8 ᠳ᠋ᠤᠭᠠᠷ ᠰᠠᠷ᠎ᠠ ᠶᠢᠨ 31 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠲᠦᠩᠯᠢᠶᠣᠤ ᠳᠤ | ᠰᠢᠨᠵᠢᠯᠡᠨ ᠪᠠᠶᠢᠴᠠᠭᠠᠬᠤ ᠪᠠᠷ ᠢᠷᠡᠭᠰᠡᠨ ᠱᠤ᠋ ᠬᠠᠶ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ | ᠳᠠᠭᠠᠭᠠᠮᠠᠯ ᠭᠦᠩ ᠯᠢ᠂ ᠭᠥᠸᠧ ᠶᠢᠨ ᠲᠡᠮᠳᠡᠭᠲᠦ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠠᠶᠢᠯᠳᠤᠬᠤ ᠪᠤᠳᠤᠯᠭ᠎ᠠ ᠶᠢᠨ ᠲᠥᠷᠥᠯ ᠵᠦᠢᠯ ᠤᠨ | ᠳᠤᠭᠤᠶᠢᠯᠠᠩ ᠤᠨ ᠬᠠᠷᠢᠭᠤᠴᠠᠯᠭᠠᠲᠠᠨ ᠰᠦᠨ ᠳ᠋ᠦᠩ ᠪᠥᠸᠧ ᠨᠡᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ | ᠂ ᠮᠠᠯ ᠲᠠᠷᠢᠶᠠᠯᠠᠩ ᠤᠨ ᠲᠣᠪᠴᠢᠶ᠎ᠠ᠂ ᠴᠧᠩ ᠹᠠ ᠪᠦᠯᠦᠭᠯᠡᠯ᠂ ᠨᠦᠩ ᠹᠠ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠣᠷᠣᠯᠴᠠᠵᠠᠶ᠃ | ᠴᠢ᠊ · ᠳᠠᠯᠠᠨᠲᠠᠢ ᠭᠦᠩ ᠯᠢ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠲᠦᠩᠯᠢᠶᠣᠤ ᠶᠢᠨ ᠠᠯᠠᠰᠢᠨ | ᠦᠬᠡᠷ ᠤᠨ ᠴᠢᠨᠠᠷ ᠰᠠᠶᠢᠲᠠᠶ ᠡᠭᠦᠯᠳᠡᠷ ᠤᠨ ᠰᠦᠷᠦᠭ᠂ ᠲᠡᠵᠢᠭᠡᠨ ᠦᠷᠡᠵᠢᠭᠦᠯᠬᠦ ᠬᠡᠪᠴᠢᠶ᠎ᠡ᠂ ᠨᠠᠷᠠᠲᠤ ᠱᠣᠰᠢᠭ᠎ᠠ ᠶᠢᠨ ᠦᠨ᠎ᠡ ᠥᠷᠲᠡᠭ ᠵᠡᠷᠭᠡ ᠣᠯᠠᠨ ᠵᠦᠢᠯ ᠤᠨ | ᠭᠦᠢᠴᠡᠳᠬᠡᠯ ᠲᠤᠭ᠎ᠠ ᠪᠥᠬᠦ ᠤᠯᠤᠰ ᠤᠨ ᠭᠠᠵᠠᠷ ᠤᠨ ᠲᠠᠰ ᠤᠨ ᠬᠤᠲᠠ ᠶᠢᠨ ᠡᠮᠦᠨ᠎ᠡ ᠡᠩᠨᠡᠭᠡᠨ ᠳᠤ ᠣᠷᠣᠵᠤ᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ | ᠠᠯᠠᠰᠢᠨ ᠦᠬᠡᠷ ᠤᠨ ᠬᠤᠲᠠ︾ ᠶᠢᠨ ᠢᠷᠠᠭᠤ ᠠᠯᠳᠠᠷ ᠢ ᠤᠯᠪᠠ᠃ ᠣᠶᠢᠷ᠎ᠠ ᠳᠤ ᠲᠦᠩᠯᠢᠶᠣᠤ ᠳᠤ ᠡᠷᠭᠢᠯᠡᠭᠰᠡᠨ ᠠᠷᠪᠠᠨ ᠳᠣᠯᠣᠳᠤᠭᠠᠷ ᠬᠤᠭᠤᠴᠠᠭᠠᠨ ︵2024︶ | ᠤ ᠦᠬᠡᠷ ᠤᠨ ᠦᠢᠯᠡᠰ ᠤᠨ ᠬᠥᠭᠵᠢᠭᠦᠯᠦᠯᠲᠡ ᠶᠢᠨ ᠶᠡᠭᠡ ᠬᠤᠷᠠᠯ ᠳᠡᠭᠡᠷ᠎ᠡ᠂ ︽ᠲᠦᠩᠯᠢᠶᠣᠤ ᠶᠢᠨ ᠦᠬᠡᠷ ᠤᠨ ᠮᠢᠬ᠎ᠠ︾ ᠬᠡᠮᠡᠬᠦ ᠨᠠᠷᠠᠲᠤ ᠲᠡᠮᠳᠡᠭ ᠪᠠ ︽ | ᠲᠦᠩᠯᠢᠶᠣᠤ ᠶᠢᠨ ᠦᠬᠡᠷ ᠤᠨ ᠮᠢᠬ᠎ᠠ︾ ᠶᠢᠨ ᠪᠦᠯᠬᠦᠮ ᠤᠨ ᠪᠠᠷᠢᠮᠵᠢᠶ᠎ᠠ ᠶᠢ ᠨᠡᠶᠢᠲᠡᠯᠡᠵᠦ᠂ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠣᠳᠣᠬᠠᠨ ᠳᠤ᠂ ᠲᠦᠩᠯᠢᠶᠣᠤ ᠶᠠᠭ ᠰᠠᠶ᠋ᠢᠬᠠᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ︽ᠪᠥᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠣᠷᠣᠨ︾ ᠤ ᠬᠠᠷᠠᠯᠲᠠ ᠶᠢ ᠲᠣᠭᠲᠠᠭᠠᠵᠤ᠂ ︽ᠠᠷᠪᠠᠨ ᠶᠡᠭᠡ | ᠰᠢᠰᠲ᠋ᠧᠮ︾ ᠢ ᠬᠦᠴᠦᠯᠡᠨ ᠲᠡᠭᠦᠯᠳᠡᠷᠵᠢᠭᠦᠯᠵᠦ᠂ ︽ᠲᠠᠪᠤᠨ ᠰᠠᠭᠤᠷᠢᠨ ᠭᠠᠵᠠᠷ︾ ᠢ ᠪᠥᠲᠥᠭᠡᠨ ᠪᠠᠶᠢᠭᠤᠯᠵᠤ᠂ ᠪᠠᠶᠢᠭᠠᠯᠢᠯᠢᠭ ᠪᠣᠬᠢᠷᠲᠤᠯ ᠦᠭᠡᠢ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠥᠷᠭᠡᠨ ᠣᠯᠠᠨ ᠬᠡᠷᠡᠭᠯᠡᠭᠴᠢᠳ ᠲᠤ ᠴᠢᠨᠠᠷ ᠰᠠᠶᠢᠲᠠᠶ ᠠᠶᠤᠯᠭᠦᠢ ᠦᠬᠡᠷ ᠤᠨ ᠮᠢᠬ᠎ᠠ ᠬᠠᠩᠭᠠᠬᠤ ᠪᠠᠷ ᠵᠣᠷᠢᠯᠭ᠎ᠠ ᠪᠣᠯᠭᠠᠵᠤ᠂ | ᠣᠳᠣᠬᠢᠴᠢᠯᠠᠭᠰᠠᠨ ᠦᠬᠡᠷ ᠤᠨ ᠠᠵᠤ ᠦᠢᠯᠡᠰ ᠤᠨ ᠪᠥᠬᠦ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠠᠶᠢᠭᠤᠯᠵᠤ ᠪᠠᠶᠢᠨ᠎ᠠ᠃ ᠱᠤ᠋ | ᠬᠠᠢ ᠤᠯᠤᠰ ᠤᠨ ᠳᠣᠲᠣᠭᠠᠳᠤ ᠶᠢᠨ ᠢᠳᠡᠭᠡᠨ ᠤ ᠮᠠᠲ᠋ᠧᠷᠢᠶᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠦᠢᠯᠡᠴᠢᠯᠡᠭᠡᠨ ᠤ ᠲᠦᠷᠦᠭᠦᠦ ᠡᠩᠨᠡᠭᠡᠨ ᠤ ᠠᠵᠤ ᠠᠬᠤᠶᠢᠯᠠᠯ | ᠪᠣᠯᠤᠭᠰᠠᠨ ᠤ ᠬᠤᠪᠢ ᠳᠤ᠂ ᠦᠢᠯᠡᠳᠪᠦᠷᠢᠯᠡᠬᠦ᠂ ᠰᠤᠳᠤᠯᠤᠨ ᠨᠡᠭᠡᠭᠡᠬᠦ᠂ ᠪᠣᠷᠣᠯᠠᠭᠤᠯᠬᠤ ᠵᠡᠷᠭᠡ ᠪᠦᠬᠦ ᠬᠡᠯᠬᠢᠶ᠎ᠡ ᠶᠢᠨ ᠦᠢᠯᠡᠴᠢᠯᠡᠭᠡᠨ ᠤ ᠲᠠᠯ᠎ᠠ ᠪᠠᠷ ᠪᠣᠯᠪᠠᠰᠤᠷᠠᠩᠭᠤᠢ | ᠲᠤᠷᠰᠢᠯᠭ᠎ᠠ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠦᠬᠡᠷ ᠤᠨ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭᠠᠨ ᠤ ᠰᠢᠨ᠎ᠡ ᠵᠠᠭᠪᠤᠷ ᠢ | ᠰᠦᠪᠡᠭᠴᠢᠯᠡᠨ ᠪᠠᠶᠢᠭᠤᠯᠵᠤ᠂ ᠡᠳ᠋ᠰᠢᠭᠦᠯᠬᠦ᠂ ᠲᠡᠵᠢᠭᠡᠨ ᠦᠷᠡᠵᠢᠭᠦᠯᠬᠦ᠂ ᠪᠣᠷᠣᠯᠠᠭᠤᠯᠬᠤ ᠵᠡᠷᠭᠡ ᠳᠡᠭᠡᠳᠦ ᠳᠤᠤᠷᠠᠳᠤ ᠤᠷᠤᠰᠬᠠᠯ᠂ ᠡᠮᠦᠨ᠎ᠡ ᠬᠤᠶᠢᠨᠠᠬᠢ ᠡᠯ᠎ᠡ | ᠭᠤᠭᠴᠤᠭ᠎ᠠ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠥᠰᠦᠪᠯᠡᠨ ᠪᠦᠷᠢᠯᠳᠦᠭᠦᠯᠵᠦ᠂ ᠤᠷᠢᠳ ᠢᠶᠠᠷ ᠬᠥᠳᠡᠯᠦᠯᠴᠡᠵᠦ ᠬᠥᠭᠵᠢᠯᠲᠡ ᠶᠢᠨ ᠰᠢᠨ᠎ᠡ ᠵᠠᠮ ᠢ | ᠲᠤᠷᠰᠢᠨ ᠨᠡᠭᠡᠭᠡᠵᠦ᠂ ᠠᠵᠤ ᠠᠬᠤᠶᠢᠯᠠᠯ ᠪᠣᠯᠤᠨ ᠣᠷᠣᠨ ᠨᠤᠲᠤᠭ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ | ᠭᠡᠪᠡ᠃ | ᠭᠦᠩ ᠯᠢ᠂ ᠱᠤ᠋ ᠬᠠᠶ ᠺᠣᠮᠫᠠᠨᠢ ᠠᠵᠤ ᠠᠬᠤᠶᠢᠯᠠᠯ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠦᠩᠯᠢᠶᠣᠤ ᠶᠢᠨ ᠦᠬᠡᠷ ᠤᠨ | ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠦᠢᠯᠡᠳᠬᠦ ᠤᠷ᠎ᠠ ᠮᠡᠷᠭᠡᠵᠢᠯ ᠤᠨ ᠰᠢᠨ᠎ᠡ ᠶᠢ ᠡᠭᠦᠳᠬᠦ ᠪᠠ ᠨᠠᠷᠠᠲᠤ ᠱᠣᠰᠢᠭᠠᠲᠤ ᠶᠢᠨ ᠰᠣᠶᠣᠯ ᠢ ᠳᠡᠯᠭᠡᠷᠡᠭᠦᠯᠬᠦ᠂ ᠵᠠᠬ᠎ᠠ | ᠳᠡᠯᠭᠡᠭᠦᠷ ᠤᠨ ᠪᠣᠷᠣᠯᠠᠭᠤᠯᠭ᠎ᠠ ᠵᠡᠷᠭᠡ ᠲᠠᠯ᠎ᠠ ᠪᠠᠷ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠵᠦ᠂ ᠲᠦᠩᠯᠢᠶᠣᠤ ᠶᠢᠨ ᠠᠯᠠᠰᠢᠨ ᠦᠬᠡᠷ ᠤᠨ ᠠᠵᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ |