ ᠭᠠᠳᠠᠨᠠᠬᠢ ᠬᠥᠳᠡᠯᠭᠡᠭᠡᠨ ᠳᠤ ᠢᠯᠡᠭᠦᠬᠡᠨ ᠤᠷᠤᠯᠴᠠᠭᠤᠯᠬᠤ ᠬᠡᠷᠡᠭᠲᠡᠢ᠃ ᠭᠡᠷ ᠤᠨ ᠭᠠᠳᠠᠨᠠᠬᠢ ᠬᠥᠳᠡᠯᠭᠡᠭᠡᠨ ᠨᠢ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠲᠠᠢ ᠪᠤᠯᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ ᠴᠢᠳᠠᠳᠠᠭ︾ ᠭᠡᠵᠦ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠠᠨᠲᠦ ᠶᠢᠨ ᠵᠥᠪᠯᠡᠯ ᠤᠨ ᠡᠬᠡ ᠨᠢᠯᠬᠠᠰ ᠤᠨ ᠵᠤᠷᠭᠠᠨ ᠤ ᠳᠡᠳ᠋ ᠳᠠᠷᠤᠭ᠎ᠠ ᠱᠧᠨ ᠬᠠᠢ ᠫᠢᠩ ᠠᠴᠠ ᠰᠠᠨᠠᠭᠤᠯᠵᠤ ᠪᠠᠶᠢᠯ᠎ᠠ᠃   ᠸᠠᠩ ᠨᠢᠩ ᠯᠢ᠄ ︽ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ ᠭᠡᠪᠡᠯ᠂ ᠡᠳᠦᠷ ᠪᠦᠷᠢ 1— 2 ᠴᠠᠭ ᠭᠡᠷ ᠤᠨ ᠭᠠᠳᠠᠨᠠᠬᠢ ᠬᠥᠳᠡᠯᠭᠡᠭᠡᠨ ᠳᠤ ᠣᠷᠤᠯᠴᠠᠬᠤ ᠶᠢ ᠰᠠᠨᠠᠭᠤᠯᠵᠤ ᠪᠤᠢ᠃ ᠪᠡᠶ᠎ᠡ ᠰᠡᠳᠬᠢᠴᠡ ᠶᠢᠨ ᠡᠷᠡᠭᠦᠯ ᠮᠠᠨᠲᠦ ᠶᠢᠨ ᠱᠠᠭᠠᠷᠳᠠᠯᠭ᠎ᠠ ᠠᠴᠠ ᠦᠵᠡᠪᠡᠯ᠂ ᠬᠡᠦᠬᠡᠳ ᠪᠠᠭᠠᠴᠤᠳ ᠬᠥᠳᠡᠭᠡ ᠭᠠᠳᠠᠭ᠎ᠠ ᠭᠦᠶᠦᠬᠦ᠂ ᠦᠰᠦᠷᠴᠦ ᠬᠠᠷᠠᠶᠢᠬᠤ᠂ ᠨᠠᠭᠠᠳᠴᠤ ᠲᠣᠭᠯᠠᠬᠤ ᠡᠰᠡᠬᠦᠯ᠎ᠡ ᠲᠠᠮᠢᠷ ᠤᠨ ᠲᠠᠯᠠᠪᠤᠷ ᠲᠤ ᠪᠥᠮᠪᠦᠭᠡ ᠢᠰᠬᠦᠯᠬᠦ᠂ ᠳᠡᠭᠡᠰᠦ ᠦᠰᠦᠷᠬᠦ ᠭᠡᠬᠦ ᠮᠡᠲᠦ ᠭᠡᠷ ᠤᠨ ᠭᠠᠳᠠᠨᠠᠬᠢ ᠬᠥᠳᠡᠯᠭᠡᠭᠡᠨ ᠨᠢ ᠲᠠᠲᠡ ᠨᠠᠷ ᠤᠨ ᠨᠢᠳᠦᠨ ᠤ ᠶᠠᠳᠠᠷᠠᠭ᠎ᠠ ᠶᠢ ᠲᠠᠶᠢᠯᠵᠤ᠂ ᠪᠡᠶ᠎ᠡ ᠰᠡᠳᠬᠢᠯ ᠢ ᠨᠢ ᠠᠮᠠᠷᠠᠭᠤᠯᠤᠨ᠂ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠳᠡᠭ︾ ᠭᠡᠨ᠎ᠡ᠃   ᠮᠠᠨ ᠤ ᠤᠯᠤᠰ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠬᠢᠵᠠᠭᠠᠷᠯᠠᠬᠤ ᠠᠵᠢᠯ ᠢ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠤᠯᠤᠰ ᠠᠷᠠᠳ ᠤᠨ ᠡᠷᠡᠭᠦᠯ ᠮᠠᠨᠲᠦ ᠶᠢᠨ ᠲᠥᠯᠦᠪᠵᠢᠭᠦᠯᠭᠡ ᠪᠠ ᠲᠤᠮᠲᠠᠲᠦ ᠤᠯᠤᠰ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠳᠤ ᠣᠷᠣᠭᠤᠯᠤᠭᠰᠠᠨ ᠪᠠᠶᠢᠨ᠎ᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠠᠨᠲᠦ ᠶᠢᠨ ᠵᠥᠪᠯᠡᠯ ᠤᠨ ᠬᠢᠨ ᠤᠯᠡᠨ ᠰᠠᠯᠠᠭ᠎ᠠ ᠮᠥᠴᠢᠷ ᠲᠠᠢ ᠬᠠᠮᠲᠤᠷᠠᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠠᠵᠢᠯ ᠢ ᠬᠢᠨᠠᠨ ᠶᠠᠷᠢᠯᠴᠠᠵᠤ᠂ ᠡᠯ᠎ᠡ ᠭᠠᠵᠠᠷ ᠤᠨ ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠤᠯᠭᠠᠵᠤ᠂ ᠤᠯᠡᠨ ᠰᠠᠯᠠᠭ᠎ᠠ ᠮᠥᠴᠢᠷ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠰᠤᠷᠭᠠᠭᠤᠯᠢ᠂ ᠭᠡᠷ ᠪᠦᠯᠢ᠂ ᠨᠡᠶᠢᠭᠡᠮ᠂ ᠡᠮᠴᠢᠯᠡᠭᠡᠨ ᠤ ᠪᠠᠶᠢᠭᠤᠯᠤᠮᠵᠢ ᠵᠡᠷᠭᠡ ᠠᠴᠠ ᠬᠠᠮᠲᠤᠷᠠᠨ ᠠᠵᠢᠯᠯᠠᠭ᠎ᠠ ᠥᠷᠨᠢᠭᠦᠯᠬᠦ ᠶᠢ ᠠᠬᠢᠭᠤᠯᠵᠤ᠂ ᠲᠤᠮᠲᠠᠲᠦ ᠪᠠᠭ᠎ᠠ ᠰᠤᠷᠭᠠᠭᠤᠯᠢ ᠶᠢᠨ ᠰᠤᠷᠤᠬᠴᠢᠳ ᠲᠤ ᠡᠷᠡᠭᠦᠯ ᠡᠩᠬᠡ ᠶᠢᠨ ᠬᠥᠮᠦᠵᠢᠯ᠂ ᠭᠡᠷᠡᠯ ᠤᠨ ᠬᠤᠭᠤᠷᠠᠯᠲᠠ ᠶᠢᠨ ᠰᠢᠭᠰᠢᠨ ᠪᠠᠶᠢᠴᠠᠭᠠᠯᠲᠠ᠂ ᠬᠠᠷᠠᠭᠠᠨ ᠤ ᠪᠠᠶᠢᠴᠠᠭᠠᠯᠲᠠ᠂ ᠵᠢᠷᠤᠮᠵᠢᠬᠰᠠᠨ ᠡᠮᠨᠡᠨ ᠵᠠᠰᠠᠬᠤ ᠦᠢᠯᠡᠴᠢᠯᠡᠭᠡ ᠬᠠᠩᠭᠠᠵᠤ ᠪᠤᠢ᠃      ᠣᠶᠢᠷ᠎ᠠ ᠬᠠᠷᠠᠭ᠎ᠠ ᠶᠢᠨ ᠳᠠᠪᠬᠤᠴᠠᠭᠰᠠᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠬᠡᠷᠡᠭᠲᠡᠢ   ᠬᠡᠦᠬᠡᠳ ᠤᠨ ᠨᠢᠳᠦᠨ ᠤ ᠡᠷᠡᠭᠦᠯ ᠮᠠᠨᠲᠦ ᠪᠠ ᠬᠠᠷᠠᠭᠠᠨ ᠤ ᠪᠠᠶᠢᠴᠠᠭᠠᠯᠲᠠ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠦᠨ ᠤᠬᠠᠭᠤᠯᠭ᠎ᠠ ᠬᠢᠵᠦ᠂ ᠬᠡᠦᠬᠡᠳ ᠤᠨ ᠨᠢᠳᠦ ᠶᠢ ᠪᠦᠭᠦ ᠬᠦᠴᠦᠨ ᠢᠶᠠᠷ  ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠡᠭᠦᠨ ᠳᠤ᠂ ᠣᠶᠢᠷ᠎ᠠ ᠬᠠᠷᠠᠭ᠎ᠠ ᠶᠢᠨ ᠬᠡᠮᠵᠢᠶ᠎ᠡ ᠭᠡᠲᠦ ᠲᠦᠷᠭᠡᠨ ᠨᠡᠮᠡᠭᠳᠡᠬᠦ ᠠᠴᠠ ᠵᠠᠶᠢᠯᠠᠰᠬᠢᠵᠦ᠂ ᠣᠶᠢᠷ᠎ᠠ ᠬᠠᠷᠠᠭ᠎ᠠ ᠶᠢᠨ ᠳᠠᠪᠬᠤᠴᠠᠭᠰᠠᠨ ᠨᠢᠳᠦᠨ ᠡᠪᠡᠳᠴᠢᠨ ᠢ ᠤᠷᠢᠳᠴᠢᠯᠠᠨ ᠰᠡᠷᠭᠡᠶᠢᠯᠡᠨ᠎ᠡ᠃ ᠲᠤᠰ ᠵᠢᠯ ᠤᠨ ᠬᠥᠲᠥᠯᠪᠦᠷᠢ ᠳᠤ᠂ ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠮᠴᠢᠯᠡᠭᠡᠨ ᠤ ᠪᠠᠶᠢᠭᠤᠯᠤᠮᠵᠢ ᠪᠠ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠲᠤᠰᠬᠠᠢ ᠮᠡᠷᠭᠡᠵᠢᠯᠲᠡᠨ ᠪᠠᠭᠰᠢ ᠨᠠᠷ ᠠᠴᠠ ᠵᠢᠯᠣᠭᠤᠳᠤᠯᠭ᠎ᠠ ᠬᠢᠯᠭᠡᠬᠦ ᠶᠢ ᠴᠢᠩᠭᠠᠳᠬᠠᠵᠤ ᠪᠤᠢ᠃ ᠡᠭᠦᠨ ᠠᠴᠠ ᠭᠠᠳᠠᠨ᠎ᠠ᠂ ᠬᠡᠦᠬᠡᠳ ᠪᠠᠭᠠᠴᠤᠳ ᠤᠨ ᠨᠢᠳᠦ ᠪᠠᠨ ᠬᠠᠮᠠᠭᠠᠯᠠᠬᠤ ᠤᠬᠠᠮᠰᠠᠷ ᠢ ᠬᠥᠮᠥᠵᠢᠭᠦᠯᠬᠦ ᠶᠢ ᠴᠢᠬᠤᠯᠠᠴᠢᠯᠠᠵᠤ᠂ ᠨᠢᠳᠦ ᠪᠠᠨ ᠬᠠᠶᠢᠷᠠᠯᠠᠵᠤ ᠬᠠᠮᠠᠭᠠᠯᠠᠬᠤ ᠦᠵᠡᠯᠲᠡ ᠶᠢ ᠲᠡᠲᠡᠨ ᠤ ᠤᠭᠤᠷᠠᠭ ᠲᠠᠷᠢᠬᠢᠨ ᠳᠤ ᠬᠠᠳᠠᠩᠰᠢᠭᠤᠯᠵᠤ᠂ ᠡᠷᠡᠭᠦᠯ ᠰᠠᠷᠠᠭᠤᠯ ᠬᠤᠶᠠᠷ ᠨᠢᠳᠦ ᠲᠠᠢ ᠪᠠᠶᠢᠮᠠᠨᠵᠢᠨ ᠰᠠᠶ᠋ᠢ ᠨᠠᠩ ᠦᠵᠡᠰᠬᠦᠯᠡᠩᠲᠦ ᠰᠠᠶᠢᠬᠠᠨ ᠶᠢᠷᠲᠢᠨᠴᠦ ᠶᠢ ᠣᠯᠵᠤ ᠬᠠᠷᠠᠨ᠎ᠠ ᠭᠡᠲᠡᠭ ᠢ ᠤᠬᠠᠵᠤ ᠲᠠᠨᠢᠭᠤᠯᠤᠨ᠎ᠠ᠃   ᠠᠩᠬᠠᠷᠤᠭᠤᠰᠢᠲᠠᠢ ᠨᠢ᠂ ᠣᠶᠢᠷ᠎ᠠ ᠬᠠᠷᠠᠭ᠎ᠠ ᠶᠢ ᠵᠠᠰᠠᠬᠤ ᠮᠡᠰᠡ ᠵᠠᠰᠠᠯ ᠨᠢ ᠨᠢᠳᠦᠨ ᠤ ᠭᠡᠷᠡᠯ ᠤᠨ ᠨᠤᠭᠤᠷᠠᠯᠲᠠ ᠶᠢᠨ ᠬᠡᠮᠵᠢᠶ᠎ᠡ ᠶᠢ ᠥᠭᠡᠷᠡᠴᠢᠯᠡᠭᠰᠡᠨ ᠠᠴᠠ ᠪᠢᠰᠢ ᠨᠢᠳᠦᠨ ᠤᠭᠤᠷᠬᠠᠢ ᠶᠢᠨ ᠪᠦᠲᠦᠴᠡ ᠳᠤ ᠬᠤᠪᠢᠷᠠᠯᠲᠠ ᠭᠠᠷᠭᠠᠭᠰᠠᠨ ᠦᠭᠡᠢ ᠶᠤᠮ᠃ ᠮᠡᠰᠡ ᠵᠠᠰᠠᠯ ᠬᠢᠬᠦ ᠪᠠᠷ ᠲᠠᠮᠵᠢᠨ᠂ ᠣᠶᠢᠷ᠎ᠠ ᠬᠠᠷᠠᠭ᠎ᠠ ᠲᠠᠢ ᠡᠪᠡᠳᠴᠢᠲᠡᠨ ᠤ ᠨᠢᠳᠦᠨ ᠤ ᠲᠡᠩᠭᠡᠯᠢᠭ ᠢ ᠤᠷᠲᠤᠳᠬᠠᠵᠤ᠂ ᠣᠯᠠᠩᠬᠢ ᠳᠠᠭᠠᠨ ᠨᠢᠳᠦᠨ ᠤᠭᠤᠷᠬᠠᠢ ᠶᠢᠨ ᠡᠪᠡᠳᠴᠢᠨ ᠤ ᠬᠤᠪᠢᠷᠠᠯᠲᠠ ᠳᠠᠭᠠᠯᠳᠤᠨ᠂ ᠣᠶᠢᠷ᠎ᠠ ᠬᠠᠷᠠᠭ᠎ᠠ ᠶᠢ ᠦᠨᠳᠦᠰᠦᠨ  ᠠᠴᠠ ᠨᠢ ᠵᠠᠰᠠᠵᠤ ᠡᠳᠡᠭᠡᠷᠡᠭᠦᠯᠬᠦ ᠳᠤ ᠬᠦᠴᠢᠷ ᠪᠠᠶᠢᠳᠠᠭ᠃ ᠡᠶᠢᠮᠦ ᠠᠴᠠ ᠣᠶᠢᠷ᠎ᠠ ᠬᠠᠷᠠᠭ᠎ᠠ ᠶᠢᠨ ᠮᠡᠰᠡ ᠵᠠᠰᠠᠯ ᠤᠨ ᠲᠠᠷᠠᠭ᠎ᠠ ᠨᠢᠳᠦᠨ ᠤ ᠡᠷᠡᠭᠦᠯ ᠬᠠᠮᠠᠭᠠᠯᠠᠯ ᠢ ᠠᠩᠬᠠᠷᠴᠤ᠂ ᠮᠥᠨ ᠬᠦ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠯᠲᠠ ᠬᠢᠬᠦ ᠬᠡᠷᠡᠭᠲᠡᠢ᠃   ᠸᠠᠩ ᠨᠢᠩ ᠯᠢ᠄ ︽ᠨᠢᠳᠦᠨ ᠤᠭᠤᠷᠬᠠᠢ ᠶᠢᠨ ᠡᠪᠡᠳᠴᠢᠨ ᠤ ᠬᠤᠪᠢᠷᠠᠯᠲᠠ ᠠᠴᠠ ᠪᠣᠯᠵᠤ ᠠᠮᠠᠷᠬᠠᠨ ᠡᠪᠡᠳᠴᠢᠨ ᠤ ᠴᠢᠨᠠᠷ ᠲᠠᠢ ᠣᠶᠢᠷ᠎ᠠ ᠬᠠᠷᠠᠭ᠎ᠠ ᠲᠠᠢ ᠪᠣᠯᠵᠤ᠂ ᠡᠭᠦᠨ ᠤ ᠤᠯᠠᠮ ᠠᠴᠠ ᠨᠢᠳᠦᠨ ᠤ ᠬᠡᠰᠡᠭ ᠲᠤ ᠤᠯᠡᠨ ᠵᠦᠢᠯ ᠤᠨ ᠳᠠᠪᠬᠤᠴᠠᠭᠰᠠᠨ ᠡᠪᠡᠳᠴᠢᠨ ᠡᠭᠦᠰᠬᠡᠳᠡᠭ᠃ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠳᠤ ᠵᠦᠪᠭᠡᠨ ᠵᠠᠰᠠᠨ ᠵᠠᠯᠠᠷᠠᠭᠤᠯᠬᠤ ᠮᠡᠷᠭᠡᠵᠢᠯ ᠤᠨ ᠬᠥᠭᠵᠢᠯᠲᠡ ᠳᠤ ᠲᠦᠰᠢᠭᠯᠡᠭᠡᠳ ᠪᠤᠯᠬᠤ ᠦᠭᠡᠢ᠂ ᠬᠠᠷᠢᠨ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠪᠠᠯ ᠰᠠᠶ᠋ᠢ ᠳᠣᠣᠷ᠎ᠠ ᠬᠡᠮᠵᠢᠶᠡᠨ ᠤ ᠣᠶᠢᠷ᠎ᠠ ᠬᠠᠷᠠᠭ᠎ᠠ ᠠᠴᠠ ᠳᠡᠭᠡᠳᠦ ᠬᠡᠮᠵᠢᠶᠡᠨ ᠤ ᠣᠶᠢᠷ᠎ᠠ ᠬᠠᠷᠠᠭ᠎ᠠ ᠲᠡᠶᠢᠰᠢ ᠬᠥᠭᠵᠢᠬᠦ ᠪᠠ ᠳᠡᠭᠡᠳᠦ ᠬᠡᠮᠵᠢᠶᠡᠨ ᠤ ᠣᠶᠢᠷ᠎ᠠ ᠬᠠᠷᠠᠭ᠎ᠠ ᠶᠢᠨ ᠡᠪᠡᠳᠴᠢᠨ ᠤ ᠵᠦᠢ ᠶᠢᠨ ᠬᠤᠪᠢᠷᠠᠯᠲᠠ ᠵᠡᠷᠭᠡ ᠶᠢ ᠪᠠᠭᠠᠰᠬᠠᠵᠤ ᠴᠢᠳᠠᠨ᠎ᠠ︾ ᠭᠡᠵᠦ ᠰᠠᠨᠠᠭᠤᠯᠤᠨ᠎ᠠ᠃   ᠬᠡᠦᠬᠡᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ ᠮᠥᠨ᠃ ᠬᠡᠦᠬᠡᠳ ᠪᠠᠭᠠᠴᠤᠳ ᠤᠨ ᠬᠠᠷᠠᠭ᠎ᠠ ᠶᠢ ᠬᠡᠷᠬᠢᠨ ᠰᠠᠶᠢᠲᠤᠷ ᠬᠠᠮᠠᠭᠠᠯᠠᠵᠤ ᠶᠠᠪᠤᠬᠤ ᠪᠣᠯ ᠨᠢᠭᠡᠨ ᠬᠠᠲᠠᠭᠤ ᠰᠢᠯᠭᠠᠯᠲᠠ ᠪᠣᠯᠣᠨ᠎ᠠ᠃ ᠤᠯᠡᠨ ᠤ ᠬᠦᠴᠦᠨ ᠳᠤ ᠣᠪᠣᠭ᠎ᠠ ᠪᠣᠰᠣᠨ᠎ᠠ ᠭᠡᠲᠡᠭ ᠢᠶᠠᠷ ᠪᠦᠭᠦ ᠨᠡᠶᠢᠭᠡᠮ ᠢᠶᠠᠷ ᠢᠶᠠᠨ ᠨᠢᠬᠲᠠᠷᠡᠯᠴᠠᠵᠤ᠂ ᠬᠠᠮᠲᠤ ᠪᠠᠷ ᠬᠥᠳᠡᠯᠦᠯᠴᠡᠨ᠂ ᠣᠶᠢᠷ᠎ᠠ ᠬᠠᠷᠠᠭ᠎ᠠ ᠶᠢ ᠰᠡᠷᠭᠡᠶᠢᠯᠡᠬᠦ ᠬᠠᠯᠬᠠᠪᠴᠢ ᠬᠡᠷᠡᠮ ᠢ ᠬᠠᠮᠲᠤ ᠪᠠᠷ ᠪᠠᠲᠤ ᠴᠣᠭᠴᠠᠯᠠᠵᠤ᠂ ᠬᠡᠦᠬᠡᠳ ᠪᠠᠭᠠᠴᠤᠳ ᠤᠨ ᠪᠣᠯᠣᠷ ᠲᠤᠩᠭᠠᠯᠠᠭ ᠨᠢᠳᠦ ᠶᠢ ᠰᠠᠶᠢᠲᠤᠷ ᠬᠠᠮᠠᠭᠠᠯᠠᠶ᠎ᠠ᠃                ︵︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠠᠴᠠ ᠨᠠᠶᠢᠷᠠᠭᠤᠯᠤᠨ ᠣᠷᠴᠢᠭᠤᠯᠪᠠ︶
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ