ᠲᠠᠷᠢᠶᠠᠯᠠᠩ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠪᠠ᠃ ᠬᠥᠭᠵᠢᠯᠲᠡ ᠶᠢᠨ ᠬᠦᠰᠡᠯ ᠡᠷᠡᠮᠡᠯᠵᠡᠯ ᠲᠠᠢ ᠪᠥᠭᠡᠳ ᠵᠣᠬᠢᠶᠠᠨ ᠪᠠᠶᠢᠭᠤᠯᠬᠤ ᠬᠦᠴᠦᠨ | ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢᠶᠠᠷ ᠨᠡᠯᠢᠶᠡᠳ ᠴᠢᠩᠭ᠎ᠠ 5 ᠭᠠᠴᠠᠭ᠎ᠠ ᠶᠢ ᠳᠠᠶᠢᠴᠢᠯᠠᠵᠤ᠂ ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ | ᠡᠷᠬᠢᠯᠡᠵᠦ᠂ ︽ᠲᠠᠷᠢᠶᠠᠯᠠᠩ ᠢ ᠨᠠᠶᠢᠳᠠᠨ ᠬᠠᠮᠢᠶᠠᠷᠤᠭᠤᠯᠬᠤ᠂ ᠠᠵᠤ ᠠᠬᠤᠶᠢᠯᠠᠯ ᠢ ᠬᠠᠮᠢᠶᠠᠷᠬᠤ᠂ ᠬᠤᠷᠰᠢᠶ᠎ᠠ ᠶᠢ ᠡᠵᠡᠩᠨᠡᠬᠦ︾ ᠨᠡᠶᠢᠭᠡᠮᠴᠢᠯᠡᠭᠰᠡᠨ ᠦᠢᠯᠡᠴᠢᠯᠡᠭᠡᠨ ᠤ | ᠵᠠᠭᠪᠤᠷ ᠢ ᠬᠡᠷᠡᠭᠯᠡᠵᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠪᠠ᠃ 2024 ᠣᠨ ᠳᠤ᠂ ᠶᠡᠬᠡᠪᠤᠯᠠᠭ ᠬᠤᠯᠪᠣᠭᠠᠲᠤ ᠬᠤᠷᠰᠢᠶ᠎ᠠ ᠶᠢᠨ ᠨᠠᠶᠢᠳᠠᠨ | ᠬᠠᠮᠢᠶᠠᠷᠤᠬᠰᠠᠨ ᠲᠠᠷᠢᠶᠠᠨ ᠭᠠᠵᠠᠷ 1.4 ᠲᠦᠮᠡ ᠭᠠᠷᠤᠶ ᠮᠥ᠂ ᠴᠠᠭᠠᠨ ᠲᠠᠯᠠᠪᠤᠷ ᠬᠤᠯᠪᠣᠭᠠᠲᠤ ᠬᠤᠷᠰᠢᠶ᠎ᠠ ᠶᠢᠨ ᠨᠠᠶᠢᠳᠠᠨ ᠬᠠᠮᠢᠶᠠᠷᠤᠬᠰᠠᠨ ᠲᠠᠷᠢᠶᠠᠨ ᠭᠠᠵᠠᠷ | 3000 ᠭᠠᠷᠤᠶ ᠮᠥ ᠪᠤᠢ᠃ | ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠪᠠ᠃ ᠲᠦᠩᠯᠢᠶᠣᠤ ᠶᠢᠨ ᠯᠢᠦᠶ ᠶᠧ ᠲᠡᠵᠢᠭᠡᠯ ᠪᠣᠷᠳᠣᠭᠠᠨ ᠤ | ᠦᠢᠯᠡᠳᠪᠦᠷᠢ ᠲᠠᠢ ᠬᠠᠮᠲᠤᠷᠠᠨ᠂ ︽ᠨᠠᠮ ᠤᠨ ᠡᠭᠦᠷ + ᠠᠵᠤ ᠠᠬᠤᠶᠢᠯᠠᠯ ᠤᠨ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ + ᠮᠠᠯᠵᠢᠬᠤ ᠲᠠᠷᠢᠶᠠᠯᠠᠬᠤ ᠡᠷᠦᠬᠡ︾ | ᠶᠢᠨ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠵᠠᠭᠪᠤᠷ ᠢᠶᠠᠷ ᠬᠡᠪᠴᠢᠶᠡᠵᠢᠭᠦᠯᠦᠨ ᠪᠣᠷᠳᠣᠬᠤ ᠶᠢ ᠬᠥᠭᠵᠢᠭᠦᠯᠵᠦ᠂ ᠣᠳᠣᠬᠠᠨ ᠳᠤ ᠬᠠᠯᠠᠭᠤᠨᠬᠤᠳᠳᠤᠭ | ᠭᠠᠴᠠᠭ᠎ᠠ ᠶᠢᠨ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠲᠤ ᠨᠢᠭᠡᠨᠲᠡ ᠠᠰᠢᠬᠯᠠᠯᠳᠠ ᠳᠤ ᠤᠷᠤᠵᠥ᠂ ᠵᠢᠱᠢᠯᠲᠡ ᠪᠠᠷ ᠦᠬᠡᠷ ᠪᠦᠷᠢ ᠶᠢᠨ ᠠᠰᠢᠭ ᠣᠷᠣᠯᠭ᠎ᠠ | 1000 ᠲᠥᠭᠦᠷᠢᠭ ᠠᠴᠠ ᠳᠡᠭᠡᠭᠰᠢ ᠳᠤ ᠬᠦᠷᠬᠦ ᠪᠤᠯᠤᠨ᠎ᠠ᠃ | ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠮ ᠢ ᠬᠠᠢᠨ ᠰᠦᠪᠡᠭᠴᠢᠯᠡᠪᠡ᠃ ᠬᠠᠷᠢᠶᠠᠲᠤ ᠣᠷᠣᠨ ᠤ ᠤᠰᠤᠨ ᠤ ᠡᠬᠢ ᠪᠠᠶᠠᠯᠢᠭ ᠤᠨ | ᠳᠠᠪᠠᠭᠤᠯᠢᠭ ᠲᠤ ᠰᠠᠭᠤᠷᠢᠯᠠᠨ᠂ ᠪᠦᠷᠳᠦᠨ᠂ ᠶᠡᠬᠡᠪᠤᠯᠠᠭ᠂ ᠬᠤᠯᠤᠳᠤ ᠣᠪᠣᠭ᠎ᠠ ᠵᠡᠷᠭᠡ ᠭᠠᠴᠠᠭ᠎ᠠ ᠳᠤ ᠬᠠᠮᠲᠤ ᠪᠠᠷ ᠵᠢᠭᠠᠰᠤ᠂ ᠨᠠᠶᠢᠮᠠᠯᠵᠢ ᠲᠡᠵᠢᠭᠡᠬᠦ ᠵᠡᠷᠭᠡ ᠤᠰᠤᠨ | ᠭᠠᠷᠤᠯᠲᠠ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠠᠵᠤ ᠦᠢᠯᠡᠰ ᠤᠨ ᠣᠯᠠᠨ | ᠡᠰᠢᠲᠦ ᠬᠥᠭᠵᠢᠯᠲᠡ ᠶᠢ ᠠᠬᠢᠭᠤᠯᠪᠠ᠃ |