ᠴᠢ᠊ · ᠳᠠᠯᠠᠨᠲᠠᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/9/14
     9 ᠳ᠋ᠦ᠋ᠭᠡᠷ ᠰᠠᠷ᠎ᠠ ᠶᠢᠨ 12 ᠲᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠣᠷᠣᠯᠴᠠᠵᠠᠶ᠃
奇·达楞太到左中调研.jpg
     ᠴᠢ᠊ · ᠳᠠᠯᠠᠨᠲᠠᠢ ᠤᠷᠢᠳ ᠬᠤᠵᠢᠳ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠬᠤᠲᠠ ᠪᠠᠯᠭᠠᠰᠤᠨ ᠤ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠢᠨᠵᠧᠨᠧᠷᠢᠩ ᠤᠨ ᠲᠥᠷᠥᠯ ᠵᠦᠢᠯ᠂ ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ᠂ ᠮᠣᠩᠭᠤᠯ ᠡᠮᠨᠡᠯᠭᠡ ᠶᠢᠨ ᠬᠤᠷᠢᠶᠠᠨ ᠤ ᠮᠣᠩᠭᠤᠯ ᠡᠮ ᠨᠠᠶᠢᠷᠠᠬᠤ ᠲᠠᠰᠤᠭ ᠤᠨ ᠲᠥᠷᠥᠯ ᠵᠦᠢᠯ᠂ ᠤᠰᠤᠨ ᠠᠰᠢᠭᠯᠠᠯᠲᠠ ᠶᠢᠨ ᠬᠤᠷᠤᠭ᠎ᠠ᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ᠂ ᠮᠧᠩ ᠱᠧᠨ ᠯᠢᠶᠠᠩ ᠮᠦ ᠠᠮᠢ ᠠᠬᠤᠶ ᠶᠢᠨ ᠲᠠᠷᠢᠶᠠᠯᠠᠩ ᠤᠨ ᠬᠥᠭᠵᠢᠭᠦᠯᠦᠯᠲᠡ ᠶᠢᠨ ᠺᠣᠮᠫᠠᠨᠢ ᠵᠡᠷᠭᠡ ᠭᠠᠵᠠᠷ ᠲᠤ ᠬᠦᠷᠴᠦ᠂ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ᠂ ᠵᠡᠮᠳᠡᠭᠴᠦᠳ ᠤᠨ ᠦᠢᠯᠡᠰ᠂ ᠮᠣᠩᠭᠤᠯ ᠡᠮ ᠡᠮᠨᠡᠯᠭᠡ ᠶᠢᠨ ᠬᠥᠭᠵᠢᠯᠲᠡ᠂ ᠬᠠᠭᠤᠴᠢᠨ ᠬᠤᠷᠤᠭ᠎ᠠ ᠶᠢᠨ ᠥᠭᠡᠷᠡᠴᠢᠯᠡᠯᠲᠡ᠂ ᠦᠨᠳᠦᠰᠦᠨ ᠱᠠᠲᠤᠨ ᠤ ᠨᠠᠰᠤᠵᠢᠯ ᠤᠨ ᠠᠰᠠᠷᠠᠮᠵᠢ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠪᠠᠲᠤᠯᠠᠭ᠎ᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃     ᠴᠢ᠊ · ᠳᠠᠯᠠᠨᠲᠠᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠦᠨᠳᠦᠰᠦᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠨᠠᠰᠤᠵᠢᠯ ᠤᠨ ᠦᠢᠯᠡᠴᠢᠯᠡᠭᠡᠨ ᠤ ᠦᠷᠳᠡᠭᠡ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠨᠠᠰᠤᠵᠢᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠤᠨ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢ ᠪᠦᠷᠢᠨᠰᠢᠭᠦᠯᠵᠦ᠂ ᠵᠡᠮᠳᠡᠭᠴᠦᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠥᠷᠲᠡᠭᠡᠨ ᠤ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠬᠠᠮᠢᠶᠠᠷᠤᠯᠲᠠ᠂ ᠡᠷᠬᠡ ᠠᠰᠢᠭ ᠤᠨ ᠪᠠᠲᠤᠯᠠᠭ᠎ᠠ᠂ ᠬᠠᠯᠠᠮᠵᠢᠯᠠᠨ ᠲᠣᠬᠤᠨᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠶᠢᠨ ᠪᠠᠲᠤᠯᠠᠭ᠎ᠠ ᠶᠢᠨ ︽ᠡᠴᠦᠰ ᠤᠨ ᠨᠢᠭᠡ ᠠᠯᠬᠤᠮ︾ ᠢ ᠨᠡᠪᠲᠡᠷᠡᠭᠦᠯᠬᠦ ᠬᠡᠷᠡᠭᠲᠡᠢ᠃ ᠬᠠᠭᠤᠴᠢᠨ ᠬᠤᠷᠤᠭ᠎ᠠ ᠶᠢ ᠥᠭᠡᠷᠡᠴᠢᠯᠡᠨ ᠪᠠᠶᠢᠭᠤᠯᠬᠤ ᠶᠢ ᠰᠠᠭᠤᠭᠠᠯᠢ ᠠᠷᠠᠳ ᠤᠨ ᠪᠣᠳᠠᠲᠠᠢ ᠬᠡᠷᠡᠭᠴᠡᠭᠡ  ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠥᠭᠡᠷᠡᠴᠢᠯᠡᠨ ᠪᠠᠶᠢᠭᠤᠯᠬᠤ ᠲᠥᠰᠦᠯ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠯᠠᠨ ᠲᠦᠮᠡᠨ ᠤ ᠰᠡᠳᠬᠢᠯ ᠨᠢ ᠬᠠᠨᠤᠲᠠᠯ᠎ᠠ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ᠃ ᠮᠣᠩᠭᠤᠯ ᠡᠮ ᠡᠮᠨᠡᠯᠭᠡ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠪᠣᠯᠤᠨ ᠲᠠᠷᠢᠶᠠᠴᠢᠨ ᠡᠷᠦᠬᠡ ᠶᠢᠨ ᠠᠰᠢᠭ ᠲᠤᠰᠠ ᠶᠢ ᠬᠤᠯᠪᠣᠬᠤ ᠰᠢᠨ᠎ᠡ ᠵᠠᠭᠪᠤᠷ ᠢ ᠰᠦᠪᠡᠭᠴᠢᠯᠡᠵᠦ᠂ ᠠᠵᠤ ᠦᠢᠯᠡᠰ ᠤᠨ ᠬᠥᠭᠵᠢᠯᠲᠡ ᠪᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠤᠳᠠ᠂ ᠲᠠᠷᠢᠶᠠᠨ ᠭᠠᠵᠠᠷ ᠤᠨ ᠤᠰᠤᠲᠤᠯ ᠤᠨ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ