ᠲᠦᠩᠯᠢᠶᠣᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶ ᠢ | ᠳᠠᠷᠤᠮᠠᠯᠯᠠᠨ ᠶᠠᠪᠤᠭᠤᠯᠬᠤ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | | | ᠲᠦᠩᠯᠢᠶᠣᠣ ᠵᠠᠰᠠᠭ ᠠᠯᠪᠠᠨ ᠲᠠᠷᠬᠠᠭᠠᠭᠰᠠᠨ ︹2024︺ 26 ᠳ᠋ᠤᠭᠠᠷ ᠲᠣᠭᠠᠲᠤ | | ᠲᠦᠩᠯᠢᠶᠣᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶ ᠢ | ᠳᠠᠷᠤᠮᠠᠯᠯᠠᠨ ᠶᠠᠪᠤᠭᠤᠯᠬᠤ ᠲᠤᠬᠠᠶ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠲᠦᠩᠯᠢᠶᠣᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 6 ᠰᠠᠷ᠎ᠠ ᠶᠢᠨ 25 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠲᠦᠩᠯᠢᠶᠣᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶ | 1 ᠶᠡᠷᠦᠩᠭᠡᠢ ᠳᠥᠷᠢᠮ | 1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ | ᠪᠥᠬᠦ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠴᠤᠤᠷᠢᠶᠠᠳᠤᠨ ᠳᠠᠭᠠᠬᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠬᠦᠨᠳᠦ ᠪᠣᠬᠢᠷᠲᠤᠯ ᠲᠠᠢ ᠴᠠᠭ ᠠᠭᠤᠷ ᠢ ᠴᠠᠭ | ᠲᠤᠬᠠᠶ ᠳᠤᠨᠢ ᠪᠦᠲᠦᠮᠵᠢᠲᠡᠶ ᠠᠷᠭᠠᠴᠠᠵᠤ᠂ ᠣᠷᠴᠢᠨ ᠲᠣᠭᠤᠷᠢᠨ ᠤ ᠬᠠᠮᠢᠶᠠᠷᠤᠯᠲᠠ ᠶᠢᠨ ᠨᠠᠷᠢᠯᠢᠬᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠦᠨᠳᠦ | ᠪᠣᠬᠢᠷᠲᠤᠯ ᠲᠠᠢ ᠴᠠᠭ ᠠᠭᠤᠷ ᠠᠴᠠ ᠪᠣᠯᠤᠭᠰᠠᠨ ᠬᠤᠤᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ | ᠡᠷᠡᠭᠦᠯ ᠮᠡᠨᠳᠦ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ ᠶᠢᠨ ᠲᠤᠰᠠᠳᠠ᠂ ᠲᠣᠰ ᠪᠡᠯᠡᠳᠬᠡᠯ ᠲᠥᠰᠦᠯ ᠢ ᠲᠣᠭᠲᠠᠭᠠᠪᠠ᠃ | 1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ | ︵1︶ ︽ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠶᠡᠷᠦᠩᠬᠡᠶᠢᠯᠡᠨ ᠭᠠᠳᠠᠭᠰᠢᠯᠠᠭᠤᠯᠬᠤ ᠪᠠᠷᠢᠮᠵᠢᠶ᠎ᠠ︾ ︵GB16297-1996︶︔ | ︵2︶ ︽ᠪᠦᠭᠦᠲᠠ ᠨᠠᠶᠢᠷᠠᠮᠲᠠᠬᠤ ᠳᠤᠮᠳᠠᠳᠤ ᠠᠷᠠᠣᠠ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠣᠯᠢ︾ ︵ᠲᠡᠷᠢᠭᠦᠯᠡᠭᠴᠢ ᠶᠢᠨ ᠵᠠᠷᠯᠢᠭ 2007 | ᠣᠨ ᠤ 69 ᠳ᠋ᠦ᠋ᠭᠡᠷ ᠲᠣᠭᠠᠲᠤ︶︔ | ︵3︶ ︽ᠤᠯᠤᠰ ᠤᠨ ᠤᠷᠴᠢᠨ ᠲᠤᠭᠤᠷᠢᠨ ᠤ ᠠᠭᠠᠷ ᠤᠨ ᠶᠠᠰᠤ ᠴᠢᠨᠠᠷ ᠤᠨ ᠢᠯᠡᠳᠭᠡᠭᠴᠢ ᠲᠤᠭ᠎ᠠ AQI ᠶᠢᠨ ᠮᠡᠷᠬᠡᠵᠢᠯ ᠤᠨ ᠲᠤᠭᠲᠠᠭᠠᠯ ︵ᠲᠤᠷᠰᠢᠨ | ᠬᠡᠷᠡᠭᠵᠢᠭᠦᠯᠭᠦ︶ ︾ HJ633 - 2012︶︔ | ︵4︶ ︽ᠤᠷᠴᠢᠨ ᠲᠤᠭᠤᠷᠢᠨ ᠤ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ︾ ︵GB3095 - 2012︶︔ | ︵5︶ ︽ᠭᠡᠨᠡᠳᠲᠡ ᠶᠢᠨ ᠬᠡᠷᠡᠭ ᠤᠨ ᠪᠠᠴᠢᠮ ᠪᠠᠶᠢᠲᠠᠯ ᠢ ᠠᠷᠭᠠᠴᠠᠬᠤ ᠲᠦᠰᠦᠪ ᠤᠨ ᠬᠠᠮᠢᠶᠠᠷᠤᠯᠲᠠ ᠶᠢᠨ ᠠᠷᠭ᠎ᠠ︾ ︵ᠳᠦᠷᠦ ᠠᠯᠪᠠᠨ ᠲᠠᠷᠬᠠᠭᠠᠭᠰᠠᠨ | ︹2013︺ 101 ᠳ᠋ᠤᠭᠡᠷ ᠲᠤᠭᠠᠲᠤ︶︔ | ︵6︶ ︽ᠤᠷᠴᠢᠨ ᠠᠬᠤᠢ ᠶᠢᠨ ᠭᠡᠨᠡᠳᠲᠠ ᠶᠢᠨ ᠬᠡᠷᠡᠭ ᠤᠨ ᠮᠡᠲᠡᠭᠡ ᠵᠠᠩᠬᠢ ᠶᠢ ᠮᠡᠳᠡᠬᠦᠯᠬᠦ ᠠᠷᠭ᠎ᠠ︾ ︵ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠠᠮᠤᠨ ᠤ | ᠵᠠᠷᠯᠢᠭ 2011 ᠤᠨ ᠤ 17 ᠳ᠋ᠤᠭᠠᠷ ᠲᠤᠭᠠᠲᠤ︶︔ | ︵7︶ ︽ᠬᠤᠲᠠ ᠶᠢᠨ ᠠᠭᠠᠷ ᠮᠠᠨᠳᠠᠯ ᠤᠨ ᠬᠦᠨᠳᠦ ᠪᠣᠬᠢᠷᠲᠤᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ | ᠵᠦᠭᠯᠡᠭᠦᠷ︾ ︵ᠣᠷᠴᠢᠨ ᠠᠯᠪᠠᠨ ᠵᠠᠬᠢᠳᠠᠯ ︹2013︺ 504 ᠳ᠋ᠦ᠋ᠭᠡᠷ ᠲᠣᠭᠠᠲᠤ︶︔ | ︵8︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ︵ᠲᠡᠷᠢᠭᠦᠯᠡᠭᠴᠢ ᠶᠢᠨ ᠵᠠᠷᠯᠢᠭ | 2014 ᠣᠨ ᠤ 9 ᠳ᠋ᠤᠭᠡᠷ ᠲᠣᠭᠠᠲᠤ︶︶︔ | ︵9︶ ︽ᠠᠵᠤ ᠠᠬᠤᠶᠢᠯᠠᠯ ᠤᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠦᠨᠡᠯᠡᠨ ᠵᠢᠱᠢᠬᠦ ᠵᠦᠭᠯᠡᠭᠦᠷ ︵ᠲᠤᠷᠰᠢᠨ ᠬᠡᠷᠡᠭᠵᠢᠭᠦᠯᠬᠦ | ︶︾ ︵ᠣᠷᠴᠢᠨ ᠲᠣᠭᠤᠷᠢᠨ ᠠᠯᠪᠠᠨ ︹2014︺ 34 ᠳ᠋ᠦ᠋ᠭᠡᠷ ᠲᠣᠭᠠᠲᠤ︶︔ | ︵10︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︵2018 ᠣᠨ ᠳᠤ | ᠵᠠᠰᠠᠪᠤᠷᠢ ᠣᠷᠣᠭᠤᠯᠪᠠ︶︔ | ︵11︶ ︽ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠵᠢᠯᠣᠭᠤᠳᠬᠤ ᠰᠠᠨᠠᠯ︾ ︵ | ᠠᠭᠠᠷ ᠮᠠᠨᠳᠠᠯ ﹇2020﹈ 6 ᠳ᠋ᠤᠭᠠᠷ ᠲᠣᠭᠠᠲᠤ︶︔ | ︵12︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︵ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠯᠪᠠᠨ ᠵᠠᠷ ﹇2018﹈ 12 ᠳ᠋ᠤᠭᠠᠷ ᠲᠤᠭᠠᠲᠤ︶︔ | ︵13︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ | ᠲᠥᠰᠦᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠲᠠᠷᠬᠠᠭᠠᠭᠰᠠᠨ ︹2021︺ 11 ᠳ᠋ᠤᠭᠡᠷ ᠲᠣᠭᠠᠲᠤ︶︔ | ︵14︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ︵2022 ᠣᠨ ᠤ ᠬᠡᠪᠯᠡᠯ︶︾ ︵ᠥᠪᠥᠷ ᠵᠠᠰᠠᠭ ᠠᠯᠪᠠᠨ ᠲᠠᠷᠬᠠᠭᠠᠭᠰᠠᠨ ︹2022︺ 90 ᠳ᠋ᠤᠭᠡᠷ ᠲᠣᠭᠠᠲᠤ︶︔ | ︵15︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ︵2024 ᠣᠨ ᠤ ᠬᠡᠪᠯᠡᠯ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 17 ᠳ᠋ᠤᠭᠠᠷ ᠲᠣᠭᠠᠲᠤ︶︔ | ︵16︶ ︽ᠲᠦᠩᠯᠢᠶᠣᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︵ᠲᠦᠩᠯᠢᠶᠣᠤ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ ︹2021︺ 7 ᠳ᠋ᠤᠭᠠᠷ ᠲᠣᠭᠠᠲᠤ︶᠃ | 1.3 ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠢ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠠᠷᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠨ ᠰᠡᠷᠡᠮᠵᠢᠯᠡᠭᠦᠯᠬᠦ ᠪᠠ ᠴᠤᠤᠷᠢᠶᠠᠲᠤᠨ ᠳᠠᠭᠠᠬᠤ ᠳᠤ ᠬᠡᠷᠡᠭᠯᠡᠨ᠎ᠡ᠃ | ᠲᠣᠰ ᠪᠡᠯᠡᠳᠬᠡᠯ ᠲᠥᠰᠦᠯ ᠳᠤ ᠵᠢᠭᠠᠵᠤ ᠪᠠᠶᠢᠭ᠎ᠠ ᠬᠦᠨᠳᠦ ᠪᠣᠬᠢᠷᠲᠤᠯ ᠲᠠᠢ ᠴᠠᠭ ᠠᠭᠤᠷ ᠭᠡᠳᠡᠭ ᠨᠢ ︽ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ | ᠵᠢᠭᠠᠯᠲᠠ ᠲᠤᠭ᠎ᠠ ︵AQI︶ ᠶᠢᠨ ᠮᠡᠷᠭᠡᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵HJ633-2012︶ ᠶᠢ ᠦᠨᠳᠦᠰᠦᠯᠡᠵᠦ᠂ ᠵᠢᠱᠢᠯᠲᠡ ᠶᠢᠨ | ᠡᠳᠦᠷ ᠤᠨ AQI 200 ᠠᠴᠠ ᠳᠡᠭᠡᠭᠰᠢ ᠪᠤᠶᠤ ᠡᠳᠦᠷ ᠤᠨ AQI 150 ᠴᠠᠭ ᠠᠴᠠ ᠳᠡᠭᠡᠭᠰᠢ 48 ᠴᠠᠭ ᠦᠷᠭᠦᠯᠵᠢᠯᠡᠵᠦ᠂ ᠲᠤᠬᠠᠶᠢᠯᠠᠪᠠᠯ ᠠᠭᠠᠷ ᠤᠨ ᠶᠠᠰᠤ | ᠴᠢᠨᠠᠷ ᠳᠥᠷᠪᠡᠳᠦᠭᠡᠷ ᠳᠡᠰ ︵ᠳᠤᠮᠳᠠ ᠵᠡᠷᠭᠡ ᠶᠢᠨ ᠪᠣᠬᠢᠷᠲᠤᠯ︶ ᠵᠢᠴᠢ ᠲᠡᠭᠦᠨ ᠠᠴᠠ ᠳᠡᠭᠡᠭᠰᠢᠬᠢ ᠦᠷᠭᠦᠯᠵᠢᠯᠡᠨ ᠪᠣᠬᠢᠷᠳᠤᠭᠰᠠᠨ ᠠᠭᠠᠷ ᠮᠠᠨᠳᠠᠯ ᠤᠨ ᠪᠣᠬᠢᠷᠲᠤᠯ ᠢ | ᠵᠢᠭᠠᠵᠤ ᠪᠠᠶᠢᠨ᠎ᠠ᠃ | ᠣᠽᠣᠨ ︵O3︶ ᠠᠴᠠ ᠪᠣᠯᠤᠭᠰᠠᠨ ᠠᠭᠠᠷ ᠤᠨ ᠬᠦᠨᠳᠦ ᠪᠣᠬᠢᠷᠲᠤᠯ ᠲᠠᠢ ᠶᠠᠪᠤᠴᠠ ᠳᠤ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠴᠠᠭ | ᠲᠤᠬᠠᠶ ᠳᠤᠨᠢ ᠨᠡᠶᠢᠭᠡᠮ ᠨᠡᠶᠢᠲᠡ ᠳᠤ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠰᠠᠨᠠᠭᠤᠯᠤᠮᠵᠢ ᠨᠡᠶᠢᠲᠡᠯᠡᠬᠦ ᠶᠢᠨ ᠬᠠᠮᠲᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵ | VOCs︶ ᠪᠣᠯᠤᠨ ᠠᠽᠣᠲ ᠤᠨ ᠢᠰᠦᠮᠡᠭ ᠪᠣᠳᠠᠰ ︵NOx︶ ᠤᠨ ᠭᠠᠳᠠᠭᠰᠢᠯᠠᠭᠤᠯᠬᠤ ᠡᠬᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠡᠯᠡᠰᠦᠨ ᠰᠢᠭᠤᠷᠭ᠎ᠠ᠂ ᠬᠡᠰᠡᠭ ᠭᠠᠵᠠᠷ ᠲᠤ ᠲᠤᠭᠤᠰᠤ ᠮᠠᠨᠠᠷᠠᠬᠤ᠂ ᠤᠯᠤᠰ ᠤᠨ ᠬᠢᠯᠢ ᠶᠢᠨ ᠭᠠᠳᠠᠨᠠᠬᠢ ᠪᠣᠬᠢᠷᠲᠤᠯ ᠳᠠᠮᠵᠢᠭᠳᠠᠨ ᠤᠷᠤᠬᠤ ᠵᠡᠷᠭᠡ | ᠡᠵᠡᠮᠳᠡᠵᠦ ᠳᠡᠶᠢᠯᠬᠦ ᠦᠭᠡᠢ ᠬᠦᠴᠦᠨ ᠵᠦᠢᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ | ᠮᠥᠴᠢᠷ ᠤᠳ ᠴᠠᠭ ᠲᠤᠬᠠᠶ ᠳᠤᠨᠢ ᠨᠡᠶᠢᠭᠡᠮ ᠳᠤ ᠡᠷᠡᠭᠦᠯ ᠮᠡᠨᠳᠦ ᠶᠢᠨ ᠰᠠᠨᠠᠭᠤᠯᠤᠮᠵᠢ ᠨᠡᠶᠢᠲᠡᠯᠡᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ | ᠡᠷᠡᠭᠦᠯ ᠮᠡᠨᠳᠦ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠪᠠᠶᠢᠳᠠᠯ ᠢ ᠨᠢ ᠦᠵᠡᠵᠦ ᠪᠠᠶᠢᠭᠠᠳ ᠲᠣᠭᠤᠰᠣ ᠰᠢᠷᠣᠶ ᠶᠢᠨ ᠢᠷᠡᠯᠲᠡ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃ | 1.4 ᠪᠡᠯᠡᠳᠬᠡᠯ ᠲᠥᠰᠦᠯ ᠤᠨ ᠰᠢᠰᠲ᠋ᠧᠮᠵᠢ | ᠲᠣᠰ ᠪᠡᠯᠡᠳᠬᠡᠯ ᠲᠥᠰᠦᠯ ᠤᠨ ᠰᠢᠰᠲ᠋ᠧᠮᠵᠢ ᠪᠣᠯ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ | ᠰᠢᠰᠲ᠋ᠧᠮᠵᠢ ᠶᠢᠨ ᠪᠦᠷᠢᠯᠳᠦᠬᠦᠨ ᠬᠡᠰᠡᠭ ᠮᠥᠨ᠃ ᠬᠤᠲᠠ ᠶᠢᠨ ᠪᠡᠯᠡᠳᠬᠡᠯ ᠲᠥᠰᠦᠯ ᠤᠨ ᠰᠢᠰᠲ᠋ᠧᠮᠵᠢ ᠳᠤ ᠲᠣᠰ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠬᠤᠰᠢᠭᠤ ᠰᠢᠶᠠᠨ ᠬᠤᠲᠠ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ᠂ ᠬᠠᠮᠢᠶ᠎ᠠ ᠪᠥᠬᠦᠶ ᠨᠢᠭᠡᠴᠡ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ | ᠬᠡᠷᠡᠭᠵᠢᠭᠦᠯᠬᠦ ᠲᠥᠰᠦᠯ᠂ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ ᠪᠠᠶᠢᠳᠠᠯ ᠢ ᠠᠷᠭᠠᠴᠠᠬᠤ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠡᠷᠡᠭᠵᠢᠭᠦᠯᠬᠦ ᠲᠥᠰᠦᠯ ᠪᠠᠭᠲᠠᠨ᠎ᠠ᠃ | 1.5 ᠠᠵᠢᠯᠯᠠᠬᠤ ᠵᠠᠷᠴᠢᠮ | ︵1︶ ᠬᠥᠮᠦᠨ ᠢᠶᠠᠷ ᠦᠨᠳᠦᠰᠦ ᠪᠣᠯᠭᠠᠵᠤ᠂ ᠰᠡᠷᠭᠡᠶᠢᠯᠡᠬᠦ ᠪᠠᠷ ᠭᠤᠣᠯ ᠪᠤᠯᠭᠠᠨ᠎ᠠ | ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠪᠠᠷ ᠲᠡᠷᠢᠭᠦᠨ ᠴᠢᠬᠤᠯᠠ ᠬᠠᠷᠠᠯᠲᠠ ᠪᠣᠯᠭᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ | ᠴᠠᠭ ᠲᠤᠬᠠᠶ ᠳᠤᠨᠢ ᠨᠡᠶᠢᠲᠡᠯᠡᠵᠦ᠂ ᠣᠯᠠᠨ ᠨᠡᠶᠢᠲᠡ ᠳᠤ ᠥᠪᠡᠷ ᠢ ᠪᠠᠨ ᠰᠡᠷᠭᠡᠶᠢᠯᠡᠬᠦ ᠪᠠ ᠬᠠᠮᠠᠭᠠᠯᠠᠬᠤ ᠪᠠᠨ ᠴᠢᠩᠭᠠᠳᠬᠠᠬᠤ ᠶᠢ ᠰᠠᠨᠠᠭᠤᠯᠵᠤ᠂ ᠪᠣᠬᠢᠷᠲᠤᠯ ᠶᠡᠬᠡᠲᠡᠶ | ᠴᠠᠭ ᠠᠭᠤᠷ ᠤᠨ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ | ︵2︶ ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠨᠢᠭᠡᠲᠦᠯᠲᠡᠢ ᠤᠳᠤᠷᠢᠳᠤᠨ᠎ᠠ | ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠲᠦᠩᠯᠢᠶᠣᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠠᠴᠠ ᠨᠢᠭᠡᠳᠦᠯᠲᠡᠶ ᠲᠥᠯᠥᠪᠯᠡᠨ ᠤᠳᠤᠷᠢᠳᠤᠨ ᠵᠢᠯᠣᠭᠤᠳᠴᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ | ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠲᠤᠰ ᠬᠠᠷᠢᠶ᠎ᠠ ᠣᠷᠣᠨ ᠤ ᠪᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠨ ᠨᠢᠭᠡᠳᠦᠯᠲᠡᠶ ᠵᠢᠯᠣᠭᠤᠳᠴᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠨᠢᠭᠲᠠ ᠬᠠᠮᠵᠢᠯᠴᠠᠨ᠎ᠠ᠃ | ︵3︶ ᠰᠡᠷᠡᠮᠵᠢᠯᠡᠬᠦᠯᠬᠦ ᠶᠢ ᠴᠢᠩᠭᠠᠳᠬᠠᠵᠤ᠂ ᠴᠠᠭ ᠲᠤᠬᠠᠢ ᠳᠤᠨᠢ ᠴᠤᠤᠷᠢᠶᠠᠳᠤᠨ ᠳᠠᠭᠠᠨ᠎ᠠ | ᠠᠭᠠᠷ ᠤᠨ ᠶᠠᠰᠤ ᠴᠢᠨᠠᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢ ᠪᠦᠷᠢᠨᠰᠢᠭᠦᠯᠵᠦ᠂ ᠴᠠᠭ ᠠᠭᠤᠷ ᠤᠨ ᠲᠣᠮᠣ ᠳ᠋ᠠᠶᠢᠲ᠋ᠠ ᠶᠢ ᠭᠦᠢᠴᠡᠳ ᠠᠰᠢᠭᠯᠠᠨ | ᠵᠠᠳᠠᠯᠤᠨ ᠰᠤᠳᠤᠯᠵᠤ ᠮᠠᠭᠠᠳᠯᠠᠨ᠂ ᠰᠢᠨᠵᠢᠯᠡᠬᠦ ᠤᠬᠠᠭᠠᠨᠴᠢ ᠪᠠᠷ ᠰᠡᠷᠡᠮᠵᠢᠯᠡᠭᠦᠯᠬᠦ ᠬᠡᠷᠡᠭᠲᠡᠶ᠃ ᠪᠦᠬᠦ ᠬᠤᠳᠠ ᠪᠠᠷ ᠢᠶᠠᠨ ᠪᠤᠬᠢᠷᠳᠤᠨᠨᠰᠠᠨ ᠤᠷᠤᠨ ᠪᠦᠰᠡ ᠪᠠᠷ | ᠤᠷᠢᠳᠴᠢᠯᠡᠨ ᠰᠡᠷᠡᠮᠵᠢᠯᠡᠬᠦᠯᠬᠦ ᠪᠠ ᠴᠤᠤᠷᠢᠶᠠᠳᠤᠨ ᠲᠠᠭᠠᠬᠤ ᠶᠢ ᠨᠢᠬᠡᠳᠦᠯᠳᠡᠢ ᠲᠦᠯᠦᠪᠯᠡᠨ ᠬᠡᠷᠡᠭᠵᠢᠭᠦᠯᠦᠨ᠎ᠡ᠃ | ︵4︶ ᠱᠠᠲᠤ ᠬᠤᠪᠢᠶᠠᠨ ᠬᠠᠮᠢᠶᠠᠷᠤᠨ ᠡᠵᠡᠮᠳᠡᠵᠦ᠂ ᠨᠠᠷᠢᠯᠢᠭ ᠣᠨᠣᠴᠠᠲᠠᠶ ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠎ᠠ | ᠭᠤᠣᠯᠳᠠᠯᠭ᠎ᠠ ᠲᠠᠢ ᠠᠵᠢᠯ ᠲᠦᠷᠦᠯ ᠤᠨ ᠠᠮᠵᠢᠯᠲᠠ ᠪᠦᠲᠦᠮᠵᠢ ᠶᠢ ᠳᠡᠰ ᠬᠤᠪᠢᠶᠠᠬᠤ ᠶᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ | ᠭᠠᠳᠠᠭᠰᠢᠯᠠᠭᠤᠯᠤᠯᠲᠠ ᠶᠢ ᠪᠠᠭᠠᠰᠬᠠᠬᠤ ᠵᠥᠷᠢᠶᠡᠴᠢᠯᠡᠭᠰᠡᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠥᠷᠥᠯ ᠤᠨ ᠭᠤᠤᠯ ᠪᠣᠯᠬᠤ | ᠬᠡᠢ ᠳᠤ ᠬᠤᠯᠪᠣᠭᠳᠠᠭᠰᠠᠨ ᠪᠣᠬᠢᠷᠲᠤᠯ ᠭᠠᠳᠠᠭᠰᠢᠯᠠᠭᠤᠯᠬᠤ ᠠᠵᠢᠯ ᠤᠨ ᠳᠡᠰ ᠳᠠᠷᠠᠭᠠᠯᠠᠯ ᠢ ᠡᠩ ᠲᠡᠷᠢᠭᠦᠨ ᠳᠤ ᠬᠢᠵᠠᠭᠠᠷᠯᠠᠬᠤ ᠪᠠᠷ ᠭᠤᠤᠯ ᠪᠣᠯᠭᠠᠵᠤ᠂ ᠠᠭᠠᠷ | ᠮᠠᠨᠳᠠᠯ ᠤᠨ ᠪᠣᠬᠢᠷᠲᠤᠯ ᠭᠠᠳᠠᠭᠰᠢᠯᠠᠭᠤᠯᠬᠤ ᠬᠦᠴᠦᠯᠡᠴᠡ ᠶᠢ ᠪᠦᠲᠦᠮᠵᠢᠲᠡᠶ ᠪᠠᠭᠤᠷᠠᠭᠤᠯᠤᠨ᠎ᠠ᠃ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ | ᠪᠣᠳᠣᠯᠭ᠎ᠠ︾ ᠶᠢᠨ ᠬᠡᠷᠡᠭᠵᠢᠭᠦᠯᠬᠦ ᠲᠥᠰᠦᠯ ᠢ ᠨᠠᠷᠢᠯᠢᠬᠵᠢᠭᠤᠯᠵᠤ᠂ ᠠᠳᠠᠯᠢ ᠨᠢᠭᠡ ᠣᠷᠣᠨ ᠪᠦᠰᠡ᠂ ᠠᠳᠠᠯᠢ ᠠᠵᠢᠯ ᠲᠥᠷᠥᠯ᠂ ᠠᠳᠠᠯᠢ ᠠᠮᠵᠢᠯᠲᠠ ᠪᠦᠲᠦᠮᠵᠢ ᠶᠢᠨ | ᠬᠢᠷᠢ ᠲᠦᠪᠰᠢᠨ ᠲᠠᠢ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠬᠠᠷᠢᠴᠠᠩᠭᠤᠶ ᠨᠢᠭᠡᠳᠦᠯᠲᠡᠶ | ᠪᠠᠶᠢᠬᠤ ᠶᠢ ᠦᠨᠡᠨᠬᠦ ᠪᠠᠲᠤᠯᠠᠵᠤ᠂ ᠠᠵᠢᠯ ᠲᠥᠷᠥᠯ ᠤᠨ ᠵᠠᠰᠠᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ | ︵5︶ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠨᠡᠶᠢᠭᠡᠮ ᠤᠨ ᠣᠷᠣᠯᠴᠠᠭ᠎ᠠ ᠶᠢ ᠴᠢᠩᠭᠠᠳᠬᠠᠨ᠎ᠠ | ᠡᠯ᠎ᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠪᠠᠷᠢᠮᠲᠠᠯᠠᠵᠤ ᠨᠢᠭᠲᠠ ᠬᠠᠮᠵᠢᠯᠴᠠᠵᠤ᠂ ᠨᠢᠭᠡᠲᠦᠯᠲᠡᠢ ᠴᠤᠤᠷᠢᠶᠠᠳᠤᠨ ᠳᠠᠭᠠᠨ᠎ᠠ᠃ ᠮᠡᠳᠡᠭᠡ ᠵᠠᠩᠭᠢ ᠶᠢ | ᠢᠯᠡ ᠪᠣᠯᠭᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠡᠷᠬᠡ ᠰᠦᠷᠲᠦ ᠵᠠᠭᠤᠴᠢᠯᠠᠭᠤᠷ ᠢᠶᠠᠷ ᠳᠠᠮᠵᠢᠭᠤᠯᠤᠨ᠂ ᠠᠭᠠᠷ ᠤᠨ ᠣᠷᠴᠢᠨ ᠲᠣᠭᠤᠷᠢᠨ ᠢ ᠬᠢᠨᠠᠨ ᠬᠡᠮᠵᠢᠬᠦ | ᠵᠢᠴᠢ ᠤᠷᠢᠳᠴᠢᠯᠠᠨ ᠮᠡᠳᠡᠭᠡᠯᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠠᠷᠠᠳ ᠣᠯᠠᠨ ᠤ ᠪᠠᠶᠢᠳᠠᠯ ᠢ ᠮᠡᠳᠡᠬᠦ | ᠡᠷᠬᠡ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠤᠨ ᠬᠢᠨ ᠢ ᠥᠷᠭᠡᠨ ᠢᠶᠠᠷ ᠳᠠᠶᠢᠴᠢᠯᠠᠨ ᠬᠦᠨᠳᠦ ᠪᠣᠬᠢᠷᠲᠤᠯ ᠲᠠᠢ ᠴᠠᠭ ᠠᠭᠤᠷ ᠢ | ᠠᠷᠭᠠᠴᠠᠬᠤ ᠪᠠ ᠰᠡᠷᠭᠡᠶᠢᠯᠡᠨ ᠬᠠᠮᠠᠭᠠᠯᠠᠬᠤ ᠠᠵᠢᠯ ᠳᠤ ᠢᠳᠡᠪᠬᠢᠲᠡᠶ ᠤᠷᠤᠯᠴᠠᠭᠤᠯᠤᠨ᠎ᠠ᠃ | 2. ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠦᠷᠢᠯᠳᠦᠯ ᠵᠢᠴᠢ ᠡᠭᠦᠷᠭᠡ ᠬᠠᠷᠢᠭᠤᠴᠠᠯᠭ᠎ᠠ | 2.1 ᠣᠳᠣᠷᠢᠳᠬᠤ ᠪᠠᠶᠢᠭᠤᠯᠥᠮᠵᠢ ᠵᠢᠴᠢ ᠡᠬᠦᠷᠭᠡ ᠬᠠᠷᠢᠭᠤᠴᠠᠯᠭ᠎ᠠ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ | ᠲᠤᠰᠠᠳᠠ᠂ ᠲᠦᠩᠯᠢᠶᠣᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠳᠣᠷᠣᠭᠰᠢ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠤᠳᠤᠷᠢᠳᠬᠤ᠂ ᠵᠢᠯᠣᠭᠤᠳᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠤᠮᠵᠢ ᠪᠤᠯᠭᠠᠪᠠ᠃ | ᠪᠦᠷᠢᠯᠳᠦᠯ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠶᠢᠨ ᠲᠤᠰᠢᠶᠠᠯ ᠢ ᠬᠤᠲᠠ ᠶᠢᠨ ᠵᠠᠰᠠᠭ ᠤᠨ | ᠣᠷᠳᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠳᠡᠳ᠋ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠶ | ᠵᠢᠯᠣᠭᠤᠳᠣᠭᠴᠢ ᠶᠢᠨ ᠲᠤᠰᠢᠶᠠᠯ ᠢ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠳᠡᠳ᠋ ᠨᠠᠷᠢᠨ ᠪᠢᠴᠢᠭ ᠤᠨ ᠳᠠᠷᠤᠭ᠎ᠠ ︵ᠪᠤᠶᠤ ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠳᠡᠳ᠋ ᠡᠷᠬᠢᠯᠡᠭᠴᠢ︶ ᠪᠣᠯᠤᠨ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ | ᠡᠭᠦᠷᠭᠡᠯᠡᠵᠦ᠂ ᠪᠦᠷᠢᠯᠳᠦᠬᠦᠨ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ | ᠪᠣᠯᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠤᠯ | ᠬᠠᠷᠢᠭᠤᠴᠠᠯᠭᠠᠲᠠᠨ ᠠᠴᠠ ᠪᠦᠷᠢᠯᠳᠦᠨ᠎ᠡ᠃ | ᠲᠤᠰᠢᠶᠠᠯ ᠬᠠᠷᠢᠭᠤᠴᠠᠯᠭ᠎ᠠ᠄ ᠪᠥᠬᠦ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠨᠢᠭᠡᠳᠦᠯᠲᠡᠶ ᠤᠳᠤᠷᠢᠳᠤᠨ ᠵᠢᠯᠣᠭᠤᠳᠬᠤ ᠶᠢ ᠬᠠᠷᠢᠭᠤᠴᠠᠨ᠎ᠠ︔ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ | 2.2 ᠭᠡᠷᠩ ᠡᠷᠬᠢᠯᠡᠬᠦ ᠪᠠᠶᠢᠭᠤᠯᠥᠮᠵᠢ ᠵᠢᠴᠢ ᠳᠡᠬᠦᠨ ᠤ ᠡᠬᠦᠷᠭᠡ ᠬᠠᠷᠢᠭᠤᠴᠠᠯᠭ᠎ᠠ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠬᠡᠷᠡᠭ ᠡᠷᠬᠢᠯᠡᠬᠦ ᠪᠠᠶᠢᠭᠤᠯᠤᠮᠵᠢ ᠪᠣᠯ ᠲᠦᠩᠯᠢᠶᠣᠤ ᠬᠤᠲᠠ ᠶᠢᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ︵ᠳᠣᠷᠣᠭᠰᠢ ᠬᠤᠲᠠ ᠶᠢᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠭᠡᠵᠦ ᠲᠣᠪᠴᠢᠯᠠᠨ᠎ᠠ︶ ᠪᠣᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ | ᠬᠡᠷ ᠨᠢ ᠪᠠᠶᠢᠩᠭᠤ ᠶᠢᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠳᠤ ᠲᠤᠬᠢᠷᠠᠭᠤᠯᠤᠨ᠎ᠠ᠃ | ᠪᠦᠷᠢᠯᠳᠦᠯ᠄ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ ᠬᠠᠪᠰᠤᠷᠭᠠᠨ | ᠬᠠᠷᠢᠭᠤᠴᠠᠵᠤ᠂ ᠠᠯᠪᠠᠨ ᠬᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠤᠪᠢᠳᠠᠨ | ᠬᠠᠮᠢᠶᠠᠷᠬᠤ ᠳᠡᠳ᠋ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ | ᠡᠭᠦᠷᠭᠡ ᠬᠠᠷᠢᠭᠤᠴᠠᠯᠭ᠎ᠠ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠵᠠᠷᠯᠢᠭ ᠪᠠ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠡᠯ᠎ᠡ ᠪᠦᠷᠢᠯᠳᠦᠬᠦᠨ ᠨᠢᠭᠡᠴᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠬᠦᠨᠳᠦ ᠪᠣᠬᠢᠷᠲᠤᠯ ᠲᠠᠢ ᠴᠠᠭ ᠠᠭᠤᠷ ᠢ | ᠠᠷᠭᠠᠴᠠᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠬᠤᠲᠠ ᠲᠣᠭᠤᠷᠢᠭ ᠢ ᠰᠢᠮᠳᠠᠭᠤᠯᠵᠤ ᠪᠠᠶᠢᠭᠠᠳ ᠪᠠᠴᠢᠮ ᠪᠠᠶᠢᠳᠠᠯ ᠢ | ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠬᠠᠮᠲᠤᠷᠠᠨ ᠬᠥᠳᠡᠯᠦᠯᠴᠡᠬᠦ ᠠᠵᠢᠯ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠤᠨ᠎ᠠ︔ ᠬᠦᠨᠳᠦ ᠪᠣᠬᠢᠷᠲᠤᠯ ᠲᠠᠢ | ᠴᠠᠭ ᠠᠭᠤᠷ ᠢ ᠠᠷᠭᠠᠴᠠᠭᠰᠠᠨ ᠠᠵᠢᠯ ᠢ ᠳ᠋ᠦᠩᠨᠡᠨ ᠦᠨᠡᠯᠡᠬᠦ ᠪᠠ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠶᠢ ᠵᠣᠬᠢᠶᠠᠨ ᠪᠠᠶᠢᠭᠤᠯᠤᠨ᠎ᠠ︔ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ | 2.3 ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ | ᠬᠠᠷᠢᠭᠤᠴᠠᠯᠭ᠎ᠠ | ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠵᠠᠷᠴᠢᠮ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠢ | ᠠᠷᠭᠠᠴᠠᠬᠤ ᠠᠵᠢᠯ ᠢ ᠬᠠᠷᠢᠭᠤᠴᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠭᠠᠷᠤᠭᠰᠠᠨ ᠦᠶ᠎ᠡ ᠳᠤ᠂ ᠲᠤᠰ ᠲᠤᠰ ᠤᠨ ᠨᠠᠶᠢᠷᠠᠭᠤᠯᠤᠨ ᠵᠣᠬᠢᠶᠠᠭᠰᠠᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠵᠢᠯᠣᠭᠤᠳᠴᠤ᠂ ᠡᠯ᠎ᠡ ᠵᠦᠢᠯ ᠤᠨ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠯ᠎ᠡ ᠬᠤᠯᠪᠣᠭᠳᠠᠯ ᠪᠦᠬᠦᠢ | ᠨᠢᠭᠡᠴᠡ ᠶᠢ ᠬᠢᠨᠠᠨ ᠵᠢᠯᠣᠭᠤᠳᠴᠤ ᠪᠠᠶᠢᠭᠠᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠰᠡᠷᠡᠮᠵᠢᠯᠡᠭᠦᠯᠬᠦ ᠪᠠ ᠠᠷᠭᠠᠴᠠᠬᠤ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠪᠠ ᠨᠡᠶᠢᠲᠡᠯᠡᠬᠦ ᠠᠵᠢᠯ ᠢ ᠰᠠᠶᠢᠲᠤᠷ ᠬᠢᠨ᠎ᠡ᠃ | 2.4 ᠠᠭᠠᠷ ᠮᠠᠨᠳᠡᠯ ᠤᠨ ᠪᠣᠬᠢᠷᠳᠦᠯ ᠡᠳ᠋ ᠢ ᠭᠠᠳ᠋ᠬᠠᠰᠢᠯᠠᠭᠤᠯᠬᠤ ᠠᠵᠦ ᠠᠬᠤᠶᠢᠯᠠᠯ ᠤᠨ ᠠᠵᠢᠯ ᠤᠨ ᠬᠠᠷᠢᠭᠤᠴᠠᠯᠭ᠎ᠠ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠳᠤ | ᠣᠷᠣᠭᠤᠯᠤᠭᠰᠠᠨ ᠠᠵᠤ ᠠᠬᠤᠶᠢᠯᠠᠯ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠥᠰᠦᠯ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠭᠤᠤᠯ ᠪᠣᠯᠬᠤ | ᠦᠢᠯᠡᠳᠪᠦᠷᠢᠯᠡᠯ ᠤᠷᠠᠯᠠᠯ ᠤᠨ ᠴᠤᠪᠤᠷᠠᠯ᠂ ᠭᠤᠤᠯ ᠪᠣᠯᠬᠤ ᠬᠡᠢ ᠳᠤ ᠬᠤᠯᠪᠣᠭᠳᠠᠬᠤ ᠪᠣᠬᠢᠷᠲᠤᠯ ᠭᠠᠳᠠᠭᠰᠢᠯᠠᠭᠤᠯᠬᠤ ᠭᠤᠭᠴᠤᠭ᠎ᠠ ᠵᠢᠴᠢ ᠪᠣᠬᠢᠷᠲᠤᠯ ᠪᠣᠳᠠᠰ | ᠭᠠᠳᠠᠭᠰᠢᠯᠠᠭᠤᠯᠬᠤ ᠪᠠᠶᠢᠳᠠᠯ ︵ᠬᠦᠨᠳᠦ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠢ | ᠪᠠᠭᠲᠠᠭᠠᠨ᠎ᠠ︶᠂ ᠪᠠᠰᠠ ᠠᠳᠠᠯᠢ ᠪᠤᠰᠤ ᠲᠠᠰ ᠤᠨ ᠰᠡᠷᠡᠮᠵᠢᠯᠡᠭᠦᠯᠦᠯ ᠳᠣᠤᠷᠠᠬᠢ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ᠂ ᠪᠣᠳᠠᠲᠠᠶ ᠵᠣᠭᠰᠣᠭᠠᠬᠤ ︵ᠬᠢᠵᠠᠭᠠᠷᠯᠠᠬᠤ︶ ᠦᠢᠯᠡᠳᠪᠦᠷᠢᠯᠡᠯ ᠤᠨ ᠱᠤᠭᠤᠮ᠂ ᠭᠠᠷ ᠤᠷᠠᠯᠠᠯ ᠤᠨ | ᠭᠤᠭᠴᠤᠭ᠎ᠠ ᠪᠠ ᠡᠯ᠎ᠡ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠵᠠᠩᠭᠢᠯᠠᠭ᠎ᠠ ᠶᠢᠨ ᠴᠢᠨᠠᠷᠲᠠᠶ ᠭᠦᠢᠴᠡᠳᠬᠡᠯ | ᠲᠤᠭ᠎ᠠ ᠶᠢ ᠲᠣᠳᠣᠷᠬᠠᠶᠢᠯᠠᠨ᠎ᠠ᠃ ᠣᠨᠴᠣᠭᠤᠢ ᠴᠠᠭ ᠬᠤᠭᠤᠴᠠᠭ᠎ᠠ ᠳᠤ ᠬᠠᠦᠯᠢ ᠶᠣᠰᠣᠭᠠᠷ ᠴᠠᠭᠠᠵᠠᠯᠠᠬᠤ ᠪᠤᠶᠤ ᠪᠣᠬᠢᠷᠳᠦᠯ ᠡᠳ᠋ ᠢ ᠭᠠᠳ᠋ᠬᠠᠰᠢᠯᠠᠭᠤᠯᠬᠤ | ᠱᠠᠭᠠᠷᠳᠡᠯᠭ᠎ᠠ ᠶᠢ ᠬᠢᠵᠠᠭᠠᠷᠯᠠᠬᠤ ᠶᠢ ᠪᠣᠬᠢᠷᠳᠦᠯ ᠭᠠᠳ᠋ᠬᠠᠰᠢᠯᠠᠭᠤᠯᠬᠤ ᠵᠦᠪᠰᠢᠶᠡᠷᠡᠯ ᠤᠨ ᠦᠨᠡᠮᠯᠠᠯ ᠳᠤ ᠬᠠᠦᠯᠢ ᠶᠣᠰᠣᠭᠠᠷ ᠣᠷᠣᠭᠤᠯᠥᠨ᠎ᠠ᠃ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠨᠢ ᠭᠤᠤᠯᠳᠠᠭᠤ ᠦᠢᠯᠡᠳᠪᠦᠷᠢᠯᠡᠯ | ᠵᠣᠭᠰᠣᠬᠤ᠂ ᠬᠡᠰᠡᠭ ᠦᠢᠯᠡᠳᠪᠦᠷᠢᠯᠡᠯ ᠤᠨ ᠱᠤᠭᠤᠮ ᠢᠶᠠᠨ ᠵᠤᠭᠰᠤᠭᠠᠬᠤ ᠪᠤᠶᠤ ᠭᠤᠤᠯ ᠪᠣᠯᠬᠤ ᠦᠢᠯᠡᠳᠪᠦᠷᠢᠯᠡᠯ ᠤᠨ ᠳᠡᠰ ᠳᠠᠷᠠᠭᠠᠯᠠᠯ ︵ᠲᠥᠬᠦᠭᠡᠷᠦᠮᠵᠢ︶ ᠤᠨ | ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠦᠨ᠎ᠡ᠃ ᠣᠬᠤᠷᠬᠠᠨ | ᠬᠤᠭᠤᠴᠠᠭᠠᠨ ᠤ ᠳᠣᠲᠣᠷ᠎ᠠ ᠦᠢᠯᠡᠳᠪᠦᠷᠢᠯᠡᠯ ᠢᠶᠠᠨ ᠵᠣᠭᠰᠣᠭᠠᠬᠤ ᠳᠤ ᠬᠦᠴᠢᠷᠲᠡᠶ ᠪᠤᠶᠤ ᠬᠤᠭᠤᠴᠠᠭ᠎ᠠ ᠪᠠᠨ ᠤᠷᠲᠤᠳᠬᠠᠭᠰᠠᠨ ᠦᠢᠯᠡᠳᠪᠦᠷᠢᠯᠡᠯ ᠤᠨ ᠳᠡᠰ | ᠳᠠᠷᠠᠭᠠᠯᠠᠯ ᠳᠤ ᠪᠣᠬᠢᠷᠲᠤᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠳᠠᠭᠠᠭᠠᠴᠠ ᠶᠢ ᠬᠢᠵᠠᠭᠠᠷᠯᠠᠬᠤ᠂ ᠦᠢᠯᠡᠳᠪᠦᠷᠢᠯᠡᠯ ᠤᠨ | ᠲᠥᠯᠥᠪᠯᠡᠭᠡ ᠶᠢ ᠤᠷᠢᠳᠴᠢᠯᠠᠨ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ ᠪᠣᠯᠤᠨ᠎ᠠ᠃ | 3 ᠬᠢᠨᠡᠨ ᠬᠡᠮᠵᠢᠬᠦ ᠪᠠ ᠰᠡᠷᠡᠮᠵᠢᠯᠡᠬᠦᠯᠬᠦ | 3.1 ᠬᠢᠨᠡᠨ ᠬᠡᠮᠵᠢᠬᠦ | ︵1︶ ᠬᠢᠨᠠᠨ ᠬᠡᠮᠵᠢᠬᠦ᠃ ᠬᠤᠲᠠ ᠬᠤᠰᠢᠭᠤ ᠬᠤᠶᠠᠷ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ᠂ ᠴᠠᠭ ᠠᠭᠤᠷ ᠤᠨ ᠰᠠᠯᠠᠭ᠎ᠠ ᠮᠥᠴᠢᠷ ᠤᠳ ᠲᠣᠰ | ᠲᠣᠰ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠪᠠ ᠴᠠᠭ ᠠᠭᠤᠷ ᠤᠨ ᠬᠦᠴᠦᠨ ᠵᠦᠢᠯ ᠢ | ᠠᠵᠢᠭᠯᠠᠨ ᠬᠡᠮᠵᠢᠬᠦ ᠶᠢ ᠬᠠᠷᠢᠭᠤᠴᠠᠵᠤ᠂ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ᠂ ᠣᠳᠣᠬᠢ ᠪᠠᠶᠢᠳᠠᠯ ᠢ ᠦᠨᠡᠯᠡᠬᠦ᠂ ᠮᠡᠳᠡᠭᠡ ᠵᠠᠩᠭᠢ ᠶᠢ ᠰᠣᠯᠢᠯᠴᠠᠨ | ᠬᠠᠮᠲᠤ ᠪᠠᠷ ᠡᠳ᠋ᠯᠡᠬᠦ ᠶᠢ ᠰᠠᠶᠢᠲᠤᠷ ᠬᠢᠵᠦ᠂ ᠤᠷᠢᠳᠴᠢᠯᠠᠨ ᠮᠡᠳᠡᠭᠡᠯᠡᠬᠦ᠂ ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠬᠦ ᠳᠤ ᠰᠢᠢᠳᠪᠦᠷᠢᠲᠦ ᠪᠣᠳᠣᠯᠭ᠎ᠠ ᠶᠢᠨ | ᠦᠨᠳᠦᠰᠦᠯᠡᠯ ᠬᠠᠩᠭᠠᠨ᠎ᠠ᠃ | ︵2︶ ᠤᠷᠢᠳᠴᠢᠯᠠᠨ ᠮᠡᠳᠡᠭᠡᠯᠡᠬᠦ᠃ ᠬᠤᠲᠠ ᠬᠤᠰᠢᠭᠤ ᠬᠤᠶᠠᠷ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ᠂ ᠴᠠᠭ ᠠᠭᠤᠷ ᠤᠨ ᠰᠠᠯᠠᠭ᠎ᠠ | ᠮᠥᠴᠢᠷ ᠤᠳ ᠴᠠᠭ ᠠᠭᠤᠷ ᠤᠨ ᠨᠥᠬᠦᠴᠡᠯ ᠤᠨ ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠵᠢᠴᠢ ᠲᠣᠰ | ᠭᠠᠵᠠᠷ ᠤᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠢᠷᠡᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠢᠷᠡᠬᠦ 7 ᠡᠳᠦᠷ ᠤᠨ | ᠳᠣᠲᠣᠷᠠᠬᠢ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ᠂ ᠴᠠᠭ ᠠᠭᠤᠷ ᠤᠨ ᠬᠦᠴᠦᠨ ᠵᠦᠢᠯ ᠢ ᠤᠷᠢᠳᠴᠢᠯᠠᠨ ᠮᠡᠳᠡᠭᠡᠯᠡᠵᠦ ᠲᠥᠰᠥᠭᠡᠯᠡᠨ᠎ᠡ᠃ | ︵3︶ ᠵᠥᠪᠳᠡᠯᠴᠡᠬᠦ᠃ ᠤᠷᠢᠳᠴᠢᠯᠠᠨ ᠮᠡᠳᠡᠭᠡᠯᠡᠬᠦ ᠳᠡᠭᠡᠨ ᠢᠷᠡᠭᠡᠳᠦᠶ ᠳᠤ ᠬᠦᠨᠳᠦ ᠪᠣᠬᠢᠷᠲᠤᠯ ᠲᠠᠢ ᠴᠠᠭ ᠠᠭᠤᠷ ᠭᠠᠷᠴᠤ ᠮᠡᠳᠡᠬᠦ ᠦᠶ᠎ᠡ ᠳᠤ᠂ ᠬᠤᠲᠠ | ᠬᠤᠰᠢᠭᠤ ᠬᠤᠶᠠᠷ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ᠂ ᠴᠠᠭ ᠠᠭᠤᠷ ᠤᠨ ᠰᠠᠯᠠᠭ᠎ᠠ ᠮᠥᠴᠢᠷ ᠴᠠᠭ ᠲᠤᠬᠠᠶ ᠳᠤᠨᠢ ᠵᠥᠪᠳᠡᠯᠴᠡᠵᠦ᠂ ᠴᠢᠬᠤᠯᠠᠲᠠᠶ | ᠦᠶ᠎ᠡ ᠳᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠥᠪᠳᠡᠯᠴᠡᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠴᠤᠤᠷᠢᠶᠠᠳᠤᠨ ᠳᠠᠭᠠᠬᠤ ᠬᠤᠭᠤᠴᠠᠭᠠᠨ ᠳᠤ ᠵᠦᠪᠳᠡᠯᠴᠡᠭᠡ ᠪᠠᠨ ᠨᠢᠭᠲᠠᠷᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠨᠢᠭᠡᠨᠲᠡ ᠢᠯᠡᠷᠡᠭᠰᠡᠨ ᠮᠥᠷᠲᠡᠭᠡᠨ | ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠭᠰᠡᠨ ᠦᠭᠡᠶ ᠦᠶ᠎ᠡ ᠳᠤ᠂ ᠴᠠᠭ ᠲᠤᠬᠠᠶ ᠳᠤᠨᠢ ᠵᠦᠪᠳᠡᠯᠴᠡᠨ᠎ᠡ᠃ ᠲᠣᠰ ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠬᠡᠷ ᠲᠤ ᠰᠡᠷᠡᠮᠵᠢᠯᠡᠭᠦᠯᠬᠦ ᠶᠢ ᠨᠡᠶᠢᠲᠡᠯᠡᠬᠦ᠂ ᠳᠣᠭᠢᠷᠠᠭᠤᠯᠬᠤ᠂ ᠬᠦᠴᠦᠨ ᠥᠬᠡᠶ ᠪᠣᠯᠭᠠᠬᠤ ᠰᠠᠨᠠᠭᠤᠯᠭ᠎ᠠ ᠶᠢ ᠴᠠᠭ ᠲᠤᠬᠠᠶ ᠳᠤᠨᠢ | ᠳᠤᠷᠠᠳᠤᠨ᠎ᠠ᠃ ᠳᠤᠮᠳᠠ ᠵᠡᠷᠭᠡ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠲᠠᠢ ᠴᠠᠭ ᠠᠭᠤᠷ ᠭᠠᠷᠴᠤ ᠮᠡᠳᠡᠬᠦ ᠦᠶ᠎ᠡ ᠳᠤ᠂ ᠠᠭᠠᠷ ᠤᠨ ᠶᠠᠰᠤ ᠴᠢᠨᠠᠷ ᠢ | ᠤᠷᠢᠳᠴᠢᠯᠠᠨ ᠮᠡᠳᠡᠭᠦᠯᠦᠭᠰᠡᠨ ᠦᠷ᠎ᠡ ᠳ᠋ᠦᠩ ᠤᠨ ᠳᠡᠭᠡᠳᠦ ᠬᠢᠵᠠᠭᠠᠷ ᠶᠣᠰᠣᠭᠠᠷ ᠰᠡᠷᠡᠮᠵᠢᠯᠡᠭᠦᠯᠬᠦ ᠲᠠᠰ ᠤᠨ ᠰᠠᠨᠠᠭᠤᠯᠭ᠎ᠠ ᠳᠤᠷᠠᠳᠤᠨ᠎ᠠ᠃ | 3.2 ᠰᠡᠷᠡᠮᠵᠢᠯᠡᠬᠦᠯᠬᠦ | 3.2.1 ᠰᠡᠷᠡᠮᠵᠢᠯᠡᠬᠦᠯᠬᠦ ᠳᠡᠰ | ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ ᠨᠢ ᠠᠭᠠᠷ ᠤᠨ ᠶᠠᠰᠤ ᠴᠢᠨᠠᠷ ᠤᠨ ᠵᠢᠭᠠᠯᠲᠠ ᠲᠤᠭ᠎ᠠ ︵AQI︶ ᠶᠢ | ᠨᠢᠭᠡᠳᠦᠯᠲᠡᠶ ᠬᠡᠷᠡᠭᠯᠡᠨ ᠭᠦᠢᠴᠡᠳᠬᠡᠯ ᠲᠤᠭ᠎ᠠ ᠪᠣᠯᠭᠠᠵᠤ᠂ ᠤᠷᠢᠳᠴᠢᠯᠠᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ ᠢ ᠵᠠᠯᠭᠠᠭ᠎ᠠ ᠪᠠᠷ 24 ᠴᠠᠭ ︵ | ᠪᠠᠶᠢᠭᠠᠯᠢ ᠡᠳᠦᠷ ᠠᠯᠤᠰᠯᠠᠵᠤ ᠪᠣᠯᠤᠨ᠎ᠠ︶ ᠤᠨ ᠳᠤᠮᠳᠠᠴᠢ ᠬᠡᠮᠵᠢᠭᠳᠡᠯ ᠢᠶᠠᠷ ᠪᠣᠳᠣᠵᠤ᠂ ᠤᠷᠢᠳᠴᠢᠯᠠᠨ ᠲᠥᠰᠦᠭᠡᠯᠡᠭᠰᠡᠨ ᠡᠳᠦᠷ ᠤᠨ AQI ∨ 200 ᠪᠤᠶᠤ | ᠡᠳᠦᠷ ᠤᠨ AQI ∨150 ᠪᠠᠷ 48 ᠴᠠᠭ ᠦᠷᠭᠦᠯᠵᠢᠯᠡᠭᠦᠯᠬᠦ ᠵᠢᠴᠢ ᠲᠡᠭᠦᠨ ᠠᠴᠠ ᠳᠡᠭᠡᠭᠰᠢ ᠶᠢ ᠡᠯ᠎ᠡ ᠱᠠᠲᠤᠨ ᠤ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠬᠦ | ᠦᠨᠳᠦᠰᠦᠨ ᠨᠥᠬᠦᠴᠡᠯ ᠪᠣᠯᠭᠠᠨ᠎ᠠ᠃ | ᠲᠦᠩᠯᠢᠶᠣᠤ ᠬᠤᠲᠠ ᠶᠢᠨ ᠨᠢᠭᠡᠳᠦᠯᠲᠡᠶ ᠬᠦᠨᠳᠦ ᠪᠣᠬᠢᠷᠲᠤᠯ ᠲᠠᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠲᠠᠰ ᠢ ᠳᠣᠤᠷ᠎ᠠ ᠠᠴᠠ ᠥᠨᠳᠥᠷ ᠲᠡᠶᠢᠰᠢ | ᠰᠢᠷ᠎ᠠ ᠥᠩᠭᠡ ︵Ⅲ ᠲᠠᠰ︶᠂ ᠤᠯᠠᠪᠤᠷ ᠥᠩᠭᠡ ︵Ⅱ ᠲᠠᠰ︶ ᠪᠠ ᠤᠯᠠᠭᠠᠨ ᠥᠩᠭᠡ ︵Ⅰ ᠲᠠᠰ︶ ᠭᠡᠬᠦ ᠭᠤᠷᠪᠠᠨ ᠲᠠᠰ ᠬᠤᠪᠢᠶᠠᠨ᠎ᠠ᠃ ᠳᠡᠰ ᠬᠤᠪᠢᠶᠠᠬᠤ | ᠪᠠᠷᠢᠮᠵᠢᠶ᠎ᠠ ᠨᠢ᠄ | ᠰᠢᠷ᠎ᠠ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI ∨ 200 ᠪᠤᠶᠤ ᠡᠳᠦᠷ ᠤᠨ AQI ∨ 150 ᠪᠠᠷ 48 ᠴᠠᠭ ᠠᠴᠠ ᠳᠡᠭᠡᠭᠰᠢ | ᠦᠷᠭᠦᠯᠵᠢᠯᠡᠬᠦ ᠪᠥᠭᠡᠳ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠥᠬᠡᠶ᠃ | ᠤᠯᠠᠪᠤᠷ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI ∨ 200 ᠪᠠᠷ 48 ᠴᠠᠭ ᠦᠷᠭᠦᠯᠵᠢᠯᠡᠬᠦ ᠪᠤᠶᠤ ᠡᠳᠦᠷ ᠤᠨ AQI ∨ | 150 ᠪᠠᠷ 72 ᠴᠠᠭ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠬᠦ ᠪᠥᠭᠡᠳ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠥᠬᠡᠶ | ᠃ | ᠤᠯᠠᠭᠠᠨ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI ∨200 ᠪᠠᠷ 72 ᠴᠠᠭ ᠦᠷᠭᠦᠯᠵᠢᠯᠡᠬᠦ ᠪᠥᠭᠡᠳ ᠡᠳᠦᠷ ᠤᠨ AQI ∨ | 300 ᠪᠠᠷ 24 ᠴᠠᠭ ᠦᠷᠭᠦᠯᠵᠢᠯᠡᠬᠦ ᠵᠢᠴᠢ ᠲᠡᠭᠦᠨ ᠠᠴᠠ ᠳᠡᠭᠡᠭᠰᠢ ᠪᠣᠯᠤᠨ᠎ᠠ᠃ | AQI ᠶᠢᠨ ᠡᠳᠦᠷ ᠤᠨ ᠳᠤᠮᠳᠠᠴᠢ ᠬᠡᠮᠵᠢᠭᠳᠡᠯ ᠭᠡᠳᠡᠭ ᠨᠢ 24 ᠴᠠᠭ ᠤᠨ ᠳᠤᠮᠳᠠᠴᠢ ᠬᠡᠮᠵᠢᠭᠳᠡᠯ ᠢᠶᠠᠷ ᠪᠤᠳᠤᠭᠰᠠᠨ AQI᠂ ᠦᠷᠭᠦᠯᠵᠢᠯᠡᠬᠦ ᠡᠳᠦᠷ ᠤᠨ ᠲᠤᠭ᠎ᠠ | ᠭᠡᠳᠡᠭ ᠨᠢ 24 ᠴᠠᠭ ᠦᠷᠭᠦᠯᠵᠢᠯᠡᠬᠦ ᠲᠤᠭ᠎ᠠ ᠶᠢ ᠵᠢᠭᠠᠵᠤ ᠪᠠᠶᠢᠨ᠎ᠠ᠃ | 3.2.2 ᠰᠡᠷᠡᠮᠵᠢᠯᠡᠬᠦᠯᠬᠦ ᠨᠡᠶᠢᠳᠡᠯᠡᠯ | ᠢᠷᠡᠭᠡᠳᠦᠶ ᠶᠢᠨ ᠠᠭᠠᠷ ᠤᠨ ᠶᠠᠰᠤ ᠴᠢᠨᠠᠷ ᠨᠢ ᠰᠡᠷᠡᠮᠵᠢᠯᠡᠭᠦᠯᠦᠯ ᠢ ᠡᠬᠢᠯᠡᠭᠦᠯᠬᠦ ᠨᠥᠬᠦᠴᠡᠯ ᠳᠤ ᠬᠦᠷᠴᠦ ᠮᠡᠳᠡᠬᠦ ᠦᠶ᠎ᠡ ᠳᠤ᠂ ᠬᠤᠲᠠ ᠶᠢᠨ ᠵᠠᠰᠠᠭ ᠤᠨ | ᠣᠷᠳᠣᠨ ᠠᠴᠠ 48 ᠴᠠᠭ ᠠᠴᠠ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠨ᠎ᠡ᠃ ᠬᠢᠨᠠᠨ ᠬᠡᠮᠵᠢᠭᠰᠡᠨ ᠠᠭᠠᠷ ᠤᠨ ᠶᠠᠰᠤ ᠴᠢᠨᠠᠷ ᠨᠢ | ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ ᠳᠤ ᠬᠦᠷᠦᠭᠰᠡᠨ ᠮᠥᠷᠲᠡᠭᠡᠨ ᠢᠷᠡᠭᠡᠳᠦᠶ ᠶᠢᠨ 24 ᠴᠠᠭ ᠤᠨ ᠳᠣᠲᠣᠷ᠎ᠠ ᠠᠭᠠᠷ ᠤᠨ ᠶᠠᠰᠤ ᠴᠢᠨᠠᠷ ᠨᠢ ᠢᠯᠡᠳᠲᠡ | ᠰᠠᠶᠢᠵᠢᠷᠠᠬᠤ ᠦᠭᠡᠶ ᠦᠶ᠎ᠡ ᠳᠤ᠂ ᠪᠣᠳᠠᠲᠠᠶ ᠪᠣᠬᠢᠷᠲᠤᠯ ᠤᠨ ᠪᠠᠶᠢᠳᠠᠯ ᠢᠶᠠᠨ ᠦᠨᠳᠦᠰᠦᠯᠡᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ᠃ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠳᠡᠰ ᠳᠠᠷᠠᠭᠠᠯᠠᠯ᠄ | ︵1︶ ᠨᠢᠭᠡ ᠳᠤ᠂ ᠬᠤᠲᠠ ᠶᠢᠨ ᠵᠠᠰᠠᠭ ᠤᠨ ᠣᠷᠳᠣᠨ ᠠᠴᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ | ᠨᠢᠭᠡᠴᠡ ᠪᠣᠯᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ | ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠨ᠎ᠡ᠃ ᠬᠤᠶᠠᠷ ᠲᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠷᠠᠳᠢᠣ᠋ ᠬᠤᠷᠢᠶ᠎ᠠ᠂ ᠲᠧᠯᠸᠢᠰ | ᠬᠤᠷᠢᠶ᠎ᠠ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠵᠢᠴᠢ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠣᠯᠠᠨ ᠨᠡᠶᠢᠲᠡ ᠳᠤ ᠰᠡᠷᠡᠮᠵᠢᠯᠡᠭᠦᠯᠬᠦ ᠮᠡᠳᠡᠭᠡ ᠵᠠᠩᠭᠢ | ᠨᠡᠶᠢᠲᠡᠯᠡᠨ᠎ᠡ᠃ ᠭᠤᠷᠪᠠ ᠳᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠠᠴᠠ ᠲᠣᠰ ᠬᠠᠷᠢᠶ᠎ᠠ ᠣᠷᠣᠨ ᠤ ᠪᠠᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠭᠤᠤᠯᠳᠠᠯᠭ᠎ᠠ ᠲᠠᠢ ᠠᠭᠠᠷ ᠮᠠᠨᠳᠠᠯ ᠤᠨ ᠪᠣᠬᠢᠷᠲᠤᠯ ᠪᠣᠳᠠᠰ | ᠭᠠᠳᠠᠭᠰᠢᠯᠠᠭᠤᠯᠬᠤ ᠠᠵᠤ ᠠᠬᠤᠶᠢᠯᠠᠯ ᠳᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠨ᠎ᠡ᠃ | ︵2︶ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠡᠲᠡᠭᠡᠳ ᠨᠢ ᠠᠷᠭ᠎ᠠ ᠬᠡᠮᠵᠢᠶ᠎ᠡ ᠠᠪᠬᠤ ᠴᠢᠬᠤᠯᠠᠲᠠᠶ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠤᠤᠯᠳᠠᠯᠭ᠎ᠠ ᠲᠠᠢ ᠠᠭᠠᠷ ᠮᠠᠨᠳᠠᠯ ᠤᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠠᠵᠤ ᠠᠬᠤᠶᠢᠯᠠᠯ ᠵᠢᠴᠢ ᠨᠡᠶᠢᠭᠡᠮ ᠤᠨ ᠤᠯᠠᠨ | ᠲᠦᠮᠡᠨ ᠪᠣᠯᠤᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠳᠤ ᠬᠦᠨᠳᠦ ᠪᠣᠬᠢᠷᠲᠤᠯ ᠲᠠᠢ ᠴᠠᠭ ᠠᠭᠤᠷ ᠢᠯᠡᠷᠡᠭᠰᠡᠨ ᠴᠠᠭ ᠬᠤᠭᠤᠴᠠᠭ᠎ᠠ᠂ ᠬᠡᠪᠴᠢᠶ᠎ᠡ᠂ ᠪᠣᠬᠢᠷᠲᠤᠯ ᠤᠨ | ᠬᠡᠮᠵᠢᠶ᠎ᠡ᠂ ᠭᠤᠤᠯ ᠪᠣᠯᠬᠤ ᠪᠣᠬᠢᠷ ᠪᠣᠳᠠᠰ᠂ ᠰᠡᠷᠡᠮᠵᠢᠯᠡᠭᠦᠯᠬᠦ ᠳᠡᠰ ᠵᠢᠴᠢ ᠠᠭᠠᠷ ᠤᠨ ᠪᠣᠬᠢᠷᠲᠤᠯ ᠲᠠᠢ ᠴᠠᠭ ᠠᠭᠤᠷ ᠤᠨ ᠨᠥᠬᠦᠴᠡᠯ ᠤᠨ ᠵᠡᠷᠭᠡ ᠳᠡᠰ ᠵᠡᠷᠭᠡ | ᠪᠠᠭᠲᠠᠨ᠎ᠠ᠃ | ︵3︶ ᠣᠯᠠᠨ ᠨᠡᠶᠢᠲᠡ ᠳᠤ ᠮᠡᠳᠡᠭᠡ ᠵᠠᠩᠭᠢ ᠨᠡᠶᠢᠲᠡᠯᠡᠵᠦ᠂ ᠨᠥᠯᠥᠭᠡᠯᠡᠭᠳᠡᠬᠦ ᠣᠷᠣᠨ ᠪᠦᠰᠡ ᠪᠠ ᠠᠪᠬᠤ ᠶᠣᠰᠣᠲᠠᠶ ᠥᠪᠡᠷ ᠢ ᠪᠠᠨ ᠬᠠᠮᠠᠭᠠᠯᠠᠬᠤ ᠠᠷᠭ᠎ᠠ | ᠬᠡᠮᠵᠢᠶ᠎ᠡ ᠶᠢ ᠮᠡᠳᠡᠭᠳᠡᠵᠦ᠂ ᠠᠳᠠᠯᠢ ᠪᠤᠰᠤ ᠬᠥᠮᠦᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠ ᠶᠠᠪᠤᠵᠤ ᠰᠠᠭᠤᠬᠤ ᠰᠠᠨᠠᠭᠤᠯᠭ᠎ᠠ ᠳᠤᠷᠠᠳᠴᠤ᠂ ᠬᠠᠯᠳᠠᠪᠤᠷᠢᠯᠠᠭᠳᠠᠬᠤ ᠳᠤ | ᠠᠮᠠᠷᠬᠠᠨ ᠬᠥᠮᠥᠰ ᠢ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠰᠠᠨᠠᠭᠤᠯᠤᠨ᠎ᠠ᠃ | ︵4︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠪᠣᠯᠤᠨ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠢᠴᠢ ᠣᠷᠴᠢᠨ ᠲᠣᠭᠤᠷᠢᠨ ᠤ ᠠᠭᠠᠷ ᠤᠨ | ᠪᠣᠬᠢᠷᠲᠤᠯ ᠤᠨ ᠭᠤᠤᠯᠳᠠᠯᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠤ ᠣᠷᠣᠵᠤ᠂ ᠪᠠᠴᠢᠮ ᠪᠠᠶᠢᠳᠠᠯ ᠢ | ᠠᠷᠭᠠᠴᠠᠭᠠᠬᠤ ᠵᠤᠬᠢᠬᠤ ᠠᠷᠭ᠎ᠠ ᠬᠡᠮᠵᠢᠶ᠎ᠡ ᠠᠪᠤᠨ᠎ᠠ᠃ | ︵5︶ ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠴᠠᠭ ᠠᠭᠤᠷ ᠤᠨ ᠨᠥᠬᠦᠴᠡᠯ᠂ | ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠪᠣᠬᠢᠷᠲᠤᠯ ᠤᠨ ᠬᠤᠪᠢᠷᠠᠯᠲᠠ ᠶᠢᠨ ᠬᠠᠨᠳᠤᠰᠢ ᠳᠤ ᠰᠤᠳᠤᠯᠤᠨ | ᠮᠠᠭᠠᠳᠯᠠᠯᠲᠠ ᠬᠢᠵᠦ᠂ ᠪᠣᠬᠢᠷᠲᠤᠯ ᠤᠨ ᠬᠥᠭᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠦᠨ᠎ᠡ᠃ | ᠬᠤᠲᠠ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ ᠴᠠᠭ ᠲᠤᠬᠠᠶ ᠳᠤᠨᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ | ᠮᠡᠳᠡᠭᠦᠯᠦᠨ ᠳᠠᠩᠰᠠᠯᠠᠭᠤᠯᠤᠨ᠎ᠠ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠰᠡᠷᠡᠮᠵᠢᠯᠡᠭᠦᠯᠦᠯ ᠨᠡᠶᠢᠲᠡᠯᠡᠬᠦ ᠳᠡᠭᠡᠨ ᠬᠤᠲᠠ ᠶᠢᠨ ᠱᠠᠲᠤᠨ ᠤ ᠰᠡᠷᠡᠮᠵᠢᠯᠡᠭᠦᠯᠦᠯ ᠤᠨ ᠱᠠᠭᠠᠷᠳᠠᠯᠭ᠎ᠠ ᠪᠠᠷ ᠯᠠᠪᠯᠠᠯᠲᠠ | ᠪᠣᠯᠭᠠᠨ ᠬᠡᠷᠡᠭᠵᠢᠭᠦᠯᠬᠦ ᠬᠡᠷᠡᠭᠲᠡᠶ᠃ | 3.2.3 ᠰᠡᠷᠡᠮᠵᠢᠯᠡᠭᠦᠯᠦᠯ ᠤᠨ ᠲᠠᠰ ᠤᠨ ᠲᠣᠬᠢᠷᠡᠭᠤᠯᠥᠯᠳᠡ ᠪᠠ ᠰᠡᠷᠡᠮᠵᠢᠯᠡᠬᠦᠯᠥᠯ ᠢ ᠬᠦᠴᠣᠨ ᠦᠭᠡᠢ ᠪᠤᠯᠭᠠᠬᠤ | ᠤᠷᠢᠳᠴᠢᠯᠠᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ ᠳᠤ ᠬᠤᠪᠢᠷᠠᠯᠲᠠ ᠭᠠᠷᠬᠤ ᠦᠶ᠎ᠡ ᠳᠤ ᠰᠡᠷᠡᠮᠵᠢᠯᠡᠭᠦᠯᠦᠯ ᠤᠨ ᠳᠡᠰ ᠲᠤ ᠴᠠᠭ | ᠲᠤᠬᠠᠶ ᠳᠤᠨᠢ ᠲᠣᠬᠢᠷᠠᠭᠤᠯᠤᠯᠲᠠ ᠬᠢᠬᠦ ᠪᠤᠶᠤ ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠬᠤ ᠬᠡᠷᠡᠭᠲᠡᠶ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠴᠦᠨ ᠦᠭᠡᠶ | ᠪᠣᠯᠭᠠᠬᠤ ᠪᠤᠶᠤ ᠲᠣᠬᠢᠷᠠᠭᠤᠯᠬᠤ ᠭᠤᠤᠯ ᠴᠣᠭᠴᠠ ᠪᠣᠯᠤᠨ ᠨᠡᠶᠢᠲᠡᠯᠡᠬᠦ ᠳᠡᠰ ᠳᠠᠷᠠᠭᠠᠯᠠᠯ ᠨᠢ ᠡᠬᠢᠯᠡᠭᠦᠯᠬᠦ ᠳᠡᠰ ᠳᠠᠷᠠᠭᠠᠯᠠᠯ ᠯᠤᠭ᠎ᠠ ᠨᠢᠭᠡᠳᠦᠯᠲᠡᠶ ᠪᠠᠶᠢᠬᠤ ᠬᠡᠷᠡᠭᠲᠡᠶ᠃ | ᠳᠡᠭᠡᠳᠦ ᠰᠡᠷᠡᠮᠵᠢᠯᠡᠭᠦᠯᠦᠯ᠄ ᠡᠮᠦᠨ᠎ᠡ ᠬᠤᠶᠢᠨ᠎ᠠ ᠬᠤᠶᠠᠷ ᠤᠳᠠᠭ᠎ᠠ ᠬᠦᠨᠳᠦ ᠪᠣᠬᠢᠷᠲᠤᠭᠰᠠᠨ ᠶᠠᠪᠤᠴᠠ ᠶᠢ ᠤᠷᠢᠳᠴᠢᠯᠠᠨ ᠲᠥᠰᠦᠭᠡᠯᠡᠭᠰᠡᠨ ᠮᠥᠷᠲᠡᠭᠡᠨ ᠠᠯᠤᠰᠯᠠᠬᠤ | ᠴᠠᠭ ᠨᠢ 36 ᠴᠠᠭ ᠪᠣᠯᠤᠭᠰᠠᠨ ᠦᠭᠡᠢ ᠪᠤᠯ ᠨᠢᠭᠡ ᠤᠳᠠᠭ᠎ᠠ ᠬᠦᠨᠳᠦ ᠪᠣᠬᠢᠷᠲᠤᠭᠰᠠᠨ ᠶᠠᠪᠤᠴᠠ ᠪᠠᠷ ᠪᠤᠳᠤᠵᠤ᠂ ᠳᠡᠭᠡᠳᠦ ᠲᠠᠰ ᠢᠶᠠᠷ ᠰᠡᠷᠡᠮᠵᠢᠯᠡᠭᠦᠯᠦᠯ ᠢ | ᠡᠬᠢᠯᠡᠭᠦᠯᠦᠨ᠎ᠡ᠃ ᠠᠭᠠᠷ ᠤᠨ ᠶᠠᠰᠤ ᠴᠢᠨᠠᠷ ᠨᠡᠩ ᠳᠡᠭᠡᠳᠦ ᠲᠠᠰ ᠤᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠢ ᠲᠥᠰᠥᠭᠡᠯᠡᠭᠰᠡᠨ ᠪᠤᠶᠤ ᠬᠢᠨᠠᠨ ᠬᠡᠮᠵᠢᠭᠰᠡᠨ | ᠦᠶ᠎ᠡ ᠳᠤ᠂ ᠡᠷᠲᠡᠬᠡᠨ ᠳᠡᠰ ᠳᠡᠪᠰᠢᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠰᠡᠷᠡᠮᠵᠢᠯᠡᠭᠦᠯᠦᠯ ᠤᠨ ᠳᠡᠰ ᠪᠠᠭᠤᠷᠠᠭᠤᠯᠬᠤ᠄ ᠠᠭᠠᠷ ᠤᠨ ᠶᠠᠰᠤ ᠴᠢᠨᠠᠷ ᠨᠢ ᠰᠠᠶᠢᠵᠢᠷᠠᠵᠤ ᠵᠤᠬᠢᠬᠤ ᠳᠡᠰ ᠤᠨ ᠰᠡᠷᠡᠮᠵᠢᠯᠡᠭᠦᠯᠦᠯ ᠢ ᠡᠬᠢᠯᠡᠭᠦᠯᠬᠦ ᠪᠠᠷᠢᠮᠵᠢᠶ᠎ᠠ ᠠᠴᠠ | ᠳᠣᠷᠣᠭᠰᠢ ᠪᠤᠯᠤᠭᠰᠠᠨ ᠢ ᠲᠥᠰᠦᠭᠡᠯᠡᠬᠦ ᠪᠤᠶᠤ ᠬᠢᠨᠠᠨ ᠬᠡᠮᠵᠢᠭᠰᠡᠨ ᠪᠦᠭᠡᠳ 36 ᠴᠠᠭ ᠠᠴᠠ ᠳᠡᠭᠡᠭᠰᠢ ᠦᠷᠭᠦᠯᠵᠢᠯᠡᠬᠦ ᠶᠢ ᠲᠥᠰᠥᠭᠡᠯᠡᠭᠰᠡᠨ ᠦᠶ᠎ᠡ ᠳᠤ᠂ | ᠰᠡᠷᠡᠮᠵᠢᠯᠡᠭᠦᠯᠦᠯ ᠤᠨ ᠲᠠᠰ ᠢ ᠪᠠᠭᠤᠷᠠᠭᠤᠯᠵᠤ ᠪᠤᠯᠬᠤ ᠶᠢᠨ ᠬᠠᠮᠲᠤ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ ᠪᠣᠯᠤᠨ᠎ᠠ᠃ | ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠬᠤ᠄ ᠠᠭᠠᠷ ᠤᠨ ᠶᠠᠰᠤ ᠴᠢᠨᠠᠷ ᠨᠢ ᠰᠠᠶᠢᠵᠢᠷᠠᠵᠤ ᠬᠥᠩᠭᠡᠪᠲᠦᠷ ᠪᠣᠬᠢᠷᠲᠤᠯ ᠵᠢᠴᠢ ᠲᠡᠭᠦᠨ ᠠᠴᠠ ᠳᠣᠷᠣᠭᠰᠢᠬᠢ ᠲᠠᠰ | ᠪᠤᠯᠤᠭᠰᠠᠨ ᠢ ᠲᠥᠰᠦᠭᠡᠯᠡᠬᠦ ᠪᠤᠶᠤ ᠬᠢᠨᠠᠨ ᠬᠡᠮᠵᠢᠬᠦ ᠶᠢᠨ ᠬᠠᠮᠲᠤ 36 ᠴᠠᠭ ᠠᠴᠠ ᠳᠡᠭᠡᠭᠰᠢ ᠦᠷᠭᠦᠯᠵᠢᠯᠡᠬᠦ ᠶᠢ ᠲᠥᠰᠥᠭᠡᠯᠡᠭᠰᠡᠨ ᠦᠶ᠎ᠡ ᠳᠤ᠂ ᠰᠡᠷᠡᠮᠵᠢᠯᠡᠭᠦᠯᠦᠯ ᠢ | ᠬᠦᠴᠦᠨ ᠥᠬᠡᠶ ᠪᠣᠯᠭᠠᠵᠤ ᠪᠣᠯᠬᠤ ᠪᠥᠭᠡᠳ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ ᠪᠣᠯᠤᠨ᠎ᠠ᠃ | 3.2.4 ᠰᠡᠷᠡᠮᠵᠢᠯᠡᠭᠦᠯᠦᠯ ᠢ ᠬᠢᠨᠠᠨ ᠵᠥᠪᠰᠢᠶᠡᠷᠡᠬᠦ | ᠴᠠᠭ ᠠᠭᠤᠷ ᠤᠨ ᠨᠥᠬᠦᠴᠡᠯ ᠤᠨ ᠵᠠᠳᠠᠯᠤᠯᠲᠠ ᠶᠢ ᠦᠨᠳᠦᠰᠦᠯᠡᠨ᠂ ᠤᠷᠢᠳᠴᠢᠯᠠᠨ ᠲᠥᠰᠦᠭᠡᠯᠡᠭᠰᠡᠨ ᠪᠤᠶᠤ ᠬᠢᠨᠠᠨ ᠬᠡᠮᠵᠢᠭᠰᠡᠨ ᠠᠭᠠᠷ ᠤᠨ ᠶᠠᠰᠤ ᠴᠢᠨᠠᠷ ᠤᠳᠠᠯ | ᠥᠬᠡᠶ ᠰᠡᠷᠡᠮᠵᠢᠯᠡᠭᠦᠯᠬᠦ ᠶᠢ ᠡᠬᠢᠯᠡᠭᠦᠯᠬᠦ ᠨᠥᠬᠦᠴᠡᠯ ᠳᠤ ᠬᠦᠷᠦᠭᠰᠡᠨ ᠦᠶ᠎ᠡ ᠳᠤ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ | ᠴᠠᠭ ᠠᠭᠤᠷ ᠤᠨ ᠲᠣᠪᠴᠢᠶ᠎ᠠ ᠲᠡᠷᠡ ᠳᠠᠷᠤᠶ ᠳᠤᠨᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠵᠥᠪᠳᠡᠯᠴᠡᠭᠰᠡᠨ | ᠦᠷ᠎ᠡ ᠳ᠋ᠦᠩ ᠪᠠ ᠰᠡᠷᠡᠮᠵᠢᠯᠡᠭᠦᠯᠬᠦ ᠰᠠᠨᠠᠭᠤᠯᠭ᠎ᠠ ᠪᠠᠨ ᠮᠡᠳᠡᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ | ᠲᠠᠰ ᠳᠠᠷᠠᠭᠠᠯᠠᠯ ᠤᠨ ᠶᠣᠰᠣᠭᠠᠷ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠮᠡᠳᠡᠭᠦᠯᠦᠨ | ᠵᠥᠪᠰᠢᠶᠡᠷᠡᠭᠦᠯᠬᠦ ᠬᠡᠷᠡᠭᠲᠡᠶ᠃ | ᠰᠢᠷ᠎ᠠ ᠥᠩᠭᠡ᠂ ᠤᠯᠠᠪᠤᠷ ᠥᠩᠭᠡ ᠶᠢᠨ ᠰᠡᠷᠡᠮᠵᠢᠯᠡᠭᠦᠯᠦᠯ ᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ | ᠵᠢᠯᠤᠭᠤᠳᠤᠭᠴᠢ ᠭᠠᠷ ᠤᠨ ᠦᠰᠦᠭ ᠵᠢᠷᠤᠵᠤ ᠬᠢᠨᠠᠨ ᠵᠦᠪᠰᠢᠶᠡᠷᠡᠨ᠎ᠡ᠃ ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠤᠭᠴᠢ ︵ᠪᠤᠶᠤ ᠡᠷᠬᠡ ᠤᠯᠭᠤᠭᠰᠠᠨ ᠳᠡᠳ᠋ ᠶᠡᠷᠦᠩᠬᠡᠢ ᠵᠢᠯᠤᠭᠤᠳᠤᠭᠴᠢ︶ ᠭᠠᠷ ᠤᠨ ᠦᠰᠦᠭ ᠵᠢᠷᠤᠵᠤ ᠬᠢᠨᠠᠨ | ᠵᠦᠪᠰᠢᠶᠡᠷᠡᠨ᠎ᠡ᠃ ᠰᠡᠷᠡᠮᠵᠢᠯᠡᠭᠦᠯᠬᠦ ᠮᠡᠳᠡᠭᠡ ᠵᠠᠩᠬᠢ ᠶᠢ ᠲᠠᠷᠬᠠᠭᠠᠬᠤ ᠳᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠠᠯᠪᠠᠨ ᠭᠡᠷ ᠤᠨ | ᠡᠷᠬᠢᠯᠡᠭᠴᠢ ︵ᠪᠤᠶᠤ ᠡᠷᠬᠡ ᠤᠯᠭᠤᠭᠰᠠᠨ ᠠᠯᠪᠠᠨ ᠭᠡᠷ ᠤᠨ ᠳᠡᠳ᠋ ᠡᠷᠬᠢᠯᠡᠭᠴᠢ︶ ᠬᠢᠨᠠᠨ ᠵᠦᠪᠰᠢᠶᠡᠷᠡᠨ᠎ᠡ᠃ | 3.3 ᠣᠷᠣᠨ ᠪᠦᠰᠡ ᠶᠢᠨ ᠪᠠᠴᠢᠮ ᠪᠠᠶᠢᠳᠡᠯ ᠢ ᠠᠷᠭᠠᠴᠠᠬᠤ ᠬᠠᠮᠳᠣᠷᠡᠨ ᠬᠦᠳᠡᠯᠥᠯᠴᠡᠬᠦ ᠠᠵᠢᠯᠯᠠᠭ᠎ᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵ | 2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠤᠨ ᠱᠠᠭᠠᠷᠳᠠᠯᠭ᠎ᠠ ᠶᠣᠰᠣᠭᠠᠷ᠂ ᠲᠦᠩᠯᠢᠶᠣᠤ ᠬᠤᠲᠠ ᠶᠢᠨ ᠬᠤᠷᠴᠢᠨ ᠲᠣᠭᠤᠷᠢᠭ᠂ ᠬᠤᠷᠴᠢᠨ ᠵᠡᠭᠦᠨ | ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠨᠠᠢᠮᠠᠨ ᠬᠤᠰᠢᠭᠤ᠂ ᠬᠦᠷᠢᠶ᠎ᠡ ᠬᠤᠰᠢᠭᠤ᠂ ᠺᠠᠶᠢᠯᠦ ᠰᠢᠶᠠᠨ ᠬᠢᠭᠡᠳ | ᠤᠯᠠᠭᠠᠨᠬᠠᠳᠠ ᠬᠤᠲᠠ ᠶᠢᠨ ᠨᠢᠩᠴᠧᠩ ᠰᠢᠶᠠᠨ᠂ ᠶᠤᠸᠠᠨ ᠪᠦᠦ ᠱᠠᠨ ᠲᠣᠭᠤᠷᠢᠭ᠂ ᠰᠦᠩᠱᠠᠨ ᠲᠣᠭᠤᠷᠢᠭ᠂ ᠬᠤᠩᠱᠠᠨ ᠲᠣᠭᠤᠷᠢᠭ ᠢ ᠣᠷᠣᠨ ᠪᠦᠰᠡ ᠶᠢᠨ | ᠪᠣᠬᠢᠷᠲᠤᠯ ᠢ ᠬᠢᠵᠠᠭᠠᠷᠯᠠᠬᠤ ᠲᠣᠭᠤᠷᠢᠭ ᠪᠣᠯᠭᠠᠨ ᠳᠣᠭᠢᠷᠠᠭᠤᠯᠵᠤ᠂ ᠣᠷᠣᠨ ᠪᠦᠰᠡ ᠶᠢ ᠨᠢᠭᠡᠳᠦᠯᠲᠡᠶ ᠲᠥᠯᠥᠪᠯᠡᠨ ᠬᠠᠮᠲᠤᠷᠠᠨ ᠬᠥᠳᠡᠯᠦᠯᠴᠡᠬᠦ ᠶᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠤᠨ | ᠨᠡᠶᠢᠲᠡᠯᠡᠭᠰᠡᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠵᠦ ᠰᠡᠷᠡᠮᠵᠢᠯᠡᠭᠦᠯᠬᠦ ᠰᠠᠨᠠᠭᠤᠯᠤᠮᠵᠢ ᠶᠢᠨ ᠮᠡᠳᠡᠭᠡ ᠵᠠᠩᠭᠢ ᠶᠢ | ᠨᠡᠶᠢᠲᠡᠯᠡᠬᠦ ᠳᠤ᠂ ᠬᠤᠲᠠ ᠶᠢᠨ ᠵᠠᠰᠠᠭ ᠤᠨ ᠣᠷᠳᠣᠨ ᠰᠡᠷᠡᠮᠵᠢᠯᠡᠭᠦᠯᠬᠦ ᠰᠠᠨᠠᠭᠤᠯᠤᠮᠵᠢ ᠶᠢᠨ ᠮᠡᠳᠡᠭᠡ ᠵᠠᠩᠭᠢ ᠶᠢ ᠦᠨᠳᠦᠰᠦᠯᠡᠨ᠂ ᠰᠡᠷᠡᠮᠵᠢᠯᠡᠭᠦᠯᠵᠦ ᠴᠤᠤᠷᠢᠶᠠᠳᠤᠨ | ᠳᠠᠭᠠᠬᠤ ᠳᠡᠰ ᠢ ᠴᠠᠭ ᠲᠤᠬᠠᠶ ᠳᠤᠨᠢ ᠡᠬᠢᠯᠡᠭᠦᠯᠵᠦ᠂ ᠬᠠᠮᠢᠶ᠎ᠠ ᠪᠦᠬᠦᠢ ᠣᠷᠣᠨ ᠪᠦᠰᠡ ᠳᠤ ᠨᠢᠭᠡᠳᠦᠯᠲᠡᠶ ᠵᠤᠬᠢᠬᠤ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠠᠪᠴᠤ | ᠂ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠬᠤᠯᠪᠣᠭᠠᠯᠠᠨ ᠬᠥᠳᠡᠯᠦᠯᠴᠡᠬᠦ ᠠᠵᠢᠯ ᠢ ᠦᠷᠨᠢᠭᠦᠯᠦᠨ᠎ᠡ᠃ | ᠲᠦᠩᠯᠢᠶᠣᠤ ᠬᠤᠲᠠ ᠶᠢᠨ ᠬᠠᠮᠢᠶ᠎ᠠ ᠪᠦᠬᠦᠢ ᠬᠤᠰᠢᠭᠤ ᠰᠢᠶᠠᠨ ᠬᠤᠲᠠ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠤᠨ ᠵᠢᠭᠠᠪᠤᠷᠢ | ᠶᠣᠰᠣᠭᠠᠷ ᠰᠡᠷᠡᠮᠵᠢᠯᠡᠭᠦᠯᠬᠦ ᠮᠡᠳᠡᠭᠡ ᠵᠠᠩᠭᠢ ᠶᠢ ᠵᠡᠷᠭᠡᠪᠡᠷ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠡᠷᠭᠡᠪᠡᠷ ᠡᠬᠢᠯᠡᠭᠦᠯᠵᠦ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠵᠡᠷᠭᠡᠪᠡᠷ ᠠᠪᠴᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠵᠡᠷᠭᠡᠪᠡᠷ ᠬᠦᠴᠦᠨ ᠦᠭᠡᠢ ᠪᠤᠯᠭᠠᠨ᠎ᠠ᠃ | ᠬᠤᠰᠢᠭᠤ ᠰᠢᠶᠠᠨ ᠬᠤᠲᠠ ᠲᠣᠭᠤᠷᠢᠭ ᠤᠨ ᠬᠠᠮᠲᠤᠷᠠᠨ ᠬᠥᠳᠡᠯᠦᠯᠴᠡᠬᠦ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠶᠢ ᠪᠡᠶᠡᠯᠡᠭᠦᠯᠵᠦ᠂ ᠬᠠᠮᠲᠤᠷᠠᠨ ᠳᠠᠭᠠᠬᠤ᠂ | ᠬᠠᠮᠲᠤᠷᠠᠨ ᠵᠢᠭᠠᠨ ᠵᠢᠯᠤᠭᠤᠳᠬᠤ᠂ ᠬᠠᠮᠲᠤᠷᠠᠨ ᠵᠥᠪᠳᠡᠯᠴᠡᠬᠦ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠰᠡᠷᠭᠡᠶᠢᠯᠡᠨ ᠡᠵᠡᠮᠳᠡᠬᠦ ᠨᠡᠶᠢᠯᠡᠮᠡᠯ ᠬᠦᠴᠦᠨ ᠢ | ᠪᠣᠶ ᠪᠣᠯᠭᠠᠵᠤ᠂ ᠪᠣᠬᠢᠷᠲᠤᠯ ᠤᠨ ᠬᠡᠮᠵᠢᠶ᠎ᠡ ᠶᠢ ᠪᠦᠲᠦᠮᠵᠢᠲᠡᠶ ᠪᠠᠭᠠᠰᠬᠠᠨ᠎ᠠ᠃ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠵᠢᠯᠣᠭᠤᠳᠣᠯᠭ᠎ᠠ ᠳᠣᠤᠷ᠎ᠠ᠂ ᠠᠵᠢᠯ ᠤᠨ ᠬᠡᠷᠡᠭᠴᠡᠭᠡ ᠪᠠᠨ | ᠦᠨᠳᠦᠰᠦᠯᠡᠨ ᠡᠷᠬᠢᠨ ᠲᠣᠭᠤᠷᠢᠨ ᠤ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠠᠵᠢᠯ ᠢ ᠥᠷᠨᠢᠭᠦᠯᠵᠦ ᠪᠣᠯᠤᠨ᠎ᠠ᠃ | 4 ᠪᠠᠴᠢᠮ ᠪᠠᠶᠢᠳᠠᠯ ᠢ ᠠᠷᠭᠠᠴᠠᠬᠤ ᠶᠢ ᠴᠤᠤᠷᠢᠶᠠᠳᠤᠨ ᠳᠠᠭᠠᠬᠤ | 4.1 ᠴᠤᠤᠷᠢᠶᠠᠳᠤᠨ ᠳᠠᠭᠠᠬᠤ ᠶᠢ ᠳᠡᠰ ᠬᠤᠪᠢᠶᠡᠬᠤ | ᠰᠡᠷᠡᠮᠵᠢᠯᠡᠭᠦᠯᠦᠯ ᠤᠨ ᠳᠡᠰ ᠲᠠᠢ ᠬᠠᠷᠠᠭᠠᠯᠵᠠᠭᠤᠯᠤᠨ ᠭᠤᠷᠪᠠᠨ ᠳᠡᠰ ᠤᠨ ᠴᠤᠤᠷᠢᠶᠠᠳᠤᠨ ᠳᠠᠭᠠᠬᠤ ᠶᠢ ᠬᠡᠷᠡᠭᠵᠢᠭᠦᠯᠦᠨ᠎ᠡ᠃ | ︵1︶ ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠬᠦ ᠣᠢᠶ᠎ᠠ ᠳᠤ᠂ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠶᠢ | ᠡᠬᠢᠯᠡᠭᠦᠯᠦᠨ᠎ᠡ᠃ | ︵2︶ ᠤᠯᠠᠪᠤᠷ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠬᠦ ᠦᠶ᠎ᠡ ᠳᠤ Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠶᠢ | ᠡᠬᠢᠯᠡᠭᠦᠯᠦᠨ᠎ᠡ᠃ | ︵3︶ ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠬᠦ ᠦᠶ᠎ᠡ ᠳᠤ᠂ Ⅰ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠶᠢ | ᠡᠬᠢᠯᠡᠭᠦᠯᠦᠨ᠎ᠡ᠃ | 4.2 ᠴᠤᠤᠷᠢᠶᠠᠳᠤᠨ ᠳᠠᠭᠠᠬᠤ ᠶᠢ ᠡᠬᠢᠯᠡᠭᠦᠯᠬᠦ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠮᠡᠭᠴᠡ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠲᠠᠢ ᠬᠤᠯᠪᠣᠭᠳᠠᠬᠤ ᠬᠤᠰᠢᠭᠤ | ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠣᠰ ᠲᠣᠰ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠤᠨ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠶᠢ ᠳᠠᠷᠦ᠋ᠢᠬᠠᠨ ᠡᠬᠢᠯᠡᠭᠦᠯᠵᠦ᠂ ᠪᠠᠴᠢᠮ ᠪᠠᠶᠢᠳᠠᠯ ᠢ | ᠠᠷᠭᠠᠴᠠᠬᠤ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠮᠠᠰᠢᠨᠲᠤ ᠲᠡᠷᠭᠡᠨ ᠤ ᠶᠠᠪᠤᠬᠤ ᠶᠢ | ᠬᠢᠵᠠᠭᠠᠷᠯᠠᠬᠤ᠂ ᠳᠤᠮᠳᠠᠳᠤ ᠪᠠᠭ᠎ᠠ ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠤᠨ ᠬᠢᠴᠢᠶᠡᠯ ᠵᠣᠭᠰᠣᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠡᠬᠢᠨ ᠤ ᠴᠠᠭ ᠢ | ᠲᠤᠬᠠᠶ ᠶᠢᠨ ᠤᠳᠠᠭᠠᠨ ᠤ ᠤᠷᠢᠳᠴᠢᠯᠠᠨ ᠰᠡᠷᠡᠮᠵᠢᠯᠡᠭᠦᠯᠵᠦ ᠮᠡᠳᠡᠭᠳᠡᠯ ᠨᠡᠶᠢᠲᠡᠯᠡᠬᠦ ᠪᠣᠳᠠᠲᠠᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠤᠨ | ᠣᠷᠣᠨ ᠪᠦᠰᠡ ᠶᠢᠨ ᠴᠢᠨᠠᠷᠲᠠᠶ ᠰᠡᠷᠡᠮᠵᠢᠯᠡᠭᠦᠯᠦᠯ ᠪᠤᠶᠤ ᠪᠦᠬᠦ ᠥᠪᠡᠷᠲᠡᠭᠡᠨ ᠵᠠᠰᠠᠬᠤ ᠣᠷᠣᠨ ᠤ ᠰᠡᠷᠡᠮᠵᠢᠯᠡᠭᠦᠯᠦᠯ ᠢ ᠨᠡᠶᠢᠲᠡᠯᠡᠬᠦ ᠳᠤ᠂ ᠲᠦᠩᠯᠢᠶᠣᠤ ᠬᠤᠲᠠ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ | ᠵᠤᠬᠢᠬᠤ ᠰᠡᠷᠡᠮᠵᠢᠯᠡᠭᠦᠯᠬᠦ ᠴᠤᠤᠷᠢᠶᠠᠳᠤᠨ ᠳᠠᠭᠠᠬᠤ ᠳᠡᠰ ᠢ ᠴᠠᠭ ᠲᠤᠬᠠᠶ ᠳᠤᠨᠢ ᠡᠬᠢᠯᠡᠭᠦᠯᠵᠦ᠂ ᠵᠤᠬᠢᠬᠤ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ | ᠠᠪᠬᠤ ᠬᠡᠷᠡᠭᠲᠡᠶ᠃ | ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠬᠡᠪᠴᠢᠶᠡᠨ ᠳᠤ ᠣᠷᠣᠭᠤᠯᠤᠭᠰᠠᠨ ᠬᠤᠰᠢᠭᠤ ᠰᠢᠶᠠᠨ ᠬᠤᠲᠠ | ᠲᠣᠭᠤᠷᠢᠭ ᠨᠢ ᠨᠢᠭᠡᠳᠦᠯᠲᠡᠶ ᠲᠠᠰ ᠤᠨ ᠰᠡᠷᠡᠮᠵᠢᠯᠡᠭᠦᠯᠦᠯ ᠢ ᠡᠬᠢᠯᠡᠭᠦᠯᠵᠦ᠂ ᠰᠡᠷᠡᠮᠵᠢᠯᠡᠭᠦᠯᠬᠦ ᠳᠡᠰ ᠪᠠ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ | ᠴᠠᠭ ᠢ ᠲᠤᠬᠠᠶ ᠶᠢᠨ ᠭᠠᠵᠠᠷ ᠤᠨ ᠲᠥᠰᠦᠭᠡᠯᠡᠵᠦ ᠤᠷᠢᠳᠴᠢᠯᠠᠨ ᠮᠡᠳᠡᠭᠦᠯᠦᠭᠰᠡᠨ ᠦᠷ᠎ᠡ ᠳ᠋ᠦᠩ ᠢ ᠦᠨᠳᠦᠰᠦᠯᠡᠨ ᠲᠣᠭᠲᠠᠭᠠᠬᠤ ᠦᠭᠡᠶ᠃ | 4.3 ᠵᠢᠯᠥᠭᠤᠳᠬᠤ ᠪᠠ ᠵᠣᠬᠢᠴᠠᠭᠤᠯᠬᠤ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠨᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ Ⅰ ᠲᠠᠰ ᠤᠨ ᠴᠤᠤᠷᠢᠶᠠᠳᠤᠨ ᠳᠠᠭᠠᠬᠤ ᠦᠶᠡᠰ | ᠳᠠᠷᠤᠶ ᠲᠦᠷᠭᠡᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠪᠠᠶᠢᠷᠢᠯᠠᠭᠤᠯᠤᠯᠲᠠ ᠬᠢᠵᠦ᠂ Ⅱ ᠲᠠᠰ᠂ Ⅲ ᠲᠠᠰ ᠤᠨ | ᠴᠤᠤᠷᠢᠶᠠᠳᠤᠨ ᠳᠠᠭᠠᠬᠤ ᠦᠶ᠎ᠡ ᠳᠤ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠪᠠᠶᠢᠷᠢᠯᠠᠭᠤᠯᠤᠯᠲᠠ ᠬᠢᠨ᠎ᠡ᠃ | ᠵᠢᠯᠣᠭᠤᠳᠬᠤ ᠪᠠ ᠵᠣᠬᠢᠴᠠᠭᠤᠯᠬᠤ ᠶᠢᠨ ᠭᠤᠤᠯ ᠠᠭᠤᠯᠭ᠎ᠠ᠄ | ︵1︶ ᠪᠣᠳᠠᠲᠤ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠳᠤᠷᠠᠳᠤᠨ᠎ᠠ︔ | ︵2︶ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠪᠠ ᠠᠵᠢᠯᠲᠠᠨ ᠢ ᠲᠣᠮᠢᠯᠠᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠠᠵᠢᠯ ᠳᠤ | ᠣᠷᠣᠯᠴᠠᠭᠤᠯᠤᠨ᠎ᠠ︔ | ︵3︶ ᠡᠯ᠎ᠡ ᠱᠠᠲᠤ᠂ ᠡᠯ᠎ᠡ ᠲᠤᠰᠬᠠᠶ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠬᠦᠴᠦᠨ ᠢ ᠵᠣᠬᠢᠴᠠᠭᠤᠯᠵᠤ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ | ᠬᠡᠷᠡᠭᠵᠢᠭᠦᠯᠦᠨ᠎ᠡ︔ | ︵4︶ ᠳᠡᠭᠡᠷ᠎ᠡ ᠨᠢᠭᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ | ᠴᠠᠭ ᠲᠤᠬᠠᠶ ᠳᠤᠨᠢ ᠮᠡᠳᠡᠭᠦᠯᠦᠨ᠎ᠡ᠃ | ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠡᠬᠢᠯᠡᠭᠦᠯᠬᠦ ᠶᠢᠨ ᠬᠠᠮᠲᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ | ᠪᠣᠬᠢᠷᠲᠤᠯ ᠤᠨ ᠣᠨᠴᠠᠯᠢᠭ ᠢ ᠦᠨᠳᠦᠰᠦᠯᠡᠨ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠳᠤ ᠴᠢᠭᠯᠡᠭᠦᠯᠬᠦ ᠴᠢᠨᠠᠷᠲᠠᠶ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ | ᠪᠠᠴᠢᠮ ᠪᠠᠶᠢᠳᠠᠯ ᠢ ᠠᠷᠭᠠᠴᠠᠬᠤ ᠶᠢᠨ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ | 4.4 ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ | 4.4.1 ᠶᠡᠷᠦᠩᠭᠡᠢ ᠱᠠᠭᠠᠷᠳᠡᠯᠭ᠎ᠠ | ︵1︶ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠨᠢᠭᠡᠳᠦᠯᠲᠡᠶ ᠲᠣᠭᠲᠠᠭᠠᠨ᠎ᠠ᠃ ᠬᠦᠨᠳᠦ | ᠪᠣᠬᠢᠷᠲᠤᠯ ᠲᠠᠢ ᠴᠠᠭ ᠠᠭᠤᠷ ᠤᠨ Ⅲ ᠳᠡᠰ᠂ Ⅱ ᠳᠡᠰ᠂ Ⅰᠳᠡᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠬᠤᠭᠤᠴᠠᠭᠠᠨ ᠳᠤ᠂ | ᠬᠦᠬᠦᠷ ᠤᠨ ᠳᠠᠪᠬᠤᠷ ᠢᠰᠦᠯ ︵SO2︶᠂ ᠠᠽᠣᠲ ᠤᠨ ᠢᠰᠦᠮᠡᠭ ︵NOx︶᠂ ᠮᠥᠬᠦᠯᠢᠭᠲᠦ ᠪᠣᠳᠠᠰ ︵PM︶ ᠪᠠ ᠳᠡᠭᠳᠡᠮᠡᠬᠡᠶ ᠴᠢᠨᠠᠷᠲᠠᠶ ᠣᠷᠭᠠᠨᠢᠭ | ᠪᠣᠳᠠᠰ ︵VOCs︶ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠲᠤᠰ ᠲᠤᠰ ᠪᠦᠬᠦ ᠨᠡᠶᠢᠭᠡᠮ ᠤᠨ ᠭᠠᠳᠠᠭᠰᠢᠯᠠᠭᠤᠯᠬᠤ | ᠬᠡᠮᠵᠢᠶ᠎ᠡ ᠶᠢᠨ ᠡᠵᠡᠯᠡᠬᠦ ᠬᠠᠷᠢᠴᠠᠯ ᠤᠨ 10%᠂ 20% ᠪᠠ 30% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃ ᠲᠦᠩᠯᠢᠶᠣᠤ ᠬᠤᠲᠠ ᠶᠢᠨ ᠪᠣᠬᠢᠷᠲᠤᠯ | ᠪᠣᠳᠠᠰ ᠤᠨ ᠭᠠᠳᠠᠭᠰᠢᠯᠠᠭᠤᠯᠤᠯᠲᠠ ᠶᠢᠨ ᠪᠦᠷᠢᠯᠳᠦᠯ ᠢ ᠦᠨᠳᠦᠰᠦᠯᠡᠨ SO2 ᠪᠠ NOx ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ | ᠲᠣᠬᠢᠷᠠᠭᠤᠯᠵᠤ ᠪᠣᠯᠤᠨ᠎ᠠ᠂ ᠭᠡᠪᠡᠴᠦ ᠬᠤᠶᠠᠭᠤᠯᠠ ᠶᠢᠨ ᠬᠠᠷᠢᠴᠠᠯ ᠤᠨ ᠨᠡᠶᠢᠯᠡᠪᠦᠷᠢ ᠶᠢ ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠠᠴᠠ ᠳᠣᠤᠷ᠎ᠠ ᠪᠠᠶᠢᠯᠭᠠᠵᠤ | ᠪᠣᠯᠬᠤ ᠦᠭᠡᠢ᠃ | ︵2︶ ᠨᠠᠷᠢᠨ ᠲᠠᠩᠰᠠ ᠶᠢᠨ ᠲᠥᠷᠥᠯ ᠬᠤᠪᠢᠶᠠᠨ ᠪᠠᠴᠢᠮ ᠪᠠᠶᠢᠳᠠᠯ ᠢ ᠠᠷᠭᠠᠴᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠬᠤᠲᠠ ᠬᠤᠰᠢᠭᠤ ᠬᠤᠶᠠᠷ | ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢ ᠲᠣᠭᠲᠠᠭᠠᠬᠤ ᠶᠢᠨ ᠬᠠᠮᠲᠤ ᠴᠠᠭ ᠲᠤᠬᠠᠶ ᠳᠤᠨᠢ | ᠵᠠᠰᠠᠪᠤᠷᠢ ᠣᠷᠣᠭᠤᠯᠵᠤ᠂ ᠬᠡᠢ ᠳᠤ ᠬᠤᠯᠪᠣᠭᠳᠠᠬᠤ ᠪᠣᠬᠢᠷᠲᠤᠯ ᠤᠨ ᠡᠬᠢ ᠶᠢ ᠪᠦᠬᠦᠨ ᠢ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠨᠠᠷᠢᠨ ᠬᠠᠭᠤᠳᠠᠰᠤ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠣᠬᠢᠷᠲᠤᠯ ᠪᠣᠳᠠᠰ ᠢ ᠬᠢᠵᠠᠭᠠᠷᠯᠠᠬᠤ ᠲᠡᠷᠢᠭᠦᠨ ᠴᠢᠬᠤᠯᠠ ᠱᠠᠭᠠᠷᠳᠠᠯᠭ᠎ᠠ ᠲᠠᠢ | ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠪᠠ ᠠᠳᠠᠯᠢ ᠪᠤᠰᠤ ᠤᠷᠢᠳᠴᠢᠯᠠᠨ | ᠰᠡᠷᠡᠮᠵᠢᠯᠡᠭᠦᠯᠬᠦ ᠲᠠᠰ ᠤᠨ ᠠᠵᠤ ᠦᠢᠯᠡᠳᠪᠦᠷᠢ ᠶᠢᠨ ᠢᠷᠡᠯᠲᠡ᠂ ᠲᠣᠭᠤᠰᠣ ᠳᠡᠭᠳᠡᠬᠦ ᠡᠬᠢ ᠰᠤᠷᠪᠤᠯᠵᠢ᠂ ᠰᠢᠯᠵᠢᠮᠡᠯ ᠡᠬᠢ ᠰᠤᠷᠪᠤᠯᠵᠢ ᠪᠠ ᠪᠤᠰᠤᠳ ᠪᠣᠬᠢᠷᠲᠤᠯ ᠤᠨ | ᠨᠠᠷᠢᠨ ᠬᠠᠭᠤᠳᠠᠰᠤ ᠶᠢᠨ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠬᠢᠨᠠᠮᠠᠭᠠᠶ ᠲᠣᠭᠠᠴᠠᠭ᠎ᠠ ᠬᠢᠵᠦ᠂ | ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ᠂ ᠪᠦᠲᠦᠮᠵᠢᠲᠡᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠵᠤ᠂ ᠲᠥᠷᠥᠯ ᠬᠤᠪᠢᠶᠠᠨ ᠵᠠᠰᠠᠵᠤ᠂ ᠰᠢᠨᠵᠢᠯᠡᠬᠦ | ᠤᠬᠠᠭᠠᠨᠴᠢ ᠪᠠᠷ ᠬᠠᠮᠢᠶᠠᠷᠤᠨ ᠡᠵᠡᠮᠳᠡᠬᠦ ᠬᠡᠷᠡᠭᠲᠡᠶ᠃ ᠵᠠᠷᠴᠢᠮ ᠳᠡᠭᠡᠷ᠎ᠡ ᠪᠠᠨ᠂ ᠠᠵᠤ ᠦᠢᠯᠡᠳᠪᠦᠷᠢ ᠶᠢᠨ ᠠᠵᠤ ᠠᠬᠤᠢᠯᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠦᠢᠯᠡᠳᠪᠦᠷᠢᠯᠡᠯ ᠤᠨ ᠱᠤᠭᠤᠮ ᠪᠤᠶᠤ ᠠᠵᠢᠯ ᠤᠨ ᠳᠠᠷᠠᠭᠠᠯᠠᠯ ︵ᠲᠦᠬᠦᠭᠡᠷᠦᠮᠵᠢ︶ ᠢ ᠵᠣᠭᠰᠣᠭᠠᠬᠤ / | ᠬᠢᠵᠠᠭᠠᠷᠯᠠᠬᠤ ᠪᠠᠷ ᠭᠤᠣᠯ ᠪᠣᠯᠭᠠᠵᠤ᠂ ︽ᠬᠡᠷᠡᠭᠵᠢᠭᠦᠯᠵᠦ ᠪᠣᠯᠬᠤ᠂ ᠬᠢᠨᠠᠨ ᠬᠡᠮᠵᠢᠵᠦ ᠪᠣᠯᠬᠤ᠂ ᠬᠠᠷᠭᠤᠭᠤᠯᠤᠨ ᠪᠠᠶᠢᠴᠠᠭᠠᠵᠤ ᠪᠣᠯᠬᠤ︾ ᠶᠢ ᠪᠡᠶᠡᠯᠡᠭᠦᠯᠦᠨ᠎ᠡ᠃ | ︵3︶ ᠵᠦᠷᠢᠶᠡᠴᠢᠯᠡᠭᠰᠡᠨ ᠲᠠᠰ ᠬᠤᠪᠢᠶᠠᠨ ᠪᠠᠴᠢᠮ ᠪᠠᠶᠢᠳᠠᠯ ᠢ ᠠᠷᠭᠠᠴᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠠᠷᠠᠳ ᠤᠨ ᠠᠮᠢᠳᠤᠷᠠᠯ ᠤᠨ ᠬᠡᠪ ᠤᠨ | ᠬᠡᠷᠡᠭᠴᠡᠭᠡ ᠪᠠ ᠨᠡᠶᠢᠭᠡᠮ ᠤᠨ ᠠᠵᠢᠯᠯᠠᠭᠠᠨ ᠢ ᠪᠠᠲᠤᠯᠠᠬᠤ ᠶᠢᠨ ᠲᠤᠰᠠᠳᠠ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠳᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢ ᠳᠡᠰ ᠬᠤᠪᠢᠶᠠᠬᠤ ᠪᠠ ᠵᠥᠷᠢᠶᠡᠵᠢᠬᠦᠯᠦᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ | ᠬᠡᠷᠡᠭᠴᠡᠭᠡ ᠱᠠᠭᠠᠷᠳᠠᠯᠭ᠎ᠠ ᠳᠤ ᠬᠤᠯᠪᠣᠭᠳᠠᠬᠤ ᠠᠵᠤ ᠠᠬᠤᠶᠢᠯᠠᠯ᠂ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠬᠤᠲᠠ ᠶᠢᠨ ᠠᠵᠢᠯᠯᠠᠭᠠᠨ ᠤ | ᠪᠠᠲᠤᠯᠠᠭ᠎ᠠ ᠶᠢᠨ ᠲᠡᠷᠭᠡ ᠬᠥᠰᠬᠡ ᠶᠢ ᠪᠠᠲᠤᠯᠠᠭ᠎ᠠ ᠶᠢᠨ ᠲᠥᠷᠥᠯ ᠤᠨ ᠨᠠᠷᠢᠨ ᠬᠠᠭᠤᠳᠠᠰᠤ ᠳᠤ ᠣᠷᠣᠭᠤᠯᠤᠨ ᠪᠠᠲᠤᠯᠠᠭ᠎ᠠ ᠬᠠᠩᠭᠠᠵᠤ᠂ ︽ᠨᠢᠭᠡ ᠯᠡ ᠠᠳᠠᠯᠢ ᠪᠠᠷ | ᠱᠠᠭᠠᠷᠳᠠᠬᠤ︾ ᠶᠢ ᠰᠡᠷᠭᠡᠶᠢᠯᠡᠬᠦ ᠬᠡᠷᠡᠭᠲᠡᠶ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠲᠡᠰ ᠤᠨ ᠪᠠᠷᠢᠮᠵᠢᠶ᠎ᠠ ᠳᠤ ᠬᠦᠷᠦᠭᠰᠡᠨ | ᠠᠵᠤ ᠠᠬᠤᠶᠢᠯᠠᠯ ᠳᠤ ᠪᠣᠯ ᠵᠠᠷᠴᠢᠮ ᠳᠡᠭᠡᠷ᠎ᠡ ᠪᠠᠨ ᠦᠢᠯᠡᠳᠪᠦᠷᠢᠯᠡᠯ ᠢ ᠵᠣᠭᠰᠣᠭᠠᠬᠤ ᠪᠤᠶᠤ ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠠᠯᠪᠠᠳᠠᠯᠭ᠎ᠠ ᠪᠠᠷ | ᠬᠡᠷᠡᠭᠵᠢᠭᠦᠯᠬᠦ ᠦᠭᠡᠢ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ B ᠲᠡᠰ ᠤᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠳᠤ | ᠦᠢᠯᠡᠳᠪᠦᠷᠢᠯᠡᠯ ᠢ ᠵᠣᠭᠰᠣᠭᠠᠬᠤ ᠪᠤᠶᠤ ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢ ᠪᠠᠭᠠᠰᠬᠠᠬᠤ ᠬᠡᠷᠡᠭᠲᠡᠢ︔ ᠪᠣᠬᠢᠷᠲᠤᠯ ᠢ ᠵᠠᠰᠠᠬᠤ ᠬᠢᠷᠢ | ᠬᠡᠮᠵᠢᠶ᠎ᠡ ᠪᠠᠷ ᠳᠣᠤᠷ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠦᠢᠯᠡᠳᠪᠦᠷᠢᠯᠡᠯ ᠢᠶᠠᠨ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ | ᠬᠡᠮᠵᠢᠶ᠎ᠡ ᠶᠢᠨ ᠡᠷᠴᠢᠮ ᠢ ᠴᠢᠩᠭᠠᠷᠠᠭᠤᠯᠵᠤ᠂ ᠴᠢᠳᠠᠪᠤᠷᠢ ᠲᠠᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠡᠭᠦᠰᠬᠦ ᠦᠶ᠎ᠡ ᠳᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠠᠪᠬᠤ ᠶᠢ ᠵᠣᠷᠢᠭᠵᠢᠭᠤᠯᠤᠨ᠎ᠠ᠃ ᠵᠠᠷᠴᠢᠮ ᠳᠡᠭᠡᠷ᠎ᠡ ᠪᠠᠨ ᠴᠠᠬᠢᠯᠭᠠᠨ ᠤ | ᠦᠢᠯᠡᠳᠪᠦᠷᠢ᠂ ᠰᠠᠭᠤᠭᠠᠯᠢ ᠠᠷᠠᠳ ᠤᠨ ᠳᠤᠯᠠᠭᠠᠯᠠᠬᠤ ᠭᠦᠸᠧᠯᠦ ᠶᠢᠨ ᠭᠡᠷ᠂ ᠬᠡᠢ ᠳᠤ ᠬᠤᠯᠪᠣᠭᠳᠠᠬᠤ ᠵᠢᠵᠢᠭ ᠪᠢᠴᠢᠯ ᠠᠵᠤ ᠠᠬᠤᠶᠢᠯᠠᠯ ︵ᠲᠦᠯᠡᠰᠢᠨ ᠪᠤᠰᠤ | ᠨᠡᠭᠦᠷᠡᠰᠦ᠂ ᠰᠢᠲᠠᠭᠠᠬᠤ ᠪᠤᠰᠤ ᠲᠣᠰᠣ᠂ ᠪᠣᠬᠢᠷ ᠪᠣᠳᠠᠰ ᠤᠨ ᠬᠤᠪᠢᠶᠠᠷᠢᠯᠠᠯᠲᠠ ᠶᠢ ᠳᠠᠩ ᠭᠠᠭᠴᠠ ᠪᠠ ᠭᠠᠳᠠᠭᠰᠢᠯᠠᠭᠤᠯᠤᠭᠰᠠᠨ ᠠᠭᠠᠷ ᠮᠠᠨᠳᠠᠯ ᠤᠨ ᠪᠣᠬᠢᠷᠲᠤᠯ ᠤᠨ | ᠪᠣᠳᠠᠰ ᠲᠤ ᠬᠤᠤᠷ ᠬᠥᠨᠥᠭᠡᠯ ᠲᠠᠢ ᠵᠢᠴᠢ ᠦᠮᠡᠬᠡᠶ ᠬᠡᠢ ᠪᠠᠶᠢᠬᠤ ᠦᠭᠡᠶ᠂ ᠪᠣᠬᠢᠷ ᠪᠣᠳᠠᠰ ᠤᠨ ᠣᠨ ᠤ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ 100 | ᠺᠢᠯᠣᠭ᠍ᠷᠠᠮ ᠠᠴᠠ ᠳᠣᠷᠣᠭᠰᠢᠬᠢ ᠠᠵᠤ ᠠᠬᠤᠶᠢᠯᠠᠯ︶ ᠵᠡᠷᠭᠡ ᠳᠤ ᠦᠢᠯᠡᠳᠪᠦᠷᠢᠯᠡᠬᠦ ᠶᠢ ᠨᠢ ᠵᠣᠭᠰᠣᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠬᠦᠴᠢᠷᠲᠡᠶ ᠪᠠᠶᠢᠬᠤ ᠪᠠᠶᠢᠳᠠᠯ ᠳᠣᠤᠷ᠎ᠠ᠂ ᠬᠡᠷᠡᠭᠴᠡᠭᠡ ᠶᠣᠰᠣᠭᠠᠷ ᠠᠭᠠᠷ ᠮᠠᠨᠳᠠᠯ ᠤᠨ ᠵᠢᠵᠢᠭ ᠠᠵᠤ ᠠᠬᠤᠶᠢᠯᠠᠯ ᠳᠤ | ᠵᠤᠬᠢᠬᠤ ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠤᠨ ᠳᠤᠯᠠᠭᠠᠯᠠᠭ᠎ᠠ ᠬᠠᠩᠭᠠᠬᠤ ᠭᠦᠸᠧᠯᠦ ᠪᠣᠯᠤᠨ ᠲᠤᠬᠠᠶ ᠶᠢᠨ ᠭᠠᠵᠠᠷ ᠤᠨ ᠠᠭᠠᠷ ᠤᠨ ᠶᠠᠰᠤ ᠴᠢᠨᠠᠷ ᠲᠤ | ᠨᠥᠯᠥᠭᠡ ᠪᠠᠷ ᠪᠠᠭ᠎ᠠ ᠠᠮᠢᠳᠤᠷᠠᠯ ᠤᠨ ᠦᠢᠯᠡᠴᠢᠯᠡᠭᠡᠨ ᠤ ᠦᠢᠯᠡᠰ ᠢ ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠠ ᠠᠪᠬᠤ ᠠᠴᠠ ᠵᠠᠶᠢᠯᠠᠰᠬᠢᠵᠦ ᠪᠣᠯᠤᠨ᠎ᠠ᠃ | ︵4︶ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠬᠡᠷᠡᠭᠵᠢᠭᠦᠯᠬᠦ ᠲᠥᠰᠥᠯ ᠢ ᠨᠠᠷᠢᠯᠢᠭᠵᠢᠭᠤᠯᠤᠨ᠎ᠠ᠃ ᠬᠤᠲᠠ ᠶᠢᠨ ᠠᠮᠢ | ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠵᠤ | ᠠᠬᠤᠶᠢᠯᠠᠯ ᠢ ᠵᠢᠯᠣᠭᠤᠳᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ | ︵5︶ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠵᠤ ᠴᠤᠤᠷᠢᠶᠠᠳᠤᠨ ᠳᠠᠭᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ | ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠣᠷᠣᠨ ᠪᠦᠰᠡ ᠶᠢᠨ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠬᠡᠷᠡᠭᠯᠡᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠵᠡᠷᠭᠡ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠥᠨᠳᠥᠷ ᠥᠷᠲᠡᠭ ᠲᠠᠢ ᠪᠠᠶᠢᠨ ᠳᠠᠬᠢᠨ ᠡᠭᠦᠰᠬᠦ ᠭᠤᠤᠯᠳᠠᠯᠭ᠎ᠠ ᠲᠠᠢ | ᠬᠤᠰᠢᠭᠤ ᠰᠢᠶᠠᠨ ᠬᠤᠲᠠ ᠲᠣᠭᠤᠷᠢᠭ ᠲᠤ ᠵᠤᠷᠢᠭᠤᠯᠤᠨ᠂ ᠬᠤᠯᠪᠣᠭᠠᠯᠠᠨ ᠬᠠᠤᠯᠢ ᠬᠡᠷᠡᠭᠵᠢᠭᠦᠯᠬᠦ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠪᠠ ᠦᠢᠯᠡᠳᠪᠦᠷᠢ ᠳᠤ | ᠰᠠᠭᠤᠵᠤ ᠬᠢᠨᠠᠯᠲᠠ ᠲᠠᠯᠪᠢᠬᠤ ᠶᠢ ᠥᠷᠨᠢᠭᠦᠯᠵᠦ᠂ ᠣᠷᠣᠨ ᠪᠦᠰᠡ ᠶᠢᠨ ᠪᠣᠬᠢᠷᠲᠤᠯ ᠢ ᠵᠠᠰᠠᠬᠤ ᠶᠢ ᠬᠠᠮᠵᠢᠯᠴᠠᠭᠤᠯᠬᠤ᠂ ᠠᠷᠭᠠᠴᠠᠨ ᠬᠠᠮᠵᠢᠯᠴᠠᠬᠤ᠂ ᠬᠠᠮᠢᠶᠠᠷᠤᠨ | ᠡᠵᠡᠮᠳᠡᠨ ᠬᠠᠮᠵᠢᠯᠴᠠᠬᠤ ᠶᠢ ᠦᠨᠡᠨ ᠬᠦ ᠠᠬᠢᠭᠤᠯᠤᠨ᠎ᠠ᠃ | 4.4.2 Ⅲ ᠲᠠᠰ ᠤᠨ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠳᠠᠷᠤᠶ ᠲᠦᠷᠭᠡᠨ ᠬᠠᠮᠢᠶ᠎ᠠ ᠪᠥᠬᠦᠶ | ᠰᠠᠯᠠᠭ᠎ᠠ ᠮᠥᠴᠢᠷ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠤᠬᠢᠬᠤ ᠲᠠᠰ ᠤᠨ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠡᠭᠦᠨ ᠳᠤ | ᠳᠣᠣᠷᠠᠬᠢ ᠠᠷᠭ᠎ᠠ ᠬᠡᠮᠵᠢᠶ᠎ᠡ ᠨᠦᠭᠦᠳ ᠪᠠᠭᠲᠠᠬᠤ ᠪᠣᠯᠪᠠᠴᠤ ᠡᠭᠦᠨ ᠳᠤ ᠬᠢᠵᠠᠭᠠᠷᠯᠠᠭᠳᠠᠬᠤ ᠦᠭᠡᠢ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ | ᠤᠬᠠᠭᠤᠯᠬᠤ ᠰᠠᠯᠠᠭ᠎ᠠ ᠮᠥᠴᠢᠷ ᠤᠳ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠶᠢ | ᠰᠢᠮᠳᠠᠭᠤᠯᠤᠨ ᠵᠢᠯᠣᠭᠤᠳᠬᠤ ᠪᠠ ᠵᠣᠬᠢᠴᠠᠭᠤᠯᠬᠤ ᠶᠢ ᠬᠠᠷᠢᠭᠤᠴᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ | ᠳᠠᠭᠠᠬᠤ ᠣᠷᠣᠨ ᠪᠦᠰᠡ ᠳᠤ ᠳᠣᠤᠷᠠᠬᠢ ᠮᠡᠲᠦ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠰᠡᠷᠡᠮᠵᠢᠯᠡᠭᠦᠯᠦᠯ ᠢ ᠨᠡᠶᠢᠲᠡᠯᠡᠨ᠎ᠡ᠄ ᠬᠡᠤᠬᠡᠳ᠂ ᠨᠠᠰᠤᠲᠠᠶᠢᠴᠤᠳ ᠪᠠ ᠵᠢᠷᠦᠬᠡ | ᠲᠠᠷᠢᠬᠢᠨ ᠰᠤᠳᠠᠯ᠂ ᠠᠮᠢᠰᠬᠤᠯ ᠤᠨ ᠰᠢᠰᠲ᠋ᠧᠮ ᠵᠡᠷᠭᠡ ᠡᠪᠡᠳᠴᠢᠨ ᠳᠤ ᠠᠮᠠᠷᠬᠠᠨ ᠬᠠᠯᠳᠠᠪᠤᠷᠢᠯᠠᠭᠳᠠᠬᠤ ᠬᠥᠮᠦᠰ ᠴᠢᠳᠠᠬᠤ ᠶᠢᠨ ᠳᠣᠲᠣᠷ᠎ᠠ ᠥᠷᠥᠭᠡᠨ ᠳᠡᠭᠡᠨ | ᠦᠯᠡᠳᠡᠵᠦ᠂ ᠭᠡᠷ ᠤᠨ ᠭᠠᠳᠠᠨᠠᠬᠢ ᠬᠥᠳᠡᠯᠭᠡᠭᠡᠨ ᠠᠴᠠ ᠵᠠᠶᠢᠯᠠᠰᠬᠢᠨ᠎ᠡ︔ ᠡᠩ ᠤᠨ ᠬᠥᠮᠦᠰ ᠭᠡᠷ ᠤᠨ ᠭᠠᠳᠠᠨᠠᠬᠢ ᠬᠥᠳᠡᠯᠭᠡᠭᠡᠨ ᠪᠠ ᠠᠵᠢᠯᠯᠠᠬᠤ ᠴᠠᠭ ᠢ ᠪᠠᠭᠠᠰᠬᠠᠬᠤ | ᠪᠤᠶᠤ ᠲᠡᠭᠦᠨ ᠠᠴᠠ ᠵᠠᠶᠢᠯᠠᠰᠬᠢᠵᠦ᠂ ᠦᠨᠡᠬᠡᠷ ᠵᠠᠶᠢᠯᠠᠭᠤᠯᠵᠤ ᠪᠣᠯᠬᠤ ᠦᠭᠡᠢ ᠪᠣᠯ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠨ᠎ᠠ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠬᠡᠷ ᠤᠨ ᠭᠠᠳᠠᠨᠠᠬᠢ ᠬᠢᠴᠢᠶᠡᠯ ᠵᠢᠴᠢ | ᠠᠵᠢᠯᠯᠠᠭ᠎ᠠ ᠪᠠᠨ ᠵᠤᠭᠰᠤᠭᠠᠬᠤ ᠶᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠠᠪᠤᠷᠠᠨ ᠵᠠᠰᠠᠬᠤ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠡᠮᠴᠢ ᠰᠤᠪᠢᠯᠠᠭᠴᠢ ᠶᠢ ᠨᠡᠮᠡᠨ ᠲᠤᠮᠢᠯᠠᠵᠤ ᠬᠠᠮᠢᠶ᠎ᠠ ᠪᠥᠬᠦᠶ ᠡᠪᠡᠳᠴᠢᠨ ᠤ ᠡᠭᠦᠳᠡᠨ ᠡᠮᠨᠡᠯᠭᠡ᠂ ᠲᠦᠷᠭᠡᠨ ᠡᠮᠨᠡᠯᠭᠡ ᠶᠢᠨ | ᠬᠦᠴᠦᠨ ᠢ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ | ︵2︶ ᠰᠠᠨᠠᠭᠠᠴᠢᠯᠠᠭ᠎ᠠ ᠶᠢᠨ ᠴᠢᠨᠠᠷᠲᠠᠢ ᠪᠣᠬᠢᠷᠳᠣᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ | ᠤᠬᠠᠭᠤᠯᠬᠤ ᠰᠠᠯᠠᠭ᠎ᠠ ᠮᠥᠴᠢᠷ ᠤᠳ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠶᠢ | ᠰᠢᠮᠳᠠᠭᠤᠯᠤᠨ ᠵᠢᠯᠤᠭᠤᠳᠬᠤ ᠪᠠ ᠵᠤᠬᠢᠴᠠᠭᠤᠯᠬᠤ ᠶᠢ ᠬᠠᠷᠢᠭᠤᠴᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ | ᠳᠠᠭᠠᠬᠤ ᠣᠷᠣᠨ ᠪᠦᠰᠡ ᠳᠤ ᠳᠣᠤᠷᠠᠬᠢ ᠮᠡᠲᠦ ᠰᠠᠨᠠᠭᠠᠴᠢᠯᠠᠭ᠎ᠠ ᠶᠢᠨ ᠮᠡᠳᠡᠭᠡ ᠵᠠᠩᠭᠢ ᠶᠢ ᠨᠡᠶᠢᠲᠡᠯᠡᠨ᠎ᠡ᠄ ᠣᠯᠠᠨ ᠨᠡᠶᠢᠲᠡ ᠶᠢᠨ ᠪᠣᠬᠢᠷᠲᠤᠯ ᠥᠬᠡᠶ ᠬᠡᠷᠡᠭᠯᠡᠭᠡ ᠶᠢ | ᠰᠠᠨᠠᠭᠠᠴᠢᠯᠠᠵᠤ᠂ ᠨᠢᠭᠡᠴᠡ ᠪᠠ ᠣᠯᠠᠨ ᠨᠡᠶᠢᠲᠡ ᠪᠠᠷ ᠢᠶᠠᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠠᠭᠤᠯᠤᠭᠰᠠᠨ ᠲᠦᠷᠬᠢᠬᠡᠰᠦ᠂ ᠰᠢᠷ᠂ ᠠᠭᠤᠰᠬᠠᠭᠴᠢ ᠵᠡᠷᠭᠡ | ᠲᠦᠭᠦᠬᠡᠶ ᠮᠠᠲ᠋ᠧᠷᠢᠶᠠᠯ ᠵᠢᠴᠢ ᠦᠢᠯᠡᠳᠬᠦᠨ ᠢ ᠬᠡᠷᠡᠭᠯᠡᠬᠦ ᠶᠢ ᠠᠯᠢ ᠴᠢᠳᠠᠬᠤ ᠪᠠᠷ ᠪᠠᠭᠠᠰᠬᠠᠨ᠎ᠠ︔ ᠣᠯᠠᠨ ᠨᠡᠶᠢᠲᠡ ᠶᠢᠨ ᠪᠣᠬᠢᠷᠲᠤᠯ ᠦᠭᠡᠢ ᠪᠠᠷ ᠶᠠᠪᠤᠵᠤ ᠰᠠᠭᠤᠬᠤ ᠶᠢ | ᠰᠠᠨᠠᠭᠠᠴᠢᠯᠠᠵᠤ᠂ ᠠᠯᠢ ᠴᠢᠳᠠᠬᠤ ᠪᠠᠷ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠤᠶᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠰᠠᠭᠤᠵᠤ ᠭᠠᠳᠠᠭᠰᠢ | ᠭᠠᠷᠴᠤ᠂ ᠲᠡᠷᠭᠡ ᠪᠠᠨ ᠵᠤᠭᠰᠤᠭᠠᠮᠠᠭᠴᠠ ᠤᠨᠲᠠᠷᠠᠭᠠᠵᠤ᠂ ᠲᠡᠷᠭᠡ ᠬᠥᠰᠬᠡ ᠶᠢᠨ ᠤᠤᠯ ᠭᠠᠵᠠᠷ ᠲᠤᠨᠢ ᠬᠤᠶᠢᠷᠭᠤᠰᠢᠨ ᠠᠵᠢᠯᠯᠠᠬᠤ ᠴᠠᠭ ᠢ ᠪᠠᠭᠠᠰᠬᠠᠨ᠎ᠠ︔ ᠣᠯᠠᠨ | ᠨᠡᠶᠢᠲᠡ ᠶᠢᠨ ᠪᠣᠬᠢᠷᠲᠤᠯ ᠦᠭᠡᠢ ᠠᠮᠢᠳᠤᠷᠠᠯ ᠢ ᠰᠠᠨᠠᠭᠠᠴᠢᠯᠠᠵᠤ᠂ ᠡᠨᠧᠷᠭᠢ ᠶᠢᠨ ᠬᠤᠷᠣᠭᠳᠠᠯ ᠢ ᠪᠠᠭᠠᠰᠬᠠᠨ᠎ᠠ᠃ | ︵3︶ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠠᠯᠪᠠᠳᠠᠨ ᠪᠠᠭᠠᠰᠬᠠᠬᠤ ᠠᠷᠭ᠎ᠠ ᠬᠡᠮᠵᠢᠶ᠎ᠡ | ᠠᠵᠤ ᠦᠢᠯᠡᠳᠪᠦᠷᠢ ᠶᠢᠨ ᠪᠣᠬᠢᠷᠳᠠᠯ ᠢ ᠪᠠᠭᠠᠰᠬᠠᠬᠤ ᠠᠷᠭ᠎ᠠ ᠬᠡᠮᠵᠢᠶ᠎ᠡ᠃ ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠣᠰᠣᠭᠠᠷ᠂ ᠰᠢᠷ᠎ᠠ ᠥᠩᠭᠡ ᠶᠢᠨ | ᠰᠡᠷᠡᠮᠵᠢᠯᠡᠭᠦᠯᠦᠯ ᠤᠨ ᠦᠢᠯᠡᠳᠪᠦᠷᠢᠯᠡᠯ ᠢ ᠵᠤᠭᠰᠤᠭᠠᠵᠤ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠠᠮᠢ | ᠠᠬᠤᠶ ᠶᠢᠨ ᠣᠷᠴᠢᠨ ᠲᠣᠭᠤᠷᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ | ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠳᠠᠭᠠᠭᠠᠴᠠ ᠶᠢ | ᠪᠠᠭᠤᠷᠠᠭᠤᠯᠬᠤ᠂ ᠦᠢᠯᠡᠳᠪᠦᠷᠢᠯᠡᠯ ᠢ ᠵᠣᠭᠰᠣᠭᠠᠬᠤ᠂ ᠪᠣᠬᠢᠷᠲᠤᠯ ᠢ ᠵᠠᠰᠠᠬᠤ ᠶᠢ ᠴᠢᠩᠭᠠᠳᠬᠠᠬᠤ᠂ ᠶᠡᠭᠡ ᠬᠡᠮᠵᠢᠶᠡᠨ ᠤ ᠪᠣᠳᠠᠰ ᠢ ᠬᠥᠭ ᠢ ᠥᠩᠭᠡᠷᠡᠭᠡᠵᠦ | ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢᠨ ᠬᠠᠮᠲᠤ | ᠭᠤᠣᠯᠳᠠᠯᠭ᠎ᠠ ᠲᠠᠢ ᠠᠭᠠᠷ ᠮᠠᠨᠳᠠᠯ ᠤᠨ ᠪᠣᠬᠢᠷᠲᠤᠯ ᠤᠨ ᠡᠬᠢ ᠰᠤᠷᠪᠤᠯᠵᠢ ᠶᠢᠨ ᠲᠤᠬᠠᠶ ᠬᠠᠤᠯᠢ ᠬᠡᠷᠡᠭᠵᠢᠭᠦᠯᠵᠦ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠬᠦ ᠬᠡᠷᠡᠭᠲᠡᠶ᠃ | ᠪᠠᠲᠤᠯᠠᠭ᠎ᠠ ᠶᠢᠨ ᠲᠥᠷᠥᠯ ᠤᠨ ᠠᠵᠤ ᠠᠬᠤᠶᠢᠯᠠᠯ ᠨᠢ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ︽ᠢᠯᠴᠢ ᠪᠠᠷ ᠭᠠᠷᠤᠯᠲᠠ ︵ | ᠴᠠᠬᠢᠯᠭᠠᠨ︶ ᠪᠠᠨ ᠲᠣᠭᠲᠠᠭᠠᠬᠤ︾ ᠪᠤᠶᠤ ︽ᠬᠡᠮᠵᠢᠶ᠎ᠡ ᠪᠠᠷ ᠭᠠᠷᠤᠯᠲᠠ ᠪᠠᠨ ᠲᠣᠭᠲᠠᠭᠠᠬᠤ︾ ᠬᠡᠷᠡᠭᠲᠡᠶ᠃ | ᠲᠣᠭᠤᠰᠣ ᠳᠡᠭᠳᠡᠬᠦ ᠡᠬᠢ ᠰᠤᠷᠪᠤᠯᠵᠢ ᠶᠢ ᠪᠠᠭᠠᠰᠬᠠᠬᠤ ᠠᠷᠭ᠎ᠠ ᠬᠡᠮᠵᠢᠶ᠎ᠡ᠃ ᠠᠭᠤᠷᠬᠠᠶ᠂ ᠬᠠᠶᠢᠷ ᠴᠢᠯᠠᠭᠤᠨ ᠤ ᠦᠢᠯᠡᠳᠪᠦᠷᠢ᠂ ᠴᠢᠯᠠᠭᠤᠨ ᠮᠠᠲ᠋ᠧᠷᠢᠶᠠᠯ ᠤᠨ | ᠦᠢᠯᠡᠳᠪᠦᠷᠢ᠂ ᠴᠢᠯᠠᠭᠤᠨ ᠬᠠᠪᠲᠠᠰᠤ ᠶᠢᠨ ᠦᠢᠯᠡᠳᠪᠦᠷᠢ ᠵᠡᠷᠭᠡ ᠭᠠᠵᠠᠷ ᠲᠤ ᠵᠠᠳᠠᠭᠠᠶ ᠠᠵᠢᠯᠯᠠᠬᠤ ᠶᠢ ᠵᠣᠭᠰᠣᠭᠠᠵᠤ᠂ ᠪᠠᠷᠢᠯᠭ᠎ᠠ ᠶᠢᠨ ᠭᠠᠵᠠᠷ ᠨᠢ ᠰᠢᠷᠣᠶ | ᠴᠢᠯᠠᠭᠤ ᠶᠢᠨ ᠠᠵᠢᠯ ᠢ ᠵᠣᠭᠰᠣᠭᠠᠬᠤ ︵ᠪᠠᠷᠢᠯᠭ᠎ᠠ ᠨᠤᠷᠠᠭᠠᠬᠤ᠂ ᠰᠢᠷᠣᠶ ᠴᠢᠯᠠᠭᠤ ᠮᠠᠯᠲᠠᠬᠤ᠂ ᠡᠭᠡᠭᠦᠯᠦᠨ ᠪᠥᠭᠯᠡᠬᠦ᠂ ᠲᠠᠯᠠᠪᠠᠢ ᠳᠤᠲᠤᠷ᠎ᠠ ᠪᠠᠨ ᠵᠦᠭᠡᠭᠡᠪᠦᠷᠢᠯᠡᠬᠦ᠂ | ᠴᠤᠬᠤᠢ ᠬᠤᠯᠢᠯᠳᠤᠭᠤᠯᠬᠤ᠂ ᠪᠧᠲ᠋ᠣᠨ ᠨᠦᠬᠡᠯᠡᠬᠦ ᠵᠡᠷᠭᠡ ᠠᠵᠢᠯ ᠢ ᠵᠣᠭᠰᠣᠭᠠᠵᠤ᠂ ᠪᠠᠷᠢᠯᠭ᠎ᠠ ᠶᠢᠨ ᠠᠵᠢᠯ ᠤᠨ ᠢᠵᠢ ᠪᠦᠷᠢᠳᠦᠭᠦᠯᠬᠦ ᠵᠠᠮ ᠪᠠ ᠬᠤᠭᠤᠯᠠᠶ ᠳᠡᠪᠢᠰᠬᠦ | ᠭᠤᠤ ᠮᠠᠯᠲᠠᠬᠤ ᠠᠵᠢᠯ ᠢ ᠵᠣᠭᠰᠣᠭᠠᠨ᠎ᠠ︶᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠪᠠ ᠬᠠᠶᠢᠷ ᠴᠢᠯᠠᠭᠤ ᠲᠡᠭᠡᠭᠡᠪᠦᠷᠢᠯᠡᠬᠦ | ᠲᠡᠷᠭᠡ ᠬᠥᠰᠬᠡ ᠶᠢ ᠵᠠᠮ ᠳᠤ ᠭᠠᠷᠭᠠᠨ ᠶᠠᠪᠤᠭᠤᠯᠬᠤ ᠶᠢ ᠴᠠᠭᠠᠵᠠᠯᠠᠬᠤ᠂ ᠰᠢᠷᠣᠶ ᠴᠢᠯᠠᠭᠤ ᠮᠠᠯᠲᠠᠬᠤ ᠵᠡᠷᠭᠡ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ | ᠮᠧᠬᠠᠨᠢᠭ ᠢᠶᠠᠷ ᠠᠵᠢᠯᠯᠠᠭᠤᠯᠬᠤ ᠶᠢ ᠵᠣᠭᠰᠣᠭᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠡᠳᠦᠷ | ᠲᠤᠲᠤᠮ ᠤᠨ ᠵᠠᠮ ᠴᠡᠪᠡᠷᠯᠡᠬᠦ ᠤᠳᠠᠭ᠎ᠠ ᠪᠠᠨ ᠨᠡᠮᠡᠭᠳᠡᠭᠦᠯᠬᠦ ᠶᠢᠨ ᠰᠠᠭᠤᠷᠢᠨ ᠳᠡᠭᠡᠷ᠎ᠡ᠂ ᠱᠦᠭᠦᠷᠳᠡᠨ ᠴᠡᠪᠡᠷᠯᠡᠬᠦ᠂ ᠤᠰᠤ ᠰᠦᠷᠴᠢᠬᠦ ᠵᠡᠷᠭᠡ ᠠᠵᠢᠯ ᠤᠨ ᠳᠠᠪᠲᠠᠮᠵᠢ | ᠤᠳᠠᠭ᠎ᠠ ᠶᠢ ᠨᠡᠮᠡᠭᠳᠡᠭᠦᠯᠦᠨ᠎ᠡ ︵ᠲᠤᠬᠠᠶ ᠶᠢᠨ ᠭᠠᠵᠠᠷ ᠤᠨ ᠬᠥᠯᠳᠡᠬᠦ ᠬᠤᠭᠤᠴᠠᠭ᠎ᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠦᠨ᠎ᠡ︶᠃ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠪᠠᠷᠢᠯᠭ᠎ᠠ ᠶᠢᠨ ᠠᠵᠢᠯ ᠬᠢᠬᠦ ᠪᠠ ᠵᠠᠰᠠᠮᠠᠯ ᠵᠠᠮ ᠤᠨ ᠲᠡᠭᠡᠭᠡᠪᠦᠷᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠠᠰᠠᠮᠠᠯ ᠵᠠᠮ ᠤᠨ ᠲᠣᠭᠤᠰᠣ ᠳᠡᠭᠳᠡᠬᠦ ᠪᠣᠬᠢᠷᠲᠤᠯ ᠢ | ᠰᠡᠷᠭᠡᠶᠢᠯᠡᠨ ᠵᠠᠰᠠᠨ᠎ᠠ᠃ | ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠤ ᠲᠣᠭᠲᠠᠭᠠᠭᠰᠠᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ | ᠠᠷᠠᠳ ᠤᠨ ᠠᠮᠢᠳᠤᠷᠠᠯ ᠤᠨ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠪᠠᠷᠢᠯᠭ᠎ᠠ ᠪᠠᠷᠢᠬᠤ ᠵᠡᠷᠭᠡ ᠨᠢ ᠬᠡᠷᠡᠭᠴᠡᠭᠡ ᠪᠠᠨ ᠦᠨᠳᠦᠰᠦᠯᠡᠨ | ᠦᠷᠭᠦᠯᠵᠢᠯᠡᠨ ᠠᠵᠢᠯᠯᠠᠵᠤ ᠪᠣᠯᠤᠨ᠎ᠠ᠂ ᠭᠡᠪᠡᠴᠦ ︽ᠵᠢᠷᠭᠤᠭᠠᠨ ᠵᠠᠭᠤᠨ ᠤ ᠵᠠᠭᠤ︾ ︵ᠪᠠᠷᠢᠯᠭ᠎ᠠ ᠶᠢᠨ ᠭᠠᠵᠠᠷ ᠤᠨ ᠡᠷᠬᠢᠨ ᠲᠣᠭᠤᠷᠢᠨ ᠢ ᠵᠠᠭᠤᠨ ᠤ ᠵᠠᠭᠤ ᠪᠠᠷ | ᠬᠦᠷᠢᠶᠡᠯᠡᠬᠦ᠂ ᠪᠣᠳᠠᠰ ᠮᠠᠲ᠋ᠧᠷᠢᠶᠠᠯ ᠢ ᠵᠠᠭᠤᠨ ᠤ ᠵᠠᠭᠤ ᠪᠠᠷ ᠣᠪᠣᠭᠠᠯᠠᠵᠤ ᠪᠦᠷᠬᠦᠬᠦ᠂ ᠲᠡᠷᠭᠡ ᠬᠥᠰᠬᠡ ᠶᠢ ᠵᠠᠭᠤᠨ ᠤ ᠵᠠᠭᠤ ᠪᠠᠷ ᠤᠬᠢᠶᠠᠬᠤ᠂ ᠪᠠᠷᠢᠯᠭ᠎ᠠ ᠶᠢᠨ | ᠭᠠᠵᠠᠷ ᠤᠨ ᠵᠠᠮ ᠢ ᠵᠠᠭᠤᠨ ᠤ ᠵᠠᠭᠤ ᠪᠠᠷ ᠬᠠᠲᠠᠭᠤᠷᠠᠭᠤᠯᠬᠤ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠢ ᠵᠠᠭᠤᠨ ᠤ ᠵᠠᠭᠤ ᠪᠠᠷ ᠨᠦᠢᠲᠠᠨ ᠪᠤᠯᠭᠠᠨ ᠠᠵᠢᠯᠯᠠᠬᠤ᠂ | ᠬᠤᠭ ᠰᠢᠷᠣᠶ ᠶᠢᠨ ᠲᠡᠷᠭᠡ ᠬᠥᠰᠬᠡ ᠶᠢ ᠵᠠᠭᠤᠨ ᠤ ᠵᠠᠭᠤ ᠪᠠᠷ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ︶ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠤᠵᠢᠭᠢᠷ ᠨᠢᠴᠦᠭᠦᠨ ᠲᠠᠯᠠᠪᠤᠷ ᠭᠠᠵᠠᠷ ᠢ ᠪᠦᠬᠦᠨ ᠢ ᠪᠦᠷᠬᠦᠵᠦ᠂ ᠤᠰᠤ ᠰᠦᠷᠴᠢᠵᠦ ᠲᠣᠭᠤᠰᠣ ᠳᠠᠷᠤᠬᠤ ᠤᠳᠠᠭ᠎ᠠ ᠶᠢ ᠨᠡᠮᠡᠭᠳᠡᠭᠦᠯᠬᠦ ᠬᠡᠷᠡᠭᠲᠡᠶ᠃ | ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠦᠢᠯᠡᠳᠪᠦᠷᠢ ᠠᠭᠤᠷᠬᠠᠶ ᠶᠢᠨ ᠠᠵᠤ | ᠠᠬᠤᠶᠢᠯᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠢᠯᠭ᠎ᠠ ᠶᠢᠨ ᠭᠠᠵᠠᠷ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠨᠢᠰᠬᠡᠯ ᠤᠨ | ᠪᠠᠭᠤᠳᠠᠯ᠂ ᠲᠡᠮᠦᠷ ᠵᠠᠮ ᠤᠨ ᠪᠠᠷᠠᠭᠠᠨ ᠤ ᠲᠠᠯᠠᠪᠠᠢ ᠳᠣᠲᠣᠷ᠎ᠠ ᠤᠯᠤᠰ ᠤᠨ Ⅱ ᠲᠠᠰ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢ | ᠬᠠᠩᠭᠠᠬᠤ ᠦᠭᠡᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠬᠡᠷᠡᠭᠯᠡᠬᠦ ᠶᠢ ᠴᠠᠭᠠᠵᠠᠯᠠᠨ᠎ᠠ᠃ ᠵᠠᠷᠴᠢᠮ ᠳᠡᠭᠡᠷ᠎ᠡ ᠪᠠᠨ ᠬᠤᠲᠠ ᠶᠢᠨ ᠠᠵᠢᠯᠯᠠᠭᠠᠨ ᠤ | ᠪᠠᠲᠤᠯᠠᠭ᠎ᠠ ᠶᠢᠨ ᠲᠡᠷᠭᠡ ᠬᠥᠰᠬᠡ ᠪᠠ ᠡᠭᠦᠷᠭᠡ ᠭᠦᠢᠴᠡᠳᠬᠡᠬᠦ ᠣᠨᠴᠠ ᠲᠥᠷᠥᠯ ᠤᠨ ᠲᠡᠷᠭᠡ ᠬᠥᠰᠬᠡ ᠶᠢ ᠭᠠᠷᠭᠠᠪᠠᠯ᠂ ᠬᠤᠲᠠ ᠲᠣᠭᠤᠷᠢᠭ ᠳᠣᠲᠣᠷ᠎ᠠ ᠬᠦᠨᠳᠦ | ᠬᠡᠯᠪᠡᠷᠢ ᠶᠢᠨ ᠪᠠ ᠳᠤᠮᠳᠠ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ︵ᠰᠢᠲᠠᠮᠠᠬᠠᠶ ᠬᠡᠢ ᠪᠠᠭᠲᠠᠨ᠎ᠠ︶᠂ ᠭᠤᠷᠪᠠᠨ ᠬᠦᠷᠳᠦᠲᠦ ᠮᠠᠰᠢᠨ ᠲᠡᠷᠭᠡ᠂ | ᠳᠣᠤᠷ᠎ᠠ ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ ᠪᠠ ᠲᠷᠠᠺᠲ᠋ᠣᠷ ᠵᠠᠮ ᠳᠤ ᠭᠠᠷᠬᠤ ᠶᠢ ᠴᠠᠭᠠᠵᠠᠯᠠᠨ᠎ᠠ᠃ ᠬᠤᠰᠢᠭᠤ ᠰᠢᠶᠠᠨ ᠬᠤᠲᠠ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠬᠦᠨᠳᠦ | ᠪᠣᠬᠢᠷᠲᠤᠯ ᠲᠠᠢ ᠴᠠᠭ ᠠᠭᠤᠷ ᠤᠨ ᠬᠤᠭᠤᠴᠠᠭᠠᠨ ᠳᠤ ᠶᠠᠪᠤᠬᠤ ᠶᠢ ᠬᠢᠵᠠᠭᠠᠷᠯᠠᠬᠤ ᠵᠠᠷᠯᠠᠯ ᠶᠣᠰᠣᠭᠠᠷ᠂ ᠬᠦᠨᠳᠦ ᠬᠡᠯᠪᠡᠷᠢ᠂ ᠳᠤᠮᠳᠠ ᠬᠡᠯᠪᠡᠷᠢ ᠶᠢᠨ ᠪᠠᠷᠠᠭᠠᠨ ᠤ ᠲᠡᠷᠭᠡ | ᠵᠢᠴᠢ ᠪᠠᠷᠢᠯᠭ᠎ᠠ ᠶᠢᠨ ᠲᠡᠷᠭᠡ ᠵᠡᠷᠭᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠵᠦ᠂ ᠬᠢᠯᠢ ᠪᠠᠷ ᠥᠩᠭᠡᠷᠡᠬᠦ ᠲᠡᠷᠭᠡ | ᠬᠥᠰᠬᠡ ᠶᠢ ᠬᠥᠲᠥᠯᠥᠨ ᠵᠢᠯᠣᠭᠤᠳᠴᠤ ᠪᠠᠶᠢᠭᠠᠳ ᠬᠤᠲᠠ ᠲᠣᠭᠤᠷᠢᠭ ᠠᠴᠠ ᠵᠠᠶᠢᠯᠠᠭᠤᠯᠤᠨ ᠶᠠᠪᠤᠭᠤᠯᠤᠨ᠎ᠠ᠃ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠤᠰᠤᠳ ᠠᠷᠭ᠎ᠠ ᠬᠡᠮᠵᠢᠶ᠎ᠡ᠃ ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ | ᠬᠡᠭᠡᠷ᠎ᠡ ᠭᠠᠳᠠᠨ᠎ᠠ ᠰᠢᠲᠠᠭᠠᠬᠤ ᠶᠢ ᠴᠠᠭᠠᠵᠠᠯᠠᠬᠤ᠂ ᠢᠳᠡᠭᠡᠨ ᠤᠮᠳᠠᠭᠠᠨ ᠤ ᠲᠣᠰᠣᠨ ᠣᠲᠤᠭ᠎ᠠ ᠶᠢ ᠬᠠᠮᠢᠶᠠᠷᠤᠨ ᠡᠵᠡᠮᠳᠡᠬᠦ᠂ ᠬᠤᠸᠠᠷ ᠫᠤᠤᠵᠢᠩ ᠲᠠᠯᠪᠢᠬᠤ ᠶᠢ | ᠴᠠᠭᠠᠵᠠᠯᠠᠬᠤ ᠵᠡᠷᠭᠡ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠤᠰᠤᠳ ᠠᠷᠭ᠎ᠠ ᠬᠡᠮᠵᠢᠶ᠎ᠡ ᠠᠪᠬᠤ ᠬᠡᠷᠡᠭᠲᠡᠶ᠃ ᠠᠮᠢ ᠠᠬᠤᠶ ᠶᠢᠨ ᠣᠷᠴᠢᠨ | ᠲᠣᠭᠤᠷᠢᠨ ᠤ ᠰᠠᠯᠠᠭ᠎ᠠ ᠮᠥᠴᠢᠷ ᠨᠢ ᠲᠠᠷᠢᠮᠠᠯ ᠤᠨ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠬᠤᠲᠠ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ | ᠮᠣᠳᠣᠨ ᠨᠠᠪᠴᠢ᠂ ᠬᠤᠭ ᠨᠣᠪᠰᠢ ᠶᠢ ᠵᠠᠳᠠᠭᠠᠶ ᠰᠢᠲᠠᠭᠠᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠢᠳᠡᠭᠡᠨ ᠤᠮᠳᠠᠭᠠᠨ ᠤ | ᠲᠣᠰᠣᠨ ᠣᠲᠤᠭ᠎ᠠ ᠰᠢᠢᠳᠪᠦᠷᠢᠯᠡᠬᠦ ᠪᠡᠯᠡᠳᠬᠡᠮᠵᠢ ᠶᠢᠨ ᠬᠡᠪ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ | ᠰᠠᠯᠠᠭ᠎ᠠ ᠮᠥᠴᠢᠷ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | 4.4.3 Ⅱ ᠲᠠᠰ ᠤᠨ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ | Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠣᠬᠢᠷᠲᠤᠯ ᠢ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠨᠡᠮᠡᠪᠡ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠭᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠶᠢ ᠨᠢ ᠵᠤᠭᠰᠤᠭᠠᠬᠤ ᠶᠢ ᠬᠢᠨᠠᠨ ᠵᠢᠯᠤᠭᠤᠳᠴᠤ ᠵᠤᠬᠢᠶᠠᠨ ᠪᠠᠶᠢᠭᠤᠯᠵᠤ᠂ ᠪᠡᠶ᠎ᠡ ᠶᠢᠨ ᠲᠠᠮᠢᠷ ᠤᠨ | ᠰᠢᠯᠭᠠᠯᠲᠠ ᠪᠣᠯᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠭᠡᠷ ᠤᠨ ᠭᠠᠳᠠᠨᠠᠬᠢ ᠠᠵᠢᠯᠯᠠᠭ᠎ᠠ ᠶᠢ ᠬᠤᠶᠢᠰᠢᠯᠠᠭᠤᠯᠤᠨ ᠬᠢᠬᠦ ᠶᠢ ᠬᠠᠷᠢᠭᠤᠴᠠᠬᠤ ᠬᠡᠷᠡᠭᠲᠡᠶ᠃ | ︵2︶ ᠠᠵᠤ ᠦᠢᠯᠡᠳᠪᠦᠷᠢ ᠶᠢᠨ ᠪᠣᠬᠢᠷᠳᠠᠯ ᠢ ᠪᠠᠭᠠᠰᠭᠠᠬᠤ ᠠᠷᠭ᠎ᠠ ᠬᠡᠮᠵᠢᠶ᠎ᠡ᠃ ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠣᠰᠣᠭᠠᠷ᠂ | ᠤᠯᠠᠪᠤᠷ ᠥᠩᠭᠡ ᠶᠢᠨ ᠰᠡᠷᠡᠮᠵᠢᠯᠡᠭᠦᠯᠦᠯ ᠤᠨ ᠦᠢᠯᠡᠳᠪᠦᠷᠢᠯᠡᠯ ᠢ ᠵᠤᠭᠰᠤᠭᠠᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ᠃ ᠡᠨᠧᠷᠭᠢ ᠶᠢᠨ ᠰᠠᠯᠠᠭ᠎ᠠ ᠮᠥᠴᠢᠷ ᠤᠳ ᠨᠥᠬᠦᠴᠡᠯ ᠲᠠᠢ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠠᠵᠤ ᠠᠬᠤᠶᠢᠯᠠᠯ ᠢ | ᠰᠢᠮᠳᠠᠭᠤᠯᠤᠨ ᠵᠢᠯᠣᠭᠤᠳᠴᠤ ᠪᠠᠶᠢᠭᠠᠳ ᠴᠢᠨᠠᠷ ᠰᠠᠶᠢᠲᠠᠢ ᠨᠡᠭᠦᠷᠡᠰᠦ ᠬᠡᠷᠡᠭᠯᠡᠬᠦ ᠬᠠᠷᠢᠴᠠᠯ ᠢ ᠨᠡᠮᠡᠭᠳᠡᠭᠦᠯᠦᠨ᠎ᠡ᠃ | ︵3︶ ᠲᠣᠭᠤᠰᠣ ᠳᠡᠭᠳᠡᠬᠦ ᠡᠬᠢ ᠰᠤᠷᠪᠤᠯᠵᠢ ᠲᠠᠢ ᠪᠤᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠪᠠᠷᠢᠯᠭ᠎ᠠ ᠶᠢᠨ ᠭᠠᠵᠠᠷ ᠤᠨ | ᠭᠡᠷ ᠤᠨ ᠭᠠᠳᠠᠨ᠎ᠠ ᠰᠦᠷᠴᠢᠨ ᠰᠢᠷᠳᠡᠬᠦ᠂ ᠨᠠᠯᠠᠤ ᠶᠢ ᠬᠠᠮᠠᠭᠠᠯᠠᠨ ᠡᠭᠡᠳᠡᠩ ᠰᠦᠷᠴᠢᠬᠦ᠂ ᠬᠡᠷᠴᠢᠬᠦ᠂ ᠵᠠᠮ ᠪᠡᠯᠡᠳᠬᠡᠮᠵᠢ ᠶᠢᠨ ᠢᠯᠵᠢᠷᠡᠬᠦ ᠶᠢ ᠰᠡᠷᠭᠡᠶᠢᠯᠡᠬᠦ᠂ ᠵᠠᠮ ᠤᠨ | ᠪᠠᠷᠤᠭᠰᠢᠨ ᠳᠡᠪᠢᠰᠬᠦ ᠵᠡᠷᠭᠡ ᠪᠠᠷᠢᠯᠭ᠎ᠠ ᠶᠢᠨ ᠠᠵᠢᠯ ᠢ ᠵᠣᠭᠰᠣᠭᠠᠬᠤ ᠬᠡᠷᠡᠭᠲᠡᠶ᠃ | ︵4︶ ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ | ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠭᠡᠭᠡᠪᠦᠷᠢ ᠶᠢᠨ ᠬᠦᠴᠦᠨ ᠢ ᠨᠡᠮᠡᠭᠳᠡᠭᠦᠯᠬᠦ ᠶᠢ ᠬᠠᠷᠢᠭᠤᠴᠠᠵᠤ᠂ ᠬᠤᠲᠠ ᠶᠢᠨ | ᠠᠷᠠᠳ ᠤᠨ ᠶᠠᠪᠤᠵᠤ ᠰᠠᠭᠤᠬᠤ ᠶᠢ ᠪᠠᠲᠤᠯᠠᠵᠤ᠂ ᠨᠥᠬᠦᠴᠡᠯ ᠲᠠᠢ ᠬᠤᠰᠢᠭᠤ ᠰᠢᠶᠠᠨ ᠬᠤᠲᠠ ᠲᠣᠭᠤᠷᠢᠭ ᠤᠨ ᠬᠢᠨ ᠵᠠᠰᠠᠭ ᠤᠨ ᠣᠷᠳᠣᠨ ᠤ ᠣᠯᠠᠨ ᠨᠡᠶᠢᠲᠡ ᠶᠢᠨ | ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠮᠠᠶ᠋ᠢᠭ ᠢ ᠠᠰᠢᠭᠯᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠲᠡᠷᠭᠡᠨ ᠳᠤ ᠰᠠᠭᠤᠬᠤ ᠵᠠᠷᠤᠳᠠᠯ ᠢ ᠬᠠᠰᠤᠵᠤ ᠬᠡᠯᠲᠦᠷᠢᠭᠦᠯᠵᠦ ᠪᠣᠯᠤᠨ᠎ᠠ᠃ ᠠᠭᠤᠷᠬᠠᠶ ︵ᠨᠡᠭᠦᠷᠡᠰᠦᠨ ᠠᠭᠤᠷᠬᠠᠶ ᠪᠠᠭᠲᠠᠨ᠎ᠠ︶᠂ ᠨᠡᠭᠦᠷᠡᠰᠦ ᠤᠬᠢᠶᠠᠬᠤ ᠦᠢᠯᠡᠳᠪᠦᠷᠢ | ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ︵ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠪᠠᠭᠲᠠᠬᠤ ᠦᠭᠡᠢ︶ ᠵᠡᠷᠭᠡ ᠶᠡᠭᠡ ᠬᠡᠮᠵᠢᠶᠡᠨ ᠤ ᠲᠦᠭᠦᠬᠡᠶ | ᠮᠠᠲ᠋ᠧᠷᠢᠶᠠᠯ ᠪᠠ ᠦᠢᠯᠡᠳᠬᠦᠨ ᠤ ᠲᠡᠭᠡᠭᠡᠪᠦᠷᠢ ︵ᠡᠳᠦᠷ ᠲᠤᠲᠤᠮ ᠤᠨ ᠲᠡᠷᠭᠡ ᠬᠥᠰᠬᠡ ᠶᠢᠨ ᠣᠷᠣᠵᠤ ᠭᠠᠷᠬᠤ ᠬᠡᠮᠵᠢᠶ᠎ᠡ ᠨᠢ 10 ᠲᠡᠷᠭᠡ ᠤᠳᠠᠭ᠎ᠠ ᠠᠴᠠ ᠳᠠᠪᠠᠨ᠎ᠠ︶ | ᠳᠤ ᠬᠤᠯᠪᠣᠭᠳᠠᠬᠤ ᠨᠢᠭᠡᠴᠡ ᠨᠦᠭᠦᠳ ᠤᠯᠤᠰ ᠤᠨ IV ᠵᠢᠴᠢ ᠲᠡᠭᠦᠨ ᠠᠴᠠ ᠳᠣᠷᠣᠭᠰᠢᠬᠢ ᠬᠦᠨᠳᠦ ᠬᠡᠯᠪᠡᠷᠢ ᠶᠢᠨ ᠪᠠᠷᠠᠭ᠎ᠠ ᠠᠴᠢᠶᠠᠯᠠᠬᠤ ᠮᠠᠰᠢᠨ ᠲᠡᠷᠭᠡ ︵ | ᠰᠢᠲᠠᠭᠠᠯᠭ᠎ᠠ ᠪᠠᠷ ᠰᠢᠲᠠᠮᠠᠬᠠᠶ ᠬᠡᠢ ᠪᠣᠯᠭᠠᠭᠰᠠᠨ ᠬᠦᠨᠳᠦ ᠬᠡᠯᠪᠡᠷᠢ ᠶᠢᠨ ᠪᠠᠷᠠᠭ᠎ᠠ ᠠᠴᠢᠶᠠᠯᠠᠬᠤ ᠮᠠᠰᠢᠨ ᠲᠡᠷᠭᠡ ᠪᠠᠭᠲᠠᠨ᠎ᠠ︶ ᠪᠠᠷ ᠲᠡᠭᠡᠭᠡᠪᠦᠷᠢᠯᠡᠬᠦ ᠪᠠᠨ ᠵᠣᠭᠰᠣᠭᠠᠬᠤ | ᠬᠡᠷᠡᠭᠲᠡᠶ ︵ᠣᠨᠴᠠ ᠲᠥᠷᠥᠯ ᠤᠨ ᠲᠡᠷᠭᠡ ᠬᠥᠰᠬᠡ᠂ ᠠᠶᠤᠯᠲᠠᠶ ᠬᠢᠮᠢ ᠶᠢᠨ ᠪᠣᠳᠠᠰ ᠤᠨ ᠲᠡᠷᠭᠡ ᠬᠥᠰᠬᠡ ᠵᠡᠷᠭᠡ ᠪᠠᠭᠲᠠᠬᠤ ᠦᠭᠡᠢ︶ | ︵5︶ ᠴᠠᠭ ᠠᠭᠤᠷ ᠤᠨ ᠰᠠᠯᠠᠭ᠎ᠠ ᠮᠥᠴᠢᠷ ᠤᠳ ᠴᠠᠭ ᠠᠭᠤᠷ ᠤᠨ ᠨᠥᠬᠦᠴᠡᠯ ᠢ ᠦᠨᠳᠦᠰᠦᠯᠡᠨ ᠬᠥᠮᠥᠨ ᠤ ᠬᠦᠴᠦᠨ ᠢᠶᠠᠷ ᠴᠠᠭ ᠠᠭᠤᠷ ᠢ ᠨᠥᠯᠥᠭᠡᠯᠡᠬᠦ | ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠦᠨ᠎ᠡ᠃ | 4.4.4 Ⅰᠲᠠᠰ ᠤᠨ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ | Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠣᠤᠷᠠᠬᠢ ᠠᠷᠭ᠎ᠠ | ᠬᠡᠮᠵᠢᠶ᠎ᠡ ᠶᠢ ᠨᠡᠮᠡᠨ᠎ᠡ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ | ᠬᠤᠲᠠ ᠬᠤᠰᠢᠭᠤ ᠬᠤᠶᠠᠷ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠨᠥᠬᠦᠴᠡᠯ ᠲᠠᠢ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ | ᠰᠤᠷᠭᠠᠭᠤᠯᠢ ᠶᠢᠨ ᠬᠢᠴᠢᠶᠡᠯ ᠵᠣᠭᠰᠣᠬᠤ ᠶᠢ ᠵᠢᠯᠣᠭᠤᠳᠬᠤ ᠶᠢᠨ ᠬᠠᠮᠲᠤ ᠬᠢᠴᠢᠶᠡᠯ ᠵᠣᠭᠰᠣᠬᠤ ᠬᠤᠭᠤᠴᠠᠭᠠᠨ ᠳᠤ ᠰᠤᠷᠤᠭᠴᠢᠳ ᠤᠨ ᠰᠤᠷᠤᠯᠴᠠᠬᠤ ᠶᠢ ᠵᠦᠶ | ᠵᠣᠬᠢᠰᠲᠠᠶ ᠳᠣᠭᠢᠷᠠᠭᠤᠯᠵᠤ᠂ ᠴᠢᠳᠠᠬᠤ ᠶᠢᠨ ᠳᠣᠲᠣᠷ᠎ᠠ ᠬᠢᠴᠢᠶᠡᠯ ᠵᠣᠭᠰᠣᠬᠤ ᠪᠤᠯᠪᠠᠴᠤ ᠰᠤᠷᠤᠯᠴᠠᠯᠭ᠎ᠠ ᠵᠤᠭᠰᠤᠬᠤ ᠦᠭᠡᠢ ᠶᠢ ᠪᠡᠶᠡᠯᠡᠭᠦᠯᠦᠨ᠎ᠡ᠃ | ︵2︶ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠠᠯᠪᠠᠳᠠᠨ ᠪᠠᠭᠠᠰᠬᠠᠬᠤ ᠠᠷᠭ᠎ᠠ ᠬᠡᠮᠵᠢᠶ᠎ᠡ | ᠠᠵᠤ ᠦᠢᠯᠡᠳᠪᠦᠷᠢ ᠶᠢᠨ ᠪᠣᠬᠢᠷᠳᠠᠯ ᠢ ᠭᠠᠳᠠᠭᠰᠢᠯᠠᠭᠤᠯᠬᠤ ᠬᠡᠮᠵᠢᠶ᠎ᠠ ᠶᠢ ᠪᠠᠭᠠᠰᠬᠠᠬᠤ ᠠᠷᠭ᠎ᠠ ᠬᠡᠮᠵᠢᠶ᠎ᠡ᠃ ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ | ᠣᠷᠳᠣᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ | ᠶᠣᠰᠣᠭᠠᠷ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠤᠨ ᠦᠢᠯᠡᠳᠪᠦᠷᠢᠯᠡᠯ ᠢᠶᠠᠨ ᠵᠤᠭᠰᠤᠭᠠᠵᠤ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ | ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠵᠠᠷᠴᠢᠮ ᠳᠡᠭᠡᠷ᠎ᠡ ᠪᠠᠨ ᠬᠤᠲᠠ ᠶᠢᠨ | ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ ᠪᠠ ᠡᠭᠦᠷᠭᠡ ᠭᠦᠢᠴᠡᠳᠬᠡᠬᠦ ᠣᠨᠴᠠ ᠲᠥᠷᠥᠯ ᠤᠨ ᠲᠡᠷᠭᠡ ᠬᠥᠰᠬᠡ ᠶᠢ ᠭᠠᠷᠭᠠᠪᠠᠯ᠂ ᠬᠤᠲᠠ ᠶᠢᠨ ᠲᠣᠭᠤᠷᠢᠭ | ᠳᠣᠲᠣᠷ᠎ᠠ ᠬᠦᠨᠳᠦ ᠬᠡᠯᠪᠡᠷᠢ᠂ ᠳᠤᠮᠳᠠ ᠬᠡᠯᠪᠡᠷᠢ ᠪᠠ ᠬᠥᠩᠭᠡᠨ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ︵ᠰᠢᠲᠠᠮᠠᠬᠠᠶ ᠬᠡᠢ ᠪᠠᠭᠲᠠᠨ᠎ᠠ︶᠂ ᠭᠤᠷᠪᠠᠨ | ᠬᠦᠷᠳᠦᠲᠦ ᠮᠠᠰᠢᠨ ᠲᠡᠷᠭᠡ᠂ ᠳᠣᠤᠷ᠎ᠠ ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ ᠪᠠ ᠲᠷᠠᠺᠲ᠋ᠣᠷ ᠵᠠᠮ ᠳᠤ ᠭᠠᠷᠬᠤ ᠶᠢ ᠴᠠᠭᠠᠵᠠᠯᠠᠨ᠎ᠠ᠃ ᠪᠦᠬᠦ ᠬᠤᠳᠠ ᠶᠢᠨ | ᠬᠡᠪᠴᠢᠶᠡᠨ ᠳᠤ ᠠᠴᠢᠶᠠᠯᠠᠬᠤ ᠮᠠᠰᠢᠨ᠂ ᠮᠠᠯᠲᠠᠭᠤᠷ ᠮᠠᠰᠢᠨ᠂ ᠰᠢᠷᠣᠢ ᠲᠦᠯᠬᠢᠬᠦ ᠮᠠᠰᠢᠨ᠂ ᠵᠠᠮ ᠵᠠᠰᠠᠬᠤ ᠮᠠᠰᠢᠨ᠂ ᠪᠠᠷᠤᠭᠰᠢᠨ ᠭᠠᠳᠠᠭᠰᠢᠯᠠᠭᠤᠯᠬᠤ ᠮᠠᠰᠢᠨ᠂ ᠠᠴᠠ | ᠲᠡᠷᠭᠡ᠂ ᠱᠤᠩ ᠰᠢᠭᠠᠬᠤ ᠮᠠᠰᠢᠨ᠂ ᠬᠤᠰᠤᠭᠤᠷ ᠲᠡᠷᠭᠡ᠂ ᠡᠷᠭᠦᠭᠦᠷ ᠲᠡᠷᠭᠡ ᠵᠡᠷᠭᠡ ᠪᠠᠷᠢᠯᠭ᠎ᠠ ᠶᠢᠨ ᠮᠠᠰᠢᠨ ᠮᠧᠬᠠᠨᠢᠭ ᠶᠠᠪᠤᠬᠤ ᠶᠢ ᠬᠤᠷᠢᠭᠯᠠᠨ᠎ᠠ᠃ | ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠳ ᠵᠠᠰᠠᠮᠠᠯ ᠵᠠᠮ ᠤᠨ ᠲᠡᠭᠡᠭᠡᠪᠦᠷᠢ ᠶᠢ ᠴᠠᠭᠠᠵᠠᠯᠠᠨ᠎ᠠ᠃ | 4.5 ᠪᠠᠴᠢᠮ ᠪᠠᠶᠢᠳᠠᠯ ᠢ ᠠᠷᠭᠠᠴᠠᠨ ᠬᠠᠮᠲᠤᠷᠠᠨ ᠬᠥᠳᠡᠯᠦᠯᠴᠡᠬᠦ | ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠵᠡᠷᠭᠡ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠯᠪᠠᠳᠠᠯᠭ᠎ᠠ ᠶᠢᠨ ᠴᠢᠨᠠᠷᠲᠠᠶ ᠬᠢᠨᠠᠨ ᠬᠠᠮᠢᠶᠠᠷᠬᠤ ᠪᠤᠶᠤ | ᠬᠢᠨᠠᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠲᠠᠢ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠰᠠᠯᠠᠭ᠎ᠠ ᠮᠥᠴᠢᠷ ᠤᠨ ᠲᠤᠰᠬᠠᠶ | ᠬᠡᠷᠡᠭᠵᠢᠭᠦᠯᠬᠦ ᠲᠥᠰᠦᠯ ᠢ ᠡᠬᠢᠯᠡᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠠᠮᠵᠢᠯᠴᠠᠨ | ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠵᠠᠳᠠᠯᠬᠤ᠂ ᠰᠤᠳᠤᠯᠤᠨ ᠮᠠᠭᠠᠳᠯᠠᠬᠤ᠂ ᠦᠨᠡᠯᠡᠨ ᠵᠢᠱᠢᠬᠦ ᠶᠢ ᠴᠢᠩᠭᠠᠳᠬᠠᠵᠤ᠂ ᠡᠳᠦᠷ ᠪᠦᠷᠢ ᠬᠤᠲᠠ ᠶᠢᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠬᠤᠯᠪᠣᠭᠳᠠᠯ ᠪᠥᠬᠦᠶ ᠪᠠᠶᠢᠳᠠᠯ ᠢ ᠮᠡᠳᠡᠭᠦᠯᠦᠨ᠎ᠡ᠃ | 4.6 ᠮᠡᠳᠡᠭᠡ ᠵᠠᠩᠬᠢ ᠶᠢ ᠢᠯᠡ ᠪᠤᠯᠭᠠᠬᠤ | ᠬᠤᠲᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠨᠢ AQI ᠵᠢᠭᠠᠯᠲᠠ ᠲᠤᠭ᠎ᠠ ᠶᠢᠨ ᠬᠢᠨᠠᠨ ᠬᠡᠮᠵᠢᠭᠰᠡᠨ ᠲᠤᠭ᠎ᠠ | ᠪᠠᠷᠢᠮᠲᠠ᠂ ᠴᠠᠭ ᠠᠭᠤᠷ ᠤᠨ ᠲᠤᠭ᠎ᠠ ᠪᠠᠷᠢᠮᠲᠠ ᠪᠠ ᠲᠤᠰᠬᠠᠶ ᠮᠡᠷᠭᠡᠵᠢᠯᠲᠡᠨ ᠤ ᠵᠥᠪᠳᠡᠯᠴᠡᠭᠰᠡᠨ ᠦᠷ᠎ᠡ ᠳ᠋ᠦᠩ ᠢ ᠦᠨᠳᠦᠰᠦᠯᠡᠨ᠂ ᠠᠭᠠᠷ ᠮᠠᠨᠳᠠᠯ ᠤᠨ ᠬᠦᠨᠳᠦ | ᠪᠣᠬᠢᠷᠲᠤᠯ ᠤᠨ ᠲᠠᠰ᠂ ᠳᠠᠯᠳᠠ ᠲᠦᠭᠰᠢᠭᠦᠷᠢ ᠶᠢᠨ ᠬᠡᠮᠵᠢᠶ᠎ᠡ᠂ ᠦᠷᠭᠦᠯᠵᠢᠯᠡᠵᠦ ᠮᠡᠳᠡᠬᠦ ᠬᠤᠭᠤᠴᠠᠭ᠎ᠠ᠂ ᠨᠦᠯᠦᠭᠡᠯᠡᠭᠳᠡᠵᠦ ᠮᠡᠳᠡᠬᠦ ᠣᠷᠣᠨ ᠪᠦᠰᠡ ᠵᠢᠴᠢ ᠠᠪᠴᠤ | ᠪᠣᠯᠬᠤ ᠠᠷᠭ᠎ᠠ ᠬᠡᠮᠵᠢᠶ᠎ᠡ ᠵᠡᠷᠭᠡ ᠶᠢ ᠲᠣᠭᠲᠠᠭᠠᠵᠤ᠂ ᠤᠬᠠᠭᠤᠯᠬᠤ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ | ᠰᠣᠨᠢᠨ ᠰᠡᠳᠬᠦᠯ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃ | 4.7 ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢᠨ ᠬᠢᠨᠠᠯᠲᠠ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠤᠭᠤᠴᠢᠨ ᠪᠠᠶᠢᠴᠠᠭᠠᠬᠤ ᠶᠢ ᠴᠢᠩᠭᠠᠳᠬᠠᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ | 24 ᠴᠠᠭ ᠠᠴᠠ ᠡᠬᠢᠯᠡᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | ᠵᠢᠴᠢ ᠡᠯ᠎ᠡ ᠪᠦᠷᠢᠯᠳᠦᠬᠦᠨ ᠨᠢᠭᠡᠴᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠪᠠᠶᠢᠴᠠᠭᠠᠯᠲᠠ ᠬᠢᠬᠦ ᠬᠡᠷᠡᠭᠲᠡᠶ᠃ ᠬᠤᠰᠢᠭᠤ ᠰᠢᠶᠠᠨ ᠬᠤᠲᠠ ᠲᠣᠭᠤᠷᠢᠭ | ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠣᠳᠠᠲᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠶᠢᠨ ᠬᠠᠮᠲᠤ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠬᠤᠭᠤᠴᠠᠭᠠᠨ ᠳᠤ ᠬᠤᠲᠠ ᠶᠢᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠴᠤᠤᠷᠢᠶᠠᠳᠤᠨ ᠳᠠᠭᠠᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠡᠳᠦᠷ ᠪᠦᠷᠢ ᠮᠡᠳᠡᠭᠦᠯᠦᠨ ᠬᠦᠷᠭᠡᠬᠦ | ᠬᠡᠷᠡᠭᠲᠡᠶ᠃ | 4.8 ᠪᠠᠴᠢᠮ ᠪᠠᠶᠢᠳᠠᠯ ᠢ ᠠᠷᠭᠠᠴᠠᠬᠤ ᠶᠢ ᠵᠣᠭᠰᠣᠭᠠᠬᠤ | ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠮᠠᠭᠴᠠ ᠴᠤᠤᠷᠢᠶᠠᠳᠤᠨ ᠳᠠᠭᠠᠬᠤ ᠳᠠᠭᠤᠰᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ | ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠠᠪᠤᠭᠰᠠᠨ ᠨᠢᠭᠡᠴᠡ ᠶᠢᠨ ᠪᠠᠴᠢᠮ | ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠪᠠᠨ ᠵᠣᠭᠰᠣᠭᠠᠬᠤ ᠶᠢ ᠮᠡᠳᠡᠭᠳᠡᠬᠦ ᠶᠢ ᠬᠠᠷᠢᠭᠤᠴᠠᠨ᠎ᠠ᠃ | 5 ᠳ᠋ᠦᠩᠨᠡᠵᠦ ᠦᠨᠡᠯᠡᠨ ᠵᠢᠱᠢᠬᠦ | ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠶᠢ ᠵᠣᠭᠰᠣᠭᠠᠭᠰᠠᠨ 4 ᠠᠵᠢᠯᠯᠠᠬᠤ ᠡᠳᠦᠷ ᠤᠨ ᠳᠣᠲᠣᠷ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠵᠠᠰᠠᠭ ᠤᠨ ᠣᠷᠳᠣᠨ ᠪᠣᠯᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠨᠦᠭᠦᠳ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠤᠲᠠ ᠶᠢᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠵᠤᠭᠰᠤᠭᠠᠭᠰᠠᠨ 5 ᠠᠵᠢᠯᠯᠠᠬᠤ ᠡᠳᠦᠷ ᠤᠨ ᠳᠣᠲᠣᠷ᠎ᠠ᠂ ᠬᠤᠲᠠ ᠶᠢᠨ ᠵᠠᠰᠠᠭ ᠤᠨ ᠣᠷᠳᠣᠨ ᠠᠴᠠ | ᠪᠠᠴᠢᠮ ᠪᠠᠶᠢᠳᠠᠯ ᠢ ᠠᠷᠭᠠᠴᠠᠵᠤ ᠴᠤᠤᠷᠢᠶᠠᠳᠤᠨ ᠳᠠᠭᠠᠭᠰᠠᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠦᠨ ᠬᠦᠷᠭᠡᠨ᠎ᠡ᠃ | ᠦᠨᠡᠯᠡᠨ ᠵᠢᠱᠢᠭᠰᠡᠨ ᠮᠡᠳᠡᠭᠦᠯᠦᠯᠲᠡ ᠶᠢᠨ ᠠᠭᠤᠯᠭ᠎ᠠ ᠳᠤ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠭᠰᠠᠨ ᠲᠠᠰ ᠪᠠ ᠠᠪᠤᠭᠰᠠᠨ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ᠂ ᠣᠯᠤᠭᠰᠠᠨ ᠦᠷ᠎ᠡ ᠪᠦᠲᠦᠮᠵᠢ᠂ ᠣᠯᠵᠤ ᠮᠡᠳᠡᠭᠰᠡᠨ ᠠᠰᠠᠭᠤᠳᠠᠯ ᠢ ᠪᠠᠭᠲᠠᠭᠠᠬᠤ ᠶᠢᠨ ᠬᠠᠮᠲᠤ ᠳᠣᠪᠤᠶᠢᠮ᠎ᠠ ᠠᠰᠠᠭᠤᠳᠠᠯ ᠳᠤ | ᠴᠢᠭᠯᠡᠭᠦᠯᠦᠨ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠬᠡᠷᠡᠭᠲᠡᠶ᠃ | 6 ᠪᠠᠳᠣᠯᠠᠭ᠎ᠠ ᠶᠢᠨ ᠠᠷᠭ᠎ᠠ ᠭᠡᠮᠵᠢᠶ᠎ᠠ | 6.1 ᠬᠥᠮᠦᠨ ᠤ ᠬᠦᠴᠦᠨ ᠤ ᠪᠠᠲᠤᠯᠠᠭ᠎ᠠ | ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠴᠠᠭ ᠠᠭᠤᠷ ᠤᠨ ᠲᠣᠪᠴᠢᠶ᠎ᠠ ᠣᠷᠴᠢᠨ ᠲᠣᠭᠤᠷᠢᠨ ᠢ ᠬᠢᠨᠠᠨ ᠬᠡᠮᠵᠢᠬᠦ᠂ | ᠴᠠᠭ ᠠᠭᠤᠷ ᠢ ᠠᠵᠢᠭᠯᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠵᠢᠴᠢ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠤᠷᠢᠳᠴᠢᠯᠠᠨ ᠬᠡᠮᠵᠢᠬᠦ ᠲᠠᠯ᠎ᠠ ᠶᠢᠨ | ᠲᠤᠰᠬᠠᠶ ᠴᠢᠳᠠᠪᠤᠷᠢᠲᠠᠨ ᠢ ᠬᠦᠴᠦᠯᠡᠨ ᠬᠥᠮᠦᠵᠢᠭᠦᠯᠵᠦ᠂ ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠡᠯᠡᠬᠦ ᠨᠠᠷᠢᠯᠢᠭᠴᠠ ᠶᠢ ᠳᠡᠭᠡᠭᠰᠢᠯᠡᠭᠦᠯᠦᠨ᠎ᠡ᠃ | 6.2 ᠵᠠᠷᠣᠳᠡᠯ ᠤᠨ ᠪᠠᠳᠣᠯᠠᠭ᠎ᠠ | ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠨᠢ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠬᠦᠨᠳᠦ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ ᠪᠡᠯᠡ ᠮᠥᠩᠭᠦ ᠶᠢ ᠲᠣᠭᠲᠠᠭᠠᠯ ᠶᠣᠰᠣᠭᠠᠷ | ᠲᠥᠰᠦᠪ ᠲᠤ ᠣᠷᠣᠭᠤᠯᠤᠨ᠂ ᠬᠦᠨᠳᠦ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠢᠴᠢ ᠪᠠᠴᠢᠮ ᠪᠠᠶᠢᠳᠠᠯ ᠢ | ᠠᠷᠭᠠᠴᠠᠬᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠲᠠᠩᠰᠠ ᠶᠢ ᠵᠠᠰᠠᠨ ᠨᠠᠶᠢᠷᠠᠭᠤᠯᠬᠤ᠂ ᠭᠤᠣᠯᠳᠠᠯᠭ᠎ᠠ ᠲᠠᠢ ᠠᠵᠢᠯ ᠲᠦᠷᠦᠯ ᠤᠨ | ᠠᠮᠵᠢᠯᠲᠠ ᠪᠦᠲᠦᠮᠵᠢ ᠶᠢ ᠳᠡᠰ ᠬᠤᠪᠢᠶᠠᠬᠤ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠬᠢᠨᠠᠯᠲᠠ ᠲᠠᠯᠪᠢᠵᠤ | ᠪᠠᠶᠢᠴᠠᠭᠠᠬᠤ ᠵᠢᠴᠢ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠵᠢᠯᠯᠠᠭᠠᠨ ᠪᠠ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ | ᠳᠡᠮᠵᠢᠯᠭᠡ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠡᠯ᠎ᠡ ᠵᠦᠢᠯ ᠤᠨ ᠠᠵᠢᠯ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | 6.3 ᠬᠢᠨᠠᠨ ᠬᠡᠮᠵᠢᠬᠦ ᠪᠠ ᠰᠡᠷᠡᠮᠵᠢᠯᠡᠭᠦᠯᠬᠦ ᠴᠢᠳᠠᠪᠤᠷᠢ ᠶᠢᠨ ᠪᠠᠲᠤᠯᠠᠭ᠎ᠠ | ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠨᠢ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠡᠯᠡᠬᠦ᠂ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠬᠡᠮᠵᠢᠭᠦᠷᠯᠢᠭ | ᠲᠥᠬᠦᠭᠡᠷᠦᠮᠵᠢ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠠᠭᠪᠤᠷ ᠵᠡᠷᠭᠡ ᠵᠥᠭᠡᠯᠡᠨ ᠬᠠᠲᠠᠭᠤ ᠲᠣᠨᠤᠭ ᠤᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ | ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ᠂ ᠴᠠᠭ ᠠᠭᠤᠷ ᠤᠨ ᠨᠥᠬᠦᠴᠡᠯ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠵᠡᠷᠭᠡ ᠬᠠᠮᠢᠶ᠎ᠠ ᠪᠦᠬᠦᠢ ᠬᠦᠷᠢᠶᠡᠨ ᠤ | ᠰᠤᠳᠤᠯᠭᠠᠨ ᠢ ᠴᠢᠩᠭᠠᠳᠬᠠᠨ᠎ᠠ᠃ | 6.4 ᠴᠢᠮᠡᠭᠡ ᠬᠤᠯᠪᠣᠭ᠎ᠠ ᠬᠢᠭᠡᠳ ᠮᠡᠳᠡᠭᠡ ᠵᠠᠩᠭᠢ ᠶᠢᠨ ᠪᠠᠲᠤᠯᠠᠭ᠎ᠠ | ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠵᠢᠴᠢ ᠬᠤᠲᠠ ᠬᠤᠰᠢᠭᠤ ᠬᠤᠶᠠᠷ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠲᠦᠷᠢᠮ ᠢ | ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠢᠯᠲᠠᠨ ᠤ ᠴᠢᠮᠡᠭᠡ ᠬᠤᠯᠪᠣᠭᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠦᠷᠢᠨᠰᠢᠭᠦᠯᠦᠨ᠂ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠷᠢᠭᠤᠴᠠᠯᠭᠠᠲᠠᠨ ᠪᠠ ᠬᠤᠯᠪᠣᠭᠠᠴᠢᠨ ᠢ ᠲᠣᠳᠣᠷᠬᠠᠶᠢᠯᠠᠵᠤ᠂ 24 ᠴᠠᠭ ᠴᠢᠮᠡᠭᠡ ᠬᠤᠯᠪᠤᠭ᠎ᠠ ᠰᠠᠭᠠᠳ ᠥᠬᠡᠶ | ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠪᠠ ᠵᠠᠷᠯᠢᠭ ᠢ ᠴᠠᠭ ᠲᠤᠬᠠᠶ ᠳᠤᠨᠢ ᠪᠦᠲᠦᠮᠵᠢᠲᠡᠶ ᠳᠠᠮᠵᠢᠭᠤᠯᠬᠤ ᠶᠢ ᠪᠠᠲᠤᠯᠠᠬᠤ ᠬᠡᠷᠡᠭᠲᠡᠶ | ᠃ | 6.5 ᠠᠮᠥᠷ ᠳᠥᠪᠰᠢᠨ ᠤ ᠪᠠᠳᠣᠯᠠᠭ᠎ᠠ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠪᠠᠷ | ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠶᠢ ᠡᠬᠢᠯᠡᠭᠦᠯᠬᠦ ᠠᠴᠠ ᠡᠮᠦᠨ᠎ᠡ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠮᠢ | ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠬᠠᠷᠢᠯᠴᠠᠵᠤ ᠵᠣᠬᠢᠴᠠᠭᠤᠯᠬᠤ ᠪᠠᠨ ᠴᠢᠩᠭᠠᠳᠬᠠᠵᠤ᠂ ᠦᠢᠯᠡᠳᠪᠦᠷᠢᠯᠡᠯ ᠢᠶᠠᠨ ᠵᠣᠭᠰᠣᠭᠠᠬᠤ ︵ | ᠬᠢᠵᠠᠭᠠᠷᠯᠠᠬᠤ︶ ᠠᠵᠤ ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢᠨ ᠵᠡᠷᠭᠡ ᠳᠡᠰ ᠢ ᠬᠠᠤᠯᠢ ᠶᠣᠰᠣᠭᠠᠷ ᠲᠣᠭᠲᠠᠭᠠᠵᠤ᠂ ᠲᠦᠭᠰᠢᠭᠦᠷᠢ ᠪᠠᠷ ᠨᠡᠯᠢᠶᠡᠳ | ᠶᠡᠭᠡ ᠠᠵᠤ ᠠᠬᠤᠶᠢᠯᠠᠯ ᠳᠤ ᠬᠤᠰᠢᠭᠤ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ | ᠮᠥᠴᠢᠷ ᠢ ᠵᠢᠯᠣᠭᠤᠳᠤᠨ ᠲᠤᠰᠬᠠᠶ ᠮᠡᠷᠭᠡᠵᠢᠯᠲᠡᠨ ᠵᠢᠴᠢ ᠬᠢᠨᠠᠨ ᠬᠠᠮᠢᠶᠠᠷᠬᠤ ᠠᠵᠢᠯᠲᠠᠨ ᠢ ᠲᠤᠬᠠᠶ ᠶᠢᠨ ᠲᠠᠯᠠᠪᠤᠷ ᠲᠤ ᠣᠴᠢᠭᠤᠯᠵᠤ᠂ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠲᠦᠭᠰᠢᠭᠦᠷᠢ ᠶᠢ ᠢᠯᠭᠠᠬᠤ ᠠᠵᠢᠯ ᠢ ᠥᠷᠨᠢᠭᠦᠯᠵᠦ᠂ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠦᠢᠯᠡᠳᠪᠦᠷᠢᠯᠡᠯ ᠢᠶᠠᠨ ᠵᠣᠭᠰᠣᠭᠠᠬᠤ ︵ᠬᠢᠵᠠᠭᠠᠷᠯᠠᠬᠤ︶ ᠬᠤᠭᠤᠴᠠᠭᠠᠨ ᠳᠤ ᠠᠮᠤᠷ ᠲᠦᠪᠰᠢᠨ᠂ ᠲᠣᠭᠲᠠᠭᠤᠨ ᠪᠠᠶᠢᠬᠤ ᠶᠢ ᠦᠨᠡᠨᠬᠦ | ᠪᠠᠲᠤᠯᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠪᠠ ᠣᠷᠴᠢᠨ ᠲᠣᠭᠤᠷᠢᠨ ᠤ ᠪᠣᠬᠢᠷᠲᠤᠯ ᠤᠨ ᠬᠡᠷᠡᠭ ᠭᠠᠷᠬᠤ ᠠᠴᠠ ᠵᠠᠶᠢᠯᠠᠰᠬᠢᠬᠦ ᠬᠡᠷᠡᠭᠲᠡᠶ᠃ | 6.6 ᠳᠥᠷᠢᠮ ᠤᠨ ᠪᠠᠳᠣᠯᠠᠭ᠎ᠠ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠨᠦᠭᠦᠳ ᠲᠣᠰ ᠪᠡᠯᠡᠳᠬᠡᠯ ᠲᠥᠰᠦᠯ ᠤᠨ ᠲᠣᠭᠲᠠᠭᠠᠯ ᠢ ᠦᠨᠳᠦᠰᠦᠯᠡᠨ᠂ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠵᠤᠬᠢᠬᠤ ᠲᠤᠰᠬᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ | ᠠᠵᠤ ᠦᠢᠯᠡᠳᠪᠦᠷᠢ ᠶᠢᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠬᠦᠨᠳᠦ ᠬᠡᠯᠪᠡᠷᠢ ᠶᠢᠨ ᠴᠠᠶᠢᠶ᠋ᠢᠦ ᠲᠡᠷᠭᠡ ᠪᠠ ᠵᠠᠮ | ᠬᠠᠷᠢᠯᠴᠠᠭᠠᠨ ᠤ ᠪᠤᠰᠤ ᠰᠢᠯᠵᠢᠮᠡᠯ ᠮᠠᠰᠢᠨ᠂ ᠵᠠᠮ ᠪᠠ ᠪᠠᠷᠢᠯᠭ᠎ᠠ ᠶᠢᠨ ᠭᠠᠵᠠᠷ ᠤᠨ ᠲᠣᠭᠤᠰᠣ ᠳᠡᠭᠳᠡᠬᠦ ᠶᠢ ᠬᠠᠮᠢᠶᠠᠷᠬᠤ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ | ᠠᠵᠢᠯ ᠤᠨ ᠲᠣᠭᠲᠠᠴᠠ ᠶᠢ ᠭᠤᠤᠯᠳᠠᠯᠭ᠎ᠠ ᠲᠠᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | 7 ᠪᠡᠯᠡᠳᠭᠡᠯ ᠳᠥᠰᠥᠯ ᠤᠨ ᠬᠠᠮᠢᠶᠡᠷᠦᠯᠳᠡ | 7.1 ᠪᠡᠯᠡᠳᠭᠡᠯ ᠳᠥᠰᠥᠯ ᠤᠨ ᠤᠬᠠᠭᠤᠯᠭ᠎ᠠ | ︵1︶ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠮᠡᠳᠡᠭᠡ ᠵᠠᠩᠭᠢ ᠶᠢᠨ ᠰᠦᠯᠵᠢᠶ᠎ᠡ ᠶᠢᠨ ᠰᠠᠯᠠᠭ᠎ᠠ | ᠮᠦᠴᠢᠷ ᠢ ᠵᠣᠬᠢᠴᠠᠭᠤᠯᠵᠤ ᠠᠭᠠᠷ ᠮᠠᠨᠳᠠᠯ ᠤᠨ ᠬᠦᠨᠳᠦ ᠪᠣᠬᠢᠷᠲᠤᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠯ ᠤᠨ ᠮᠡᠳᠡᠭᠡ ᠵᠠᠩᠭᠢ ᠶᠢ ᠬᠠᠮᠤᠭ ᠶᠡᠭᠡ | ᠬᠡᠮᠵᠢᠶ᠎ᠡ ᠪᠠᠷ ᠨᠡᠶᠢᠲᠡᠯᠡᠨ᠎ᠡ᠃ | ︵2︶ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠤᠬᠠᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠡᠷᠡᠭᠦᠯ ᠮᠡᠨᠳᠦ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠵᠡᠷᠭᠡ ᠶᠢ ᠶᠡᠬᠡᠪᠡᠷ ᠤᠬᠠᠭᠤᠯᠵᠤ᠂ ᠣᠯᠠᠨ | ᠨᠡᠶᠢᠲᠡ ᠶᠢᠨ ᠰᠡᠷᠭᠡᠶᠢᠯᠡᠬᠦ ᠦᠵᠡᠯ ᠤᠬᠠᠮᠰᠠᠷ ᠪᠣᠯᠤᠨ ᠬᠠᠮᠢᠶ᠎ᠠ ᠪᠦᠬᠦᠢ ᠰᠡᠳᠬᠢᠴᠡ ᠶᠢᠨ ᠪᠡᠯᠡᠳᠬᠡᠯ ᠢ ᠴᠢᠩᠭᠠᠳᠬᠠᠵᠤ᠂ ᠣᠯᠠᠨ ᠨᠡᠶᠢᠲᠡ ᠶᠢᠨ ᠰᠡᠷᠭᠡᠶᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ︵3︶ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠠᠳᠠᠭᠰᠢ ᠤᠬᠠᠭᠤᠯᠤᠨ ᠮᠡᠳᠡᠭᠡᠯᠡᠬᠦ ᠠᠵᠢᠯ ᠢ ᠵᠢᠷᠤᠮᠵᠢᠭᠤᠯᠬᠤ᠂ ᠳᠦᠷᠢᠮᠵᠢᠭᠦᠯᠬᠦ | ᠪᠠᠶᠢᠭᠤᠯᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠢ ᠨᠡᠶᠢᠲᠡᠯᠡᠵᠦ᠂ ᠶᠠᠷᠢᠶ᠎ᠠ | ᠬᠡᠯᠡᠯᠴᠡᠭᠡ ᠶᠢ ᠵᠥᠪ ᠢᠶᠠᠷ ᠬᠥᠲᠥᠯᠥᠨ ᠵᠢᠯᠣᠭᠤᠳᠤᠨ᠎ᠠ᠃ | 7.2 ᠪᠡᠯᠡᠳᠭᠡᠯ ᠳᠥᠰᠥᠯ ᠤᠨ ᠪᠤᠯᠪᠠᠰᠣᠷᠡᠭᠤᠯᠥᠯ | ︵1︶ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠣᠯᠪᠠᠰᠤᠷᠠᠭᠤᠯᠤᠯ ᠢ ᠡᠯ᠎ᠡ ᠬᠠᠮᠢᠶ᠎ᠠ ᠪᠦᠬᠦᠢ | ᠨᠢᠭᠡᠴᠡ ᠶᠢᠨ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠬᠤ ᠶᠢᠨ ᠬᠠᠮᠲᠤ᠂ ᠠᠯᠬᠤᠮ ᠠᠯᠬᠤᠮ ᠢᠶᠠᠷ ᠳᠦᠷᠢᠮᠵᠢᠭᠦᠯᠦᠨ ᠵᠢᠷᠤᠮᠵᠢᠭᠤᠯᠬᠤ | ᠪᠣᠯᠪᠠᠰᠤᠷᠠᠭᠤᠯᠤᠯ ᠢ ᠪᠣᠶ ᠪᠣᠯᠭᠠᠬᠤ ᠬᠡᠷᠡᠭᠲᠡᠶ᠃ | ︵2︶ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠢᠴᠢ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠲᠠᠢ ᠪᠠᠨ ᠤᠶᠠᠯᠳᠤᠭᠤᠯᠤᠨ᠂ ᠣᠲᠣ ᠶᠢᠨ ᠪᠠᠶᠢᠭ᠎ᠠ | ᠲᠦᠬᠦᠭᠡᠷᠦᠮᠵᠢ ᠪᠠᠨ ᠠᠰᠢᠭᠯᠠᠨ ᠣᠯᠠᠨ ᠨᠡᠶᠢᠲᠡ ᠳᠤ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ᠂ | ᠥᠪᠡᠷ ᠢ ᠪᠠᠨ ᠬᠠᠮᠠᠭᠠᠯᠠᠬᠤ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠯᠲᠠ ᠲᠠᠢ᠂ ᠲᠥᠯᠥᠪᠯᠡᠭᠡ ᠲᠠᠢ ᠪᠠᠷ ᠬᠠᠩᠭᠠᠨ᠎ᠠ᠃ | 7.3 ᠪᠡᠯᠡᠳᠭᠡᠯ ᠳᠥᠰᠥᠯ ᠢ ᠳᠡᠩᠰᠡᠯᠡᠬᠤ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠪᠣᠯᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠪᠦᠷᠢᠯᠳᠦᠬᠦᠨ ᠨᠢᠭᠡᠴᠡ ᠨᠦᠭᠦᠳ ᠤᠯᠤᠰ ᠤᠨ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ ᠪᠣᠯᠤᠨ ᠲᠣᠰ ᠪᠡᠯᠡᠳᠬᠡᠯ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ | ᠲᠣᠰ ᠭᠠᠵᠠᠷ ᠣᠷᠣᠨ ᠤ ᠪᠠᠨ ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠪᠣᠯᠤᠨ ᠲᠣᠰ ᠰᠠᠯᠠᠭ᠎ᠠ | ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠳᠤ ᠲᠤᠰᠬᠠᠶ ᠬᠡᠷᠡᠭᠵᠢᠭᠦᠯᠬᠦ ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠶᠢᠨ ᠬᠠᠮᠲᠤ ᠨᠡᠶᠢᠭᠡᠮ ᠳᠤ | ᠨᠡᠶᠢᠲᠡᠯᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠲᠤᠰᠬᠠᠶ ᠬᠡᠷᠡᠭᠵᠢᠭᠦᠯᠬᠦ ᠲᠥᠰᠦᠯ ᠢ ᠴᠠᠭ | ᠲᠤᠬᠠᠶ ᠳᠤᠨᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠳᠠᠩᠰᠠᠯᠠᠭᠤᠯᠬᠤ ᠬᠡᠷᠡᠭᠲᠡᠶ᠃ | ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠶᠢ ᠳᠠᠭᠠᠯᠳᠤᠨ᠂ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠪᠢᠷᠠᠯᠲᠠ ᠭᠠᠷᠤᠭᠰᠠᠨ ᠪᠤᠶᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠳᠤ ᠣᠷᠣᠰᠢᠵᠤ ᠪᠠᠶᠢᠭ᠎ᠠ | ᠠᠰᠠᠭᠤᠳᠠᠯ ᠪᠠ ᠰᠢᠨ᠎ᠡ ᠪᠠᠷ ᠢᠯᠡᠷᠡᠭᠰᠡᠨ ᠪᠠᠶᠢᠳᠠᠯ ᠢ ᠣᠯᠵᠤ ᠮᠡᠳᠡᠪᠡᠯ᠂ ᠬᠤᠲᠠ ᠬᠤᠰᠢᠭᠤ ᠬᠤᠶᠠᠷ ᠱᠠᠲᠤᠨ ᠤ ᠬᠢᠨ ᠪᠡᠯᠡᠳᠬᠡᠯ ᠲᠥᠰᠦᠯ ᠳᠤ ᠴᠠᠭ ᠲᠤᠬᠠᠶ ᠳᠤᠨᠢ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ | 8 ᠪᠠᠴᠢᠮ ᠪᠠᠶᠢᠳᠠᠯ ᠢ ᠠᠷᠭᠠᠴᠠᠬᠤ ᠰᠣᠷᠢᠯᠲᠠ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ 3 ᠵᠢᠯ ᠪᠦᠷᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠨᠠᠭᠠᠳᠤ | ᠵᠠᠬ᠎ᠠ ᠳᠠᠭᠠᠨ ᠨᠢᠭᠡ ᠤᠳᠠᠭ᠎ᠠ ᠥᠷᠨᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ | ᠳᠡᠭᠡᠭᠰᠢᠯᠡᠭᠦᠯᠦᠨ᠎ᠡ᠃ | 9 ᠬᠠᠷᠢᠭᠤᠴᠠᠯᠭ᠎ᠠ ᠨᠡᠬᠡᠮᠵᠢᠯᠡᠬᠦ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠭᠠᠵᠠᠷ ᠤᠨ ᠠᠯᠪᠠᠨ ᠭᠡᠷ ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠵᠠᠰᠠᠭ ᠤᠨ ᠤᠷᠳᠤᠨ ᠢ | ᠤᠳᠤᠷᠢᠳᠤᠨ ᠵᠤᠬᠢᠴᠠᠭᠤᠯᠵᠤ ᠬᠦᠨᠳᠦ ᠪᠤᠬᠢᠷᠳᠤᠯ ᠤᠨ ᠴᠠᠭ ᠠᠭᠤᠷ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠦ᠂ | ᠪᠡᠯᠡᠳᠭᠡᠯ ᠲᠦᠰᠦᠯ ᠢ ᠬᠡᠷᠡᠭᠵᠢᠭᠦᠯᠦᠭᠰᠡᠨ ᠪᠠᠶᠢᠳᠠᠯ ᠢ ᠮᠦᠷᠳᠠᠨ ᠱᠠᠭᠠᠷᠳᠠᠵᠤ ᠵᠢᠯᠤᠭᠤᠳᠤᠨ᠂ ᠪᠡᠯᠡᠳᠭᠡᠯ ᠲᠦᠰᠦᠯ ᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠰᠢᠢᠳᠪᠦᠷᠢᠯᠡᠨ᠎ᠡ᠃ | ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠨ ᠳᠠᠭᠠᠬᠤ ᠬᠤᠭᠤᠴᠠᠭᠠᠨ ᠳᠤ ᠳᠠᠯᠳᠠᠭᠤᠷ ᠭᠠᠳᠠᠭᠰᠢᠯᠠᠭᠤᠯᠵᠤ᠂ ᠣᠯᠠᠨᠲᠠ ᠪᠠᠶᠢᠴᠠᠭᠠᠭᠰᠠᠨ ᠴᠤ ᠮᠦᠨ | ᠭᠠᠳᠠᠭᠰᠢᠯᠠᠭᠤᠯᠬᠤ ᠠᠵᠤ ᠠᠬᠤᠶᠢᠯᠠᠯ ᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠨᠢ ᠵᠣᠭᠰᠣᠭᠠᠵᠤ ᠰᠢᠳᠬᠡᠨ ᠲᠣᠷᠭᠠᠬᠤ ᠠᠴᠠ ᠭᠠᠳᠠᠨ᠎ᠠ᠂ | ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠦᠯᠦᠭᠡᠯᠡᠭᠴᠢ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ ᠪᠠᠴᠢᠮ ᠪᠠᠶᠢᠳᠠᠯ ᠢ ᠠᠷᠭᠠᠴᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠥᠬᠡᠶ ︵ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠬᠠᠷᠢᠭᠤᠴᠠᠯᠭ᠎ᠠ ᠠᠴᠠ ᠵᠠᠶᠢᠯᠠᠭᠰᠠᠨ ᠪᠠᠭᠲᠠᠨ᠎ᠠ︶ ᠪᠤᠶᠤ ᠵᠣᠬᠢᠬᠤ ᠠᠮᠵᠢᠯᠲᠠ ᠪᠦᠲᠦᠮᠵᠢ ᠶᠢᠨ ᠲᠠᠰ ᠬᠤᠪᠢᠶᠠᠬᠤ ᠱᠠᠭᠠᠷᠳᠠᠯᠭ᠎ᠠ ᠳᠤ ᠥᠯᠥ ᠬᠦᠷᠦᠭᠰᠡᠨ | ᠠᠮᠵᠢᠯᠲᠠ ᠪᠦᠲᠦᠮᠵᠢ ᠶᠢᠨ ᠲᠠᠰ ᠬᠤᠪᠢᠶᠠᠭᠰᠠᠨ ᠠᠵᠤ ᠠᠬᠤᠶᠢᠯᠠᠯ ᠢ ᠬᠠᠮᠢᠶ᠎ᠠ ᠪᠥᠬᠦᠶ ᠵᠢᠷᠦᠮ ᠶᠣᠰᠣᠭᠠᠷ ᠲᠠᠰ ᠪᠠᠭᠤᠷᠠᠭᠤᠯᠤᠨ ᠰᠢᠢᠳᠪᠦᠷᠢᠯᠡᠨ᠎ᠡ᠃ | 10 ᠳᠠᠭᠠᠯᠲᠠ ᠳᠦᠷᠢᠮ | 10.1 ᠨᠡᠷ᠎ᠡ ᠲᠣᠮᠢᠶ᠎ᠠ | ︵1︶ ᠠᠭᠠᠷ ᠤᠨ ᠴᠢᠨᠠᠷ ᠤᠨ ᠢᠯᠡᠳᠬᠡᠭᠴᠢ ︵AQI︶ | ᠠᠭᠠᠷ ᠮᠠᠨᠳᠠᠯ ᠤᠨ ᠪᠠᠶᠢᠳᠠᠯ ᠢ ᠲᠣᠭᠳᠠᠭᠰᠠᠨ ᠬᠡᠮᠵᠢᠶ᠎ᠡ ᠪᠠᠷ ᠢᠯᠡᠳᠭᠡᠭᠰᠡᠨ ᠨᠢᠭᠡᠴᠢ ᠶᠢᠨ ᠲᠤᠪᠴᠢ ᠦᠭᠡᠢ ᠵᠢᠭᠠᠯᠲᠠ ᠲᠤᠭ᠎ᠠ᠂ ᠡᠳᠦᠷ ᠪᠦᠷᠢ ᠶᠢᠨ ᠠᠭᠠᠷ ᠤᠨ | ᠴᠢᠨᠠᠷ ᠢ ᠮᠡᠳᠡᠭᠦᠯᠬᠦ ᠫᠠᠷᠠᠮᠡᠲᠷ ᠪᠣᠯᠤᠨ᠎ᠠ᠃ ᠠᠭᠠᠷ ᠤᠨ ᠴᠡᠪᠡᠷᠴᠡ ᠪᠣᠯᠤᠨ ᠪᠣᠬᠢᠷᠳᠠᠯ ᠤᠨ ᠬᠡᠮᠵᠢᠶ᠎ᠡ ᠵᠢᠴᠢ ᠡᠷᠡᠬᠦᠯᠡ ᠮᠡᠨᠳᠦ ᠶᠢᠨ ᠨᠦᠯᠦᠭᠡᠯᠡᠯ ᠢ ᠢᠯᠡᠷᠬᠡᠶᠢᠯᠡᠨ᠎ᠡ᠃ | ᠠᠭᠠᠷ ᠤᠨ ᠴᠢᠨᠠᠷ ᠴᠢᠨᠰᠠᠭ᠎ᠠ ᠶᠢᠨ ᠵᠢᠭᠠᠯᠲᠠ ᠲᠣᠭᠠᠨ ᠤ ᠭᠤᠣᠯᠳᠠᠯᠭ᠎ᠠ ᠨᠢ ᠬᠡᠳᠦᠨ ᠴᠠᠭ ᠠᠮᠢᠰᠬᠤᠬᠤ ᠪᠤᠶᠤ ᠬᠡᠳᠦᠨ ᠡᠳᠦᠷ ᠠᠮᠢᠰᠬᠤᠭ᠎ᠠ ᠠᠪᠬᠤ ᠨᠢ ᠡᠷᠡᠭᠦᠯ | ᠮᠡᠨᠳᠦ ᠳᠤ ᠦᠵᠡᠭᠦᠯᠬᠦ ᠨᠥᠯᠥᠭᠡ ᠪᠣᠯᠤᠨ᠎ᠠ᠃ | ︵2︶ ᠬᠦᠨᠳᠦ ᠪᠣᠬᠢᠷᠲᠤᠯ ᠲᠠᠢ ᠴᠠᠭ ᠠᠭᠤᠷ | ᠠᠭᠠᠷ ᠮᠠᠨᠳᠠᠯ ᠤᠨ ᠠᠭᠠᠷ ᠤᠨ ᠶᠠᠰᠤ ᠴᠢᠨᠠᠷ ᠤᠨ ᠢᠯᠡᠳᠭᠡᠭᠴᠢ ᠲᠤᠭ᠎ᠠ ︵AQI︶ ᠨᠢ 200 ᠠᠴᠠ ᠶᠡᠭᠡ ᠪᠠᠶᠢᠪᠠᠯ ᠠᠭᠠᠷ ᠮᠠᠨᠳᠠᠯ ᠤᠨ ᠬᠦᠨᠳᠦ ᠪᠣᠬᠢᠷᠲᠤᠯ | ᠭᠡᠵᠦ ᠨᠡᠷᠡᠯᠡᠨ᠎ᠡ᠃ | ︵3︶ ᠬᠦᠨᠳᠦ ᠪᠣᠬᠢᠷᠲᠤᠯ ᠲᠠᠢ ᠴᠠᠭ ᠠᠭᠤᠷ ᠢ ᠳᠡᠰ ᠬᠤᠪᠢᠶᠠᠬᠤ | ᠠᠭᠠᠷ ᠤᠨ ᠶᠠᠰᠤ ᠴᠢᠨᠠᠷ ᠤᠨ ᠢᠯᠡᠳᠬᠡᠭᠴᠢ ᠲᠤᠭ᠎ᠠ ︵AQI︶ ᠶᠢ ᠦᠨᠳᠦᠰᠦᠯᠡᠨ ᠬᠦᠨᠳᠦ ᠪᠣᠬᠢᠷᠲᠤᠯ ᠲᠠᠢ ᠴᠠᠭ ᠠᠭᠤᠷ ᠢ ᠭᠤᠷᠪᠠᠨ ᠳᠡᠰ ᠬᠤᠪᠢᠶᠠᠨ᠎ᠠ᠄ | ᠬᠦᠨᠳᠦ ᠪᠣᠬᠢᠷᠲᠤᠯ ︵201 ≤ AQI ≤ 300︶᠂ ᠬᠦᠨᠳᠦ ᠨᠣᠴᠢᠲᠠᠶ ᠪᠣᠬᠢᠷᠲᠤᠯ ︵300 〈 AQI〈 500︶ ᠪᠣᠯᠤᠨ ᠲᠦᠢᠯ ᠤᠨ ᠪᠣᠬᠢᠷᠲᠤᠯ ︵ | 500≤AQI︶᠃ | 10.2 ᠪᠡᠯᠡᠳᠬᠡᠯ ᠲᠥᠰᠦᠯ ᠤᠨ ᠲᠠᠶᠢᠯᠪᠤᠷᠢᠯᠠᠯᠲᠠ | ᠲᠣᠰ ᠪᠡᠯᠡᠳᠬᠡᠯ ᠲᠥᠰᠦᠯ ᠢ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠨᠡᠶᠢᠲᠡᠯᠡᠵᠦ᠂ ᠲᠦᠩᠯᠢᠶᠣᠤ ᠬᠤᠲᠠ ᠶᠢᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠬᠠᠷᠢᠭᠤᠴᠠᠨ ᠲᠠᠶᠢᠯᠪᠤᠷᠢᠯᠠᠨ᠎ᠠ᠃ | 10.3 ᠬᠡᠷᠡᠭᠵᠢᠭᠦᠯᠬᠦ ᠴᠠᠭ | ᠲᠣᠰ ᠪᠡᠯᠡᠳᠬᠡᠯ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠲᠦᠩᠯᠢᠶᠣᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ | ᠮᠡᠳᠡᠭᠳᠡᠯ︾ ︵ᠲᠦᠩᠯᠢᠶᠣᠣ ᠵᠠᠰᠠᠭ ᠠᠯᠪᠠᠨ ᠲᠠᠷᠬᠠᠭᠠᠭᠰᠠᠨ ﹇2020﹈ 13 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | |